ᠡᠪᠦᠯ᠎ᠤᠨ ᠡᠳᠦᠷ ᠪᠣᠯᠬᠤ᠎ᠳᠤ᠂ ᠲᠠᠯᠠᠳ ᠬᠣᠰᠢᠭᠤᠨ᠎ᠤ ᠹᠸᠩ ᠱᠦᠢ ᠯᠢᠶᠠᠩ ᠪᠠᠯᠭ᠋ᠠᠰᠤ ᠵᠢᠨ ᠰᠠᠨ ᠶᠠᠨ ᠵᠢᠩ ᠲᠣᠰᠬᠣᠨ᠎ᠳᠤ ᠬᠦᠷᠬᠦ᠎ᠳᠤ᠂ ᠭᠠᠯ ᠲᠣᠭᠣᠭ᠋ᠠᠨ᠎ᠤ ᠤᠲᠤᠭ᠎ᠠ ᠭᠡᠷ ᠪᠠᠶ᠋ᠢᠰᠢᠩ᠎ᠠᠴᠠ ᠰᠤᠭᠤᠨᠠᠭᠯᠠᠨ᠎ᠠ᠃ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ᠎ᠨᠢ 6 ᠲᠦᠮᠡᠨ ᠲᠥᠭᠥᠷᠢᠭ᠎ᠲᠤ ᠬᠥᠷᠬᠥ ᠥᠬᠡᠶ ᠬᠣᠴᠣᠷᠤᠩᠭᠤᠶ ᠲᠣᠰᠬᠣᠨ᠎ᠠᠴᠠ ᠠᠵᠤ ᠦᠢ᠍ᠯᠡᠰ ᠬᠥᠭᠵᠢᠭᠰᠡᠨ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ᠎ᠨᠢ 11 ᠲᠦᠮᠡᠨ ᠲᠥᠭᠥᠷᠢᠭ᠎ᠲᠤ ᠬᠥᠷᠬᠥ ᠳᠠᠪᠰᠢᠩᠭᠤᠶ ᠲᠣᠰᠬᠣᠨ ᠬᠦᠷᠴᠠᠢ᠃
ᠳ᠋ᠠᠨ ᠶᠦᠩ ᠯᠢ᠎ᠲᠠᠢ ᠠᠭᠤᠯᠵᠠᠭ᠋ᠠᠳ᠂ ᠲᠡᠷᠡ ᠰᠠᠨ ᠶᠠᠨ ᠵᠢᠩ ᠲᠣᠰᠬᠣᠨ᠎ᠤ ᠠᠷᠠᠳ᠎ᠲᠤ ᠲᠥᠬᠥᠮ ᠦᠵᠡᠭᠦᠯᠬᠦ ᠬᠡᠲᠦ ᠳᠡᠯᠭᠡᠭᠦᠷ᠎ᠲᠤ ᠪᠠᠷᠠᠭ᠎ᠠ᠎ᠪᠠᠨ ᠲᠡᠭᠰᠢᠯᠡᠵᠦ ᠪᠠᠶ᠋ᠢᠪᠠ᠃ ᠠᠷᠠᠰᠤ᠎ᠨᠢ ᠬᠠᠪ ᠬᠠᠷ᠎ᠠ᠂ ᠬᠠᠰᠢᠷ᠂ ᠦᠭᠡ ᠶᠠᠷᠢᠶ᠎ᠠ᠎ᠨᠢ ᠪᠣᠷᠣᠭᠵᠢᠭᠤᠨ ᠪᠠᠶ᠋ᠢᠳᠠᠭ᠎ᠨᠢ ᠡᠨᠡ ᠬᠦ᠌ ᠨᠢᠭᠡᠳᠦᠭᠡᠷ ᠱᠦᠵᠢ ᠵᠢᠨ ᠪᠢᠴᠢᠭᠴᠢ᠎ᠳᠤ ᠦᠯᠡᠳᠡᠭᠡᠭᠰᠡᠨ ᠠᠩᠬᠠᠨ᠎ᠤ ᠰᠠᠭᠤᠭᠳᠠᠯ ᠶᠤᠮ᠃
ᠡᠨᠡ ᠵᠢᠯ 42 ᠨᠠᠰᠤᠲᠠᠶ ᠳ᠋ᠠᠨ ᠶᠦᠩ ᠯᠢ 2021 ᠣᠨ᠎ᠤ 5 ᠰᠠᠷ᠎ᠠ᠎ᠳᠤ ᠳᠠᠯᠠᠳ ᠬᠣᠰᠢᠭᠤᠨ᠎ᠤ ᠬᠡᠷ ᠪᠠᠶ᠋ᠢᠰᠢᠩ ᠲᠠᠲᠠᠪᠤᠷᠢᠯᠠᠬᠤ ᠪᠠ ᠬᠡᠷ ᠬᠥᠷᠥᠩᠭᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠥᠪ᠎ᠠᠴᠠ ᠹᠸᠩ ᠱᠦᠶ ᠯᠢᠶᠠᠩ ᠪᠠᠯᠭ᠋ᠠᠰᠤᠨ᠎ᠤ ᠰᠠᠨ ᠶᠠᠨ ᠵᠢᠩ ᠲᠣᠰᠬᠣᠨ᠎ᠳᠤ ᠨᠢᠭᠡᠳᠦᠭᠡᠷ ᠱᠦᠵᠢ ᠵᠢᠨ ᠲᠤᠰᠢᠶᠠᠯ᠎ᠢ ᠡᠭᠦᠷᠭᠡᠯᠡᠪᠡ᠃ ᠡᠭᠦᠨ᠎ᠠᠴᠠ ᠡᠮᠦᠨ᠎ᠡ᠂ ᠪᠠᠰᠠ ᠱᠤ ᠯᠢᠨ ᠵᠤᠤ ᠪᠠᠯᠭ᠋ᠠᠰᠤᠨ᠎ᠤ ᠬᠠᠰᠢᠯᠠ ᠲᠣᠰᠬᠣᠨ᠎ᠳᠤ ᠬᠣᠶᠠᠷ ᠵᠢᠯ ᠰᠠᠭᠤᠵᠤ᠂ ᠨᠢᠭᠡᠳᠦᠭᠡᠷ ᠱᠦᠵᠢ ᠵᠢᠨ ᠲᠤᠰᠢᠶᠠᠯ᠎ᠢ ᠬᠠᠷᠢᠭᠤᠴᠠᠵᠤ ᠥᠩᠭᠡᠷᠡᠪᠡ᠃
ᠥᠩᠭᠡᠷᠡᠭᠰᠡᠨ᠎ᠤ ᠬᠠᠰᠢᠯᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ 《ᠬᠣᠭᠣᠰᠣᠨ ᠲᠣᠰᠬᠣᠨ》᠎ᠨᠢ ᠶᠠᠳᠠᠭᠤ᠎ᠠᠴᠠ ᠠᠩᠭᠢᠵᠢᠷᠠᠵᠤ ᠴᠢᠨᠡᠭᠡᠯᠢᠭᠵᠢᠨ ᠴᠢᠨᠡᠭᠡᠯᠢᠭᠵᠢᠬᠦ᠂ ᠨᠠᠮ᠎ᠤᠨ ᠡᠭᠦᠷ᠎ᠤᠨ ᠪᠠᠶ᠋ᠢᠭᠤᠯᠤᠯᠲᠠ᠎ᠪᠠᠷ ᠬᠡᠪ ᠳᠠᠭᠤᠷᠢᠶᠠᠯ ᠪᠣᠯᠭ᠋ᠠᠭᠰᠠᠨ 《ᠤᠷᠤᠭᠰᠢᠯᠠᠯᠲᠠ ᠵᠢᠨ ᠲᠣᠰᠬᠣᠨ》 ᠪᠣᠯᠤᠭᠰᠠᠨ ᠪᠠᠶ᠋ᠢᠨ᠎ᠠ᠃ ᠲᠡᠨᠳᠡ ᠠᠵᠢᠯᠯᠠᠭᠰᠠᠨ ᠬᠣᠶᠠᠷ ᠵᠢᠯ᠎ᠤᠨ ᠬᠤᠭᠤᠴᠠᠭ᠎ᠠ᠎ᠪᠠᠨ ᠶᠠᠷᠢᠯᠴᠠᠬᠤ᠎ᠳᠤ᠂ ᠴᠢᠶᠠᠨ ᠶᠦᠩ ᠯᠢ ᠡᠷᠭᠢᠴᠡᠭᠦᠯᠦᠯ᠎ᠳᠤ ᠣᠷᠣᠪᠠ᠃
