2022 ᠣᠨ᠎ᠤ 12 ᠳ᠋ᠤᠭ᠋ᠠᠷ ᠰᠠᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠪᠣᠯᠣᠨ 110 ᠴᠠᠭᠳᠠᠭ᠎ᠠ᠎ᠳᠤ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠪᠦᠲᠦᠮᠵᠢᠲᠡᠶ᠎ᠪᠠᠷ ᠵᠣᠯᠭ᠋ᠠᠭᠤᠯᠵᠤ ᠬᠣᠯᠪᠣᠭ᠋ᠠᠯᠠᠨ ᠬᠥᠳᠡᠯᠦᠯᠴᠡᠬᠦ ᠵᠢ ᠠᠬᠢᠭᠤᠯᠬᠤ ᠬᠡᠷᠡᠭᠵᠢᠭᠦᠯᠬᠦ ᠲᠥᠰᠥᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 89 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ (ᠳᠣᠷᠣᠭᠰᠢ 12345 ᠭᠡᠵᠦ ᠲᠣᠪᠴᠢᠯᠠᠨ᠎ᠠ) ᠪᠠ 110 ᠴᠠᠭᠳᠠᠭ᠎ᠠ᠎ᠳᠤ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ (ᠳᠣᠷᠣᠭᠰᠢ 110 ᠭᠡᠵᠦ ᠲᠣᠪᠴᠢᠯᠠᠨ᠎ᠠ)᠎ᠤᠨ ᠬᠠᠮᠵᠢᠯᠴᠠᠨ ᠦᠢ᠍ᠯᠡᠴᠢᠯᠡᠬᠦ ᠦᠢ᠍ᠯᠡᠳᠦᠯ ᠴᠢᠳᠠᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠭᠥᠯᠢᠶᠡᠨ ᠠᠪᠴᠤ ᠰᠢᠢ᠍ᠳᠪᠦᠷᠢᠯᠡᠬᠦ ᠬᠦᠷᠢᠶ᠎ᠡ ᠬᠡᠪᠴᠢᠶ᠎ᠡ ᠵᠢ ᠲᠣᠳᠣᠷᠬᠠᠢ᠌ᠯᠠᠨ ᠂ ᠵᠣᠯᠭ᠋ᠠᠭᠤᠯᠵᠤ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠰᠢᠰᠲ᠋ᠧᠮ᠎ᠤᠨ ᠲᠤᠯᠭ᠋ᠠᠭᠤᠷᠢᠯᠠᠯ ᠪᠠ ᠲᠣᠭ᠎ᠠ ᠪᠠᠷᠢᠮᠲᠠ ᠵᠢ ᠬᠠᠮᠲᠤ᠎ᠪᠠᠷ ᠬᠦᠷᠲᠡᠵᠦ ᠬᠡᠷᠡᠭᠯᠡᠬᠦ ᠵᠢ ᠴᠢᠩᠭ᠋ᠠᠳᠬᠠᠬᠤ ᠵᠡᠷᠭᠡ ᠠᠭᠤᠯᠭ᠎ᠠ ᠵᠢ ᠲᠣᠳᠣᠷᠬᠠᠢ᠌ᠯᠠᠪᠠ᠃ ᠡᠳᠦᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠤᠬᠠᠢ ᠳᠣᠣᠷᠠᠬᠢ ᠮᠡᠲᠦ ᠲᠠᠢ᠌ᠯᠤᠮᠵᠢ ᠬᠢᠪᠡ ᠄
ᠨᠢᠭᠡ ᠂ 12345 ᠨᠢ ᠶᠠᠭ᠋ᠠᠬᠢᠭ᠋ᠠᠳ 110 ᠲᠠᠢ ᠬᠣᠯᠪᠤᠭ᠋ᠠᠯᠠᠨ ᠬᠥᠳᠡᠯᠦᠯᠴᠡᠬᠦ ᠬᠡᠷᠡᠭᠲᠡᠢ ᠪᠤᠢ ?
ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠢ ᠤᠯᠠᠮ ᠨᠢᠭᠡ ᠠᠯᠬᠤᠮ ᠢᠯᠭ᠋ᠠᠨ ᠲᠣᠳᠣᠷᠬᠠᠢ᠌ᠯᠠᠵᠤ ᠂ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠂ ᠰᠢᠰᠲ᠋ᠧᠮ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ ᠂ ᠪᠠᠴᠢᠮ ᠪᠤᠰᠤ ᠲᠥᠷᠥᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠣᠮᠣᠳᠠᠯ ᠱᠠᠭ᠋ᠠᠷᠳᠠᠯᠭ᠎ᠠ ᠪᠠ ᠴᠠᠭᠳᠠᠭ᠋ᠠᠨ᠎ᠤ ᠶᠠᠪᠤᠳᠠᠯ᠎ᠤᠨ ᠵᠦᠢ᠍ᠯᠡᠰ᠎ᠢ ᠰᠢᠰᠲ᠋ᠧᠮᠵᠢᠭᠦᠯᠦᠨ ᠬᠠᠮᠢᠶᠠᠷᠴᠤ ᠂ ᠪᠠᠴᠢᠮ ᠲᠦᠷᠦᠯ᠎ᠳᠤ ᠪᠠᠭᠲᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠣᠮᠣᠳᠠᠯ ᠱᠠᠭ᠋ᠠᠷᠳᠠᠯᠭ᠎ᠠ ᠵᠢ ᠬᠣᠯᠪᠤᠭ᠋ᠠᠯᠠᠨ ᠬᠥᠳᠡᠯᠦᠯᠴᠡᠵᠦ ᠰᠢᠢ᠍ᠳᠪᠦᠷᠢᠯᠡᠬᠦ ᠵᠢ ᠠᠬᠢᠭᠤᠯᠵᠤ ᠂ ᠤᠯᠠᠨ ᠲᠦᠮᠡᠨ᠎ᠳᠤ ᠨᠡᠩ ᠲᠤᠰᠬᠠᠢ᠌ᠵᠢᠭᠰᠠᠨ ᠪᠥᠭᠡᠳ ᠲᠦᠷᠭᠡᠨ ᠰᠢᠭᠤᠷᠬᠠᠢ ᠦᠢ᠍ᠯᠡᠴᠢᠯᠡᠭᠡ ᠦᠵᠡᠭᠦᠯᠬᠦ ᠵᠢ ᠪᠠᠲᠤᠯᠠᠵᠤ ᠂ ᠵᠠᠰᠠᠭ᠎ᠤᠨ ᠣᠷᠳᠣᠨ᠎ᠤ ᠬᠠᠮᠢᠶᠠᠷᠤᠯᠲᠠ ᠪᠠ ᠦᠢ᠍ᠯᠡᠴᠢᠯᠡᠭᠡ᠎ᠳᠤ ᠬᠣᠯᠪᠣᠭᠳᠠᠭᠰᠠᠨ ᠪᠠᠴᠢᠮ ᠪᠤᠰᠤ ᠭᠣᠮᠣᠳᠠᠯ ᠱᠠᠭ᠋ᠠᠷᠳᠠᠯᠭ᠎ᠠ ᠵᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠬᠦ ᠵᠢ ᠠᠬᠢᠭᠤᠯᠵᠤ ᠂ ᠰᠠᠯᠠᠭ᠎ᠠ ᠮᠥᠴᠢᠷ᠎ᠤᠳ᠎ᠤᠨ ᠥᠨᠳᠥᠷ ᠪᠦᠲᠦᠮᠵᠢᠲᠡᠶ᠎ᠪᠠᠷ ᠬᠠᠮᠵᠢᠯᠴᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠵᠤ ᠂ 110᠎ᠠᠴᠠ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ ᠂ ᠲᠤᠯᠭ᠋ᠠᠮ᠎ᠠ ᠪᠥᠭᠡᠳ ᠠᠶᠤᠯᠲᠠᠢ ᠰᠡᠷᠡᠮᠵᠢ ᠵᠢᠨ ᠪᠠᠢ᠌ᠳᠠᠯ ᠢ ᠴᠠᠭ ᠲᠤᠬᠠᠢ᠎ᠳᠤ ᠨᠢ ᠰᠢᠢ᠍ᠳᠪᠦᠷᠢᠯᠡᠵᠦ ᠂ ᠨᠡᠢ᠌ᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠢ ᠨᠡᠩ ᠰᠠᠢ᠌ᠲᠤᠷ ᠬᠠᠮᠠᠭ᠋ᠠᠯᠠᠬᠤ ᠵᠢᠨ ᠲᠤᠰᠠᠳᠠ ᠶᠤᠮ᠃
ᠬᠣᠶᠠᠷ ᠂ 12345 ᠬᠠᠯᠠᠮᠰᠢᠯ ᠤᠲᠠᠰᠤ ᠨᠢ ᠶᠠᠮᠠᠷ ᠬᠡᠷᠡᠭ ᠶᠠᠪᠤᠳᠠᠯ᠎ᠢ ᠬᠠᠮᠢᠶᠠᠷᠳᠠᠭ ᠪᠤᠢ ?
