ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠥᠨᠥᠭᠡᠯ᠎ᠳᠤ ᠨᠥᠬᠥᠪᠦᠷᠢ ᠣᠯᠭᠣᠬᠤ ᠬᠠᠮᠢᠶᠠᠷᠤᠯᠲᠠ ᠵᠢᠨ ᠠᠷᠭ᠎ᠠ》 ᠵᠢᠨ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2023-02-23

      ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠤᠯᠢ ᠶᠣᠰᠣᠭ᠋ᠠᠷ ᠪᠠᠲᠤᠯᠠᠵᠤ᠂ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠪᠠ ᠠᠷᠠᠳ ᠣᠯᠠᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠵᠥᠷᠢᠴᠡᠯ᠎ᠢ ᠦᠨᠡᠨ ᠬᠦ᠌ ᠨᠠᠮᠳᠠᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠣᠯᠠᠨ ᠲᠦᠮᠡᠨ᠎ᠤ ᠢᠳᠡᠪᠬᠢᠵᠢᠯ᠎ᠢ ᠴᠢᠩᠭ᠋ᠠᠷᠠᠭᠤᠯᠬᠤ ᠪᠤᠰᠤᠳᠴᠢ ᠬᠡᠷᠡᠭᠴᠡᠭᠡ᠎ᠠᠴᠠ ᠡᠭᠦᠰᠴᠦ᠂ ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠬᠥᠨᠥᠭᠡᠯ᠎ᠳᠤ ᠨᠥᠬᠥᠪᠦᠷᠢ ᠣᠯᠭᠣᠬᠤ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2023] 8 ᠳ᠋ᠤᠭ᠋ᠠᠷ ᠲᠣᠭ᠋ᠠᠲᠤ᠂ ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠨᠡᠢ᠌ᠭᠡᠮ ᠨᠡᠶ᠋ᠢᠲᠡ᠎ᠪᠠᠷ ᠵᠶ᠋ᠡᠨ 《ᠠᠷᠭ᠎ᠠ》 ᠵᠢᠨ ᠬᠠᠮᠢᠶ᠎ᠠ ᠪᠦᠬᠦᠢ ᠠᠭᠤᠯᠭ᠎ᠠ ᠵᠢ ᠥᠷᠭᠡᠨ ᠵᠶ᠋ᠡᠷ ᠣᠢ᠌ᠯᠠᠭ᠋ᠠᠬᠤ ᠪᠠ ᠵᠥᠪ ᠣᠢ᠌ᠯᠠᠭ᠋ᠠᠬᠤ᠎ᠳᠤ ᠲᠥᠬᠥᠮ ᠦᠵᠡᠭᠦᠯᠵᠦ᠂ ᠡᠯ᠎ᠡ ᠵᠦᠢ᠍ᠯ᠎ᠤᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠰᠠᠢ᠌ᠲᠤᠷ ᠠᠳᠬᠤᠬᠤ ᠵᠢᠨ ᠲᠤᠰᠠᠳᠠ᠂ ᠡᠳᠦᠭᠡ ᠳᠣᠣᠷᠠᠬᠢ ᠮᠡᠲᠦ ᠲᠠᠢ᠌ᠯᠤᠮᠵᠢ ᠬᠢᠪᠡ᠃

      ᠨᠢᠭᠡ᠂ ᠨᠠᠢ᠌ᠷᠠᠭᠤᠯᠤᠨ ᠵᠣᠬᠢᠶᠠᠭᠰᠠᠨ ᠠᠬᠤᠢ ᠪᠠᠢ᠌ᠳᠠᠯ

      ᠣᠢ᠌ᠷ᠎ᠠ ᠵᠢᠨ ᠵᠢᠯ᠎ᠤᠳ᠎ᠲᠤ᠂ ᠪᠠᠢ᠌ᠭ᠋ᠠᠯᠢ ᠵᠢᠨ ᠣᠶ ᠰᠢᠭᠤᠢ ᠵᠢ ᠬᠠᠮᠠᠭ᠋ᠠᠯᠠᠬᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠵᠡᠷᠭᠡ ᠴᠢᠬᠤᠯᠠ ᠶᠡᠬᠡ ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠬᠦ ᠵᠢ ᠳᠠᠭ᠋ᠠᠯᠳᠤᠨ᠂ ᠪᠥᠬᠥ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ ᠢᠯᠡᠳᠲᠡ ᠰᠠᠢ᠌ᠵᠢᠷᠠᠵᠤ᠂ ᠬᠡᠭᠡᠷ᠎ᠡ ᠵᠢᠨ ᠠᠮᠢᠲᠠᠨ᠎ᠤ ᠳᠦᠷᠰᠦ ᠵᠢᠨ ᠰᠦᠷᠦᠭ ᠪᠠ ᠲᠣᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠪᠡ᠃ ᠡᠭᠦᠨ᠎ᠤ ᠳᠠᠭ᠋ᠠᠤ᠎ᠳᠤ ᠬᠡᠭᠡᠷ᠎ᠡ ᠵᠢᠨ ᠠᠮᠢᠲᠠᠨ᠎ᠤ ᠠᠵᠢᠯᠯᠠᠭ᠋ᠠᠨ᠎ᠤ ᠬᠡᠪᠴᠢᠶ᠎ᠡ ᠪᠠ ᠢᠳᠡᠰᠢᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠡᠭᠡᠷ᠎ᠡ ᠵᠢᠨ ᠠᠮᠢᠲᠠᠨ᠎ᠤ ᠲᠠᠷᠢᠶ᠎ᠠ ᠲᠥᠮᠥᠰᠥ ᠵᠢ ᠬᠣᠬᠢᠷᠠᠭᠤᠯᠬᠤ᠂ ᠣᠶ ᠮᠣᠳᠣ ᠵᠢ ᠡᠪᠳᠡᠬᠦ ᠵᠡᠷᠭᠡ ᠬᠡᠷᠡᠭ ᠪᠠᠢ᠌ᠨ ᠳᠠᠬᠢᠨ ᠡᠭᠦᠰᠴᠦ᠂ ᠴᠢᠨᠠᠭᠰᠢᠯᠠᠪᠠᠯ ᠠᠷᠠᠳ ᠣᠯᠠᠨ᠎ᠤ ᠪᠡᠶ᠎ᠡ ᠵᠢᠨ ᠠᠮᠤᠷ ᠲᠦᠪᠰᠢᠨ᠎ᠢ ᠰᠦᠷᠳᠡᠭᠦᠯᠵᠦ ᠪᠠᠢ᠌ᠨ᠎ᠠ᠃

      2020 ᠣᠨ᠎ᠳᠤ᠂ 《ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠵᠢ ᠪᠦᠬᠦ ᠲᠠᠯ᠎ᠠ᠎ᠪᠠᠷ ᠴᠠᠭ᠋ᠠᠵᠠᠯᠠᠵᠤ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠵᠶ᠋ᠠᠨ ᠢᠳᠡᠬᠦ ᠪᠣᠯᠬᠢ ᠳᠠᠳᠬᠠᠯ᠎ᠢ ᠠᠷᠢᠯᠭ᠋ᠠᠵᠤ᠂ ᠠᠷᠠᠳ ᠤᠯᠠᠨ᠎ᠤ ᠠᠮᠢ ᠨᠠᠰᠤ ᠡᠷᠡᠭᠦᠯ ᠮᠡᠨᠳᠤ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠲᠤᠬᠠᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠢ᠌ᠲᠡᠯᠡᠪᠡ᠃ ᠥᠪᠡᠷᠲᠡᠭᠡᠨ ᠵᠠᠰᠠᠬᠤ ᠣᠷᠣᠨ 《ᠲᠣᠭᠲᠠᠭ᠋ᠠᠯ》᠎ᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠡᠭᠡᠷ᠎ᠡ ᠵᠢᠨ ᠠᠮᠢᠲᠠᠨ᠎ᠢ ᠬᠥᠮᠥᠨ᠎ᠤ ᠬᠦᠴᠦ᠎ᠪᠠᠷ ᠲᠡᠵᠢᠭᠡᠨ ᠦᠷᠡᠵᠢᠭᠦᠯᠬᠦ ᠠᠵᠤ ᠦᠢ᠍ᠯᠡᠰ᠎ᠤᠨ ᠤᠬᠤᠷᠢᠨ ᠭᠠᠷᠴᠤ ᠰᠢᠯᠵᠢᠭᠦᠯᠦᠨ ᠥᠭᠬᠦ ᠪᠠ ᠲᠡᠵᠢᠭᠡᠵᠦ ᠪᠠᠢ᠌ᠭ᠎ᠠ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠪᠥᠬᠥ ᠣᠷᠣᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠪᠠ ᠠᠰᠢᠭᠯᠠᠬᠤ ᠠᠵᠢᠯᠯᠠᠭ᠎ᠠ ᠵᠢ ᠵᠢᠷᠤᠮᠵᠢᠭᠤᠯᠵᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠪᠠ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠨ ᠬᠠᠮᠢᠶᠠᠷᠬᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠰᠢᠭᠲᠠᠢ ᠶᠤᠮ᠃

      ᠬᠣᠶᠠᠷ᠂ ᠨᠠᠢ᠌ᠷᠠᠭᠤᠯᠤᠨ ᠵᠣᠬᠢᠶᠠᠭᠰᠠᠨ ᠦᠨᠳᠦᠰᠦᠯᠡᠯ

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠠᠷᠪᠠ ᠶᠢᠰᠦᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠎ᠢ ᠦᠨᠳᠦᠰᠦᠯᠡᠪᠡᠯ᠄ 《ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠵᠤ ᠪᠠᠢ᠌ᠭ᠎ᠠ ᠬᠡᠭᠡᠷ᠎ᠡ ᠵᠢᠨ ᠠᠮᠢᠲᠠᠨ ᠪᠠ ᠠᠮᠢ ᠠᠬᠤᠢ ᠵᠢᠨ᠂ ᠰᠢᠨᠵᠢᠯᠡᠬᠦ ᠤᠬᠠᠭ᠋ᠠᠨ᠎ᠤ᠂ ᠨᠡᠢ᠌ᠭᠡᠮ᠎ᠤᠨ ᠴᠢᠬᠤᠯᠠ ᠦᠨ᠎ᠡ ᠦᠷᠲᠡᠭ ᠪᠦᠬᠦᠢ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠭᠰᠠᠨ᠎ᠠᠴᠠ ᠪᠣᠯᠵᠤ ᠬᠥᠮᠥᠨ ᠦᠬᠦᠵᠦ ᠰᠢᠷᠬᠠᠲᠤᠬᠤ᠂ ᠲᠠᠷᠢᠮᠠᠯ ᠪᠤᠶᠤ ᠪᠤᠰᠤᠳ ᠡᠳ᠋ ᠬᠥᠷᠥᠩᠭᠡ᠎ᠳᠤ ᠬᠣᠬᠢᠷᠠᠯ ᠤᠴᠠᠷᠠᠭᠤᠯᠤᠭᠰᠠᠨ ᠪᠣᠯ᠂ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠨᠥᠬᠥᠪᠦᠷᠢ ᠣᠯᠭᠣᠨ᠎ᠠ᠃ ᠪᠣᠳᠠᠲᠠᠢ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ》 ᠭᠡᠵᠦ ᠲᠣᠭᠲᠠᠭ᠋ᠠᠵᠠᠢ᠃ ᠡᠨᠡ ᠬᠦ᠌ ᠲᠣᠭᠲᠠᠭ᠋ᠠᠯ᠎ᠨᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ 《ᠠᠷᠭ᠎ᠠ》 ᠵᠢᠨ ᠬᠠᠤᠯᠢ ᠴᠠᠭ᠋ᠠᠵᠠ ᠵᠢᠨ ᠦᠨᠳᠦᠰᠦᠯᠡᠯ ᠪᠣᠯᠬᠤ᠎ᠪᠠᠷ ᠪᠠᠷᠠᠬᠤ ᠦᠭᠡᠢ᠂ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠪᠣᠯᠣᠨ᠎ᠠ᠃

      ᠭᠤᠷᠪᠠ᠂ 《ᠠᠷᠭ᠎ᠠ》 ᠵᠢᠨ ᠭᠣᠣᠯ ᠠᠭᠤᠯᠭ᠎ᠠ

      《ᠠᠷᠭ᠎ᠠ》᠎ᠳᠤ ᠨᠡᠶ᠋ᠢᠲᠡ 17 ᠵᠦᠢ᠍ᠯ ᠪᠠᠢ᠌ᠵᠤ᠂ ᠭᠣᠣᠯᠳᠠᠭᠤ ᠳᠣᠣᠷᠠᠬᠢ ᠠᠭᠤᠯᠭ᠎ᠠ᠎ᠨᠤᠭᠤᠳ ᠵᠢ ᠪᠠᠭᠲᠠᠭ᠋ᠠᠨ᠎ᠠ᠄

      ᠨᠢᠭᠡ᠎ᠳᠤ᠂ ᠨᠥᠬᠥᠪᠦᠷᠢ ᠣᠯᠭᠣᠬᠤ ᠭᠣᠣᠯ ᠴᠣᠭᠴᠠ ᠵᠢ ᠲᠣᠳᠣᠷᠬᠠᠢ᠌ᠯᠠᠪᠠ᠃ 《ᠠᠷᠭ᠎ᠠ》᠎ᠳᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠥᠮᠥᠨ᠎ᠤ ᠦᠬᠦᠯ ᠰᠢᠷᠬᠠᠲᠤᠯ ᠪᠠ ᠡᠳ᠋ ᠬᠥᠷᠥᠩᠭᠡ ᠵᠢᠨ ᠬᠣᠬᠢᠷᠠᠯ ᠰᠦᠢ᠍ᠳᠦᠯ᠎ᠢ ᠬᠢᠨᠠᠨ ᠬᠠᠷᠭᠤᠭᠤᠯᠬᠤ᠂ ᠮᠠᠭ᠋ᠠᠳᠯᠠᠨ ᠲᠣᠭᠲᠠᠭ᠋ᠠᠬᠤ᠂ ᠨᠥᠬᠥᠪᠦᠷᠢ ᠣᠯᠭᠣᠬᠤ ᠠᠵᠢᠯ᠎ᠢ ᠬᠠᠷᠢᠭᠤᠴᠠᠨ᠎ᠠ᠃ ᠰᠢᠶᠠᠩ (ᠪᠠᠯᠭ᠋ᠠᠰᠤ᠂ ᠰᠤᠮᠤ)᠎ᠤᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠣᠬᠢᠷᠠᠯ᠎ᠤᠨ ᠪᠠᠢ᠌ᠳᠠᠯ᠎ᠢ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠵᠦ᠂ ᠭᠠᠴᠠᠭ᠋ᠠᠨ᠎ᠤ (ᠰᠠᠭᠤᠭ᠋ᠠᠯᠢ) ᠠᠷᠠᠳ᠎ᠤᠨ ᠵᠥᠪᠯᠡᠯ᠎ᠠᠴᠠ ᠬᠠᠮᠵᠢᠯᠴᠠᠨ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃ ᠠᠢ᠌ᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ)᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ᠎ᠤᠨ ᠶᠠᠪᠤᠳᠠᠯ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠲᠠᠷᠢᠶᠠᠯᠠᠩ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠡᠷᠭᠡ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠣᠬᠢᠷᠠᠯ᠎ᠢ ᠪᠠᠢ᠌ᠴᠠᠭ᠋ᠠᠬᠤ᠂ ᠨᠤᠲᠠᠯᠠᠬᠤ ᠵᠡᠷᠭᠡ ᠨᠥᠬᠥᠪᠦᠷᠢ ᠣᠯᠭᠣᠬᠤ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠢ᠌ᠲᠤᠷ ᠬᠢᠬᠦ ᠬᠡᠷᠡᠭᠲᠡᠢ ᠭᠡᠵᠦ ᠲᠣᠭᠲᠠᠭ᠋ᠠᠵᠠᠢ᠃

      ᠬᠣᠶᠠᠷ᠎ᠲᠤ᠂ ᠨᠥᠬᠥᠪᠦᠷᠢ ᠣᠯᠭᠣᠬᠤ ᠬᠡᠪᠴᠢᠶ᠎ᠡ ᠵᠢ ᠲᠣᠳᠣᠷᠬᠠᠢ᠌ᠯᠠᠪᠠ᠃ ᠠᠷᠠᠳ ᠢᠷᠭᠡᠳ᠎ᠤᠨ ᠪᠡᠶ᠎ᠡ ᠮᠠᠬᠠᠪᠤᠳ᠎ᠢ ᠭᠡᠮᠲᠦᠭᠡᠭᠰᠡᠨ ᠪᠤᠶᠤ ᠠᠷᠠᠳ ᠢᠷᠭᠡᠳ᠎ᠢ ᠦᠬᠦᠭᠦᠯᠦᠭᠰᠡᠨ; ᠬᠠᠰᠢᠶᠠᠯᠠᠨ ᠲᠡᠵᠢᠭᠡᠭᠰᠡᠨ ᠪᠤᠶᠤ ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ ᠣᠷᠣᠨ ᠬᠡᠪᠴᠢᠶᠡᠨ ᠳᠣᠲᠣᠷ᠎ᠠ ᠪᠡᠯᠴᠢᠭᠡᠷᠯᠡᠭᠦᠯᠵᠦ ᠪᠠᠢ᠌ᠭᠰᠠᠨ ᠮᠠᠯ ᠵᠢᠭᠦᠷᠲᠡᠨ᠎ᠢ ᠰᠢᠷᠬᠠᠲᠤᠭᠤᠯᠤᠭᠰᠠᠨ ᠪᠤᠶᠤ ᠦᠬᠦᠭᠦᠯᠦᠭᠰᠡᠨ; ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ ᠣᠷᠣᠨ ᠬᠡᠪᠴᠢᠶᠡᠨ ᠳᠣᠲᠣᠷ᠎ᠠ ᠳᠠᠷᠢᠭᠰᠠᠨ ᠲᠠᠷᠢᠮᠠᠯ᠂ ᠠᠵᠤ ᠠᠬᠤᠢ ᠵᠢᠨ ᠤᠢ ᠮᠣᠳᠣ ᠵᠡᠷᠭᠡ᠎ᠳᠤ ᠰᠢᠭᠤᠳ ᠬᠣᠬᠢᠷᠠᠯ ᠤᠴᠠᠷᠠᠭᠤᠯᠤᠭᠰᠠᠨ; ᠤᠯᠠᠨ ᠲᠦᠮᠡᠨ᠎ᠤ ᠡᠳᠦᠷ ᠲᠤᠳᠤᠮ᠎ᠤᠨ ᠰᠠᠭᠤᠵᠤ ᠪᠠᠢ᠌ᠭ᠎ᠠ ᠭᠡᠷ ᠪᠠᠢ᠌ᠰᠢᠩ᠂ ᠭᠡᠷ᠎ᠤᠨ ᠬᠡᠷᠡᠭᠰᠡᠯ᠂ ᠮᠠᠯ᠎ᠤᠨ ᠬᠠᠰᠢᠶ᠎ᠠ ᠵᠡᠷᠭᠡ ᠦᠢ᠍ᠯᠡᠳᠪᠦᠷᠢᠯᠡᠯ ᠠᠮᠢᠳᠤᠷᠠᠯ᠎ᠤᠨ ᠪᠡᠯᠡᠳᠬᠡᠮᠵᠢ᠎ᠳᠤ ᠬᠣᠬᠢᠷᠠᠯ ᠤᠴᠠᠷᠠᠭᠤᠯᠤᠭᠰᠠᠨ; ᠬᠣᠰᠢᠭᠤ ᠰᠢᠶᠠᠨ (ᠬᠣᠲᠠ᠂ ᠲᠣᠭᠣᠷᠢᠭ)᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠨᠤᠲᠠᠯᠠᠨ ᠲᠣᠭᠲᠠᠭ᠋ᠠᠭᠰᠠᠨ ᠪᠤᠰᠤᠳ ᠪᠠᠢ᠌ᠳᠠᠯ᠃

      ᠭᠤᠷᠪᠠ᠎ᠳᠤ᠂ ᠨᠥᠬᠥᠪᠦᠷᠢ ᠣᠯᠭᠣᠬᠤ ᠪᠠᠷᠢᠮᠵᠢᠶ᠎ᠠ ᠵᠢ ᠲᠣᠳᠣᠷᠬᠠᠢ᠌ᠯᠠᠪᠠ᠃ ᠬᠥᠮᠥᠨ᠎ᠢ ᠰᠢᠷᠬᠠᠲᠤᠭᠤᠯᠤᠭᠰᠠᠨ ᠪᠣᠯᠪᠠᠴᠤ ᠬᠥᠳᠡᠯᠮᠦᠷᠢᠯᠡᠬᠦ ᠴᠢᠳᠠᠪᠤᠷᠢ ᠵᠢ᠎ᠨᠢ ᠠᠯᠳᠠᠭᠤᠯᠤᠭᠰᠠᠨ ᠦᠭᠡᠢ ᠪᠣᠯ᠂ ᠡᠮᠴᠢᠯᠡᠭᠡᠨ᠎ᠤ ᠵᠠᠷᠤᠳᠠᠯ ᠵᠢᠴᠢ ᠠᠵᠢᠯ ᠰᠠᠭ᠋ᠠᠲᠠᠭᠰᠠᠨ᠎ᠠᠴᠠ ᠪᠣᠯᠵᠤ ᠬᠠᠰᠤᠭᠳᠠᠭᠰᠠᠨ ᠣᠷᠣᠯᠭ᠎ᠠ ᠵᠢ᠎ᠨᠢ ᠲᠥᠯᠥᠵᠦ᠂ ᠨᠥᠬᠥᠪᠦᠷᠢ ᠮᠥᠩᠭᠥ ᠵᠢᠨ ᠬᠠᠮᠤᠭ᠎ᠤᠨ ᠥᠨᠳᠥᠷ ᠲᠣᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠢ᠌ᠴᠠ ᠣᠷᠣᠯᠭ᠎ᠠ ᠵᠢᠨ 3 ᠳᠠᠬᠢᠨ᠎ᠠᠴᠠ ᠳᠠᠪᠠᠭᠤᠯᠬᠤ ᠦᠭᠡᠢ; ᠬᠥᠮᠥᠨ᠎ᠤ ᠬᠥᠳᠡᠯᠮᠦᠷᠢᠯᠡᠬᠦ ᠴᠢᠳᠠᠪᠤᠷᠢ ᠵᠢ ᠬᠡᠰᠡᠭ ᠲᠠᠯ᠎ᠠ᠎ᠪᠠᠷ ᠠᠯᠳᠠᠭᠤᠯᠤᠭᠰᠠᠨ ᠪᠣᠯ᠂ ᠡᠮᠴᠢᠯᠡᠭᠡᠨ᠎ᠤ ᠵᠠᠷᠤᠳᠠᠯ ᠵᠢᠴᠢ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠦᠷᠢ ᠮᠥᠩᠭᠥ ᠥᠭᠴᠦ᠂ ᠨᠥᠬᠥᠪᠦᠷᠢ ᠮᠥᠩᠭᠥ ᠵᠢᠨ ᠬᠠᠮᠤᠭ᠎ᠤᠨ ᠥᠨᠳᠥᠷ ᠲᠣᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠢ᠌ᠴᠠ ᠣᠷᠣᠯᠭ᠎ᠠ ᠵᠢᠨ 5᠎ᠠᠴᠠ 10 ᠳᠠᠬᠢᠨ ᠵᠶ᠋ᠠᠷ ᠪᠤᠳᠤᠨ᠎ᠠ; ᠬᠥᠮᠥᠨ᠎ᠤ ᠬᠥᠳᠡᠯᠮᠦᠷᠢᠯᠡᠬᠦ ᠴᠢᠳᠠᠪᠤᠷᠢ ᠵᠢ ᠪᠦᠬᠦᠨ᠎ᠢ ᠠᠯᠳᠠᠭᠤᠯᠤᠭᠰᠠᠨ ᠪᠣᠯ᠂ ᠡᠮᠴᠢᠯᠡᠭᠡᠨ᠎ᠤ ᠵᠠᠷᠤᠳᠠᠯ ᠵᠢᠴᠢ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠦᠷᠢ ᠮᠥᠩᠭᠥ ᠥᠭᠴᠦ᠂ ᠨᠥᠬᠥᠪᠦᠷᠢ ᠮᠥᠩᠭᠥ ᠵᠢᠨ ᠬᠠᠮᠤᠭ᠎ᠤᠨ ᠥᠨᠳᠥᠷ ᠲᠣᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠢ᠌ᠴᠠ ᠣᠷᠣᠯᠭ᠎ᠠ ᠵᠢᠨ 10᠎ᠠᠴᠠ 15 ᠳᠠᠬᠢᠨ ᠵᠶ᠋ᠠᠷ ᠪᠣᠳᠣᠨ᠎ᠠ; ᠬᠥᠮᠥᠨ᠎ᠢ ᠦᠬᠦᠭᠦᠯᠦᠭᠰᠡᠨ ᠪᠣᠯ᠂ ᠡᠮᠴᠢᠯᠡᠭᠡᠨ᠎ᠤ ᠵᠠᠷᠤᠳᠠᠯ ᠵᠢᠴᠢ ᠨᠥᠬᠥᠪᠦᠷᠢ ᠮᠥᠩᠭᠥ᠂ ᠣᠷᠣᠰᠢᠭᠤᠯᠭ᠎ᠠ ᠵᠢᠨ ᠵᠠᠷᠤᠳᠠᠯ᠎ᠢ᠎ᠨᠢ ᠥᠭᠴᠦ᠂ ᠶᠡᠷᠦᠩᠬᠡᠢ ᠲᠣᠭ᠎ᠠ ᠵᠢ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠵᠢᠯ᠎ᠤᠨ ᠬᠥᠮᠥᠨ ᠳᠤᠮᠳᠠᠴᠢ ᠡᠵᠡᠮᠳᠡᠵᠦ ᠪᠣᠯᠬᠤᠢ᠌ᠴᠠ ᠣᠷᠣᠯᠭ᠎ᠠ ᠵᠢᠨ 15 ᠳᠠᠬᠢᠨ ᠵᠶ᠋ᠠᠷ ᠪᠤᠳᠤᠨ᠎ᠠ᠃ ᠲᠠᠷᠢᠮᠠᠯ᠂ ᠠᠵᠤ ᠠᠬᠤᠢ ᠵᠢᠨ ᠤᠢ ᠮᠣᠳᠣᠨ᠎ᠳᠤ ᠬᠣᠬᠢᠷᠠᠯ ᠤᠴᠠᠷᠠᠭᠤᠯᠤᠭᠰᠠᠨ ᠪᠣᠯ᠂ ᠬᠣᠬᠢᠷᠠᠯ᠎ᠤᠨ ᠬᠡᠰᠡᠭ᠎ᠢ ᠳᠡᠭᠡᠷ᠎ᠡ ᠵᠢᠯ᠎ᠤᠨ ᠲᠤᠬᠠᠢ ᠵᠢᠨ ᠭᠠᠵᠠᠷ᠎ᠤᠨ ᠳᠤᠰ ᠳᠦᠷᠦᠯ᠎ᠤᠨ ᠲᠠᠷᠢᠮᠠᠯ᠂ ᠠᠵᠤ ᠠᠬᠤᠢ ᠵᠢᠨ ᠤᠢ ᠮᠣᠳᠣᠨ᠎ᠤ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ᠎ᠪᠠᠷ ᠪᠤᠳᠤᠵᠤ᠂ ᠪᠦᠬᠦ ᠬᠣᠬᠢᠷᠠᠯ᠎ᠤᠨ 60%᠎ᠪᠠᠷ ᠨᠥᠬᠥᠪᠦᠷᠢᠯᠡᠨ᠎ᠡ; ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢ ᠰᠢᠷᠬᠠᠲᠤᠭᠤᠯᠤᠭᠰᠠᠨ ᠪᠣᠯ᠂ ᠲᠣᠰ ᠲᠥᠷᠥᠯ᠎ᠤᠨ ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢᠨ ᠲᠤᠬᠠᠢ ᠵᠢᠨ ᠦᠶ᠎ᠡ ᠵᠢᠨ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ ᠵᠢᠨ 30%᠎ᠪᠠᠷ ᠨᠥᠬᠥᠪᠦᠷᠢᠯᠡᠨ᠎ᠡ; ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢ ᠦᠬᠦᠭᠦᠯᠦᠭᠰᠡᠨ ᠪᠣᠯ᠂ ᠲᠣᠰ ᠲᠥᠷᠥᠯ᠎ᠤᠨ ᠭᠡᠷ᠎ᠤᠨ ᠵᠢᠭᠦᠷᠲᠡᠨ ᠭᠡᠷ᠎ᠤᠨ ᠲᠡᠵᠢᠭᠡᠪᠦᠷᠢ ᠵᠢᠨ ᠲᠤᠬᠠᠢ ᠵᠢᠨ ᠦᠶ᠎ᠡ ᠵᠢᠨ ᠵᠠᠬ᠎ᠠ ᠳᠡᠯᠭᠡᠭᠦᠷ᠎ᠤᠨ ᠳᠤᠮᠳᠠᠴᠢ ᠦᠨ᠎ᠡ ᠵᠢᠨ 60%᠎ᠪᠠᠷ ᠨᠥᠬᠥᠪᠦᠷᠢᠯᠡᠨ᠎ᠡ᠃

