ᠴᠢ ᠰᠢᠶᠤᠤ ᠵᠢᠩ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠡᠪᠯᠡᠯ᠎ᠤᠨ ᠬᠣᠷᠢᠶ᠎ᠠ ᠵᠢᠨ ᠲᠤᠰᠢᠶᠠᠯ ᠬᠠᠪᠰᠤᠷᠭ᠋ᠠᠭᠰᠠᠨ ᠳᠡᠳ᠋ ᠱᠦᠵᠢ᠂ ᠬᠣᠷᠴᠢᠨ ᠪᠠᠯᠭ᠋ᠠᠰᠤᠨ᠎ᠤ ᠨᠤᠲᠤᠭ᠎ᠤᠨ ᠴᠢᠳᠠᠪᠤᠷᠢᠲᠠᠨ᠎ᠢ ᠨᠡᠪᠴᠢᠭᠦᠯᠬᠦ ᠲᠥᠪ᠎ᠤᠨ ᠬᠠᠷᠢᠭᠤᠴᠠᠯᠭ᠋ᠠᠲᠠᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠳᠡᠯᠭᠡᠨ ᠦᠵᠡᠭᠦᠯᠬᠦ ᠲᠠᠷᠢᠮᠠᠯ᠎ᠤᠨ ᠲᠤᠰᠬᠠᠶ ᠬᠣᠷᠰᠢᠶ᠎ᠠ ᠵᠢᠨ ᠬᠠᠷᠢᠭᠤᠴᠠᠯᠭ᠋ᠠᠲᠠᠨ᠃ ᠲᠡᠷᠡ ᠬᠥᠳᠡᠭᠡ ᠲᠣᠰᠬᠣᠨ᠎ᠳᠤ ᠠᠷᠪᠠᠨ ᠬᠡᠳᠦᠨ ᠵᠢᠯ ᠦᠨᠳᠦᠰᠦ ᠬᠠᠳᠬᠤᠵᠤ᠂ ᠦᠢ᠍ᠯᠡᠰ ᠪᠤᠰᠬᠠᠬᠤ᠂ ᠪᠠᠶᠠᠵᠢᠯ᠎ᠢ ᠳᠠᠭ᠋ᠠᠭᠤᠯᠬᠤ᠂ ᠬᠥᠮᠦᠨ᠎ᠢ ᠬᠥᠮᠦᠵᠢᠭᠦᠯᠬᠦ᠎ᠪᠠᠷ ᠴᠢᠷᠮᠠᠶ᠋ᠢᠵᠤ᠂ ᠤᠷᠢᠳ ᠬᠣᠵᠢᠳ ᠬᠠᠮᠤᠭ᠎ᠤᠨ ᠭᠤᠶᠤ ᠦᠨᠳᠦᠰᠦᠨ ᠱᠠᠲᠤᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ ᠰᠤᠷᠤᠭᠴᠢ᠂ ᠪᠦᠬᠦ ᠤᠯᠤᠰ᠎ᠤᠨ 《3 · 8》 ᠵᠢᠨ ᠤᠯᠠᠭ᠋ᠠᠨ ᠲᠤᠭᠴᠢ᠂ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠡᠷᠢᠭᠦᠨ᠎ᠤ ᠬᠤᠪᠢ ᠬᠥᠮᠦᠨ ᠵᠡᠷᠭᠡ ᠢᠷᠠᠭᠤ ᠠᠯᠳᠠᠷ᠎ᠢ ᠬᠦᠷᠳᠡᠪᠡ᠃
12 ᠳ᠋ᠤᠭ᠋ᠠᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠴᠢ ᠰᠢᠶᠤᠤ ᠵᠢᠩ ᠨᠤᠲᠤᠭ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠷᠴᠢᠨ ᠪᠠᠯᠭ᠋ᠠᠰᠤᠨ᠎ᠳᠠᠭᠠᠨ ᠬᠠᠷᠢᠵᠤ᠂ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠭᠤᠨ᠎ᠢ ᠲᠤᠬᠠᠶ ᠵᠢᠨ ᠭᠠᠵᠠᠷ᠎ᠤᠨ ᠬᠥᠳᠡᠭᠡ ᠲᠣᠰᠬᠣᠨ᠎ᠤ ᠣᠯᠠᠨ ᠲᠦᠮᠡᠨ᠎ᠳᠤ ᠳᠠᠮᠵᠢᠭᠤᠯᠵᠠᠶ᠃ ᠤᠬᠠᠭᠤᠯᠤᠨ ᠲᠠᠶ᠋ᠢᠯᠪᠤᠷᠢᠯᠠᠬᠤ᠎ᠳᠠᠭᠠᠨ᠂ ᠲᠡᠷᠡ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠪᠣᠯᠤᠨ ᠨᠤᠲᠤᠭ᠎ᠤᠨ ᠴᠢᠳᠠᠪᠤᠷᠢᠲᠠᠨ᠎ᠢ ᠨᠡᠪᠴᠢᠭᠦᠯᠬᠦ᠎ᠲᠠᠢ ᠤᠶᠠᠯᠳᠤᠭᠤᠯᠤᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠎ᠳᠤ ᠲᠠᠶ᠋ᠢᠯᠤᠮᠵᠢ ᠬᠢᠵᠡᠢ᠃ ᠲᠡᠭᠦᠨ᠎ᠤ ᠦᠭᠡ ᠬᠡᠯᠡ᠎ᠨᠢ ᠠᠮᠢᠳᠤ ᠴᠣᠪᠣᠭᠣᠯᠢᠭ ᠪᠥᠭᠡᠳ ᠣᠯᠠᠨ ᠲᠦᠮᠡᠨ᠎ᠲᠠᠢ ᠣᠶ᠋ᠢᠷᠠᠳᠴᠤ᠂ ᠨᠤᠲᠤᠭ᠎ᠤᠨ ᠠᠬ᠎ᠠ ᠳᠡᠭᠦᠦ ᠨᠡᠷ᠎ᠨᠢ ᠮᠠᠰᠢ ᠲᠠᠭ᠋ᠠᠲᠠᠶ ᠰᠣᠨᠣᠰᠳᠠᠵᠤ ᠪᠠᠶ᠋ᠢᠯ᠎ᠠ᠃
ᠴᠢ ᠰᠢᠶᠤᠤ ᠵᠢᠩ ᠲᠠᠷᠢᠶᠠᠴᠢᠨ ᠠᠶ᠋ᠢᠯ᠎ᠳᠤ ᠲᠦᠷᠦᠵᠠᠢ᠂ ᠶᠠᠳᠠᠭᠤ ᠬᠣᠴᠣᠷᠤᠩᠭᠤᠢ᠎ᠨᠢ ᠲᠡᠭᠦᠨ᠎ᠤ ᠦᠰᠦᠨ ᠪᠣᠶ᠋ᠢᠵᠢᠯᠲᠠ ᠵᠢᠨ ᠳᠤᠮᠳᠠᠬᠢ ᠬᠠᠮᠤᠭ᠎ᠤᠨ ᠭᠦᠨ ᠰᠠᠭᠤᠭᠳᠠᠯ ᠪᠣᠯᠤᠨ᠎ᠠ᠃ 2004 ᠣᠨ᠎ᠳᠤ ᠲᠡᠷᠡ ᠪᠦᠬᠦ ᠲᠣᠰᠬᠣᠨ᠎ᠤ ᠬᠠᠮᠤᠭ ᠠᠩᠬᠠᠨ᠎ᠤ ᠣᠶᠤᠲᠠᠨ ᠪᠣᠯᠵᠤ᠂ ᠠᠶ᠋ᠢᠯ ᠰᠠᠭ᠋ᠠᠬᠠᠯᠲᠠ᠎ᠪᠠᠷ ᠵᠶ᠋ᠠᠨ ᠵᠣᠭᠣᠰ ᠴᠤᠭᠯᠠᠭᠤᠯᠵᠤ ᠰᠤᠷᠤᠯᠭ᠎ᠠ᠎ᠪᠠᠨ ᠲᠡᠭᠦᠰᠬᠡᠵᠡᠶ᠃ ᠶᠡᠬᠡ ᠰᠤᠷᠭ᠋ᠠᠭᠤᠯᠢ᠎ᠪᠠᠨ ᠲᠡᠭᠦᠰᠦᠭᠰᠡᠨ᠎ᠤ ᠲᠠᠷᠠᠭ᠎ᠠ᠂ ᠨᠤᠲᠤᠭ᠎ᠤᠨ ᠠᠬ᠎ᠠ ᠳᠡᠭᠦᠦ ᠨᠡᠷ ᠵᠶ᠋ᠠᠨ ᠬᠠᠪᠰᠤᠷᠴᠤ ᠵᠣᠪᠠᠭᠤᠷᠢ ᠵᠦᠳᠡᠭᠦᠷᠢ ᠵᠢ ᠠᠮᠰᠠᠬᠤ ᠬᠤᠪᠢ ᠵᠠᠶᠠᠭᠠᠠᠴᠠᠨᠢ ᠠᠩᠭᠢᠵᠢᠷᠠᠭᠤᠯᠬᠤ᠎ᠨᠢ ᠴᠢ ᠰᠢᠶᠤᠤ ᠵᠢᠩ᠎ᠤᠨ ᠬᠠᠮᠤᠭ᠎ᠤᠨ ᠴᠢᠩᠭ᠎ᠠ ᠬᠦᠰᠡᠯ ᠡᠷᠡᠮᠡᠯᠵᠡᠯ ᠪᠣᠯᠤᠭᠰᠠᠨ ᠪᠠᠶ᠋ᠢᠨ᠎ᠠ᠃ 2009 ᠣᠨ᠎ᠠᠴᠠ ᠨᠠᠰᠢ ᠴᠢ ᠰᠢᠶᠤᠤ ᠵᠢᠩ ᠬᠣᠷᠴᠢᠨ ᠪᠠᠯᠭ᠋ᠠᠰᠤᠨ᠎ᠳᠤ ᠪᠤᠴᠠᠵᠤ 4 ᠵᠢᠯ ᠣᠶᠤᠲᠠᠨ ᠭᠠᠴᠠᠭ᠋ᠠᠨ ᠳᠠᠷᠤᠭ᠎ᠠ ᠪᠣᠯᠵᠠᠶ᠃ ᠰᠡᠭᠦᠯᠡᠷ᠎ᠨᠢ ᠲᠡᠷᠡ ᠭᠡᠷ᠎ᠤᠨ ᠬᠥᠮᠦᠰ᠎ᠤᠨ ᠵᠶ᠋ᠠᠨ ᠡᠰᠡᠷᠭᠦᠴᠡᠯ᠎ᠢ ᠬᠠᠶ᠋ᠢᠬᠤᠷᠤᠯ ᠦᠭᠡᠢ᠎ᠪᠠᠷ ᠨᠥᠬᠥᠷ᠎ᠲᠠᠢ᠎ᠪᠠᠨ ᠬᠠᠮᠲᠤ ᠬᠣᠷᠴᠢᠨ ᠪᠠᠯᠭ᠋ᠠᠰᠤᠨ᠎ᠤ ᠫᠢᠩ ᠠᠨ ᠲᠣᠰᠬᠣᠨ᠎ᠳᠤ ᠦᠯᠡᠳᠡᠵᠦ ᠦᠢ᠍ᠯᠡᠰ ᠪᠤᠰᠬᠠᠵᠦ᠂ ᠬᠣᠶᠠᠷ ᠬᠦᠯᠡᠮᠵᠢ ᠵᠢ ᠲᠦᠷᠢᠶᠡᠰᠦᠯᠡᠨ ᠢᠳᠡᠰᠢᠨ᠎ᠤ ᠮᠥᠭᠥ ᠵᠢ ᠲᠠᠷᠢᠵᠠᠢ᠃ ᠲᠠᠷᠠᠭ᠎ᠠ ᠵᠢᠯ᠎ᠳᠤᠨᠢ ᠲᠡᠷᠡ ᠪᠠᠰᠠ ᠦᠢ᠍ᠯᠡᠴᠢᠯᠡᠭᠡᠨ᠎ᠤ ᠬᠤᠭᠤᠴᠠᠭ᠎ᠠ᠎ᠨᠢ ᠳᠦᠭᠦᠷᠦᠭᠰᠡᠨ ᠪᠤᠰᠤᠳ 4 ᠣᠶᠤᠲᠠᠨ ᠭᠠᠴᠠᠭ᠋ᠠᠨ ᠳᠠᠷᠤᠭ᠎ᠠ᠎ᠲᠠᠢ ᠬᠠᠮᠲᠤᠷᠠᠨ ᠲᠤᠰᠬᠠᠶ ᠠᠵᠢᠯ᠎ᠤᠨ ᠬᠤᠷᠰᠢᠶ᠎ᠠ ᠪᠠᠶ᠋ᠢᠭᠤᠯᠵᠠᠶ᠃ ᠬᠤᠷᠰᠢᠶ᠎ᠠ᠎ᠨᠢ ᠤᠨᠴᠠᠯᠢᠬᠳᠤ ᠲᠠᠷᠢᠮᠠᠯ ᠲᠠᠷᠢᠬᠤ ᠪᠠ ᠲᠡᠭᠦᠵᠦ ᠰᠣᠨᠢᠷᠬᠠᠬᠤ ᠵᠢ ᠭᠣᠣᠯᠯᠠᠨ ᠡᠵᠡᠩᠨᠡᠵᠦ᠂ 《ᠵᠢᠭᠦᠷ ᠵᠶ᠋ᠠᠨ ᠳᠡᠯᠭᠡᠨ ᠦᠵᠡᠭᠦᠯᠬᠦ》 ᠭᠡᠰᠡᠨ ᠨᠡᠷ᠎ᠡ᠎ᠲᠠᠢ ᠪᠠᠶ᠋ᠢᠵᠤ᠂ ᠳᠠᠯᠠᠪᠴᠢ᠎ᠨᠢ ᠤᠯᠠᠮ ᠵᠶ᠋ᠠᠷ ᠡᠯᠪᠡᠭᠵᠢᠭᠰᠡᠨ ᠤᠶᠤᠲᠠᠳ᠎ᠤᠨ ᠬᠥᠳᠡᠭᠡ ᠲᠣᠰᠬᠣᠨ᠎ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠦᠢ᠍ᠯᠡᠳᠦᠯ ᠭᠠᠷᠭ᠋ᠠᠬᠤ ᠵᠢ ᠪᠡᠯᠭᠡᠳᠡᠵᠡᠢ᠃
ᠤᠢ᠍ᠢ᠍ᠷ᠎ᠠ ᠵᠢᠨ ᠬᠡᠳᠦᠨ ᠵᠢᠯ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢ ᠲᠠᠭ᠋ᠠᠯᠳᠤᠨ᠂ ᠨᠤᠲᠤᠭ ᠤᠰᠤᠨ᠎ᠤ ᠬᠤᠪᠢᠷᠠᠯᠲᠠ ᠲᠩᠷᠢ ᠭᠠᠵᠠᠷ᠎ᠢ ᠳᠣᠩᠰᠣᠯᠭ᠋ᠠᠮ᠎ᠠ ᠪᠤᠯᠵᠤ᠂ ᠬᠤᠷᠰᠢᠶ᠎ᠠ ᠴᠤ᠌ ᠡᠳᠦᠷ ᠢᠷᠡᠬᠦᠶ᠎ᠡ ᠪᠤᠵᠠᠭ᠋ᠠᠶ᠋ᠢᠷᠠᠵᠤ᠂ ᠬᠠᠮᠤᠭ᠎ᠤᠨ ᠡᠬᠢᠨ᠎ᠤ ᠡᠷ᠎ᠡ ᠡᠮ᠎ᠡ 2 ᠬᠥᠮᠦᠨ 2 ᠬᠦᠯᠡᠮᠵᠢ᠎ᠲᠠᠢ ᠪᠠᠶ᠋ᠢᠭᠰᠠᠨ᠎ᠠᠴᠠ᠎ᠪᠠᠨ ᠤᠳᠤ ᠵᠢᠨ 31 ᠭᠡᠰᠢᠭᠦᠨ᠎ᠲᠠᠢ᠂ ᠬᠤᠪᠢ ᠵᠢᠨ 35 ᠬᠦᠯᠡᠮᠵᠢ᠎ᠲᠠᠢ᠂ 78 ᠭᠡᠷ᠎ᠡ ᠲᠣᠭᠲᠠᠭᠰᠠᠨ ᠬᠦᠯᠡᠮᠵᠢ᠎ᠲᠠᠢ᠂ 12 ᠪᠦᠲᠦᠭᠡᠭᠳᠡᠬᠦᠨ᠎ᠤ ᠰᠠᠭᠤᠷᠢᠨ᠎ᠲᠠᠢ ᠪᠤᠯᠵᠤ᠂ ᠵᠢᠯ᠎ᠤᠨ ᠣᠷᠣᠯᠭ᠎ᠠ᠎ᠨᠢ 300 ᠲᠦᠮᠡᠨ ᠲᠥᠭᠥᠷᠢᠭ᠎ᠢ ᠳᠠᠪᠠᠭᠰᠠᠨ ᠪᠠᠶ᠋ᠢᠨ᠎ᠠ᠃
