ᠨᠢᠭᠡ ᠂ 《 ᠬᠡᠷᠡᠭᠵᠢᠭᠦᠯᠬᠦ ᠰᠠᠨᠠᠯ 》᠎ᠢ ᠲᠣᠭᠲᠠᠭ᠋ᠠᠭᠰᠠᠨ ᠠᠬᠤᠢ ᠪᠠᠢ᠌ᠳᠠᠯ
《ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠣᠷᠤᠯᠴᠠᠬᠤ ᠵᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2021] 40 ᠳ᠋ᠦ᠍ᠭᠡᠷ ᠲᠣᠭ᠋ᠠᠲᠤ)᠎ᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ ᠣᠷᠣᠨ᠎ᠤ ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠣᠷᠤᠯᠴᠠᠬᠤ ᠪᠠᠢ᠌ᠭᠤᠯᠤᠯ ᠲᠣᠭᠲᠠᠴᠠ ᠵᠢ ᠪᠦᠬᠦ ᠲᠠᠯ᠎ᠠ᠎ᠪᠠᠷ ᠪᠠᠢ᠌ᠭᠤᠯᠵᠤ ᠂ ᠪᠥᠬᠥ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠭᠤᠯᠵᠤ ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠤᠯᠴᠠᠬᠤ ᠵᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2023] 14 ᠳ᠋ᠦ᠍ᠭᠡᠷ ᠲᠣᠭ᠋ᠠᠲᠤ ᠂ ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠨᠡᠢ᠌ᠲᠡᠯᠡᠪᠡ᠃
ᠬᠣᠶᠠᠷ ᠂ 《ᠬᠡᠷᠡᠭᠵᠢᠭᠦᠯᠬᠦ ᠰᠠᠨᠠᠯ》᠎ᠤᠨ ᠭᠣᠣᠯ ᠠᠭᠤᠯᠭ᠎ᠠ
《ᠬᠡᠷᠡᠭᠵᠢᠭᠦᠯᠬᠦ ᠰᠠᠨᠠᠯ》᠎ᠢ ᠨᠡᠶ᠋ᠢᠲᠡ 4 ᠬᠡᠰᠡᠭ 24 ᠵᠦᠢ᠍ᠯ ᠬᠤᠪᠢᠶᠠᠪᠠ᠃
(ᠨᠢᠭᠡ) ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠤᠯᠴᠠᠬᠤ ᠭᠣᠣᠯᠳᠠᠯᠭ᠎ᠠ᠎ᠲᠠᠢ ᠬᠦᠷᠢᠶ᠎ᠡ ᠵᠢ ᠲᠣᠳᠣᠷᠬᠠᠢ᠌ᠯᠠᠪᠠ ᠃ 《ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠣᠷᠤᠯᠴᠠᠬᠤ ᠵᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2021] 40 ᠳ᠋ᠦ᠍ᠭᠡᠷ ᠲᠣᠭ᠋ᠠᠲᠤ)᠎ᠢ ᠦᠨᠳᠦᠰᠦᠯᠡᠨ ᠲᠣᠭᠲᠠᠭ᠋ᠠᠭᠰᠠᠨ ᠭᠣᠣᠯᠳᠠᠯᠭ᠎ᠠ᠎ᠲᠠᠢ ᠬᠦᠷᠢᠶ᠎ᠡ ᠂ 《ᠪᠥᠬᠥ ᠤᠯᠤᠰ᠎ᠤᠨ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠤᠨ ᠶᠡᠷᠦᠩᠬᠡᠢ ᠲᠥᠯᠦᠪᠵᠢᠭᠦᠯᠭᠡ (2021 — 2035 ᠣᠨ)》᠎ᠪᠠᠷ ᠥᠪᠡᠷᠲᠡᠭᠡᠨ ᠵᠠᠰᠠᠬᠤ ᠣᠷᠣᠨ᠎ᠤ 《ᠨᠢᠭᠡ ᠣᠷᠣᠨ ᠬᠣᠶᠠᠷ ᠪᠦᠰᠡ》 ᠲᠠᠢ ᠬᠣᠯᠪᠣᠭᠳᠠᠬᠤ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ ᠪᠠ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠲᠣᠭᠲᠠᠭ᠋ᠠᠭᠰᠠᠨ ᠭᠣᠣᠯᠳᠠᠯᠭ᠎ᠠ᠎ᠲᠠᠢ ᠠᠮᠢ ᠠᠬᠤᠢ ᠵᠢᠨ ᠰᠡᠷᠭᠦᠭᠡᠯᠲᠡ ᠵᠢᠨ ᠣᠷᠣᠨ ᠪᠦᠰᠡ ᠵᠢ ᠲᠣᠳᠣᠷᠬᠠᠢ᠌ᠯᠠᠵᠤ᠂ ᠣᠢ ᠰᠢᠭᠤᠢ ᠨᠤᠲᠤᠭ ᠪᠡᠯᠴᠢᠭᠡᠷ ᠂ ᠡᠯᠡᠰᠦᠷᠬᠡᠭᠵᠢᠭᠰᠡᠨ ᠭᠠᠵᠠᠷ ᠰᠢᠷᠣᠢ ᠂ ᠭᠣᠣᠯ ᠮᠦᠷᠡᠨ ᠨᠠᠭᠤᠷ ᠴᠥᠭᠥᠷᠥᠮ ᠨᠣᠢ᠌ᠲᠠᠨ ᠭᠠᠵᠠᠷ ᠂ ᠠᠭᠤᠷᠬᠠᠢ ᠵᠢᠨ ᠣᠷᠣᠨ ᠂ ᠲᠠᠷᠢᠶᠠᠨ ᠭᠠᠵᠠᠷ ᠂ ᠬᠣᠲᠠ ᠪᠠᠯᠭ᠋ᠠᠰᠤ ᠂ ᠠᠮᠢ ᠠᠬᠤᠢ ᠵᠢᠨ ᠠᠵᠤ ᠦᠢ᠍ᠯᠡᠰ ᠵᠡᠷᠭᠡ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ 7 ᠭᠣᠣᠯᠳᠠᠯᠭ᠎ᠠ᠎ᠲᠠᠢ ᠬᠦᠷᠢᠶ᠎ᠡ ᠵᠢ ᠲᠣᠭᠲᠠᠭ᠋ᠠᠪᠠ ᠃
(ᠬᠣᠶᠠᠷ) ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠤᠯᠴᠠᠬᠤ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠪᠡ ᠃
《ᠬᠡᠨ ᠰᠡᠷᠭᠦᠭᠡᠪᠡᠯ ᠬᠡᠨ ᠠᠰᠢᠭ ᠭᠥᠷᠳᠡᠬᠦ》 ᠵᠠᠷᠴᠢᠮ ᠶᠣᠰᠣᠭ᠋ᠠᠷ ᠂ ᠲᠥᠷᠥᠯ ᠵᠦᠢ᠍ᠯ᠎ᠢ ᠪᠠᠶ᠋ᠢᠭᠤᠯᠬᠤ ᠂ ᠬᠡᠷᠡᠭᠵᠢᠭᠦᠯᠬᠦ ᠂ ᠰᠢᠯᠭ᠋ᠠᠨ ᠬᠤᠷᠢᠶᠠᠵᠤ ᠠᠪᠬᠤ ᠂ ᠬᠠᠮᠢᠶᠠᠷᠴᠤ ᠬᠠᠮᠠᠭ᠋ᠠᠯᠠᠬᠤ ᠂ ᠡᠷᠬᠡ ᠠᠰᠢᠭ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ ᠪᠦᠬᠦ ᠶᠠᠪᠤᠴᠠ᠎ᠳᠤ ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠤᠯᠴᠠᠬᠤ 8 ᠲᠠᠯ᠎ᠠ ᠵᠢᠨ ᠠᠵᠢᠯ᠎ᠤᠨ ᠠᠷᠭ᠎ᠠ ᠬᠡᠮᠵᠢᠶ᠎ᠡ ᠂ ᠪᠣᠳᠠᠲᠠᠢ ᠠᠷᠭ᠎ᠠ ᠵᠠᠮ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠳᠤᠷᠠᠳᠴᠤ ᠂ ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠣᠷᠤᠯᠴᠠᠬᠤ ᠠᠭᠤᠯᠭ᠎ᠠ ᠂ ᠣᠷᠤᠯᠴᠠᠬᠤ ᠠᠷᠭ᠎ᠠ ᠬᠡᠯᠪᠡᠷᠢ ᠂ ᠣᠷᠤᠯᠴᠠᠬᠤ ᠶᠠᠪᠤᠴᠠ ᠵᠢ ᠵᠢᠭ᠋ᠠᠨ ᠲᠣᠳᠣᠷᠬᠠᠢ᠌ᠯᠠᠵᠤ᠂ ᠲᠣᠳᠣᠷᠬᠠᠢ ᠠᠷᠭ᠎ᠠ ᠵᠠᠮ᠎ᠢ ᠲᠣᠭᠲᠠᠭ᠋ᠠᠵᠤ ᠂ ᠬᠠᠮᠢᠶᠠᠷᠤᠯᠲᠠ ᠵᠢᠨ ᠵᠢᠷᠤᠮᠵᠢᠯ᠎ᠢ ᠲᠣᠳᠣᠷᠬᠠᠢ᠌ᠯᠠᠨ᠂ ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠣᠷᠤᠯᠴᠠᠬᠤ ᠵᠢ ᠰᠢᠨᠵᠢᠯᠡᠬᠦ ᠤᠬᠠᠭ᠋ᠠᠨᠴᠢᠯᠠᠭᠰᠠᠨ ᠂ ᠳᠦᠷᠢᠮᠵᠢᠭᠰᠡᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ᠎ᠲᠠᠢ ᠪᠣᠯᠭ᠋ᠠᠬᠤ ᠵᠢ ᠪᠠᠲᠤᠯᠠᠵᠠᠢ ᠃
(ᠭᠤᠷᠪᠠ) ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠤᠯᠴᠠᠬᠤ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠪᠤᠲᠠᠲᠠᠢ᠌ᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠪᠠ ᠃
ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠂ ᠭᠠᠵᠠᠷ ᠰᠢᠷᠣᠢ ᠵᠢ ᠵᠦᠷᠢᠶᠡᠵᠢᠬᠦᠯᠦᠨ ᠬᠡᠷᠡᠭᠯᠡᠬᠦ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠦᠯᠡᠳᠡᠭᠡᠯ ᠭᠠᠵᠠᠷ᠎ᠢ ᠴᠢᠯᠦᠭᠡᠲᠡᠢ ᠭᠦᠢ᠍ᠯᠭᠡᠭᠡᠬᠦ᠂ ᠰᠢᠷᠣᠢ ᠴᠢᠯᠠᠭᠤᠨ ᠮᠠᠲ᠋ᠧᠷᠢᠶᠠᠯ᠎ᠢ ᠵᠦᠢ ᠵᠣᠬᠢᠰᠲᠠᠢ ᠠᠰᠢᠭᠯᠠᠬᠤ ᠂ ᠣᠶ ᠮᠣᠳᠣᠨ᠎ᠤ ᠬᠠᠮᠢᠶᠠᠷᠤᠯᠲᠠ ᠵᠢᠨ ᠲᠣᠭᠲᠠᠴᠠ᠎ᠳᠤ ᠰᠢᠨ᠎ᠡ ᠵᠢ ᠡᠭᠦᠳᠬᠦ ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠵᠠᠭᠪᠤᠷ᠎ᠢ ᠬᠠᠢ᠌ᠨ ᠰᠦᠪᠡᠭᠴᠢᠯᠡᠬᠦ ᠂ ᠡᠳ᠋᠎ᠤᠨ ᠵᠠᠰᠠᠭ᠎ᠤᠨ ᠬᠥᠲᠥᠯᠥᠨ ᠵᠢᠯᠤᠭᠣᠳᠬᠤ ᠪᠠ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠬᠤ ᠵᠡᠷᠭᠡ 6 ᠲᠠᠯ᠎ᠠ᠎ᠪᠠᠷ ᠨᠠᠷᠢᠯᠢᠭᠵᠢᠭᠤᠯᠤᠭᠰᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ ᠂ ᠨᠡᠢ᠌ᠭᠡᠮ᠎ᠤᠨ ᠬᠥᠷᠥᠩᠭᠡ ᠵᠢᠨ ᠠᠮᠢ ᠠᠬᠤᠢ᠎ᠢ ᠬᠠᠮᠠᠭ᠋ᠠᠯᠠᠨ ᠰᠡᠷᠭᠦᠭᠡᠬᠦ᠎ᠳᠤ ᠣᠷᠤᠯᠴᠠᠬᠤ ᠵᠢ ᠳᠡᠮᠵᠢᠬᠦ᠎ᠳᠤ ᠲᠥᠷᠥ ᠵᠢᠨ ᠪᠣᠳᠣᠯᠭ᠎ᠠ ᠵᠢᠨ ᠪᠣᠳᠠᠲᠠᠢ ᠵᠢᠯᠣᠭᠣᠳᠤᠯᠭ᠎ᠠ ᠬᠠᠩᠭ᠋ᠠᠪᠠ ᠃
(ᠳᠥᠷᠪᠡ) ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠤᠯᠴᠠᠬᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠪᠠ ᠃
ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠢ᠌ᠮᠠᠭ ᠬᠣᠲᠠ ᠂ ᠬᠣᠰᠢᠭᠤ ᠰᠢᠶᠠᠨ (ᠬᠣᠲᠠ ᠂ ᠲᠣᠭᠣᠷᠢᠭ)᠎ᠤ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠡᠢ᠌ᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠣᠷᠤᠯᠴᠠᠬᠤ ᠵᠢ ᠥᠷᠨᠢᠭᠦᠯᠬᠦ ᠶᠠᠪᠤᠴᠠ᠎ᠳᠠᠬᠢ ᠦᠢ᠍ᠯᠡᠴᠢᠯᠡᠭᠡᠨ᠎ᠤ ᠪᠠᠲᠤᠯᠠᠭ᠎ᠠ ᠵᠢᠨ ᠱᠠᠭ᠋ᠠᠷᠳᠠᠯᠭ᠎ᠠ ᠵᠢ ᠳᠤᠷᠠᠳᠴᠤ ᠂ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠬᠤ ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠴᠢᠩᠭ᠋ᠠᠷᠠᠭᠤᠯᠬᠤ ᠂ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡ ᠵᠢ ᠴᠢᠩᠭ᠋ᠠᠳᠬᠠᠬᠤ ᠭᠡᠬᠦ 3 ᠲᠠᠯ᠎ᠠ᠎ᠠᠴᠠ ᠪᠣᠳᠠᠲᠠᠢ ᠱᠠᠭ᠋ᠠᠷᠳᠠᠯᠭ᠎ᠠ ᠳᠤᠷᠠᠳᠪᠠ ᠃
