ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠢ ᠬᠠᠷᠢᠭᠤᠯᠲᠠ
ᠨᠡᠶ᠋ᠢᠲᠡᠯᠡᠭᠰᠡᠨ ᠴᠠᠭ᠄ 2023-02-16

      《ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ 》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 740  ᠳ᠋ᠦ᠍ᠭᠡᠷ  ᠲᠣᠭ᠋ᠠᠲᠤ ) ᠎ᠢ ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ ᠂  ᠠᠮᠤ ᠪᠤᠳᠠᠭ᠎ᠠ ᠬᠤᠳᠠᠯᠳᠤᠨ ᠠᠪᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠂  ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ  ᠣᠢ᠌ᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ )》 (ᠳᠣᠷᠣᠭᠰᠢ 《ᠠᠷᠭ᠎ᠠ 》  ᠭᠡᠵᠦ ᠲᠣᠪᠴᠢᠯᠠᠨ᠎ᠠ ) ᠵᠢ ᠳᠠᠷᠤᠮᠠᠯᠯᠠᠨ ᠲᠠᠷᠬᠠᠭ᠋ᠠᠪᠠ᠃  ᠡᠳᠦᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠳᠣᠣᠷᠠᠬᠢ ᠮᠡᠲᠦ  ᠲᠠᠢ᠌ᠯᠪᠦᠷᠢᠯᠠᠪᠠ ᠃

       ᠨᠢᠭᠡ ᠂ 《ᠠᠷᠭ᠎ᠠ 》 ᠵᠢ ᠲᠣᠭᠲᠠᠭ᠋ᠠᠭᠰᠠᠨ ᠠᠬᠤᠢ ᠪᠠᠢ᠌ᠳᠠᠯ᠎ᠨᠢ ᠶᠠᠭᠤ ᠪᠤᠢ ?

      2021 ᠣᠨ᠎ᠤ 4  ᠳ᠋ᠦ᠍ᠭᠡᠷ  ᠰᠠᠷ᠎ᠠ᠎ᠳᠤ ᠂  ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ 》᠎ᠢ ᠨᠡᠢ᠌ᠲᠡᠯᠡᠨ ᠬᠡᠷᠡᠭᠵᠢᠭᠦᠯᠵᠦ ᠂ 《ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠯᠲᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢ᠍ᠯᠡᠴᠢᠯᠡᠭᠡ ᠵᠢ ᠴᠢᠩᠭ᠋ᠠᠳᠬᠠᠵᠤ ᠂  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ ᠂  ᠪᠣᠳᠠᠲᠠᠢ ᠬᠠᠮᠢᠶᠠᠷᠤᠯᠲᠠ ᠵᠢᠨ ᠠᠷᠭ᠎ᠠ ᠵᠢ ᠮᠤᠵᠢ ᠂  ᠥᠪᠡᠷᠲᠡᠭᠡᠨ ᠵᠠᠰᠠᠬᠤ ᠣᠷᠣᠨ ᠂  ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ 》  ᠭᠡᠵᠦ ᠳᠤᠷᠠᠳᠤᠨ ᠭᠠᠷᠭ᠋ᠠᠪᠠ ᠃ 《ᠠᠷᠭ᠎ᠠ 》 ᠎ᠨᠢ ᠮᠠᠨ᠎ᠤ ᠣᠷᠣᠨ᠎ᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠤᠯᠤᠰ ᠲᠥᠷᠥ ᠵᠢᠨ ᠵᠣᠭᠰᠣᠴᠠ᠎ᠳᠤ ᠰᠠᠭᠤᠷᠢᠯᠠᠵᠤ ᠂ 《ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ 》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠲᠤᠭᠤᠰᠢᠯᠠᠭᠤᠯᠤᠨ  ᠨᠠᠢ᠌ᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂  ᠠᠮᠤ ᠪᠤᠳᠠᠭ᠋ᠠᠨ᠎ᠤ ᠠᠮᠤᠷ ᠲᠦᠪᠰᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ  ᠴᠢᠩᠭ᠋ᠠᠷᠠᠭᠤᠯᠤᠨ  ᠪᠣᠳᠠᠲᠠᠢ᠌ᠵᠢᠭᠤᠯᠵᠤ ᠂  ᠮᠠᠨ᠎ᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠨ ᠂  ᠠᠮᠤ ᠪᠤᠳᠠᠭ᠎ᠠ ᠦᠢ᠍ᠯᠡᠳᠪᠦᠷᠢᠯᠡᠭᠴᠢᠳ ᠂  ᠬᠤᠳᠠᠯᠳᠤᠨ ᠠᠪᠤᠭᠴᠢᠳ ᠂  ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠎ᠳᠤ ᠳᠦᠷᠢᠮ᠎ᠤᠨ ᠪᠠᠲᠤᠯᠠᠭ᠎ᠠ ᠬᠠᠩᠭ᠋ᠠᠵᠤ ᠂  ᠮᠠᠨ᠎ᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ᠎ᠤᠨ ᠡᠮᠬᠢ ᠵᠢᠷᠤᠮ᠎ᠲᠠᠢ ᠡᠷᠡᠭᠦᠯ ᠵᠶ᠋ᠡᠷ ᠬᠥᠭᠵᠢᠬᠦ ᠵᠢ  ᠦᠨᠡᠨ ᠬᠦ᠌  ᠪᠠᠲᠤᠯᠠᠨ᠎ᠠ ᠃