ᠨᠢᠭᠡ ᠬᠥᠮᠦᠨ ᠪᠠᠶᠠᠵᠢᠭᠰᠠᠨ᠎ᠨᠢ ᠪᠠᠶᠠᠵᠢᠭᠰᠠᠨ᠎ᠳᠤ ᠲᠣᠭ᠋ᠠᠴᠠᠭᠳᠠᠬᠤ ᠦᠭᠡᠢ᠂ ᠴᠢ ᠰᠢᠶᠤᠤ ᠵᠢᠩ ᠲᠤᠬᠠᠢ ᠵᠢᠨ ᠦᠶ᠎ᠡ᠎ᠳᠤ ᠨᠤᠲᠤᠭ᠎ᠲᠠᠭᠠᠨ ᠬᠠᠷᠢᠵᠤ ᠢᠷᠡᠭᠰᠡᠨ ᠠᠩᠬᠠᠨ᠎ᠤ ᠬᠦᠰᠡᠯ ᠵᠶ᠋ᠠᠨ ᠢᠮᠠᠭᠲᠠ ᠴᠡᠭᠡᠵᠢᠯᠡᠭᠰᠡᠭᠡᠷ ᠢᠷᠡᠵᠠᠢ᠃ ᠬᠤᠷᠰᠢᠶ᠎ᠠ ᠵᠥᠪ ᠵᠠᠮ᠎ᠳᠠᠭᠠᠨ ᠣᠷᠣᠮᠠᠭᠴᠠ᠂ ᠲᠡᠷᠡ ᠳᠠᠷᠤᠶ ᠶᠠᠭ᠋ᠠᠬᠢᠪᠠᠯ ᠰᠠᠶᠢ ᠨᠤᠲᠤᠭ᠎ᠤᠨ ᠠᠬ᠎ᠠ ᠳᠡᠭᠦᠦ ᠨᠡᠷ ᠵᠶ᠋ᠠᠨ ᠳᠠᠭ᠋ᠠᠭᠤᠯᠵᠤ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ ᠵᠢ ᠪᠣᠳᠣᠯᠬᠢᠯᠠᠵᠤ ᠡᠬᠢᠯᠡᠵᠡᠶ᠃ ᠫᠢᠩ ᠠᠨ ᠲᠣᠰᠬᠣᠨ᠎ᠤ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠵᠢᠨ ᠣᠯᠠᠩᠬᠢ᠎ᠨᠢ ᠡᠪᠡᠳᠴᠢᠨ᠎ᠠᠴᠠ ᠪᠤᠯᠵᠤ ᠶᠠᠳᠠᠭᠤᠷᠠᠵᠤ᠂ ᠪᠠᠭᠤᠷᠠᠢ᠎ᠠᠴᠠ ᠪᠤᠯᠵᠤ ᠶᠠᠳᠠᠭᠤᠷᠠᠵᠤ᠂ ᠪᠠᠭᠤᠷᠠᠢ ᠬᠥᠳᠡᠯᠮᠦᠷᠢ ᠬᠦᠴᠦᠨ᠎ᠢ ᠪᠠᠶ᠋ᠢᠩᠭᠤ ᠰᠠᠭᠤᠭ᠎ᠠ ᠬᠥᠮᠦᠨ ᠠᠮᠠ ᠵᠢᠨ 90%᠎ᠠᠴᠠ ᠳᠡᠭᠡᠭᠰᠢᠬᠢ ᠵᠢ ᠡᠵᠡᠯᠡᠵᠦ ᠪᠤᠢ᠃ ᠡᠶ᠋ᠢᠮᠦ᠎ᠠᠴᠠ ᠵᠠᠨ ᠢ ᠬᠣᠷᠰᠢᠶᠠᠨ᠎ᠤ᠎ᠬᠢᠨ ᠲᠣᠰᠬᠣᠨ᠎ᠤ ᠠᠷᠠᠳ᠎ᠲᠤ 《ᠲᠠᠬᠢᠶ᠎ᠠ ᠵᠢᠭᠡᠯᠡᠵᠦ ᠲᠠᠬᠢᠶ᠎ᠠ ᠵᠢ ᠪᠤᠴᠠᠭ᠋ᠠᠬᠤ》 《ᠲᠠᠬᠢᠶ᠎ᠠ ᠵᠢᠭᠡᠯᠡᠵᠦ ᠥᠨᠳᠡᠭᠡ ᠵᠢ ᠪᠤᠴᠠᠭ᠋ᠠᠬᠤ》 《ᠴᠢᠬᠢ ᠵᠢᠭᠡᠯᠡᠵᠦ ᠮᠢᠬ᠎ᠠ ᠵᠢ ᠪᠤᠴᠠᠭ᠋ᠠᠬᠤ》 《ᠵᠠᠬᠢᠶᠠᠯᠠᠭ᠎ᠠ ᠵᠢᠨ ᠬᠠᠭᠤᠳᠠᠰᠤ ᠵᠢ ᠬᠦᠷᠢᠶᠡᠨ᠎ᠳᠤ ᠬᠦᠷᠭᠡᠬᠦ》 ᠵᠡᠷᠭᠡ ᠪᠠᠶᠠᠵᠢᠯ᠎ᠤᠨ ᠵᠠᠭᠪᠤᠷ᠎ᠢ ᠲᠥᠯᠥᠪᠯᠡᠵᠦ ᠥᠭᠴᠡᠶ᠃ ᠠᠰᠢᠭ ᠬᠦᠷᠲᠡᠭᠰᠡᠨ ᠲᠣᠰᠬᠣᠨ᠎ᠤ ᠠᠷᠠᠳ ᠨᠢᠭᠡ᠎ᠠᠴᠠ ᠠᠷᠪᠠ᠂ ᠠᠷᠪᠠ᠎ᠠᠴᠠ ᠵᠠᠭᠤ᠎ᠪᠠᠷ ᠳᠠᠮᠵᠢᠵᠤ᠂ ᠵᠠᠨ ᠢ ᠬᠣᠷᠰᠢᠶᠠᠵᠢᠯ᠎ᠤᠨ ᠶᠠᠳᠠᠭᠤ ᠬᠦᠴᠢᠷᠳᠡᠯᠲᠡᠢ ᠡᠷᠦᠬᠡ ᠵᠢ ᠬᠠᠪᠰᠤᠷᠤᠭᠰᠠᠨ ᠴᠢᠮᠡᠭᠡ ᠵᠢ ᠲᠠᠪᠤᠨ ᠰᠢᠶᠠᠩ ᠨᠠᠢ᠍ᠮᠠᠨ ᠲᠣᠰᠬᠣᠨ᠎ᠳᠤ ᠳᠠᠮᠵᠢᠭᠤᠯᠵᠤ᠂ ᠤᠯᠠᠮ᠎ᠠᠴᠠ ᠤᠯᠠᠮ ᠤᠯᠠᠨ ᠶᠠᠳᠠᠭᠤ ᠬᠦᠴᠢᠷᠳᠡᠯᠲᠡᠢ ᠡᠷᠦᠬᠡ ᠰᠠᠨᠠᠭ᠋ᠠᠴᠢᠯᠠᠭ᠎ᠠ᠎ᠠᠴᠠ᠎ᠪᠠᠨ ᠡᠷᠢᠵᠦ ᠢᠷᠡᠭᠰᠡᠨ ᠪᠠᠶ᠋ᠢᠨ᠎ᠠ᠃ ᠬᠤᠷᠰᠢᠶ᠎ᠠ᠎ᠨᠢ 416 ᠡᠷᠦᠬᠡ ᠲᠠᠷᠢᠶᠠᠴᠢᠨ ᠡᠷᠦᠬᠡ᠎ᠲᠠᠢ ᠭᠡᠷ᠎ᠡ ᠲᠣᠭᠲᠠᠵᠤ᠂ ᠡᠷᠦᠬᠡ ᠪᠦᠷᠢ ᠵᠢᠨ ᠣᠷᠣᠯᠭ᠎ᠠ ᠵᠢ ᠳᠤᠮᠳᠠᠴᠢ᠎ᠪᠠᠷ 1200 ᠲᠥᠭᠥᠷᠢᠭ ᠨᠡᠮᠡᠭᠳᠡᠭᠦᠯᠵᠡᠶ᠃ ᠬᠡᠳᠦᠨ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠴᠢ ᠰᠢᠶᠤᠤ ᠵᠢᠩ ᠨᠤᠲᠤᠭ᠎ᠤᠨ ᠠᠬ᠎ᠠ ᠳᠡᠭᠦᠦ ᠨᠡᠷ ᠵᠶ᠋ᠠᠨ ᠳᠠᠭ᠋ᠠᠭᠤᠯᠤᠨ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠠᠶ᠋ᠢᠴᠢᠯᠠᠬᠤ ᠰᠠᠷᠠᠭᠤᠯ ᠳᠠᠷᠳᠠᠩ ᠵᠠᠮ᠎ᠢ ᠨᠡᠭᠡᠭᠡᠵᠡᠢ᠃ ᠵᠣᠯ ᠵᠶ᠋ᠠᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠳᠤ ᠴᠢ ᠰᠢᠶᠤᠤ ᠵᠢᠩ ᠮᠠᠰᠢ ᠰᠡᠳᠬᠢᠯ ᠳᠣᠭᠳᠣᠯᠵᠤ᠂ ᠮᠠᠰᠢ ᠪᠠᠶᠠᠷᠯᠠᠪᠠ᠃ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠢᠯᠡᠳᠬᠡᠯ᠎ᠳᠤ᠂ 《ᠬᠥᠳᠡᠭᠡ ᠲᠣᠰᠬᠣᠨ᠎ᠤ ᠠᠵᠤ ᠦᠢ᠍ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶ᠋ᠢᠭᠤᠯᠤᠯᠲᠠ ᠵᠡᠷᠭᠡ ᠵᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ》 ᠭᠡᠵᠦ ᠳᠤᠷᠠᠳᠴᠠᠢ᠂ ᠡᠨᠡ᠎ᠨᠢ ᠲᠡᠭᠦᠨ᠎ᠤ ᠰᠡᠳᠬᠢᠯ᠎ᠤᠨ ᠦᠭᠡ ᠵᠢ ᠶᠠᠷᠢᠵᠠᠢ᠃ ᠴᠢ ᠰᠢᠶᠤᠤ ᠵᠢᠩ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠵᠠᠩᠭᠢᠯᠠᠭ᠎ᠠ᠎ᠨᠢ ᠴᠢᠳᠠᠪᠤᠷᠢᠲᠠᠨ᠎ᠳᠤ ᠪᠠᠶ᠋ᠢᠨ᠎ᠠ᠂ ᠬᠠᠮᠤᠭ᠎ᠤᠨ ᠳᠤᠲᠠᠭᠳᠠᠵᠤ ᠪᠠᠶ᠋ᠢᠭ᠎ᠠ᠎ᠨᠢ ᠮᠥᠨᠴᠦ ᠴᠢᠳᠠᠪᠤᠷᠢᠲᠠᠨ ᠪᠣᠯᠤᠨ᠎ᠠ ᠭᠡᠳᠡᠭ᠎ᠢ ᠭᠦᠨ ᠣᠶ᠋ᠢᠯᠠᠭ᠋ᠠᠵᠤ ᠪᠠᠶ᠋ᠢᠨ᠎ᠠ᠃
2019 ᠣᠨ᠎ᠳᠤ᠂ ᠬᠣᠰᠢᠭᠤᠨ᠎ᠤ ᠵᠠᠰᠠᠭ᠎ᠤᠨ ᠣᠷᠳᠣᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠷᠴᠢᠨ ᠪᠠᠯᠭ᠋ᠠᠰᠤᠨ᠎ᠤ ᠨᠤᠲᠤᠭ᠎ᠤᠨ ᠴᠢᠳᠠᠪᠤᠷᠢᠲᠠᠨ᠎ᠢ ᠨᠡᠪᠴᠢᠭᠦᠯᠬᠦ ᠲᠥᠪ᠎ᠢ ᠪᠠᠶ᠋ᠢᠭᠤᠯᠵᠤ᠂ ᠴᠢ ᠰᠢᠶᠤᠤ ᠵᠢᠩ ᠲᠥᠪ᠎ᠤᠨ ᠡᠷᠬᠢᠯᠡᠭᠴᠢ ᠵᠢᠨ ᠲᠤᠰᠢᠶᠠᠯ᠎ᠢ ᠡᠭᠦᠷᠭᠡᠯᠡᠪᠡ᠃ ᠨᠡᠪᠴᠢᠭᠦᠯᠬᠦ ᠲᠥᠪ ᠪᠣᠯ ᠳᠠᠷᠤᠶ ᠰᠢᠨ᠎ᠡ ᠲᠠᠷᠢᠶᠠᠴᠢᠨ᠎ᠢ ᠬᠥᠮᠦᠵᠢᠭᠦᠯᠬᠦ ᠲᠠᠷᠢᠶᠠᠨ ᠭᠠᠵᠠᠷ᠎ᠤᠨ ᠬᠢᠴᠢᠶᠡᠯ᠎ᠤᠨ ᠲᠠᠩᠬᠢᠮ ᠪᠣᠯᠤᠨ᠎ᠠ᠂ ᠡᠭᠦᠨ᠎ᠤ ᠵᠣᠷᠢᠯᠭ᠎ᠠ᠎ᠨᠢ ᠨᠤᠲᠤᠭ᠎ᠤᠨ ᠴᠢᠳᠠᠪᠤᠷᠢᠲᠠᠨ᠎ᠳᠤ ᠪᠥᠬᠥ ᠠᠵᠤ ᠦᠶᠯᠡᠰ᠎ᠤᠨ ᠬᠡᠯᠬᠢᠶ᠎ᠡ ᠵᠢᠨ ᠡᠵᠡᠩᠨᠡᠯᠲᠡ᠎ᠳᠤ ᠣᠷᠣᠯᠴᠠᠬᠤ ᠪᠣᠳᠠᠲᠠᠶ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠬᠠᠩᠭ᠋ᠠᠬᠤ ᠵᠢᠨ ᠲᠥᠯᠥᠭᠡ ᠶᠤᠮ᠂ ᠣᠲᠣ 3 ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠲᠠᠢ᠂ 53 ᠴᠢᠳᠠᠪᠤᠷᠢᠲᠠᠨ᠎ᠢ ᠨᠡᠪᠴᠢᠭᠦᠯᠵᠦ᠂ ᠨᠤᠲᠤᠭ᠎ᠲᠠᠭᠠᠨ ᠪᠤᠴᠠᠭᠰᠠᠨ ᠶᠡᠬᠡ ᠰᠤᠷᠭ᠋ᠠᠭᠤᠯᠢ ᠲᠡᠭᠦᠰᠦᠭᠰᠡᠨ ᠰᠣᠷᠣᠭᠴᠢ᠂ ᠴᠡᠷᠢᠭ᠎ᠠᠴᠠ ᠬᠠᠯᠠᠭᠳᠠᠭᠰᠠᠳ᠂ ᠠᠵᠢᠯ ᠬᠥᠳᠡᠯᠮᠦᠷᠢ ᠬᠢᠭᠰᠡᠳ ᠵᠶ᠋ᠠᠷ ᠭᠣᠤᠯᠯᠠᠭᠤᠯᠤᠨᠠ᠃ 《ᠮᠢᠨᠦ ᠪᠤᠳᠤᠬᠤ᠎ᠪᠠᠷ᠂ ᠪᠢ ᠥᠪᠡᠷ᠎ᠤᠨ ᠨᠤᠲᠤᠭ ᠭᠡᠬᠦ ᠡᠨᠡᠬᠦ ᠬᠠᠷ᠎ᠠ ᠬᠥᠷᠥᠰᠥᠨ᠎ᠠᠴᠠ 〈ᠨᠡᠪᠴᠢᠭᠦᠯᠵᠦ〉 