      ᠳᠥᠷᠪᠡ᠎ᠳᠤ᠂ ᠨᠥᠬᠥᠪᠦᠷᠢ ᠣᠯᠭᠣᠬᠤ ᠴᠤᠪᠤᠷᠠᠯ᠎ᠢ ᠲᠣᠳᠣᠷᠬᠠᠢ᠌ᠯᠠᠪᠠ᠃ ᠬᠣᠬᠢᠷᠠᠯ ᠠᠮᠰᠠᠭᠴᠢ ᠪᠤᠶᠤ ᠬᠢᠨᠠᠨ ᠬᠠᠮᠠᠭ᠋ᠠᠯᠠᠭᠴᠢ᠂ ᠨᠠᠶ᠋ᠢᠳᠠᠯᠭ᠎ᠠ ᠬᠦᠯᠢᠶᠡᠭᠴᠢ᠎ᠨᠢ ᠬᠣᠬᠢᠷᠠᠯ ᠡᠭᠦᠰᠦᠭᠰᠡᠨ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠴᠠᠭ ᠲᠤᠬᠠᠢ᠎ᠳᠤ᠎ᠨᠢ ᠮᠡᠳᠡᠭᠦᠯᠬᠦ ᠵᠢᠨ ᠬᠠᠮᠲᠤ᠂ ᠲᠤᠬᠠᠢ ᠵᠢᠨ ᠲᠠᠯᠠᠪᠤᠷ᠎ᠢ ᠬᠠᠮᠠᠭ᠋ᠠᠯᠠᠵᠤ ᠬᠢᠨᠠᠨ ᠪᠠᠢ᠌ᠴᠠᠭ᠋ᠠᠬᠤ᠎ᠳᠤ ᠪᠡᠯᠡᠳᠬᠡᠬᠦ ᠬᠡᠷᠡᠭᠲᠡᠢ᠃ ᠬᠥᠮᠥᠨ᠎ᠢ ᠦᠬᠦᠭᠦᠯᠵᠦ ᠰᠢᠷᠬᠠᠲᠤᠭᠤᠯᠤᠭᠰᠠᠨ᠎ᠳᠤ ᠨᠥᠬᠥᠪᠦᠷᠢ ᠠᠪᠬᠤ᠎ᠪᠠᠷ ᠭᠤᠶᠤᠴᠢᠯᠠᠭᠰᠠᠨ ᠪᠣᠯ᠂ ᠲᠦᠷᠭᠡᠨ ᠠᠪᠤᠷᠠᠯᠲᠠ ᠳᠠᠭᠤᠰᠤᠭᠰᠠᠨ᠎ᠤ ᠳᠠᠷᠠᠭ᠋ᠠᠬᠢ 60 ᠡᠳᠦᠷ᠎ᠤᠨ ᠳᠣᠲᠣᠷ᠎ᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠳᠡᠪᠰᠢᠭᠦᠯᠬᠦ ᠬᠡᠷᠡᠭᠲᠡᠢ; ᠡᠳ᠋ ᠬᠥᠷᠥᠩᠭᠡ ᠵᠢᠨ ᠬᠣᠬᠢᠷᠠᠯ ᠵᠶ᠋ᠠᠨ ᠳᠥᠯᠥᠭᠦᠯᠬᠦ᠎ᠪᠠᠷ ᠭᠤᠶᠤᠴᠢᠯᠠᠭᠰᠠᠨ ᠪᠣᠯ᠂ ᠡᠳ᠋ ᠬᠥᠷᠥᠩᠭᠡ ᠵᠢᠨ ᠬᠣᠬᠢᠷᠠᠯ ᠡᠭᠦᠰᠦᠭᠰᠡᠨ᠎ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠳᠡᠪᠰᠢᠭᠦᠯᠬᠦ ᠬᠡᠷᠡᠭᠲᠡᠢ᠃

      ᠳᠥᠷᠪᠡ᠂ ᠲᠤᠭᠤᠰᠢᠯᠠᠭᠤᠯᠬᠤ ᠠᠷᠭ᠎ᠠ ᠬᠡᠮᠵᠢᠶ᠎ᠡ

      《ᠠᠷᠭ᠎ᠠ》 ᠵᠢ ᠨᠡᠢ᠌ᠲᠡᠯᠡᠨ ᠬᠡᠷᠡᠭᠵᠢᠭᠦᠯᠦᠭᠰᠡᠨ᠎ᠨᠢ 《ᠬᠥᠮᠥᠨ ᠵᠶ᠋ᠡᠷ ᠦᠨᠳᠦᠰᠦ ᠪᠣᠯᠭ᠋ᠠᠬᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠬᠠᠤᠯᠢ ᠶᠣᠰᠣᠭ᠋ᠠᠷ ᠬᠠᠮᠠᠭ᠋ᠠᠯᠠᠬᠤ》 ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠵᠠᠰᠠᠬᠤ ᠣᠨᠣᠯᠵᠢᠬᠤᠨ᠎ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠲᠣᠭᠲᠠᠯᠴᠠᠭ᠎ᠠ ᠵᠢ ᠪᠦᠷᠢᠨᠰᠢᠭᠦᠯᠬᠦ᠂ ᠣᠯᠠᠨ ᠲᠦᠮᠡᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠷᠠᠭᠤᠯᠬᠤ᠂ ᠠᠷᠠᠳ ᠣᠯᠠᠨ᠎ᠤ ᠪᠡᠶ᠎ᠡ ᠮᠠᠬᠠᠪᠤᠳ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠬᠠᠤᠯᠢ ᠶᠣᠰᠣᠭ᠋ᠠᠷ ᠪᠠᠲᠤᠯᠠᠬᠤ ᠵᠡᠷᠭᠡ ᠲᠠᠯ᠎ᠠ᠎ᠪᠠᠷ ᠴᠥᠮ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠲᠠᠷᠠᠭ᠋ᠠᠴᠢ ᠵᠢᠨ ᠠᠯᠬᠤᠮ᠎ᠳᠤ᠂ ᠳᠣᠣᠷᠠᠬᠢ ᠬᠡᠳᠦᠨ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠨ᠎ᠠ᠃

      ᠨᠢᠭᠡ᠎ᠳᠤ᠂ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠎ᠠ᠃ ᠣᠯᠠᠨ ᠵᠦᠢ᠍ᠯ᠎ᠤᠨ ᠵᠠᠭᠤᠴᠢᠯᠠᠭᠤᠷ᠎ᠢ ᠠᠰᠢᠭᠯᠠᠨ 《ᠠᠷᠭ᠎ᠠ》 ᠵᠢᠨ ᠲᠤᠬᠠᠢ ᠤᠬᠠᠭᠤᠯᠬᠤ᠂ ᠲᠠᠢ᠌ᠯᠤᠮᠵᠢ ᠬᠢᠬᠦ ᠵᠢ ᠴᠢᠩᠭ᠋ᠠᠳᠬᠠᠵᠤ᠂ ᠢᠯᠠᠩᠭᠤᠶ᠎ᠠ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠣᠷᠣᠰᠢᠵᠤ ᠪᠠᠢ᠌ᠭ᠎ᠠ ᠭᠣᠣᠯᠳᠠᠯᠭ᠎ᠠ᠎ᠲᠠᠢ ᠣᠷᠣᠨ ᠬᠡᠪᠴᠢᠶᠡᠨ ᠳᠣᠲᠣᠷᠠᠬᠢ ᠠᠷᠠᠳ ᠣᠯᠠᠨ᠎ᠳᠤ 《ᠠᠷᠭ᠎ᠠ》 ᠵᠢᠨ ᠠᠭᠤᠯᠭ᠎ᠠ ᠵᠢ ᠠᠯᠢ ᠲᠦᠷᠭᠡᠨ ᠵᠶ᠋ᠡᠷ ᠣᠢ᠌ᠯᠠᠭ᠋ᠠᠭᠤᠯᠵᠤ᠂ ᠬᠥᠨᠥᠭᠡᠯ ᠤᠴᠠᠷᠠᠭᠤᠯᠤᠭᠰᠠᠨ᠎ᠳᠤ ᠨᠥᠬᠥᠪᠦᠷᠢ ᠣᠯᠭᠣᠬᠤ ᠴᠤᠪᠤᠷᠠᠯ᠎ᠢ ᠣᠢ᠌ᠯᠠᠭ᠋ᠠᠭᠤᠯᠵᠤ᠂ ᠲᠣᠰ ᠪᠡᠶ᠎ᠡ ᠵᠢᠨ ᠡᠷᠬᠡ ᠠᠰᠢᠭ᠎ᠢ᠎ᠨᠢ ᠨᠠᠩ ᠰᠠᠢ᠌ᠲᠤᠷ ᠬᠠᠮᠠᠭ᠋ᠠᠯᠠᠭᠤᠯᠤᠨ᠎ᠠ᠃

      ᠬᠣᠶᠠᠷ᠎ᠲᠤ᠂ ᠴᠤᠪᠤᠷᠠᠯ᠎ᠢ ᠨᠠᠷᠢᠯᠢᠭᠵᠢᠭᠤᠯᠤᠨ ᠵᠢᠷᠤᠮᠵᠢᠭᠤᠯᠤᠨ᠎ᠠ᠃ 《ᠠᠷᠭ᠎ᠠ》 ᠵᠢᠨ ᠲᠣᠭᠲᠠᠭ᠋ᠠᠯ ᠶᠣᠰᠣᠭ᠋ᠠᠷ᠂ ᠦᠢ᠍ᠯᠡᠴᠢᠯᠡᠭᠡᠨ᠎ᠤ ᠴᠤᠪᠤᠷᠠᠯ᠎ᠢ ᠰᠢᠯᠢᠳᠡᠭᠵᠢᠭᠦᠯᠵᠦ᠂ ᠠᠷᠠᠳ᠎ᠲᠤ ᠲᠥᠬᠥᠮ ᠦᠵᠡᠭᠦᠯᠵᠦ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠲᠣᠭᠲᠠᠭ᠋ᠠᠨ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠣᠯᠠᠨ ᠲᠦᠮᠡᠨ᠎ᠤ ᠠᠰᠢᠭ ᠲᠤᠰᠠ ᠵᠢ ᠬᠠᠮᠠᠭ᠋ᠠᠯᠠᠨ᠎ᠠ᠃