12345 ᠬᠠᠯᠠᠮᠰᠢᠯ ᠤᠲᠠᠰᠤ ᠨᠢ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠤ ᠠᠬᠤᠢ ᠵᠢᠨ ᠲᠣᠬᠢᠷᠠᠭᠤᠯᠤᠯᠲᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂ ᠨᠡᠢ᠌ᠭᠡᠮ᠎ᠤᠨ ᠬᠠᠮᠢᠶᠠᠷᠤᠯᠲᠠ ᠂ ᠣᠯᠠᠨ ᠨᠡᠶ᠋ᠢᠲᠡ ᠵᠢᠨ ᠦᠢ᠍ᠯᠡᠴᠢᠯᠡᠭᠡ ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠳᠠᠬᠢ ᠠᠰᠠᠭᠤᠨ ᠯᠠᠪᠯᠠᠭ᠎ᠠ ᠂ ᠪᠠᠴᠢᠮ ᠪᠤᠰᠤ ᠲᠤᠰᠠᠯᠠᠮᠵᠢ ᠭᠤᠶᠤᠴᠢᠯᠠᠯᠲᠠ ᠂ ᠭᠣᠮᠣᠳᠠᠯ ᠵᠠᠭ᠋ᠠᠯᠳᠤᠯᠭ᠎ᠠ ᠂ ᠢᠯᠡᠴᠢᠯᠡᠨ ᠮᠡᠳᠡᠭᠦᠯᠦᠯᠲᠡ ᠪᠠ ᠰᠠᠨᠠᠯ ᠰᠠᠨᠠᠭᠤᠯᠭ᠎ᠠ ᠵᠡᠷᠭᠡ ᠵᠢ ᠭᠥᠯᠢᠶᠡᠨ ᠠᠪᠴᠤ ᠰᠢᠢ᠍ᠳᠪᠦᠷᠢᠯᠡᠨ᠎ᠡ᠃
ᠵᠠᠭ᠋ᠠᠯᠳᠤᠬᠤ ᠂ ᠬᠥᠨᠳᠡᠯᠡᠨ᠎ᠠᠴᠠ ᠲᠠᠰᠤᠯᠬᠤ ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠵᠢᠷᠤᠮ ᠵᠶ᠋ᠠᠷ ᠰᠢᠢ᠍ᠳᠪᠦᠷᠢᠯᠡᠬᠦ ᠵᠦᠢ᠍ᠯᠡᠰ ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠵᠢᠨ ᠵᠠᠮ᠎ᠳᠤ ᠣᠷᠣᠭᠰᠠᠨ ᠵᠦᠢ᠍ᠯᠡᠰ ᠵᠢᠴᠢ ᠤᠯᠤᠰ᠎ᠤᠨ ᠨᠢᠭᠤᠴᠠ ᠂ ᠬᠤᠳᠠᠯᠳᠤᠭ᠋ᠠᠨ᠎ᠤ ᠨᠢᠭᠤᠴᠠ ᠂ ᠬᠤᠪᠢ ᠬᠥᠮᠥᠨ᠎ᠤ ᠨᠢᠭᠤᠴᠠ ᠪᠠ ᠨᠡᠢ᠌ᠭᠡᠮ ᠨᠡᠶ᠋ᠢᠲᠡ ᠵᠢᠨ ᠡᠮᠬᠢ ᠵᠢᠷᠤᠮ ᠪᠠ ᠰᠠᠢ᠌ᠨ ᠰᠠᠢ᠌ᠬᠠᠨ ᠬᠡᠪ ᠵᠠᠩᠰᠢᠯ᠎ᠢ ᠵᠥᠷᠢᠴᠡᠭᠰᠡᠨ ᠵᠦᠢ᠍ᠯᠡᠰ ᠵᠡᠷᠭᠡ᠎ᠨᠢ 12345 ᠬᠠᠯᠠᠮᠰᠢᠯ ᠤᠲᠠᠰᠤᠨ᠎ᠤ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠪᠠᠭᠲᠠᠬᠤ ᠦᠭᠡᠢ᠃
ᠭᠤᠷᠪᠠ ᠂ 110 ᠨᠢ ᠶᠠᠮᠠᠷ ᠬᠡᠷᠡᠭ ᠶᠠᠪᠤᠳᠠᠯ᠎ᠢ ᠬᠠᠮᠢᠶᠠᠷᠳᠠᠭ ᠪᠤᠢ ?
ᠡᠷᠡᠭᠦᠦ ᠵᠢᠨ ᠬᠡᠷᠡᠭ᠎ᠤᠨ ᠲᠦᠷᠦᠯ᠎ᠤᠨ ᠰᠡᠷᠡᠮᠵᠢ ᠵᠢᠨ ᠪᠠᠢ᠌ᠳᠠᠯ ᠂ ᠠᠮᠤᠷ᠎ᠢ ᠬᠠᠮᠠᠭ᠋ᠠᠯᠠᠬᠤ ᠲᠦᠷᠦᠯ᠎ᠤᠨ ᠰᠡᠷᠡᠮᠵᠢ ᠵᠢᠨ ᠪᠠᠢ᠌ᠳᠠᠯ ᠂ ᠵᠠᠮ ᠬᠠᠷᠢᠯᠴᠠᠭ᠋ᠠᠨ᠎ᠤ ᠲᠦᠷᠦᠯ᠎ᠤᠨ ᠰᠡᠷᠡᠮᠵᠢ ᠵᠢᠨ ᠪᠠᠢ᠌ᠳᠠᠯ ᠂ ᠬᠥᠮᠥᠨ᠎ᠤ ᠪᠡᠶ᠎ᠡ ᠪᠠ ᠡᠳ᠋ ᠬᠥᠷᠥᠩᠭᠡ ᠵᠢᠨ ᠠᠮᠤᠷ ᠲᠦᠪᠰᠢᠨ ᠪᠤᠶᠤ ᠨᠡᠢ᠌ᠭᠡᠮ᠎ᠤᠨ ᠠᠮᠤᠷ ᠲᠦᠪᠰᠢᠨ᠎ᠤ ᠡᠮᠬᠢ ᠵᠢᠷᠤᠮᠳᠤ ᠠᠶᠤᠯ ᠬᠥᠨᠥᠭᠡᠯ ᠤᠴᠠᠷᠠᠭᠤᠯᠤᠭᠰᠠᠨ ᠣᠯᠠᠨ ᠨᠠᠢ᠌ᠳᠠ ᠵᠢᠨ ᠴᠢᠨᠠᠷᠲᠠᠢ ᠬᠡᠷᠡᠭ ᠵᠢᠴᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠣᠯᠪᠣᠭᠳᠠᠭᠰᠠᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠰᠢᠢ᠍ᠳᠪᠦᠷᠢᠯᠡᠬᠦ ᠴᠢᠬᠤᠯᠠᠲᠠᠢ ᠪᠤᠰᠤᠳ ᠴᠠᠭᠳᠠᠭ᠎ᠠ᠎ᠳᠤ ᠮᠡᠳᠡᠭᠦᠯᠦᠭᠰᠡᠨ ᠬᠡᠷᠡᠭ; ᠤᠯᠠᠨ ᠨᠡᠶ᠋ᠢᠲᠡ ᠵᠢᠨ ᠪᠡᠯᠡᠳᠬᠡᠮᠵᠢ ᠵᠢᠨ ᠲᠦᠭᠰᠢᠭᠦᠷᠢᠲᠦ ᠪᠠᠢ᠌ᠳᠠᠯ ᠂ ᠭᠠᠢ ᠭᠠᠮᠰᠢᠭ ᠡ᠊ᠨᠳᠡᠯ ᠵᠢᠴᠢ ᠬᠥᠮᠥᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ ᠂ ᠤᠯᠠᠨ ᠨᠡᠶ᠋ᠢᠲᠡ ᠵᠢᠨ ᠠᠮᠤᠷ ᠲᠦᠪᠰᠢᠨ᠎ᠳᠤ ᠠᠶᠤᠯ ᠬᠥᠨᠥᠭᠡᠯ ᠤᠴᠠᠷᠠᠭᠤᠯᠤᠭᠰᠠᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠣᠷᠣᠯᠴᠠᠵᠤ ᠰᠢᠢ᠍ᠳᠪᠦᠷᠢᠯᠡᠬᠦ ᠴᠢᠬᠤᠯᠠᠲᠠᠢ ᠪᠤᠰᠤᠳ ᠪᠠᠴᠢᠮ ᠲᠤᠰᠠᠯᠠᠮᠵᠢ ᠭᠤᠶᠤᠴᠢᠯᠠᠯᠲᠠ; ᠶᠠᠭ ᠡᠭᠦᠰᠴᠦ ᠪᠠᠢ᠌ᠭ᠎ᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠴᠢ ᠠᠷᠠᠳ᠎ᠤᠨ ᠴᠠᠭᠳᠠᠭ᠎ᠠ ᠵᠢᠨ ᠬᠠᠤᠯᠢ ᠰᠠᠬᠢᠯᠭ᠎ᠠ ᠵᠢ ᠵᠥᠷᠢᠴᠡᠭᠰᠡᠨ ᠪᠤᠶᠤ ᠬᠠᠷᠢᠭᠤᠴᠠᠯᠭ᠎ᠠ ᠠᠯᠳᠠᠭᠰᠠᠨ ᠠᠵᠢᠯᠯᠠᠭ᠎ᠠ ᠵᠢᠨ ᠲᠤᠬᠠᠢ ᠵᠠᠭ᠋ᠠᠯᠳᠤᠯᠭ᠎ᠠ ᠃
ᠳᠥᠷᠪᠡ ᠂ 12345 ᠪᠣᠯᠣᠨ 110 ᠬᠡᠷᠬᠢᠨ ᠬᠣᠯᠪᠤᠭ᠋ᠠᠯᠠᠨ ᠬᠥᠳᠡᠯᠦᠯᠴᠡᠬᠦ ᠪᠤᠢ ?
12345 ᠨᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠣᠯᠪᠣᠭᠳᠠᠭᠰᠠᠨ ᠭᠣᠮᠣᠳᠠᠯ ᠵᠠᠭ᠋ᠠᠯᠳᠤᠯᠭ᠎ᠠ ᠵᠢᠨ ᠵᠦᠢ᠍ᠯᠡᠰ ᠪᠤᠶᠤ ᠪᠠᠴᠢᠮ ᠲᠤᠰᠠᠯᠠᠮᠵᠢ ᠭᠤᠶᠤᠴᠢᠯᠠᠯᠲᠠ ᠵᠢ ᠭᠥᠯᠢᠶᠡᠨ ᠠᠪᠴᠤ ᠂ 110 ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ ᠬᠣᠯᠪᠣᠭᠳᠠᠭᠰᠠᠨ ᠭᠣᠮᠣᠳᠠᠯ ᠵᠠᠭ᠋ᠠᠯᠳᠤᠯᠭ᠎ᠠ ᠵᠢ ᠭᠥᠯᠢᠶᠡᠨ ᠠᠪᠴᠤ᠂ ᠬᠣᠯᠪᠤᠭ᠋ᠠᠯᠠᠨ ᠬᠥᠳᠡᠯᠦᠯᠴᠡᠬᠦ ᠠᠵᠢᠯᠯᠠᠭ᠋ᠠᠨ᠎ᠤ ᠲᠣᠭᠲᠠᠴᠠ ᠵᠢ ᠡᠬᠢᠯᠡᠭᠦᠯᠵᠦ ᠂ ᠨᠢᠭᠡ ᠲᠣᠪᠴᠢ᠎ᠪᠠᠷ ᠳᠠᠮᠵᠢᠭᠤᠯᠤᠨ ᠵᠠᠯᠭ᠋ᠠᠬᠤ ᠂ ᠭᠤᠷᠪᠠᠨ ᠲᠠᠯ᠎ᠠ ( ᠭᠣᠮᠣᠳᠠᠯ ᠵᠠᠭ᠋ᠠᠯᠳᠤᠯᠭ᠎ᠠ ᠢᠷᠡᠭᠦᠯᠦᠭᠰᠡᠨ ᠲᠠᠯ᠎ᠠ ᠂ 110 ᠂ 12345 ) ᠤᠲᠠᠰᠤ᠎ᠪᠠᠷ ᠬᠣᠯᠪᠣᠭᠳᠠᠬᠤ ᠂ ᠲᠤᠰᠬᠠᠢ ᠰᠠᠭᠤᠳᠠᠯ ᠵᠶ᠋ᠠᠷ ᠬᠣᠯᠪᠤᠭ᠋ᠠᠯᠠᠨ ᠬᠥᠳᠡᠯᠦᠯᠴᠡᠬᠦ ᠂ ᠰᠢᠰᠲ᠋ᠧᠮ ᠵᠶ᠋ᠠᠷ ᠮᠡᠳᠡᠭᠡᠯᠡᠯ ᠬᠦᠷᠭᠡᠬᠦ ᠵᠡᠷᠭᠡ ᠬᠡᠯᠪᠡᠷᠢ᠎ᠪᠠᠷ ᠭᠦᠢ᠍ᠴᠡᠳᠬᠡᠨ᠎ᠡ ᠃
ᠲᠠᠪᠤ ᠂ 12345 ᠨᠢ ᠠᠵᠤ ᠠᠬᠤᠢ᠌ᠯᠠᠯ ᠪᠠ ᠤᠯᠠᠨ ᠲᠦᠮᠡᠨ᠎ᠳᠤ ᠬᠡᠷᠬᠢᠨ ᠨᠡᠩ ᠰᠠᠢ᠌ᠨ ᠦᠢ᠍ᠯᠡᠴᠢᠯᠡᠬᠦ ᠪᠤᠢ ?
ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠨᠡᠶ᠋ᠢᠯᠡᠭᠦᠯᠦᠨ ᠨᠢᠭᠡᠳᠬᠡᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ ᠂ ᠬᠣᠣᠰ ᠳ᠋ᠤᠭ᠋ᠠᠷ᠎ᠢ ᠵᠡᠷᠭᠡ᠎ᠪᠠᠷ ᠬᠡᠷᠡᠭᠯᠡᠬᠦ ᠂ ᠬᠤᠪᠢᠶᠠᠷᠢ ᠲᠥᠪ ᠪᠠᠶ᠋ᠢᠭᠤᠯᠬᠤ ᠬᠡᠯᠪᠡᠷᠢ᠎ᠪᠠᠷ ᠨᠡᠶ᠋ᠢᠯᠡᠭᠦᠯᠦᠨ ᠨᠢᠭᠡᠳᠬᠡᠬᠦ ᠵᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠤᠲᠠᠰᠤᠨ᠎ᠤ ᠦᠢ᠍ᠯᠡᠴᠢᠯᠡᠭᠡᠨ᠎ᠤ ᠰᠠᠭᠤᠳᠠᠯ᠎ᠢ ᠦᠯᠡᠳᠡᠭᠡᠭᠰᠡᠭᠡᠷ ᠪᠠᠢ᠌ᠭ᠎ᠠ ᠬᠠᠯᠠᠮᠰᠢᠯ ᠤᠲᠠᠰᠤ ᠵᠢᠨ ᠨᠣᠮᠧᠷ ᠂ 《7×24 ᠴᠠᠭ》 ᠬᠥᠮᠥᠨ᠎ᠤ ᠬᠦᠴᠦᠨ᠎ᠤ ᠦᠢ᠍ᠯᠡᠴᠢᠯᠡᠭᠡᠨ᠎ᠤ ᠴᠢᠳᠠᠪᠤᠷᠢ ᠦᠭᠡᠢ ᠪᠤᠶᠤ ᠬᠥᠮᠥᠨ᠎ᠤ ᠬᠦᠴᠦᠨ᠎ᠤ ᠬᠣᠯᠪᠣᠭᠳᠠᠬᠤ ᠨᠣᠷᠮ᠎ᠠ᠎ᠨᠢ 60%᠎ᠠᠴᠠ ᠳᠣᠣᠷ᠎ᠠ ᠪᠠᠢ᠌ᠪᠠᠯ ᠂ ᠤᠲᠠᠰᠤᠨ᠎ᠤ ᠦᠢ᠍ᠯᠡᠴᠢᠯᠡᠭᠡᠨ᠎ᠤ ᠰᠠᠭᠤᠳᠠᠯ᠎ᠢ 12345᠎ᠳᠤ ᠨᠡᠢ᠌ᠯᠡᠭᠦᠯᠵᠦ ᠨᠢᠭᠡᠳᠦᠯᠲᠡᠢ ᠬᠠᠮᠢᠶᠠᠷᠤᠨ᠎ᠠ᠃ 12345 ᠲᠠᠪᠴᠠᠩ ᠬᠢᠭᠡᠳ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠤᠨ ᠬᠣᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ ᠂ ᠮᠡᠳᠡᠭᠡ ᠵᠠᠩᠭᠢ ᠵᠢ ᠴᠠᠭ ᠲᠤᠬᠠᠢ᠎ᠳᠤ ᠨᠢ ᠪᠥᠬᠥ ᠬᠡᠮᠵᠢᠶ᠎ᠡ᠎ᠪᠠᠷ ᠬᠠᠮᠲᠤ᠎ᠪᠠᠷ ᠬᠦᠷᠲᠡᠬᠦ ᠵᠢ ᠪᠡᠶᠡᠯᠡᠭᠦᠯᠦᠨ᠎ᠡ ᠃ 12345 ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠢ᠌ᠯᠠᠯ ᠪᠠ ᠣᠯᠠᠨ ᠲᠦᠮᠡᠨ᠎ᠤ ᠥᠨᠳᠥᠷ ᠳᠠᠪᠲᠠᠮᠵᠢᠲᠤ ᠠᠰᠠᠭᠤᠨ ᠯᠠᠪᠯᠠᠭ᠎ᠠ ᠵᠢᠨ ᠲᠥᠷᠥᠯ᠎ᠤᠨ ᠠᠰᠠᠭᠤᠳᠠᠯ᠎ᠢ ᠬᠤᠷᠢᠶᠠᠩᠭᠤᠢ᠌ᠯᠠᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠠᠨᠠᠭ᠋ᠠᠴᠢᠯᠠᠭ᠎ᠠ᠎ᠠᠴᠠ᠎ᠪᠠᠨ ᠮᠡᠳᠡᠭᠡ ᠵᠠᠩᠭᠢ᠎ᠪᠠᠨ ᠨᠡᠢ᠌ᠲᠡᠯᠡᠬᠦ ᠵᠢ ᠱᠠᠭ᠋ᠠᠷᠳᠠᠵᠤ᠂ 12345 ᠠᠵᠢᠯ᠎ᠤᠨ ᠬᠠᠭᠤᠳᠠᠰᠤ ᠵᠢ ᠳᠠᠭ᠋ᠠᠭ᠋ᠠᠨ ᠭᠦᠢ᠍ᠴᠡᠳᠬᠡᠬᠦ ᠨᠢᠭᠡᠴᠢ ᠵᠢᠨ ᠠᠵᠢᠯ ᠵᠶ᠋ᠠᠨ ᠭᠦᠢ᠍ᠴᠡᠳᠬᠡᠬᠦ ᠵᠢ ᠰᠢᠮᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠵᠢ ᠴᠢᠩᠭ᠋ᠠᠳᠬᠠᠵᠤ ᠂ ᠭᠦᠢ᠍ᠴᠡᠳᠬᠡᠭᠰᠡᠨ ᠪᠠᠢ᠌ᠳᠠᠯ᠎ᠢ ᠴᠠᠭ ᠲᠤᠬᠠᠢ᠎ᠳᠤ ᠨᠢ ᠢᠯᠡ ᠪᠣᠯᠭ᠋ᠠᠨ ᠂ ᠴᠤᠤᠷᠢᠶᠠᠲᠤᠨ ᠳᠠᠭ᠋ᠠᠬᠤ ᠨᠣᠷᠮ᠎ᠠ ᠂ ᠰᠢᠢ᠍ᠳᠪᠦᠷᠢᠯᠡᠬᠦ ᠨᠣᠷᠮ᠎ᠠ ᠪᠠ ᠬᠠᠨᠤᠮᠵᠢᠲᠠᠶ ᠪᠠᠢ᠌ᠬᠤ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠨ ᠱᠠᠭ᠋ᠠᠷᠳᠠᠭᠰᠠᠨ ᠵᠦᠢ᠍ᠯᠡᠰ᠎ᠢ ᠠᠮᠵᠢᠯᠲᠠ᠎ᠲᠠᠢ ᠂ ᠲᠦᠷᠭᠡᠨ ᠂ ᠰᠠᠢ᠌ᠨ ᠭᠦᠢ᠍ᠴᠡᠳᠬᠡᠬᠦ ᠵᠢ ᠪᠠᠲᠤᠯᠠᠬᠤ ᠬᠡᠷᠡᠭᠲᠡᠢ᠃
ᠵᠢᠷᠭᠤᠭ᠎ᠠ ᠂ 110 ᠨᠢ ᠴᠠᠭᠳᠠᠭ᠋ᠠᠨ᠎ᠤ ᠰᠢᠢ᠍ᠳᠪᠦᠷᠢᠯᠡᠬᠦ ᠬᠡᠷᠡᠭ ᠶᠠᠪᠦᠳᠠᠯᠢ ᠭᠥᠯᠢᠶᠡᠨ ᠠᠪᠴᠤ ᠰᠢᠢ᠍ᠳᠪᠦᠷᠢᠯᠡᠬᠦ ᠠᠵᠢᠯ᠎ᠤᠨ ᠦᠷ᠎ᠡ ᠪᠦᠲᠦᠮᠵᠢ ᠵᠢ ᠬᠡᠷᠬᠢᠨ ᠳᠡᠭᠡᠭᠰᠢᠯᠡᠭᠦᠯᠬᠦ ᠪᠣᠶ?