ᠭᠠᠷᠴᠤ ᠢᠷᠡᠭᠰᠡᠨ ᠨᠤᠲᠤᠭ᠎ᠤᠨ ᠴᠢᠳᠠᠪᠤᠷᠢᠲᠠᠨ ᠪᠣᠯᠤᠨ᠎ᠠ᠂ ᠨᠡᠩ ᠤᠯᠠᠨ ᠰᠢᠨ᠎ᠡ ᠲᠠᠷᠢᠶᠠᠴᠢᠨ᠎ᠢ ᠬᠠᠪᠰᠤᠷᠴᠤ ᠦᠢ᠍ᠯᠡᠰ ᠪᠤᠰᠬᠠᠨ ᠴᠢᠨᠡᠭᠡᠯᠢᠭᠵᠢᠭᠦᠯᠵᠦ᠂ ᠡᠳᠡᠬᠡᠷ 〈ᠠᠯᠳᠠᠨ ᠦᠷ᠎ᠡ〉 ᠵᠢ ᠨᠤᠲᠤᠭ᠎ᠲᠠᠭᠠᠨ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠬᠠᠷᠢᠭᠤᠴᠠᠯᠭ᠎ᠠ᠎ᠲᠠᠢ ᠶᠤᠮ》᠃ ᠭᠡᠵᠦ ᠴᠢ ᠰᠢᠶᠤᠤ ᠵᠢᠩ ᠬᠡᠯᠡᠪᠡ᠃
ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠲᠠᠯ᠎ᠠ᠎ᠪᠠᠷ᠂ ᠴᠢ ᠰᠢᠶᠤᠤ ᠵᠢᠩ ᠭᠦᠨ ᠲᠦᠷᠦᠭᠳᠡᠯ᠎ᠲᠠᠢ᠄ 《ᠬᠥᠳᠡᠭᠡ ᠲᠣᠰᠬᠣᠨ᠎ᠤ ᠴᠢᠳᠠᠪᠤᠷᠢᠲᠠᠨ᠎ᠤ ᠢᠷᠡᠯᠳᠡ᠎ᠨᠢ ᠨᠡᠭᠡᠭᠡᠯᠲᠡᠲᠡᠢ᠂ ᠤᠯᠠᠨ ᠡᠰᠢ᠎ᠲᠠᠢ ᠪᠠᠶ᠋ᠢᠬᠤ ᠬᠡᠷᠡᠭᠲᠡᠢ᠂ ᠬᠥᠳᠡᠭᠡ ᠲᠣᠰᠬᠣᠨ᠎ᠳᠤ ᠬᠤᠪᠢ ᠨᠡᠮᠡᠷᠢ ᠦᠵᠡᠭᠦᠯᠬᠦ ᠳᠤᠷᠠᠲᠠᠢ ᠬᠥᠮᠦᠨ ᠪᠦᠬᠦᠨ ᠴᠥᠮ ᠬᠥᠳᠡᠭᠡ ᠲᠣᠰᠬᠣᠨ᠎ᠤ ᠴᠢᠳᠠᠪᠤᠷᠢᠲᠠᠨ ᠪᠤᠯᠵᠤ ᠪᠣᠯᠤᠨ᠎ᠠ》᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠴᠢᠳᠠᠪᠤᠷᠢᠲᠠᠨ᠎ᠤ ᠬᠡᠷᠡᠭᠴᠡᠭᠡ ᠪᠣᠯ ᠶᠡᠷᠦᠩᠬᠡᠶ᠋ᠢᠯᠡᠭᠰᠡᠨ ᠴᠢᠨᠠᠷᠲᠠᠢ ᠶᠤᠮ᠂ ᠠᠵᠤ ᠦᠢ᠍ᠯᠡᠰ᠎ᠤᠨ ᠴᠢᠳᠠᠪᠤᠷᠢᠲᠠᠨ᠂ ᠮᠡᠷᠭᠡᠵᠢᠯ᠎ᠤᠨ ᠴᠢᠳᠠᠪᠤᠷᠢᠲᠠᠨ᠂ ᠰᠣᠶᠣᠯ ᠤᠷᠠᠯᠢᠭ᠎ᠤᠨ ᠴᠢᠳᠠᠪᠤᠷᠢᠲᠠᠨ᠎ᠢ ᠱᠠᠭ᠋ᠠᠷᠳᠠᠬᠤ᠎ᠪᠠᠷ ᠪᠠᠷᠠᠬᠤ ᠦᠭᠡᠢ ᠪᠠᠰᠠ ᠪᠦᠲᠦᠭᠡᠨ ᠪᠠᠶ᠋ᠢᠭᠤᠯᠤᠯᠲᠠ ᠵᠢᠨ ᠴᠢᠳᠠᠪᠤᠷᠢᠲᠠᠨ᠂ ᠬᠠᠮᠢᠶᠠᠷᠤᠯᠲᠠ ᠵᠢᠨ ᠴᠢᠳᠠᠪᠤᠷᠢᠲᠠᠨ᠎ᠢ ᠱᠠᠭ᠋ᠠᠷᠳᠠᠨ᠎ᠠ᠃ ᠲᠠᠷᠢᠶᠠᠯᠠᠩ᠎ᠳᠤ ᠬᠣᠯᠪᠣᠭᠳᠠᠬᠤ ᠠᠵᠤ ᠠᠬᠤᠶ᠋ᠢᠯᠠᠯ᠎ᠳᠤ ᠲᠦᠰᠢᠭᠯᠡᠨ ᠥᠨᠳᠥᠷ ᠬᠡᠪ ᠴᠢᠨᠠᠷ ᠪᠦᠬᠦᠢ ᠲᠠᠷᠢᠶᠠᠴᠢᠳ᠎ᠤᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠲᠠᠷᠢᠶᠠᠴᠢᠨ ᠰᠤᠷᠤᠭᠴᠢᠳ᠎ᠢ ᠵᠣᠬᠢᠶᠠᠨ ᠪᠠᠶ᠋ᠢᠭᠤᠯᠤᠨ ᠰᠠᠭᠤᠷᠢᠨ ᠭᠠᠵᠠᠷ᠎ᠲᠤ ᠣᠴᠢᠭᠤᠯᠤᠨ ᠳᠠᠳᠤᠯᠭ᠎ᠠ ᠪᠣᠯᠪᠠᠰᠤᠷᠠᠯ᠎ᠤᠨ ᠰᠣᠷᠢᠯᠲᠠ᠂ ᠦᠵᠡᠭᠦᠯᠦᠯᠭᠡ ᠵᠢᠨ ᠰᠣᠯᠢᠯᠴᠠᠭ᠎ᠠ ᠬᠢᠯᠭᠡᠵᠦ᠂ ᠲᠣᠭ᠋ᠠᠴᠢᠯᠠᠯᠲᠠ᠂ ᠤᠶᠤᠨᠴᠢᠯᠠᠯᠳᠠ ᠵᠢᠨ ᠲᠠᠯ᠎ᠠ ᠵᠢᠨ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ ᠵᠢ ᠰᠤᠷᠤᠯᠴᠠᠭᠤᠯᠵᠤ᠂ ᠦᠢ᠍ᠯᠡᠳᠦᠯᠭᠡ ᠵᠢᠨ ᠳᠤᠮᠳᠠ ᠴᠢᠳᠠᠪᠤᠷᠢ ᠵᠢᠨ ᠬᠢᠷᠢ ᠲᠦᠪᠰᠢᠨ᠎ᠢ᠎ᠨᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠴᠢᠨ᠎ᠤ ᠰᠤᠷᠭ᠋ᠠᠨ ᠬᠥᠮᠦᠵᠢᠯ᠎ᠤᠨ ᠥᠪᠡᠷᠮᠢᠴᠡ ᠴᠢᠨᠠᠷ᠎ᠠᠴᠠ ᠡᠭᠦᠰᠴᠦ᠂ ᠲᠠᠷᠢᠶᠠᠴᠢᠨ ᠪᠠ ᠬᠥᠳᠡᠭᠡ ᠲᠣᠰᠬᠣᠨ᠎ᠤ ᠣᠨᠴᠠᠯᠢᠭᠲᠤ ᠳᠣᠭᠢᠷᠬᠠᠰᠠᠨ ᠬᠥᠮᠦᠵᠢᠭᠦᠯᠬᠦ ᠲᠥᠰᠦᠯ᠎ᠢ ᠲᠣᠭᠲᠠᠭ᠋ᠠᠬᠤ ᠬᠡᠷᠡᠭᠲᠡᠶ᠃ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠣᠷᠣᠯᠭ᠎ᠠ ᠵᠢᠨ ᠲᠦᠪᠰᠢᠨ᠂ ᠠᠮᠢᠳᠤᠷᠠᠯ᠎ᠤᠨ ᠣᠷᠴᠢᠨ ᠲᠣᠭᠣᠷᠢᠨ᠂ ᠨᠡᠶ᠋ᠢᠭᠡᠮ᠎ᠤᠨ ᠬᠦᠨᠳᠦᠳᠬᠡᠯ ᠵᠡᠷᠭᠡ ᠲᠠᠯ᠎ᠠ᠎ᠠᠴᠠ ᠨᠤᠲᠤᠭ᠎ᠤᠨ ᠴᠢᠳᠠᠪᠤᠷᠢᠲᠠᠨ᠎ᠳᠤ ᠥᠰᠦᠨ ᠪᠣᠶ᠋ᠢᠵᠢᠬᠤ ᠰᠠᠶ᠋ᠢᠨ ᠨᠥᠬᠥᠴᠡᠯ᠎ᠢ ᠬᠠᠩᠭ᠋ᠠᠵᠤ᠂ ᠲᠠᠷᠢᠶᠠᠴᠢᠳ᠎ᠢ ᠬᠥᠮᠦᠰ᠎ᠤᠨ ᠪᠠᠬᠠᠷᠬᠠᠯ᠎ᠢ ᠲᠠᠲᠠᠭᠰᠠᠨ ᠠᠵᠢᠯ ᠲᠥᠷᠥᠯ ᠪᠣᠯᠭ᠋ᠠᠬᠤ ᠬᠡᠷᠡᠭᠲᠡᠶ》 ᠭᠡᠵᠡᠶ᠃ ᠴᠢ ᠰᠢᠶᠤᠤ ᠵᠢᠩ᠂ ᠢᠷᠡᠭᠡᠳᠦᠶ᠎ᠳᠤ ᠨᠠᠩ ᠣᠯᠠᠨ ᠵᠠᠯᠠᠭᠤᠴᠤᠳ ᠮᠠᠯᠵᠢᠬᠤ ᠲᠠᠷᠢᠶᠠᠯᠠᠬᠤ ᠣᠷᠣᠨ᠎ᠳᠤ ᠢᠷᠡᠵᠦ᠂ ᠨᠤᠲᠤᠭ᠎ᠲᠠᠭᠠᠨ ᠬᠠᠷᠢᠵᠤ᠂ 《ᠵᠢᠭᠦᠷ ᠵᠶ᠋ᠠᠨ ᠳᠡᠯᠭᠡᠨ》 ᠨᠢᠰᠬᠦ ᠪᠣᠯᠤᠨ᠎ᠠ ᠭᠡᠳᠡᠭ᠎ᠢ ᠪᠠᠲᠤ ᠢᠲᠡᠭᠡᠵᠦ ᠪᠠᠶ᠋ᠢᠨ᠎ᠠ!