ᠭᠤᠷᠪᠠ ᠂ 《 ᠬᠡᠷᠡᠭᠵᠢᠭᠦᠯᠬᠦ ᠰᠠᠨᠠᠯ 》᠎ᠤᠨ ᠣᠨᠴᠠᠯᠢᠭ ᠪᠦᠬᠦᠢ ᠭᠢᠯᠠᠰ ᠴᠡᠭ
《ᠬᠡᠷᠡᠭᠵᠢᠭᠦᠯᠬᠦ ᠰᠠᠨᠠᠯ》᠎ᠳᠤ ᠨᠡᠢ᠌ᠭᠡᠮ ᠨᠡᠶ᠋ᠢᠲᠡ᠎ᠪᠠᠷ ᠵᠶ᠋ᠡᠨ ᠨᠡᠢ᠌ᠳᠡᠮ ᠠᠩᠬᠠᠷᠴᠤ ᠪᠠᠢ᠌ᠭ᠎ᠠ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢ ᠵᠠᠬ᠎ᠠ ᠳᠡᠯᠭᠡᠭᠦᠷᠴᠢᠯᠡᠨ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠰᠢᠷᠣᠢ ᠴᠢᠯᠠᠭᠤᠨ ᠮᠠᠲ᠋ᠧᠷᠢᠶᠠᠯ᠎ᠢ ᠠᠰᠢᠭᠯᠠᠬᠤ᠂ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠠᠰᠢᠭᠯᠠᠬᠤ ᠂ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠤᠨ ᠠᠰᠢᠭᠯᠠᠬᠤ ᠵᠡᠷᠭᠡ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠭᠣᠣᠯ ᠴᠣᠭᠴᠠ ᠵᠢᠨ ᠡᠷᠬᠡ ᠠᠰᠢᠭ᠎ᠢ ᠪᠡᠶᠡᠯᠡᠭᠦᠯᠬᠦ ᠭᠣᠣᠯᠳᠠᠯᠭ᠎ᠠ᠎ᠲᠠᠢ ᠠᠷᠭ᠎ᠠ ᠵᠠᠮ᠎ᠳᠤ ᠪᠥᠬᠥ ᠴᠣᠪᠣᠷᠠᠯ᠎ᠤᠨ ᠲᠥᠷᠥ ᠵᠢᠨ ᠪᠣᠳᠣᠯᠭ᠎ᠠ ᠵᠢᠨ ᠪᠣᠭᠣᠵᠢᠯᠠᠯ ᠬᠢᠵᠤ᠂ ᠡᠭᠦᠨ᠎ᠤ ᠬᠠᠮᠲᠤ 4 ᠯᠠᠪᠯᠠᠯᠲᠠ ᠵᠢᠨ ᠲᠣᠪᠴᠢ ᠵᠢ ᠳᠠᠭ᠋ᠠᠯᠳᠤᠭᠤᠯᠤᠨ᠂ ᠰᠡᠷᠭᠦᠭᠡᠬᠦ ᠲᠥᠰᠥᠯ᠎ᠲᠠᠢ ᠬᠠᠮᠲᠤ ᠴᠣᠬᠣᠯᠠᠪᠤᠷᠢᠯᠠᠨ ᠬᠡᠷᠡᠭᠵᠢᠭᠦᠯᠵᠦ ᠂ ᠳᠠᠭᠢᠵᠤ ᠲᠤᠰᠠᠭ᠋ᠠᠷ ᠬᠢᠨᠠᠨ ᠵᠥᠪᠰᠢᠶᠡᠷᠡᠬᠦ ᠦᠭᠡᠢ ᠪᠣᠯᠭ᠋ᠠᠵᠤ᠂ ᠨᠡᠢ᠌ᠭᠡᠮ᠎ᠤᠨ ᠬᠥᠷᠥᠩᠭᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠦᠲᠦᠮᠵᠢᠲᠡᠶ ᠪᠠᠲᠤᠯᠠᠭᠰᠠᠨ ᠰᠠᠭᠤᠷᠢᠨ ᠳᠡᠭᠡᠷ᠎ᠡ ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠭᠦᠢ᠍ᠴᠡᠳ ᠪᠠᠳᠠᠷᠠᠭᠤᠯᠪᠠ᠃