       ᠬᠣᠶᠠᠷ ᠂ 《ᠠᠷᠭ᠎ᠠ 》 ᠵᠢ ᠲᠣᠭᠲᠠᠭ᠋ᠠᠭᠰᠠᠨ ᠦᠨᠳᠦᠰᠦᠯᠡᠯ᠎ᠨᠢ ᠶᠠᠭᠤ ᠪᠤᠢ ?

      (ᠨᠢᠭᠡ ) 《ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ 》 (ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 740 ᠳ᠋ᠦ᠍ᠭᠡᠷ  ᠲᠣᠭ᠋ᠠᠲᠤ )      (ᠬᠣᠶᠠᠷ ) 《ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ 》᠎ᠤᠨ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ᠎ᠤᠨ ᠵᠥᠪᠰᠢᠶᠡᠷᠡᠯ᠎ᠢ ᠬᠦᠴᠦᠨ ᠦᠭᠡᠢ ᠪᠣᠯᠭ᠋ᠠᠬᠤ ᠬᠣᠯᠪᠣᠭᠳᠠᠯ ᠪᠦᠬᠦᠢ ᠵᠦᠢ᠍ᠯᠡᠰ᠎ᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠲᠤᠬᠠᠢ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠢᠨ ᠠᠯᠪᠠᠨ ᠭᠡᠷ᠎ᠤᠨ ᠮᠡᠳᠡᠭᠳᠡᠯ (ᠲᠦᠷᠦ ᠠᠮᠤ ᠪᠤᠳᠠᠭ᠎ᠠ ᠠᠯᠪᠠᠨ ᠠᠮᠤ [2021] 100 ᠳ᠋ᠤᠭ᠋ᠠᠷ ᠲᠣᠭ᠋ᠠᠲᠤ ) ᠵᠶ᠋ᠠᠷ  ᠦᠨᠳᠦᠰᠦᠯᠡᠯ ᠪᠣᠯᠭ᠋ᠠᠨ᠎ᠠ ᠃

       ᠭᠤᠷᠪᠠ ᠂ 《ᠠᠷᠭ᠎ᠠ 》 ᠵᠢᠨ ᠭᠣᠣᠯ ᠠᠭᠤᠯᠭ᠎ᠠ᠎ᠨᠢ ᠶᠠᠭᠤ ᠪᠤᠢ ?

      《ᠠᠷᠭ᠎ᠠ 》᠎ᠳᠤ ᠲᠤᠯᠤᠭ᠋ᠠᠨ ᠪᠦᠯᠦᠭ ᠳᠥᠴᠢᠨ ᠲᠠᠪᠤᠨ ᠵᠦᠢ᠍ᠯ ᠪᠠᠭᠲᠠᠨ᠎ᠠ ᠃  ᠨᠢᠭᠡᠳᠦᠭᠡᠷ ᠪᠦᠯᠦᠭ ᠎ᠨᠢ ᠶᠡᠷᠦᠩᠬᠡᠢ ᠳᠦᠷᠢᠮ ᠂  ᠨᠡᠶ᠋ᠢᠲᠡ 6 ᠵᠦᠢ᠍ᠯ ᠪᠠᠢ᠌ᠵᠤ ᠂  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢᠨ  ᠭᠣᠣᠯ  ᠴᠣᠭᠴᠠ ᠂  ᠵᠢᠷᠤᠮᠯᠠᠬᠤ ᠵᠠᠷᠴᠢᠮ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠠᠢ ᠃  ᠬᠣᠶᠠᠳᠤᠭ᠋ᠠᠷ ᠪᠦᠯᠦᠭ ᠎ᠨᠢ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ  ᠪᠦᠷᠢᠳᠬᠡᠨ  ᠳᠠᠩᠰᠠᠯᠠᠭᠤᠯᠬᠤ ᠂  ᠨᠡᠢ᠍ᠢ᠍ᠳᠡ 11 ᠵᠦᠢ᠍ᠯ ᠪᠠᠢ᠌ᠵᠤ ᠂  ᠬᠤᠳᠠᠯᠳᠤᠨ ᠠᠪᠬᠤ ᠠᠵᠤ ᠠᠬᠤᠢ᠌ᠯᠠᠯ᠎ᠤᠨ ᠳᠠᠩᠰᠠᠯᠠᠭᠤᠯᠬᠤ ᠠᠷᠭ᠎ᠠ ᠮᠠᠶᠢᠭ ᠂  ᠳᠠᠩᠰᠠᠯᠠᠭᠤᠯᠬᠤ ᠮᠠᠲ᠋ᠧᠷᠢᠶᠠᠯ ᠂  ᠳᠠᠩᠰᠠᠯᠠᠭᠤᠯᠬᠤ ᠶᠠᠪᠤᠴᠠ ᠵᠢᠴᠢ ᠳᠠᠩᠰᠠᠯᠠᠬᠤ ᠪᠠᠢ᠌ᠭᠤᠯᠭ᠎ᠠ ᠵᠢᠨ  ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠪᠠ ᠃  ᠭᠤᠷᠪᠠᠳᠤᠭ᠋ᠠᠷ ᠪᠦᠯᠦᠭ ᠎ᠨᠢ  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢᠨ ᠵᠢᠷᠤᠮᠵᠢᠯ ᠂  ᠨᠡᠢ᠍ᠢ᠍ᠳᠡ 9 ᠵᠦᠢ᠍ᠯ  ᠪᠠᠢ᠌ᠵᠤ ᠂  ᠬᠤᠳᠠᠯᠳᠤᠨ ᠠᠪᠤᠭᠴᠢ ᠵᠢᠨ ᠪᠦᠷᠢᠯᠳᠦᠭᠦᠯᠪᠡᠰᠦ ᠵᠣᠬᠢᠬᠤ ᠨᠥᠬᠥᠴᠡᠯ ᠵᠢᠴᠢ ᠬᠣᠯᠪᠣᠭᠳᠠᠯ ᠪᠦᠬᠦᠢ ᠠᠵᠢᠯᠯᠠᠭ᠎ᠠ ᠵᠢᠨ ᠵᠢᠷᠤᠮᠵᠢᠯ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠪᠠ ᠃  ᠳᠥᠷᠪᠡᠳᠦᠭᠡᠷ ᠪᠦᠯᠦᠭ ᠎ᠨᠢ  ᠠᠮᠤ ᠪᠤᠳᠠᠭ᠎ᠠ ᠬᠤᠳᠠᠯᠳᠤᠨ ᠠᠪᠬᠤ ᠶᠠᠰᠤ ᠴᠢᠨᠠᠷ᠎ᠤᠨ ᠬᠠᠮᠢᠶᠠᠷᠤᠯᠲᠠ ᠂  ᠨᠡᠢ᠍ᠢ᠍ᠳᠠ 5 ᠵᠦᠢ᠍ᠯ ᠪᠠᠢ᠌ᠵᠤ ᠂  ᠠᠮᠤ ᠪᠤᠳᠠᠭ᠋ᠠᠨ᠎ᠤ ᠶᠠᠰᠤ ᠴᠢᠨᠠᠷ᠎ᠤᠨ ᠪᠠᠷᠢᠮᠵᠢᠶ᠎ᠠ ᠂  ᠰᠢᠯᠭ᠋ᠠᠨ ᠪᠠᠢ᠌ᠴᠠᠭ᠋ᠠᠯᠲᠠ ᠂  ᠬᠠᠮᠢᠶᠠᠷᠤᠯᠲᠠ ᠵᠢᠨ ᠲᠤᠢ᠌ᠷᠢᠮ ᠵᠡᠷᠭᠡ ᠵᠢ ᠲᠣᠳᠣᠷᠬᠠᠢ᠌ᠯᠠᠪᠠ ᠃  ᠲᠠᠪᠤᠳᠤᠭ᠋ᠠᠷ ᠪᠦᠯᠦᠭ ᠎ᠨᠢ  ᠠᠮᠤ ᠪᠤᠳᠠᠭ᠎ᠠ ᠬᠤᠳᠠᠯᠳᠤᠨ ᠠᠪᠬᠤ ᠦᠢ᠍ᠯᠡᠴᠢᠯᠡᠭᠡᠨ᠎ᠤ ᠪᠠᠲᠤᠯᠠᠭ᠎ᠠ  ᠂  ᠨᠡᠢ᠍ᠢ᠍ᠳᠡ 6 ᠵᠦᠢ᠍ᠯ  ᠪᠠᠢ᠌ᠵᠤ᠂ᠠᠮᠤ ᠪᠤᠳᠠᠭ᠎ᠠ ᠪᠣᠯᠣᠨ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠎ᠬᠢᠨ  ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ ᠂  ᠬᠣᠯᠪᠣᠭᠳᠠᠯ ᠪᠦᠬᠦᠢ ᠰᠠᠯᠠᠭ᠎ᠠ ᠮᠥᠴᠢᠷ ᠎ᠲᠠᠢ ᠵᠣᠬᠢᠴᠠᠭᠤᠯᠵᠤ ᠪᠠᠢ᠌ᠭ᠋ᠠᠳ ᠲᠣᠬᠢᠷᠠᠭᠤᠯᠤᠨ  ᠦᠢ᠍ᠯᠡᠳᠪᠦᠷᠢᠯᠡᠭᠰᠡᠨ᠎ᠤ ᠳᠠᠷᠠᠭ᠋ᠠᠬᠢ ᠦᠢ᠍ᠯᠡᠴᠢᠯᠡᠭᠡ ᠵᠢ ᠴᠢᠩᠭ᠋ᠠᠳᠬᠠᠵᠤ ᠂  ᠠᠮᠤ ᠪᠤᠳᠠᠭ᠎ᠠ ᠬᠤᠷᠢᠶᠠᠬᠤ ᠬᠥᠮᠥᠨ᠎ᠲᠠᠢ ᠂  ᠠᠮᠤ ᠪᠤᠳᠠᠭ᠎ᠠ ᠬᠤᠷᠢᠶᠠᠬᠤ  ᠮᠦᠩᠬᠦ ᠎ᠲᠠᠢ ᠂  ᠠᠮᠤ ᠪᠤᠳᠠᠭ᠎ᠠ  ᠲᠡᠭᠡᠭᠡᠪᠦᠷᠢᠯᠡᠬᠦ ᠮᠠᠰᠢᠨ᠎ᠲᠠᠢ ᠪᠠᠢ᠌ᠬᠤ ᠵᠢ ᠦᠨᠡᠨ ᠬᠦ᠌ ᠪᠠᠲᠤᠯᠠᠵᠤ ᠂  ᠱᠠᠲᠤᠴᠢ  ᠴᠢᠨᠠᠷᠲᠠᠢ 《ᠠᠮᠤ ᠪᠤᠳᠠᠭ᠎ᠠ ᠬᠤᠳᠠᠯᠳᠤᠬᠤ᠎ᠳᠤ  ᠬᠦᠴᠢᠷᠳᠡᠬᠦ 》  ᠪᠠᠢ᠌ᠳᠠᠯ  ᠡᠭᠦᠰᠬᠦ  ᠦᠭᠡᠢ ᠪᠠᠢ᠌ᠬᠤ ᠵᠢ  ᠪᠠᠲᠤᠯᠠᠬᠤ ᠬᠡᠷᠡᠭᠲᠡᠢ ᠭᠡᠵᠦ  ᠱᠠᠭ᠋ᠠᠷᠳᠠᠵᠠᠢ ᠃  ᠵᠢᠷᠭᠤᠳᠤᠭ᠋ᠠᠷ ᠪᠦᠯᠦᠭ ᠎ᠨᠢ  ᠠᠮᠤ ᠪᠤᠳᠠᠭ᠎ᠠ ᠬᠤᠳᠠᠯᠳᠤᠨ ᠠᠪᠬᠤ ᠵᠢ  ᠬᠢᠨᠠᠯᠲᠠ ᠲᠠᠯᠪᠢᠵᠤ ᠪᠠᠢ᠌ᠴᠠᠭ᠋ᠠᠬᠤ ᠂  ᠨᠡᠢ᠍ᠢ᠍ᠳᠡ 5 ᠵᠦᠢ᠍ᠯ  ᠪᠠᠢ᠌ᠵᠤ ᠂  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ  ᠡᠭᠦᠷᠭᠡ  ᠬᠠᠷᠢᠭᠤᠴᠠᠯᠭ᠎ᠠ  ᠪᠠ  ᠠᠵᠢᠯ᠎ᠤᠨ ᠬᠤᠪᠢᠶᠠᠷᠢᠯᠠᠯ ᠶᠣᠰᠣᠭ᠋ᠠᠷ ᠠᠮᠤ ᠪᠤᠳᠠᠭ᠋ᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠵᠤ ᠂  ᠠᠮᠤ ᠪᠤᠳᠠᠭ᠋ᠠᠨ᠎ᠤ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠮᠠᠭ᠋ᠠᠯᠠᠬᠤ ᠵᠢ ᠲᠣᠳᠣᠷᠬᠠᠢ᠌ᠯᠠᠪᠠ ᠃  ᠳᠣᠯᠣᠳᠤᠭ᠋ᠠᠷ ᠪᠦᠯᠦᠭ ᠎ᠨᠢ  ᠳᠠᠭ᠋ᠠᠯᠳᠤᠭᠤᠯᠤᠭᠰᠠᠨ ᠳᠦᠷᠢᠮ ᠂ ᠨᠡᠶ᠋ᠢᠲᠡ 3 ᠵᠦᠢ᠍ᠯ ᠪᠠᠢ᠌ᠵᠤ ᠂  ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠥᠬᠥᠪᠦᠷᠢᠯᠡᠨ ᠳᠤᠷᠠᠳᠪᠠ ᠃