《ᠳᠡᠭᠡᠷ᠎ᠡ ᠲᠠᠯ᠎ᠠ ᠵᠢᠨ ᠮᠢᠩᠭ᠋ᠠᠨ ᠱᠤᠭᠤᠮ᠂ ᠳᠣᠣᠷ᠎ᠠ ᠲᠠᠯ᠎ᠠ ᠵᠢᠨ ᠨᠢᠭᠡ ᠵᠡᠭᠦᠦ᠂ ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠬᠦ᠂ ᠠᠵᠤ ᠦᠢ᠍ᠯᠡᠰ᠎ᠢ ᠬᠥᠭᠵᠢᠭᠦᠯᠬᠦ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ᠂ ᠪᠣᠯᠪᠠᠰᠤᠨ᠎ᠤ ᠦᠢ᠍ᠯᠡᠳᠦᠯᠭᠡ᠂ ᠵᠥᠷᠢᠴᠡᠯ᠎ᠢ ᠨᠠᠮᠳᠠᠭᠤᠯᠬᠤ · · · · · ᠡᠳᠡᠭᠡᠷ᠎ᠢ ᠪᠢᠳᠡ ᠴᠥᠮ ᠠᠬᠢᠭᠤᠯᠤᠨ ᠨᠠᠶ᠋ᠢᠳᠠᠪᠤᠷᠢᠵᠢᠭᠤᠯᠬᠤ ᠴᠢᠬᠤᠯᠠᠲᠠᠢ ᠶᠤᠮ᠂ ᠬᠡᠳᠦᠶ᠋ᠢᠪᠡᠷ ᠬᠦᠴᠢᠷ ᠪᠡᠷᠬᠡᠰᠢᠶᠡᠯ᠎ᠲᠠᠢ ᠪᠣᠯᠪᠠᠴᠤ ᠲᠣᠰᠬᠣᠨ᠎ᠢ ᠬᠠᠪᠰᠤᠷᠤᠨ ᠨᠢᠭᠡ ᠶᠠᠪᠤᠳᠠᠯ᠎ᠢ ᠰᠢᠢ᠍ᠳᠪᠦᠷᠢᠯᠡᠬᠦ᠎ᠳᠤ ᠪᠢ ᠣᠨᠴᠠᠭ᠋ᠠᠢ ᠠᠮᠵᠢᠯᠲᠠ ᠣᠯᠤᠭᠰᠠᠨ ᠲᠦᠷᠦᠭᠳᠡᠯ᠎ᠲᠠᠢ ᠶᠤᠮ》᠃ ᠭᠡᠵᠦ ᠴᠢᠶᠠᠨ ᠶᠦᠩ ᠯᠢ ᠢᠯᠡᠳᠬᠡᠪᠡ᠃
2018 ᠣᠨ᠎ᠳᠤ᠂ ᠳᠠᠯᠠᠳ ᠬᠣᠰᠢᠭᠤᠨ᠎ᠤ ᠬᠡᠷ ᠪᠠᠶ᠋ᠢᠰᠢᠩ ᠲᠠᠲᠠᠪᠤᠷᠢᠯᠠᠬᠤ ᠪᠠ ᠬᠡᠷ ᠬᠥᠷᠥᠩᠭᠡ ᠵᠢᠨ ᠠᠷᠠᠯᠵᠢᠶ᠎ᠠ ᠵᠢᠨ ᠬᠠᠮᠢᠶᠠᠷᠤᠯᠲᠠ ᠵᠢᠨ ᠲᠥᠪ᠎ᠠᠴᠠ ᠬᠠᠰᠢᠯᠠ ᠲᠣᠰᠬᠣᠨ᠎ᠳᠤ ᠰᠠᠭᠤᠭ᠎ᠠ ᠳ᠋ᠠᠨ ᠶᠦᠩ ᠯᠢ ᠵᠢᠨ ᠨᠢᠭᠡᠳᠦᠭᠡᠷ ᠱᠦᠵᠢ ᠵᠢ ᠰᠣᠩᠭᠣᠨ ᠲᠣᠮᠢᠯᠠᠵᠤ᠂ ᠲᠣᠰᠬᠣᠨ᠎ᠳᠤ ᠰᠠᠭᠤᠭᠰᠠᠨ᠎ᠤ ᠳᠠᠷᠠᠭ᠎ᠠ᠂ ᠲᠡᠷᠡ ᠲᠣᠰᠬᠣᠨ ᠵᠶ᠋ᠠᠨ ᠬᠦᠴᠦᠷᠬᠡᠭᠵᠢᠭᠦᠯᠦᠨ ᠠᠷᠠᠳ ᠵᠶ᠋ᠠᠨ ᠪᠠᠶᠠᠵᠢᠭᠤᠯᠬᠤ᠎ᠪᠠᠷ ᠬᠠᠷᠠᠯᠲᠠ ᠪᠣᠯᠭ᠋ᠠᠵᠤ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠬᠥᠭᠵᠢᠯᠲᠡ ᠵᠢᠨ ᠰᠡᠳᠬᠢᠴᠡ ᠪᠠ ᠵᠠᠭᠪᠤᠷ᠎ᠢ ᠲᠠᠰᠤᠷᠠᠯᠲᠠ ᠥᠬᠡᠶ ᠰᠢᠨ᠎ᠡ᠎ᠪᠠᠷ ᠡᠭᠦᠳᠴᠦ᠂ ᠬᠠᠮᠲᠤ ᠵᠢᠨ ᠠᠵᠤ ᠠᠬᠤᠶ ᠵᠢᠨ ᠣᠯᠠᠨ ᠵᠦᠶᠯ᠎ᠤᠨ ᠬᠡᠯᠪᠡᠷᠢ ᠵᠢ ᠢᠳᠡᠪᠬᠢᠲᠡᠶ᠎ᠪᠠᠷ ᠰᠦᠪᠡᠭᠴᠢᠯᠡᠨ ᠪᠤᠵᠠᠭ᠋ᠠᠶ᠋ᠢᠷᠠᠭᠤᠯᠪᠠ᠃ 2019 ᠣᠨ᠎ᠤ 7 ᠰᠠᠷ᠎ᠠ᠎ᠳᠤ ᠵᠤᠤ ᠭ᠋ᠸᠤ ᠬᠣᠷᠢ᠊ ᠢᠠᠳᠤ ᠪᠠᠶ᠋ᠢᠭ᠎ᠠ ᠠᠮᠤ ᠪᠤᠳᠠᠭ᠎ᠠ ᠬᠤᠳᠠᠯᠳᠤᠨ ᠠᠪᠬᠤ ᠦᠷᠳᠡᠭᠡ ᠵᠢᠨ ᠲᠦᠷᠦᠯ ᠵᠦᠢ᠍ᠯ᠎ᠢ ᠵᠢᠩᠬᠢᠨᠢ᠎ᠪᠠᠷ ᠡᠬᠢᠯᠡᠨ ᠪᠦᠳᠦᠭᠡᠨ ᠪᠠᠶ᠋ᠢᠭᠤᠯᠵᠤ᠂ ᠨᠡᠢ᠍ᠢ᠍ᠳᠡ 260 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠪᠠ᠂ ᠤᠳᠤ ᠬᠤᠳᠠᠯᠳᠤᠨ ᠠᠪᠬᠤ ᠦᠷᠳᠡᠭᠡ ᠵᠢ ᠪᠦᠬᠦᠨ᠎ᠢ ᠪᠦᠳᠦᠭᠡᠨ ᠪᠠᠶ᠋ᠢᠭᠤᠯᠵᠤ ᠳᠠᠭᠤᠰᠬᠠᠵᠤ᠂ 《ᠨᠠᠮ᠎ᠤᠨ ᠡᠭᠦᠷ + ᠠᠵᠤ ᠠᠬᠤᠶ᠋ᠢᠯᠠᠯ + ᠲᠠᠷᠢᠶᠠᠴᠢᠨ ᠡᠷᠦᠬᠡ》 ᠵᠢᠨ ᠵᠠᠭᠪᠤᠷ ᠵᠶ᠋ᠠᠷ ᠡᠵᠡᠩᠨᠡᠯᠲᠡ᠎ᠪᠠᠨ ᠡᠬᠢᠯᠡᠭᠦᠯᠵᠡᠢ᠃ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠪᠦᠬᠦ ᠲᠠᠯ᠎ᠠ᠎ᠪᠠᠷ ᠪᠡᠬᠢᠵᠢᠵᠦ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ 《ᠡᠪᠳᠡᠷᠡᠯ》᠎ᠢ ᠪᠡᠶᠡᠯᠡᠭᠦᠯᠪᠡ᠃
2020 ᠣᠨ᠎ᠳᠤ ᠬᠠᠰᠢᠯᠠ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠣᠷᠣᠯᠭ᠎ᠠ 7 ᠲᠦᠮᠡ ᠭᠠᠷᠤᠶ ᠲᠥᠭᠥᠷᠢᠭ᠎ᠲᠤ ᠬᠦᠷᠴᠦ᠂ ᠥᠨᠥᠳᠦᠷ᠎ᠤᠨ ᠬᠠᠰᠢᠯᠠ ᠲᠣᠰᠬᠣᠨ᠎ᠤ ᠣᠷᠴᠢᠨ ᠲᠣᠭᠣᠷᠢᠨ᠎ᠨᠢ ᠨᠠᠩ ᠭᠣᠶᠣ ᠰᠠᠶ᠋ᠢᠬᠠᠨ ᠪᠣᠯᠵᠣ᠂ ᠲᠣᠨᠣᠭ ᠲᠥᠬᠥᠭᠡᠷᠦᠮᠵᠢ᠎ᠨᠢ ᠨᠠᠩ ᠪᠦᠷᠢᠨ ᠲᠡᠭᠦᠯᠳᠡᠷ ᠪᠣᠯᠵᠣ᠂ ᠲᠣᠰᠬᠣᠨ᠎ᠤ ᠠᠷᠠᠳ᠎ᠤᠨ ᠠᠮᠢᠳᠤᠷᠠᠯ᠎ᠨᠢ ᠨᠠᠩ ᠪᠠᠶᠠᠨ ᠴᠢᠨᠡᠭᠡᠯᠢᠭ ᠪᠣᠯᠤᠭᠰᠠᠨ ᠪᠠᠶ᠋ᠢᠨ᠎ᠠ᠃
2021 ᠣᠨ ᠪᠣᠯᠬᠤ᠎ᠳᠤ᠂ ᠳ᠋ᠠᠨ ᠶᠦᠩ ᠯᠢ ᠠᠶᠠᠨ᠎ᠤ ᠪᠣᠭᠴᠣ᠎ᠪᠠᠨ ᠬᠤᠷᠢᠶᠠᠵᠤ᠂ ᠰᠢᠨ᠎ᠡ ᠠᠵᠢᠯ᠎ᠤᠨ ᠪᠠᠶ᠋ᠢᠷᠢ᠎ᠳᠤ ᠭᠠᠷᠪᠠ᠃ ᠰᠠᠨ ᠶᠠᠨ ᠵᠢᠩ ᠲᠣᠰᠬᠣᠨ᠎ᠨᠢ ᠹᠸᠩ ᠱᠦᠢ ᠯᠢᠶᠠᠩ ᠪᠠᠯᠭ᠋ᠠᠰᠤ ᠵᠢᠨ ᠵᠡᠭᠦᠨ ᠬᠣᠶ᠋ᠢᠲᠤ ᠪᠡᠶ᠎ᠡ᠎ᠳᠤ ᠪᠠᠶ᠋ᠢᠷᠢᠯᠠᠵᠤ᠂ ᠪᠠᠯᠭ᠋ᠠᠰᠤᠨ᠎ᠤ ᠵᠠᠰᠠᠭ᠎ᠤᠨ ᠣᠷᠳᠣᠨ᠎ᠠᠴᠠ 17 ᠺᠢᠯᠤᠮᠸᠲᠷ ᠵᠠᠶ᠋ᠢᠲᠠᠢ᠂ ᠭᠣᠣᠯ ᠪᠣᠯᠬᠤ ᠠᠵᠤ ᠠᠬᠤᠢ ᠵᠢᠨ ᠣᠷᠣᠯᠭ᠎ᠠ᠎ᠨᠢ ᠡᠷᠳᠡᠨᠢ ᠰᠢᠰᠢ ᠲᠠᠷᠢᠬᠤ᠎ᠪᠠᠷ ᠭᠣᠣᠯ ᠪᠣᠯᠭ᠋ᠠᠵᠤ᠂ ᠪᠠᠭ᠎ᠠ ᠬᠡᠮᠵᠢᠶᠡᠨ᠎ᠤ ᠲᠥᠮᠥᠰᠥ᠂ ᠮᠣᠩᠭᠣᠯ ᠠᠮᠤ᠂ ᠰᠢᠷ᠎ᠠ ᠪᠤᠷᠴᠠᠭ᠂ ᠦᠷ᠎ᠡ ᠭᠤᠸ᠎ᠠ ᠵᠡᠷᠭᠡ ᠵᠢ ᠲᠠᠷᠢᠵᠦ᠂ ᠲᠤᠰᠠᠯᠠᠬᠤ ᠣᠷᠣᠯᠭ᠎ᠠ᠎ᠨᠢ ᠡᠷᠳᠡᠨᠢ ᠰᠢᠰᠢ᠂ ᠡᠷᠳᠡᠨᠢ ᠰᠢᠰᠢ ᠵᠢᠨ ᠡᠰᠢ ᠰᠦᠷᠡᠯ ᠵᠶ᠋ᠠᠷ ᠲᠡᠵᠢᠭᠡᠯ ᠪᠣᠷᠳᠣᠭ᠎ᠠ ᠪᠣᠯᠭ᠋ᠠᠨ ᠪᠠᠭ᠎ᠠ ᠬᠡᠮᠵᠢᠶᠡᠨ᠎ᠤ ᠬᠤᠨᠢ ᠪᠠ ᠲᠠᠬᠢᠶ᠎ᠠ ᠲᠡᠵᠢᠭᠡᠨ ᠦᠷᠡᠵᠢᠭᠦᠯᠵᠡᠢ᠃