      ᠭᠤᠷᠪᠠ᠎ᠳᠤ᠂ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠨᠠᠢ᠌ᠳᠠᠪᠤᠷᠢᠵᠢᠭᠤᠯᠤᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠳᠠᠭ᠋ᠠᠳᠬᠠᠯ᠎ᠤᠨ ᠪᠠᠢ᠌ᠭᠤᠯᠤᠮᠵᠢ᠎ᠯᠤᠭ᠎ᠠ ᠨᠡᠪᠲᠡᠷᠡᠯᠴᠡᠵᠦ ᠵᠣᠯᠭ᠋ᠠᠭᠤᠯᠬᠤ ᠵᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠳᠠᠭ᠋ᠠᠳᠬᠠᠯ᠎ᠤᠨ ᠪᠠᠢ᠌ᠭᠤᠯᠤᠮᠵᠢ ᠵᠢᠨ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠬᠥᠮᠥᠨ᠎ᠤ ᠪᠡᠶ᠎ᠡ ᠡᠳ᠋ ᠬᠥᠷᠥᠩᠭᠡ᠎ᠳᠤ ᠬᠣᠬᠢᠷᠠᠯ ᠤᠴᠠᠷᠠᠭᠤᠯᠤᠭᠰᠠᠨ᠎ᠳᠤ ᠲᠥᠯᠥᠪᠦᠷᠢ ᠥᠭᠬᠦ ᠲᠥᠷᠥ ᠵᠢᠨ ᠪᠣᠳᠣᠯᠭ᠎ᠠ ᠵᠢᠨ ᠴᠢᠨᠠᠷᠲᠠᠢ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ ᠥᠷᠨᠢᠭᠦᠯᠬᠦ ᠵᠢ ᠠᠬᠢᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠤ ᠤᠴᠠᠷᠠᠭᠤᠯᠤᠭᠰᠠᠨ ᠬᠣᠬᠢᠷᠠᠯ᠎ᠤᠨ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠣᠬᠢᠷᠠᠯ᠎ᠳᠤ ᠤᠴᠠᠷᠠᠭᠰᠠᠨ ᠨᠢᠭᠡᠴᠢ ᠵᠢᠴᠢ ᠣᠯᠠᠨ ᠲᠦᠮᠡᠨ᠎ᠤ ᠬᠣᠬᠢᠷᠠᠯ᠎ᠢ ᠤᠯᠠᠮ ᠨᠢᠭᠡ ᠠᠯᠬᠤᠮ ᠪᠠᠭ᠋ᠠᠰᠬᠠᠨ᠎ᠠ᠃ ᠭᠣᠣᠯᠳᠠᠯᠭ᠎ᠠ᠎ᠲᠠᠢ ᠬᠠᠮᠠᠭ᠋ᠠᠯᠠᠬᠤ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠭᠰᠠᠨ᠎ᠠᠴᠠ ᠪᠣᠯᠵᠤ ᠬᠣᠬᠢᠷᠠᠯ ᠠᠮᠰᠠᠵᠤ᠂ ᠭᠡᠷ ᠪᠦᠯᠢ ᠵᠢᠨ ᠠᠮᠢᠳᠤᠷᠠᠯ᠎ᠨᠢ ᠬᠦᠴᠢᠷᠳᠡᠯᠲᠡᠢ ᠪᠣᠯᠣᠭᠰᠠᠨ ᠮᠥᠷᠲᠡᠭᠡᠨ ᠨᠡᠢ᠌ᠭᠡᠮ᠎ᠤᠨ ᠠᠪᠤᠷᠠᠨ ᠲᠤᠰᠠᠯᠠᠬᠤ ᠨᠥᠬᠥᠴᠡᠯ᠎ᠳᠤ ᠨᠡᠢ᠌ᠴᠡᠭᠰᠡᠨ ᠪᠣᠯ᠂ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠨᠡᠢ᠌ᠭᠡᠮ᠎ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ᠃ ᠹᠢᠽᠢᠺ᠎ᠤᠨ ᠠᠷᠭ᠎ᠠ᠎ᠪᠠᠷ ᠲᠤᠰᠠᠭ᠋ᠠᠷᠯᠠᠬᠤ᠂ ᠳᠦᠷᠰᠦ ᠵᠢᠨ ᠰᠦᠷᠦᠭ᠎ᠢ ᠲᠣᠬᠢᠷᠠᠭᠤᠯᠤᠨ ᠡᠵᠡᠮᠳᠡᠬᠦ᠂ ᠣᠷᠣᠰᠢᠨ ᠠᠮᠢᠳᠤᠷᠠᠬᠤ ᠭᠠᠵᠠᠷ᠎ᠢ ᠬᠠᠮᠠᠭ᠋ᠠᠯᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠭᠣᠣᠯᠳᠠᠯᠭ᠎ᠠ᠎ᠲᠠᠢ ᠣᠷᠣᠨ ᠪᠦᠰᠡ ᠵᠢᠨ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠬᠠᠭᠤᠷᠠᠢ ᠳᠡᠭᠡᠷᠡᠬᠢ ᠬᠡᠭᠡᠷ᠎ᠡ ᠵᠢᠨ ᠠᠮᠢᠳᠠᠨ᠎ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠵᠢ ᠪᠠᠭ᠋ᠠᠰᠬᠠᠨ᠎ᠠ᠃

      ᠳᠥᠷᠪᠡ᠎ᠳᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠣᠰ ᠠᠷᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶ᠎ᠠ ᠪᠦᠬᠦᠢ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠡᠯ᠎ᠡ ᠱᠠᠲᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠤᠰᠤᠳᠴᠢ ᠪᠥᠭᠡᠳ ᠲᠥᠪ ᠭᠣᠥᠯᠴᠢ᠂ ᠢᠯᠡ ᠲᠣᠳᠣ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠨᠥᠬᠥᠪᠦᠷᠢ ᠣᠯᠭᠣᠬᠤ ᠶᠣᠰᠣᠲᠠᠢ ᠪᠦᠬᠦᠨ᠎ᠳᠤ᠎ᠨᠢ ᠨᠥᠬᠥᠪᠦᠷᠢ ᠣᠯᠭᠣᠬᠤ ᠵᠢᠨ ᠬᠠᠮᠲᠤ ᠵᠠᠭᠤᠴᠢᠯᠠᠭᠤᠷ ᠪᠠ ᠣᠯᠠᠨ ᠨᠡᠶ᠋ᠢᠲᠡ ᠵᠢᠨ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ 《ᠠᠷᠭ᠎ᠠ》᠎ᠳᠤ ᠲᠣᠭᠲᠠᠭ᠋ᠠᠭᠰᠠᠨ ᠠᠷᠠᠳ᠎ᠲᠤ ᠲᠥᠬᠥᠮ ᠦᠵᠡᠭᠦᠯᠵᠦ ᠠᠰᠢᠭ ᠬᠦᠷᠲᠡᠭᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠴᠠᠭᠳᠠᠭ᠎ᠠ᠎ᠳᠤ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠪᠦᠲᠦᠮᠵᠢᠲᠡᠶ᠎ᠪᠠᠷ ᠵᠣᠯᠭ᠋ᠠᠭᠤᠯᠵᠤ ᠬᠣᠯᠪᠣᠭ᠋ᠠᠯᠠᠨ ᠬᠥᠳᠡᠯᠦᠯᠴᠡᠬᠦ ᠵᠢ ᠠᠬᠢᠭᠤᠯᠬᠤ ᠬᠡᠷᠡᠭᠵᠢᠭᠦᠯᠬᠦ ᠲᠥᠰᠥᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            