ᠡᠯ᠎ᠡ ᠭᠠᠵᠠᠷ᠎ᠤᠨ᠎ᠬᠢᠨ ᠲᠤᠰ ᠭᠠᠵᠠᠷ ᠣᠷᠣᠨ᠎ᠤ᠎ᠪᠠᠨ 110 ᠴᠠᠭᠳᠠᠭ᠎ᠠ᠎ᠳᠤ ᠮᠡᠳᠡᠭᠦᠯᠬᠦ ᠬᠡᠷᠡᠭ᠎ᠤᠨ ᠭᠥᠯᠢᠶᠡᠨ ᠠᠪᠬᠤ ᠬᠡᠮᠵᠢᠶ᠎ᠡ ᠵᠢ ᠦᠨᠳᠦᠰᠦᠯᠡᠨ ᠂ ᠭᠥᠯᠢᠶᠡᠨ ᠠᠪᠬᠤ ᠰᠠᠭᠤᠳᠠᠯ ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠵᠤ ᠂ ᠭᠥᠯᠢᠶᠡᠨ ᠠᠪᠬᠤ ᠠᠵᠢᠯᠲᠠᠨ ᠪᠣᠯᠣᠨ ᠲᠣᠬᠢᠷᠠᠭᠤᠯᠤᠨ ᠵᠢᠯᠣᠭᠣᠳᠬᠤ ᠴᠠᠭᠳᠠᠭ᠎ᠠ ᠵᠢ ᠪᠦᠷᠢᠨ ᠭᠦᠢ᠍ᠴᠡᠳ ᠪᠥᠭᠡᠳ ᠪᠦᠲᠦᠮᠵᠢᠲᠡᠢ ᠲᠣᠬᠢᠷᠠᠭᠤᠯᠵᠤ ᠂ ᠲᠥᠬᠦᠭᠡᠷᠦᠮᠵᠢ ᠪᠣᠯᠣᠨ ᠰᠢᠰᠲ᠋ᠧᠮ᠎ᠤᠨ ᠪᠠᠲᠤᠯᠠᠭ᠎ᠠ ᠵᠢ ᠴᠢᠩᠭ᠋ᠠᠳᠬᠠᠨ ᠂ 110᠎ᠤᠨ 《ᠠᠮᠢ ᠨᠠᠰᠤᠨ᠎ᠤ ᠤᠲᠠᠰᠤ》 ᠵᠢᠨ ᠪᠦᠬᠦᠯᠢ ᠡᠳᠦᠷ᠎ᠤᠨ ᠲᠤᠷᠰᠢ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠵᠢᠨ ᠬᠠᠮᠲᠤ ᠢᠨᠲ᠋ᠧᠷ ᠰᠦᠯᠵᠢᠶ᠎ᠡ᠎ᠪᠠᠷ ᠴᠠᠭᠳᠠᠭ᠎ᠠ᠎ᠳᠤ ᠮᠡᠳᠡᠭᠦᠯᠬᠦ ᠠᠷᠭ᠎ᠠ ᠵᠠᠮ᠎ᠢ ᠥᠷᠭᠡᠳᠬᠡᠵᠦ ᠂ ᠠᠵᠤ ᠠᠬᠤᠢ᠌ᠯᠠᠯ ᠪᠣᠯᠣᠨ ᠣᠯᠠᠨ ᠲᠦᠮᠡᠨ᠎ᠤ ᠬᠡᠷᠡᠭᠴᠡᠭᠡ ᠵᠢ ᠬᠠᠩᠭ᠋ᠠᠨ᠎ᠠ ᠃ ᠡᠯ᠎ᠡ ᠴᠠᠭᠳᠠᠭ᠋ᠠᠨ ᠲᠥᠷᠥᠯ ᠪᠠ ᠵᠢᠩᠬᠢᠨᠢ ᠪᠠᠢ᠌ᠯᠳᠤᠭ᠋ᠠᠨ᠎ᠤ ᠨᠢᠭᠡᠴᠢ ᠵᠢ 110 ᠭᠥᠯᠢᠶᠡᠨ ᠠᠪᠴᠤ ᠰᠢᠢ᠍ᠳᠪᠦᠷᠢᠯᠡᠬᠦ ᠠᠵᠢᠯ ᠲᠠᠢ ᠬᠠᠷᠢᠯᠴᠠᠨ ᠵᠣᠯᠭ᠋ᠠᠭᠤᠯᠤᠨ ᠲᠦᠷᠭᠡᠨ ᠴᠤᠤᠷᠢᠶᠠᠲᠤᠨ ᠳᠠᠭ᠋ᠠᠬᠤ ᠲᠣᠭᠲᠠᠴᠠ ᠵᠢ ᠪᠠᠢ᠌ᠭᠤᠯᠵᠤ ᠂ ᠡᠮᠦᠨ᠎ᠠ ᠹᠷᠣᠨᠲ᠎ᠤᠨ ᠴᠠᠭᠳᠠᠭ᠋ᠠᠨ᠎ᠤ ᠰᠢᠢ᠍ᠳᠪᠦᠷᠢᠯᠡᠬᠦ ᠠᠵᠢᠯ᠎ᠤᠨ ᠲᠣᠭ᠎ᠠ ᠪᠠᠷᠢᠮᠲᠠ ᠵᠢᠨ ᠴᠢᠳᠠᠪᠤᠷᠢ ᠣᠯᠭᠣᠬᠤ ᠪᠠ ᠠᠷᠤ ᠲᠠᠯ᠎ᠠ ᠵᠢᠨ ᠲᠤᠯᠭ᠋ᠠᠭᠤᠷᠢᠯᠠᠯ᠎ᠢ ᠴᠢᠩᠭ᠋ᠠᠳᠬᠠᠨ ᠂ ᠤᠷᠢᠳᠴᠢᠯᠠᠨ ᠰᠡᠷᠭᠡᠢ᠌ᠯᠡᠬᠦ ᠴᠠᠭᠳᠠᠭ᠋ᠠᠨ᠎ᠤ ᠶᠠᠪᠤᠳᠠᠯ᠎ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ ᠂ ᠴᠠᠭᠳᠠᠭ᠋ᠠᠨ᠎ᠤ ᠰᠢᠢ᠍ᠳᠪᠦᠷᠢᠯᠡᠬᠦ ᠬᠡᠷᠡᠭ ᠶᠠᠪᠦᠳᠠᠯᠢ ᠭᠥᠯᠢᠶᠡᠨ ᠠᠪᠴᠤ ᠰᠢᠢ᠍ᠳᠪᠦᠷᠢᠯᠡᠬᠦ ᠠᠵᠢᠯ᠎ᠤᠨ ᠦᠢ᠍ᠯᠡᠳᠦᠯ ᠴᠢᠳᠠᠮᠵᠢ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃
ᠡᠭᠦᠨ᠎ᠠᠴᠠ ᠭᠠᠳᠠᠨ᠎ᠠ ᠂ 12345 ᠪᠣᠯᠣᠨ 110᠎ᠨᠢ ᠬᠠᠮᠲᠤᠷᠠᠨ ᠡᠷᠬᠡ ᠰᠦᠷᠲᠦ ᠣᠨᠣᠪᠴᠢᠲᠠᠶ ᠂ ᠪᠠᠷᠢᠮᠵᠢᠶ᠎ᠠ᠎ᠨᠢ ᠨᠢᠭᠡᠳᠦᠯᠲᠡᠢ ᠂ ᠴᠠᠭ ᠲᠤᠬᠠᠢ᠎ᠳᠤ ᠨᠢ ᠰᠢᠨᠡᠳᠬᠡᠬᠦ ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠦᠷᠲᠡᠬᠦ ᠮᠡᠳᠡᠯᠭᠡ ᠵᠢᠨ ᠬᠥᠮᠥᠷᠭᠡ ᠵᠢ ᠪᠠᠢ᠌ᠭᠤᠯᠵᠤ ᠂ ᠥᠨᠳᠥᠷ ᠳᠠᠪᠲᠠᠮᠵᠢᠲᠤ ᠠᠰᠠᠭᠤᠳᠠᠯ ᠪᠠ ᠥᠨᠳᠥᠷ ᠳᠠᠪᠲᠠᠮᠵᠢᠲᠤ ᠰᠢᠯᠵᠢᠭᠦᠯᠦᠨ ᠭᠦᠢ᠍ᠴᠡᠳᠬᠡᠬᠦ ᠵᠦᠢ᠍ᠯᠡᠰ᠎ᠲᠤ 《ᠨᠢᠭᠡ ᠠᠰᠠᠭᠤᠯᠲᠠ᠎ᠳᠤ ᠨᠢᠭᠡ ᠬᠠᠷᠢᠭᠤᠯᠲᠠ ᠥᠭᠬᠦ 》 ᠪᠠᠷᠢᠮᠵᠢᠶ᠎ᠠ ᠵᠢ ᠲᠣᠭᠲᠠᠭ᠋ᠠᠵᠤ ᠂ 《ᠠᠰᠠᠭᠤᠭᠰᠠᠨ ᠳᠠᠷᠤᠢ᠎ᠳᠤ ᠨᠢ ᠬᠠᠷᠢᠭᠤᠯᠬᠤ》 ᠵᠢ ᠢᠳᠡᠪᠬᠢᠲᠡᠢ ᠬᠡᠷᠡᠭᠵᠢᠭᠦᠯᠦᠨ᠎ᠡ᠃