ᠠᠵᠢᠯ᠎ᠤᠨ ᠴᠢᠭᠯᠡᠯ ᠵᠶ᠋ᠠᠨ ᠣᠨᠣᠪᠴᠢᠲᠠᠢ ᠡᠷᠢᠬᠦ ᠵᠢᠨ ᠲᠥᠯᠥᠭᠡ᠂ ᠴᠢᠶᠠᠨ ᠶᠦᠩ ᠯᠢ ᠨᠢᠭᠡ ᠨᠢᠭᠡ ᠭᠡᠷ ᠵᠶ᠋ᠠᠷ ᠰᠤᠷᠪᠤᠯᠵᠢᠯᠠᠬᠤ᠂ ᠰᠡᠳᠬᠢᠯ᠎ᠤᠨ ᠦᠭᠡ᠎ᠪᠠᠨ ᠶᠠᠷᠢᠯᠴᠠᠬᠤ ᠵᠢ ᠪᠠᠷᠢᠮᠲᠠᠯᠠᠵᠤ᠂ ᠢᠯᠡᠭᠦᠦ ᠶᠠᠪᠤᠬᠤ᠂ ᠢᠯᠡᠭᠦᠦ ᠦᠵᠡᠬᠦ᠂ ᠢᠯᠡᠭᠦᠦ ᠠᠰᠠᠭᠤᠬᠤ᠎ᠪᠠᠷ ᠳᠠᠮᠵᠢᠨ ᠲᠣᠰᠬᠣᠨ᠎ᠤ ᠠᠷᠠᠳ᠎ᠲᠠᠢ 《ᠪᠦᠬᠦᠨ᠎ᠢ ᠬᠠᠷᠢᠯᠴᠠᠬᠤ》᠎ᠪᠠᠷ ᠢᠷᠡᠵᠠᠢ᠃
ᠳ᠋ᠠᠨ ᠶᠦᠩ ᠯᠢ ᠲᠣᠰᠬᠣᠨ᠎ᠳᠤ ᠰᠠᠭᠤᠭᠰᠠᠨ᠎ᠠᠴᠠ ᠨᠠᠰᠢ᠂ ᠪᠠᠶ᠋ᠢᠨ ᠪᠠᠶ᠋ᠢᠨ ᠲᠣᠰᠬᠣᠨ᠎ᠤ ᠠᠷᠠᠳ᠎ᠤᠨ ᠭᠡᠷ᠎ᠲᠤ ᠬᠦᠷᠴᠦ ᠰᠤᠷᠪᠤᠯᠵᠢᠯᠠᠵᠤ᠂ ᠤᠯᠠᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ ᠠᠰᠠᠭᠤᠳᠠᠯ᠎ᠢ ᠣᠶ᠋ᠢᠯᠠᠭ᠋ᠠᠵᠤ᠂ ᠤᠯᠠᠨ ᠲᠦᠮᠡᠨ᠎ᠢ ᠬᠠᠪᠰᠤᠷᠤᠨ ᠪᠣᠳᠠᠲᠠᠢ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠴᠡᠢ᠃
ᠨᠢᠭᠡ ᠤᠳᠠᠭ᠎ᠠ ᠵᠢᠨ ᠠᠶ᠋ᠢᠯᠴᠢᠯᠠᠯᠲᠠ᠎ᠳᠤ᠂ ᠴᠢᠶᠠᠨ ᠶᠦᠩ ᠯᠢ 61 ᠨᠠᠰᠤᠲᠠᠢ ᠲᠣᠰᠬᠣᠨ᠎ᠤ ᠠᠷᠠᠳ ᠯᠢᠦ ᠰᠠᠨ ᠭᠠᠩᠰᠠᠷᠠᠬᠤ ᠡᠪᠡᠳᠴᠢᠨ᠎ᠳᠤ ᠨᠡᠷᠪᠡᠭᠳᠡᠵᠦ᠂ ᠠᠵᠢᠯ ᠬᠢᠵᠦ ᠳᠡᠶ᠋ᠢᠯᠬᠦ ᠦᠭᠡᠢ ᠪᠣᠯᠤᠭᠰᠠᠨ᠎ᠢ ᠣᠶ᠋ᠢᠯᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠡᠯᠡ ᠮᠥᠩᠭᠥ ᠣᠯᠵᠤ ᠲᠡᠭᠦᠨ ᠵᠶ᠋ᠠᠷ ᠰᠠᠶ᠋ᠢᠲᠤᠷ ᠡᠮᠨᠡᠭᠦᠯᠬᠦ ᠵᠢᠨ ᠬᠠᠮᠲᠤ ᠪᠠᠰᠠ ᠦᠷᠭᠦᠯᠵᠢ ᠲᠡᠭᠦᠨ᠎ᠢ ᠬᠠᠪᠰᠤᠷᠤᠨ ᠬᠦᠷᠢᠶ᠎ᠡ ᠬᠠᠰᠢᠶ᠎ᠠ ᠵᠢ᠎ᠨᠢ ᠴᠡᠪᠡᠷᠯᠡᠵᠦ᠂ ᠲᠠᠷᠢᠶᠠᠨ ᠠᠵᠢᠯ ᠬᠢᠯᠭᠡᠳᠡᠭ᠃
ᠳ᠋ᠠᠨ ᠶᠦᠩ ᠯᠢ 2009 ᠣᠨ᠎ᠤ 12 ᠰᠠᠷ᠎ᠠ᠎ᠳᠤ ᠴᠡᠷᠢᠭ ᠠᠩᠭᠢ᠎ᠠᠴᠠ ᠬᠠᠯᠠᠭᠳᠠᠵᠤ᠂ ᠴᠡᠷᠢᠭ᠎ᠠᠴᠠ ᠬᠠᠯᠠᠭᠳᠠᠭᠰᠠᠨ᠎ᠤ ᠳᠠᠷᠠᠭ᠎ᠠ ᠮᠥᠨ ᠯᠡ ᠴᠡᠷᠢᠭ᠎ᠤᠨ ᠬᠥᠮᠦᠨ᠎ᠤ ᠪᠠᠷᠢᠮᠵᠢᠶ᠎ᠠ᠎ᠪᠠᠷ ᠥᠪᠡᠷ᠎ᠢ᠎ᠪᠠᠨ ᠴᠢᠩᠭ᠎ᠠ ᠱᠠᠭ᠋ᠠᠷᠳᠠᠵᠤ ᠪᠠᠶ᠋ᠢᠪᠠ᠃ ᠴᠡᠷᠢᠭ᠎ᠤᠨ ᠨᠣᠭᠣᠭ᠋ᠠᠨ ᠬᠤᠪᠴᠠᠰᠤ᠎ᠪᠠᠨ ᠲᠠᠢ᠍ᠯᠤᠭ᠋ᠠᠳ ᠰᠢᠷ᠎ᠠ ᠰᠢᠷᠣᠶ᠎ᠳᠤ ᠣᠷᠣᠪᠠ᠃ 《ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢᠨ ᠲᠡᠷᠡ ᠮᠥᠴᠡ᠎ᠠᠴᠠ ᠡᠬᠢᠯᠡᠨ᠂ ᠪᠢ ᠥᠪᠡᠷ᠎ᠤᠨ ᠴᠢᠷᠮᠠᠶ᠋ᠢᠯᠭ᠎ᠠ᠎ᠪᠠᠷ ᠵᠶ᠋ᠠᠨ ᠲᠣᠰᠬᠣᠨ᠎ᠤ ᠠᠷᠠᠳ ᠵᠶ᠋ᠠᠨ ᠪᠠᠶᠠᠵᠢᠭᠤᠯᠵᠤ᠂ ᠠᠮᠢᠳᠤᠷᠠᠯ ᠡᠳᠦᠷ᠎ᠠᠴᠠ ᠡᠳᠦᠷ ᠥᠭᠡᠳᠡᠯᠡᠨ ᠰᠠᠶ᠋ᠢᠵᠢᠷᠠᠬᠤ ᠵᠢ ᠬᠦᠰᠡᠵᠦ ᠪᠠᠶ᠋ᠢᠨ᠎ᠠ》᠃