       ᠳᠥᠷᠪᠡ ᠂  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ ᠎ᠨᠢ ᠬᠡᠵᠢᠶ᠎ᠠ  ᠳᠠᠩᠰᠠᠯᠠᠭᠤᠯᠬᠤ ᠪᠤᠢ ?

       ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠨᠢ ᠠᠮᠤ ᠪᠤᠳᠠᠭ᠎ᠠ ᠬᠤᠳᠠᠯᠳᠤᠨ ᠠᠪᠬᠤ᠎ᠠᠴᠠ ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ ᠳᠠᠩᠰᠠᠯᠠᠭᠤᠯᠤᠯᠲᠠ ᠬᠢᠬᠦ  ᠬᠡᠷᠡᠭᠲᠡᠢ ᠃  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨ ᠮᠡᠳᠡᠭᠡ ᠵᠠᠩᠭᠢ ᠵᠢᠨ ᠠᠯᠢ ᠨᠢᠭᠡ ᠵᠦᠢ᠍ᠯ᠎ᠳᠤ ᠬᠤᠪᠢᠷᠠᠯᠲᠠ ᠭᠠᠷᠪᠠᠯ ᠂  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ᠎ᠠᠴᠠ ᠡᠮᠦᠨ᠎ᠡ  ᠬᠤᠪᠢᠷᠠᠯᠲᠠ᠎ᠪᠠᠨ ᠳᠠᠩᠰᠠᠯᠠᠭᠤᠯᠬᠤ ᠵᠢᠨ ᠬᠠᠮᠲᠤ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ ᠃

       ᠲᠠᠪᠤ ᠂  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ ᠎ᠨᠢ  ᠶᠠᠮᠠᠷ ᠠᠷᠭ᠎ᠠ ᠮᠠᠶᠢᠭ ᠵᠶ᠋ᠠᠷ ᠳᠠᠩᠰᠠᠯᠠᠭᠤᠯᠬᠤ ᠪᠤᠢ ?

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠠᠮᠤ ᠪᠤᠳᠠᠭ᠎ᠠ ᠬᠤᠳᠠᠯᠳᠤᠨ ᠠᠪᠬᠤ ᠵᠢ ᠡᠷᠭᠢᠯᠡᠵᠦ ᠪᠠᠢ᠌ᠭ᠎ᠠ ᠠᠵᠤ ᠠᠬᠤᠢ᠌ᠯᠠᠯ᠎ᠨᠢ ᠲᠤᠬᠠᠢ ᠵᠢᠨ  ᠲᠠᠯᠠᠪᠤᠷ ᠪᠠ  ᠰᠦᠯᠵᠢᠶᠡᠨ  ᠳᠡᠭᠡᠷ᠎ᠡ ᠭᠦᠢ᠍ᠴᠡᠳᠬᠡᠬᠦ  ᠵᠡᠷᠭᠡ ᠠᠷᠭ᠎ᠠ ᠮᠠᠶᠢᠭ ᠵᠶ᠋ᠠᠷ ᠳᠡᠮᠵᠢᠨ ᠳᠠᠩᠰᠠᠯᠠᠭᠤᠯᠵᠤ ᠪᠣᠯᠣᠨ᠎ᠠ ᠃  ᠪᠠᠰᠠ ᠵᠠᠬᠢᠳᠠᠯ ᠂  ᠹᠠᠺᠰ ᠂  ᠢᠮᠸᠯ  ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠠᠮᠤ ᠪᠤᠳᠠᠭ᠎ᠠ ᠬᠤᠳᠠᠯᠳᠤᠨ ᠠᠪᠬᠤ᠎ᠪᠠᠷ  ᠳᠠᠩᠰᠠᠯᠠᠭᠤᠯᠬᠤ  ᠪᠠ ᠬᠤᠪᠢᠷᠠᠭᠤᠯᠬᠤ ᠠᠵᠢᠯ᠎ᠢ ᠥᠷᠨᠢᠭᠦᠯᠵᠦ ᠪᠣᠯᠣᠨ᠎ᠠ ᠃

 

 

 

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠥᠭᠦᠯᠡᠬᠦᠢ᠄ 《ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠤᠯᠴᠠᠬᠤ ᠵᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠦᠰᠦᠭ ᠪᠢᠴᠢᠭ ᠵᠶ᠋ᠡᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠥᠨᠥᠭᠡᠯ᠎ᠳᠤ ᠨᠥᠬᠥᠪᠦᠷᠢ ᠣᠯᠭᠣᠬᠤ ᠬᠠᠮᠢᠶᠠᠷᠤᠯᠲᠠ ᠵᠢᠨ ᠠᠷᠭ᠎ᠠ》 ᠵᠢᠨ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠴᠠᠭᠳᠠᠭ᠎ᠠ᠎ᠳᠤ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠪᠦᠲᠦᠮᠵᠢᠲᠡᠶ᠎ᠪᠠᠷ ᠵᠣᠯᠭ᠋ᠠᠭᠤᠯᠵᠤ ᠬᠣᠯᠪᠣᠭ᠋ᠠᠯᠠᠨ ᠬᠥᠳᠡᠯᠦᠯᠴᠡᠬᠦ ᠵᠢ ᠠᠬᠢᠭᠤᠯᠬᠤ ᠬᠡᠷᠡᠭᠵᠢᠭᠦᠯᠬᠦ ᠲᠥᠰᠥᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            