《ᠲᠣᠰᠬᠣᠨ᠎ᠤ ᠠᠷᠠᠳ᠎ᠤᠨ ᠨᠢᠳᠦᠨ᠎ᠳᠤ᠂ ᠳ᠋ᠠᠨ ᠶᠦᠩ ᠯᠢ ᠲᠣᠰᠬᠣᠨ᠎ᠤ ᠠᠷᠠᠳ᠎ᠢ ᠳᠠᠭ᠋ᠠᠭᠤᠯᠤᠨ ᠪᠠᠶᠠᠵᠢᠨ ᠴᠢᠨᠡᠭᠡᠯᠢᠭᠵᠢᠭᠰᠡᠨ ᠰᠠᠢ᠍ᠢ᠍ᠨ ᠱᠦᠵᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠲᠡᠳᠡᠨ᠎ᠤ ᠳᠣᠲᠣᠨᠣ ᠬᠥᠮᠦᠨ ᠪᠣᠯᠤᠨ᠎ᠠ》᠃
ᠰᠠᠨ ᠶᠠᠨ ᠵᠢᠩ ᠲᠣᠰᠬᠣᠨ᠎ᠳᠤ᠂ ᠴᠢᠶᠠᠨ ᠶᠦᠩ ᠯᠢ ᠲᠣᠰᠬᠣᠨ᠎ᠤ ᠠᠷᠠᠳ᠎ᠤᠨ ᠭᠡᠷ᠎ᠤᠨ ᠪᠠᠶ᠋ᠢᠳᠠᠯ᠎ᠢ ᠲᠣᠪ ᠲᠣᠳᠣᠷᠬᠠᠢ ᠮᠡᠳᠡᠵᠦ᠂ ᠥᠪᠡᠷ᠎ᠤᠨ ᠤᠴᠢᠷ ᠵᠶ᠋ᠠᠨ ᠶᠠᠷᠢᠬᠤ᠎ᠳᠤ ᠲᠡᠷᠡ ᠬᠠᠷᠢᠨ ᠬᠡᠳᠦᠨ ᠡᠩ᠎ᠤᠨ ᠦᠭᠡ᠎ᠪᠠᠷ᠄ 《ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ᠎ᠤ ᠬᠤᠪᠢ᠎ᠳᠤ᠂ ᠪᠢ ᠵᠥᠪᠬᠡᠨ ᠥᠪᠡᠷ᠎ᠤᠨ ᠲᠤᠬᠠᠶ᠋ᠢᠯᠠᠭᠰᠠᠨ ᠠᠵᠢᠯ ᠵᠶ᠋ᠠᠨ ᠬᠢᠵᠡᠢ᠂ 〈ᠲᠣᠯᠣᠭ᠋ᠠᠢ ᠪᠥᠬᠥᠶ᠋ᠢᠨ ᠬᠠᠷ᠎ᠠ ᠲᠡᠷᠢᠭᠦᠲᠡᠨ᠎ᠳᠤ ᠦᠬᠡᠷ ᠮᠡᠲᠦ ᠵᠢᠳᠬᠦᠨ᠎ᠡ〉᠂ ᠪᠢ ᠡᠨᠡ ᠰᠢᠯᠦᠭ᠎ᠲᠤ ᠳᠤᠷᠠᠲᠠᠢ ᠪᠥᠭᠡᠳ ᠥᠪᠡᠷ᠎ᠢ᠎ᠪᠠᠨ ᠬᠠᠷ᠎ᠠ ᠲᠡᠷᠢᠭᠦᠲᠡᠨ᠎ᠳᠤ ᠦᠬᠡᠷ ᠮᠡᠲᠦ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠲᠣᠰᠬᠣᠨ᠎ᠤ ᠠᠷᠠᠳ᠎ᠲᠤ ᠦᠢ᠍ᠯᠡᠴᠢᠯᠡᠬᠦ ᠵᠢ ᠬᠦᠰᠡᠨ᠎ᠡ》 ᠭᠡᠵᠦ ᠶᠠᠷᠢᠵᠤ ᠪᠠᠶ᠋ᠢᠯ᠎ᠠ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠵᠤ ᠦᠢ᠍ᠯᠡᠰ᠎ᠢ ᠡᠷᠬᠡᠪᠰᠢ ᠤᠷᠢᠳᠠᠪᠠᠷ ᠬᠥᠭᠵᠢᠭᠦᠯᠬᠦ ᠬᠡᠷᠡᠭᠲᠡᠢ᠃ ᠳ᠋ᠠᠨ ᠶᠦᠩ ᠯᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠱᠠᠭ᠋ᠠᠷᠳᠠᠯᠭ᠎ᠠ ᠵᠢᠨ ᠲᠣᠭᠣᠷᠢᠨ᠎ᠳᠤ᠂ ᠰᠠᠨ ᠶᠠᠨ ᠵᠢᠩ ᠲᠣᠰᠬᠣᠨ᠎ᠤ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠬᠥᠭᠵᠢᠯᠲᠡ ᠵᠢᠨ ᠰᠡᠳᠬᠢᠴᠡ᠎ᠪᠠᠨ ᠲᠣᠳᠣᠷᠬᠠᠶ᠋ᠢᠯᠠᠵᠤ᠂ ᠠᠵᠤ ᠦᠢ᠍ᠯᠡᠰ ᠪᠣᠯᠤᠨ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠬᠥᠭᠵᠢᠯᠲᠡ ᠵᠢ ᠲᠥᠯᠥᠪᠵᠢᠭᠦᠯᠪᠡ᠃ ᠰᠠᠨ ᠶᠠᠨ ᠵᠢᠩ ᠲᠣᠰᠬᠣᠨ᠎ᠤ ᠣᠳᠣ ᠪᠠᠶ᠋ᠢᠭ᠎ᠠ ᠠᠯᠠᠰᠢᠨ ᠬᠣᠨᠢ ᠲᠡᠵᠢᠭᠡᠨ ᠦᠷᠡᠵᠢᠭᠦᠯᠬᠦ ᠲᠥᠷᠥᠯ ᠵᠦᠢ᠍ᠯ᠎ᠤᠨ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠢᠯ᠎ᠤᠨ ᠣᠷᠣᠯᠭ᠎ᠠ 4.5 ᠲᠦᠮᠡᠨ ᠲᠥᠭᠥᠷᠢᠭ᠎ᠤᠨ ᠰᠠᠭᠤᠷᠢᠨ ᠳᠡᠭᠡᠷ᠎ᠡ ᠲᠡᠵᠢᠭᠡᠨ ᠦᠷᠡᠵᠢᠭᠦᠯᠬᠦ ᠬᠡᠪᠴᠢᠶ᠎ᠡ᠎ᠪᠠᠨ ᠵᠣᠬᠢᠬᠤ ᠬᠡᠮᠵᠢᠶ᠎ᠡ᠎ᠪᠠᠷ ᠥᠷᠭᠡᠳᠬᠡᠵᠦ᠂ ᠲᠣᠰᠬᠣᠨ᠎ᠠᠴᠠ ᠵᠢᠶᠦ᠋ᠨ᠎ᠲᠠᠢ ᠳᠤᠰᠤᠯᠭ᠋ᠠᠨ ᠤᠰᠤᠯᠠᠬᠤ ᠦᠢ᠍ᠯᠡᠳᠪᠦᠷᠢ ᠪᠣᠯᠤᠨ ᠳ᠋ᠦᠩ ᠳ᠋ᠡ ᠰᠢᠨ᠎ᠡ ᠰᠣᠷᠭᠣᠭ ᠢᠳᠡᠭᠡᠨ᠎ᠤ ᠡᠷᠳᠡᠨᠢ ᠰᠢᠰᠢ ᠵᠢᠨ ᠦᠢ᠍ᠯᠡᠳᠪᠦᠷᠢ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠢᠯ᠎ᠤᠨ ᠠᠰᠢᠭ ᠣᠷᠣᠯᠭ᠎ᠠ ᠵᠢ 3.5 ᠲᠦᠮᠡᠨ ᠲᠥᠭᠥᠷᠢᠭ ᠬᠤᠪᠢᠶᠠᠵᠤ᠂ ᠳᠠᠭ᠋ᠠᠭ᠋ᠠᠴᠢᠯᠠᠭᠰᠠᠨ ᠨᠢᠭᠡᠴᠡ ᠵᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠦᠶᠯᠡᠴᠢᠯᠡᠭᠡᠨ᠎ᠤ ᠲᠥᠪ᠎ᠨᠢ ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠶᠯᠡᠰ᠎ᠤᠨ ᠨᠡᠶ᠋ᠢᠭᠡᠮᠯᠢᠭ ᠵᠡᠷᠭᠡ ᠵᠢ ᠵᠣᠬᠢᠴᠠᠭᠤᠯᠵᠤ ᠪᠠᠶ᠋ᠢᠭ᠋ᠠᠳ 5 ᠲᠦᠮᠡᠨ ᠲᠥᠭᠥᠷᠢᠭ᠎ᠤᠨ ᠪᠠᠯᠠ ᠮᠥᠩᠭᠥ ᠭᠠᠷᠭ᠋ᠠᠵᠤ ᠲᠣᠰᠬᠣᠨ᠎ᠳᠤ ᠠᠷᠠᠳ᠎ᠲᠤ ᠲᠥᠬᠥᠮ ᠦᠵᠡᠭᠦᠯᠬᠦ ᠦᠶᠯᠡᠴᠢᠯᠡᠭᠡᠨ᠎ᠤ ᠬᠡᠲᠦ ᠳᠡᠯᠭᠡᠭᠦᠷ᠎ᠤᠨ ᠲᠥᠷᠥᠯ ᠵᠦᠶᠯ᠎ᠢ ᠪᠠᠶ᠋ᠢᠭᠤᠯᠵᠤ᠂ ᠲᠠᠷᠢᠶᠠᠯᠠᠩ᠎ᠤᠨ ᠦᠶᠯᠡᠳᠪᠦᠷᠢᠯᠡᠯ᠎ᠤᠨ ᠬᠡᠷᠡᠭᠰᠡᠯ᠎ᠤᠨ ᠨᠢᠭᠡᠳᠦᠯᠲᠡᠶ ᠬᠤᠳᠠᠯᠳᠤᠨ ᠠᠪᠬᠤ ᠪᠠ ᠪᠣᠷᠣᠯᠠᠭᠤᠯᠬᠤ ᠦᠶᠯᠡᠴᠢᠯᠡᠭᠡ ᠵᠢ ᠠᠭᠤᠰᠤᠯᠴᠠᠭᠤᠯᠤᠨ᠂ ᠬᠡᠲᠦ ᠳᠡᠯᠭᠡᠭᠦᠷ᠎ᠤᠨ ᠵᠢᠯ᠎ᠤᠨ ᠡᠵᠡᠩᠨᠡᠯᠲᠡ ᠵᠢᠨ ᠴᠢᠨᠠᠷᠲᠠᠶ ᠣᠷᠣᠯᠭ᠎ᠠ᠎ᠨᠢ 20 ᠭᠠᠷᠤᠶ ᠲᠦᠮᠡᠨ ᠲᠥᠭᠥᠷᠢᠭ ᠪᠠᠶ᠋ᠢᠵᠤ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠴᠡᠪᠡᠷ ᠣᠷᠣᠯᠭ᠎ᠠ᠎ᠨᠢ 3 ᠲᠦᠮᠡᠨ ᠲᠥᠭᠥᠷᠢᠭ ᠨᠡᠮᠡᠭᠳᠡᠬᠦ ᠵᠢ ᠪᠡᠶᠡᠯᠡᠭᠦᠯᠪᠡ᠃ ᠥᠪᠥᠷ ᠮᠣᠩᠭᠣᠯ᠎ᠤᠨ ᠱᠠᠨ ᠰᠢ ᠵᠢᠨ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠺᠣᠮᠫᠠᠨᠢ᠎ᠲᠠᠢ ᠵᠣᠬᠢᠴᠠᠭᠤᠯᠤᠨ 2 ᠲᠦᠮᠡᠨ ᠲᠥᠭᠥᠷᠢᠭ᠎ᠤᠨ ᠳᠡᠮᠵᠢᠯᠭᠡ ᠦᠵᠡᠭᠦᠯᠵᠦ ᠪᠠᠶ᠋ᠢᠭ᠋ᠠᠳ ᠲᠣᠰᠬᠣᠨ᠎ᠳᠤ ᠬᠣᠭᠣᠯᠠᠨ ᠭᠡᠷ ᠪᠠᠶ᠋ᠢᠭᠤᠯᠬᠤ᠎ᠪᠠᠷ ᠪᠠᠶ᠋ᠢᠭ᠎ᠠ ᠲᠦᠷᠦᠯ ᠵᠦᠢ᠍ᠯ᠎ᠢ ᠰᠢᠯᠵᠢᠭᠦᠯᠦᠨ ᠲᠦᠷᠢᠶᠡᠰᠦᠯᠡᠭᠦᠯᠵᠦ ᠳᠠᠭ᠋ᠠᠭ᠋ᠠᠴᠢᠯᠠᠨ ᠡᠵᠡᠩᠨᠡᠭᠦᠯᠬᠦ ᠵᠢᠨ ᠬᠠᠮᠲᠤ ᠪᠡᠯᠡ ᠮᠥᠩᠭᠥ ᠴᠤᠭᠯᠠᠭᠤᠯᠤᠨ ᠲᠤᠭᠤᠯ ᠬᠤᠳᠠᠯᠳᠤᠨ ᠠᠪᠴᠤ ᠲᠣᠰᠬᠣᠨ᠎ᠤ ᠬᠤᠷᠰᠢᠶ᠎ᠠ ᠵᠢᠨ ᠦᠬᠡᠷ ᠲᠡᠵᠢᠭᠡᠬᠦ ᠲᠤᠮᠤ ᠡᠷᠦᠬᠡ ᠯᠢ ᠹᠸᠢ ᠯᠢᠨ ᠵᠶ᠋ᠠᠷ ᠣᠷᠣᠯᠠᠨ ᠲᠡᠵᠢᠭᠡᠯᠭᠡᠵᠦ᠂ ᠶᠠᠳᠠᠭᠤ᠎ᠠᠴᠠ ᠠᠩᠭᠢᠵᠢᠷᠠᠭᠰᠠᠨ ᠡᠷᠦᠬᠡ᠎ᠲᠠᠢ ᠤᠷᠳᠤ ᠬᠤᠭᠤᠴᠠᠭ᠋ᠠᠨ᠎ᠤ ᠪᠦᠲᠦᠮᠵᠢᠲᠡᠢ ᠠᠰᠢᠭ ᠲᠤᠰᠠ ᠵᠢᠨ ᠬᠣᠯᠪᠣᠯᠳᠤᠭᠰᠠᠨ ᠲᠣᠭᠲᠠᠴᠠ ᠵᠢ ᠪᠠᠶ᠋ᠢᠭᠤᠯᠵᠤ᠂ ᠤᠨᠴᠠᠯᠢᠭᠳᠤ ᠵᠠᠬᠢᠶᠠᠯᠠᠭ᠎ᠠ ᠵᠢᠨ ᠲᠠᠷᠢᠶᠠᠯᠠᠩ᠎ᠢ ᠰᠦᠪᠡᠭᠴᠢᠯᠡᠨ ᠥᠷᠨᠢᠭᠦᠯᠦᠨ᠎ᠡ᠃ ᠲᠣᠰᠬᠣᠨ᠎ᠤ ᠬᠤᠷᠰᠢᠶ᠎ᠠ᠎ᠨᠢ ᠳ᠋ᠦᠩ ᠳ᠋ᠡ ᠪᠦᠯᠦᠭᠯᠡᠯ᠎ᠲᠠᠢ ᠰᠢᠨ᠎ᠡ ᠰᠣᠷᠭᠣᠭ ᠢᠳᠡᠭᠡᠨ᠎ᠤ ᠡᠷᠳᠡᠨᠢ ᠰᠢᠰᠢ ᠵᠢᠨ ᠵᠠᠬᠢᠶᠠᠯᠠᠭ᠎ᠠ ᠵᠢᠨ ᠬᠠᠭᠤᠳᠠᠰᠤ᠎ᠳᠤ ᠭᠠᠷᠤᠨ ᠦᠰᠦᠭ ᠵᠢᠷᠤᠵᠤ᠂ ᠰᠢᠨ᠎ᠡ ᠰᠣᠷᠭᠣᠭ ᠢᠳᠡᠭᠡᠨ᠎ᠤ ᠡᠷᠳᠡᠨᠢ ᠰᠢᠰᠢ ᠲᠠᠷᠢᠵᠤ᠂ ᠳ᠋ᠦᠩ ᠳ᠋ᠡ ᠪᠦᠯᠦᠭᠯᠡᠯ᠎ᠤᠨ᠎ᠬᠢᠨ ᠡᠷᠳᠡᠨᠢ ᠰᠢᠰᠢ ᠵᠢᠨ ᠰᠢᠳᠠᠮᠢ ᠬᠤᠷᠢᠶᠠᠨ ᠠᠪᠬᠤ ᠵᠢ ᠬᠠᠷᠢᠭᠤᠴᠠᠵᠤ᠂ ᠠᠰᠢᠭ ᠬᠣᠨᠵᠢᠪᠣᠷᠢ᠎ᠨᠢ ᠨᠡᠯᠢᠶᠡᠳ ᠰᠠᠢ᠍ᠢ᠍ᠨ ᠪᠣᠯᠤᠭᠰᠠᠨ᠎ᠤ ᠳᠠᠷᠠᠭ᠎ᠠ ᠲᠠᠷᠢᠬᠤ ᠬᠡᠪᠴᠢ᠊ ᠢᠡᠪᠠᠨ ᠥᠷᠭᠡᠳᠬᠡᠬᠦ ᠵᠢ ᠤᠬᠠᠭᠤᠯᠤᠨ ᠳᠡᠯᠭᠡᠷᠡᠭᠦᠯᠵᠡᠢ᠃ ᠲᠣᠰᠬᠣᠨ᠎ᠤ ᠨᠠᠮ᠎ᠤᠨ ᠭᠡᠰᠢᠭᠦᠨ᠎ᠤ ᠲᠠᠷᠢᠮᠠᠯ᠎ᠤᠨ ᠲᠣᠮᠣ ᠡᠷᠦᠬᠡ ᠰᠢᠨ᠎ᠡ ᠰᠣᠷᠭᠣᠭ ᠭᠠ ᠲᠤᠷᠰᠢᠨ ᠳᠠᠷᠢᠵᠤ᠂ ᠮᠡᠷᠭᠡᠵᠢᠯ᠎ᠤᠨ ᠵᠢᠯᠣᠭᠣᠳᠣᠯᠭ᠎ᠠ ᠵᠢᠨ ᠦᠶᠯᠡᠴᠢᠯᠡᠭᠡ ᠵᠢ ᠨᠢᠭᠡᠳᠬᠡᠵᠦ᠂ ᠲᠤᠷᠰᠢᠨ ᠳᠠᠷᠢᠭ᠋ᠠᠳ ᠠᠮᠵᠢᠯᠲᠠ ᠣᠯᠤᠭᠰᠠᠨ ᠠᠰᠢᠭ ᠬᠣᠨᠵᠢᠪᠣᠷᠢ ᠵᠢᠨ ᠬᠡᠪᠴᠢᠶ᠎ᠡ ᠵᠢ ᠥᠷᠭᠡᠳᠬᠡᠵᠦ ᠲᠠᠷᠢᠶᠠᠴᠢᠨ ᠡᠷᠦᠬᠡ ᠵᠢ ᠳᠠᠭ᠋ᠠᠭᠤᠯᠤᠨ ᠳᠠᠷᠢᠬᠤ᠎ᠳᠤ ᠠᠮᠠᠷ ᠪᠣᠯᠵᠠᠶ᠃ ᠲᠠᠷᠢᠶᠠᠯᠠᠩ᠎ᠤᠨ ᠨᠠᠶ᠋ᠢᠳᠠᠯᠭ᠎ᠠ᠎ᠪᠠᠷ ᠬᠠᠮᠢᠶᠠᠷᠬᠤ ᠺᠣᠮᠫᠠᠨᠢ ᠵᠢ ᠣᠷᠣᠭᠤᠯᠤᠨ ᠠᠪᠴᠢᠷᠠᠵᠤ ᠲᠠᠷᠢᠶᠠᠨ ᠭᠠᠵᠠᠷ᠎ᠢ ᠨᠠᠶ᠋ᠢᠳᠠᠯᠭ᠎ᠠ᠎ᠪᠠᠷ ᠬᠠᠮᠢᠶᠠᠷᠤᠭᠤᠯᠬᠤ ᠵᠢ ᠬᠠᠶ᠋ᠢᠨ ᠰᠦᠪᠡᠭᠴᠢᠯᠡᠵᠦ᠂ ᠬᠥᠳᠡᠯᠮᠦᠷᠢ ᠵᠢᠨ ᠬᠦᠴᠦᠨ ᠵᠶ᠋ᠠᠷ ᠪᠠᠭᠤᠷᠠᠶ ᠭᠡᠷ ᠪᠦᠯᠢ ᠪᠠ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶ᠋ᠢᠭ᠎ᠠ ᠭᠠᠴᠠᠭ᠋ᠠᠨ᠎ᠤ ᠠᠷᠠᠳ᠎ᠤᠨ ᠭᠡᠷ ᠪᠦᠯᠢ ᠵᠢᠨ ᠳᠠᠭ᠋ᠠᠭ᠋ᠠᠴᠢᠯᠠᠨ ᠬᠣᠯᠪᠣᠭ᠋ᠠᠯᠠᠭᠰᠠᠨ ᠨᠢᠭᠡᠴᠡ᠎ᠨᠢ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ᠎ᠤᠨ ᠴᠠᠬᠢᠯᠭ᠋ᠠᠨ᠂ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ᠎ᠲᠠᠢ ᠬᠠᠷᠢᠯᠴᠠᠵᠤ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠᠬᠢ ᠤᠰᠤ ᠴᠠᠬᠢᠯᠭ᠋ᠠᠨ ᠬᠡᠷᠡᠭᠯᠡᠵᠦ ᠭᠠᠳᠠᠭᠰᠢ ᠭᠠᠷᠬᠤ᠎ᠳᠤ ᠬᠦᠴᠢᠷ ᠪᠠᠶ᠋ᠢᠬᠤ ᠠᠰᠠᠭᠤᠳᠠᠯ᠎ᠢ ᠲᠦᠷᠭᠡᠨ ᠰᠢᠢ᠍ᠳᠪᠦᠷᠢᠯᠡᠵᠦ᠂ ᠲᠣᠰᠬᠣᠨ᠎ᠲᠠᠢ ᠬᠠᠮᠲᠤ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠵᠢ ᠲᠥᠯᠥᠪᠵᠢᠭᠦᠯᠵᠦ᠂ ᠲᠣᠰᠬᠣᠨ᠎ᠳᠤ ᠵᠢᠵᠢᠭ ᠬᠡᠯᠪᠡᠷᠢ ᠵᠢᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠶ᠋ᠢᠭᠤᠯᠵᠤ᠂ ᠠᠮᠤ ᠪᠤᠳᠠᠭ᠎ᠠ ᠵᠢ ᠬᠠᠲᠠᠭ᠋ᠠᠵᠤ ᠬᠤᠷᠢᠶᠠᠨ ᠬᠠᠳᠠᠭ᠋ᠠᠯᠠᠵᠤ ᠬᠠᠳᠠᠭ᠋ᠠᠯᠠᠬᠤ᠂ ᠡᠪᠡᠰᠦ ᠪᠣᠷᠳᠣᠭ᠎ᠠ ᠵᠢ ᠡᠳ᠋ᠰᠢᠭᠦᠯᠬᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ ᠬᠢᠮᠢ ᠵᠢᠨ ᠪᠤᠷᠳᠤᠭᠤᠷ ᠲᠠᠷᠢᠶᠠᠯᠠᠩ᠎ᠤᠨ ᠪᠦᠲᠦᠭᠡᠭᠳᠡᠬᠦᠨ᠎ᠢ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠪᠣᠷᠣᠯᠠᠭᠤᠯᠬᠤ ᠲᠠᠯᠠᠪᠤᠷ᠎ᠢ ᠨᠢᠭᠡ ᠴᠤᠬ᠍ᠴᠠᠵᠢᠭᠤᠯᠤᠬᠰᠠᠨ ᠲᠠᠯᠠᠪᠤᠷ ᠪᠣᠯᠭ᠋ᠠᠬᠤ᠎ᠪᠠᠷ ᠲᠥᠯᠥᠪᠯᠡᠵᠦ ᠪᠤᠢ᠃
ᠹᠸᠩ ᠱᠦᠢ ᠯᠢᠶᠠᠩ ᠪᠠᠯᠭ᠋ᠠᠰᠤᠨ᠎ᠤ ᠳᠡᠳ᠋ ᠳᠠᠷᠤᠭ᠎ᠠ ᠯᠢᠦ ᠸᠠᠨ ᠴᠧᠩ᠄ 《ᠴᠢᠶᠠᠨ ᠶᠦᠩ ᠯᠢ ᠲᠣᠰᠬᠣᠨ᠎ᠳᠤ ᠰᠠᠭᠤᠭᠰᠠᠨ᠎ᠠᠴᠠ ᠨᠠᠰᠢ ᠲᠣᠰᠬᠣᠨ᠎ᠤ ᠬᠤᠪᠢᠷᠠᠯᠲᠠ ᠮᠠᠰᠢ ᠶᠡᠬᠡ ᠪᠣᠯᠵᠠᠢ᠂ ᠲᠡᠷᠡ 〈ᠰᠡᠳᠬᠢᠯ〉 ᠵᠶ᠋ᠠᠷ ᠵᠶ᠋ᠠᠨ ᠲᠣᠰᠬᠣᠨ᠎ᠳᠤ ᠰᠠᠭᠤᠵᠤ᠂ ᠯᠠᠪᠳᠠᠭᠤᠨ ᠲᠣᠭᠲᠠᠭᠤᠨ ᠵᠶ᠋ᠠᠷ ᠤᠯᠠᠨ ᠲᠦᠮᠡᠨ᠎ᠳᠤ ᠤᠴᠢᠷ ᠶᠠᠪᠤᠳᠠᠯ ᠪᠦᠲᠦᠭᠡᠵᠦ ᠥᠭᠴᠡᠢ᠂ ᠰᠠᠨ ᠶᠠᠨ ᠵᠢᠩ ᠲᠣᠰᠬᠣᠨ᠎ᠤ ᠪᠦᠳᠦᠭᠡᠨ ᠪᠠᠶ᠋ᠢᠭᠤᠯᠤᠯᠲᠠ ᠤᠯᠠᠮ᠎ᠠᠴᠠ ᠤᠯᠠᠮ ᠰᠠᠶ᠋ᠢᠵᠢᠷᠠᠵᠤ᠂ ᠲᠣᠰᠬᠣᠨ᠎ᠤ ᠠᠷᠠᠳ ᠤᠯᠠᠮ᠎ᠠᠴᠠ ᠤᠯᠠᠮ ᠪᠠᠶᠠᠵᠢᠬᠤ ᠵᠢ ᠪᠢᠳᠡ ᠬᠦᠰᠡᠵᠦ ᠪᠠᠶ᠋ᠢᠨ᠎ᠠ》 ᠭᠡᠵᠦ ᠬᠡᠯᠡᠪᠡ᠃