ᠲᠡᠷᠡ ᠲᠠᠷᠢᠶᠠᠨ ᠭᠠᠵᠠᠷ᠎ᠲᠤ ᠦᠨᠳᠦᠰᠦᠯᠡᠵᠦ᠂ ᠲᠠᠷᠢᠶᠠᠴᠢᠳ᠎ᠤᠨ ᠬᠦᠰᠡᠨ ᠡᠷᠡᠮᠡᠯᠵᠡᠵᠦ ᠪᠠᠶ᠋ᠢᠭ᠎ᠠ ᠮᠡᠷᠭᠡᠵᠢᠯ ᠵᠶ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠭᠯᠡᠯ ᠵᠶ᠋ᠠᠨ ᠪᠣᠯᠭ᠋ᠠᠵᠤ᠂ ᠲᠠᠷᠢᠶᠠᠴᠢᠳ᠎ᠤᠨ ᠨᠢᠳᠤᠨ᠎ᠳᠤ 《ᠶᠡᠷᠦᠩᠬᠡᠢ ᠰᠠᠯᠠᠭ᠋ᠠᠨ᠎ᠤ ᠲᠤᠰᠬᠠᠢ ᠮᠡᠷᠭᠡᠵᠢᠯᠲᠡᠨ》 ᠪᠣᠯᠪᠠ᠃ ᠲᠡᠷᠡ ᠭᠤᠴᠢ ᠭᠠᠷᠤᠶ ᠵᠢᠯ᠎ᠤᠨ ᠲᠤᠷᠰᠢ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠳᠤ ᠦᠶᠯᠡᠴᠢᠯᠡᠬᠦ᠎ᠪᠠᠷ ᠡᠬᠢᠯᠡᠯᠲᠡ ᠪᠠ ᠲᠡᠭᠦᠰᠬᠡᠯ ᠪᠣᠯᠭ᠋ᠠᠵᠤ᠂ ᠲᠠᠷᠢᠶᠠᠴᠢᠨ ᠡᠷᠦᠬᠡ ᠵᠢᠨ ᠬᠤᠪᠢ ᠬᠥᠮᠦᠨ᠎ᠳᠤ 《ᠵᠣᠷ》 ᠵᠠᠬᠢᠶᠠᠯᠠᠨ ᠥᠭᠴᠦ᠂ ᠲᠤᠷᠰᠢᠯᠲᠠ ᠵᠢᠨ ᠲᠠᠰᠤᠭ᠎ᠢ ᠲᠠᠷᠢᠶᠠᠨ ᠭᠠᠵᠠᠷ᠎ᠲᠤ ᠪᠠᠶ᠋ᠢᠭᠤᠯᠵᠤ᠂ ᠵᠣᠬᠢᠶᠠᠯ ᠪᠦᠲᠦᠭᠡᠯ ᠵᠶ᠋ᠠᠨ ᠡᠬᠡ ᠭᠠᠵᠠᠷ᠎ᠲᠤ ᠪᠢᠴᠢᠭᠰᠡᠨ ᠪᠠᠶ᠋ᠢᠨ᠎ᠠ᠂ ᠲᠡᠷᠡ ᠪᠣᠯ ᠳᠠᠷᠤᠶ ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠳᠡᠯᠭᠡᠷᠡᠭᠦᠯᠬᠦ ᠰᠤᠳᠤᠯᠤᠭᠴᠢ ᠯᠢᠦ ᠹᠦ᠋ ᠸᠧᠶ ᠪᠣᠯᠤᠨ᠎ᠠ᠃

ᠲᠠᠷᠢᠶᠠᠴᠢᠨ ᠡᠷᠦᠬᠡ ᠵᠢᠨ ᠬᠤᠪᠢ ᠬᠥᠮᠦᠨ᠎ᠳᠤ 《ᠨᠠᠶ᠋ᠢᠷᠠᠯᠭ᠎ᠠ》 ᠵᠠᠬᠢᠶᠠᠯᠠᠵᠤ ᠥᠭᠬᠦ
2021 ᠣᠨ᠎ᠳᠤ᠂ ᠰᠢᠷ᠎ᠠ ᠪᠤᠷᠴᠠᠭ ᠲᠠᠷᠢᠬᠤ᠎ᠨᠢ ᠠᠮᠢᠳᠤᠷᠠᠯ᠎ᠳᠤ ᠠᠪᠴᠢᠷᠠᠭᠰᠠᠨ ᠬᠤᠪᠢᠷᠠᠯᠲᠠ ᠵᠢ ᠶᠠᠷᠢᠬᠤ᠎ᠳᠤ᠂ ᠵᠠᠯᠠᠶ᠋ᠢᠳ ᠬᠣᠰᠢᠭᠤᠨ᠎ᠤ ᠲᠠᠪᠤᠨ ᠠᠶ᠋ᠢᠯ ᠲᠣᠰᠬᠣᠨ᠎ᠤ ᠠᠷᠠᠳ᠄ 《ᠥᠩᠭᠡᠷᠡᠭᠰᠡᠨ᠎ᠳᠤ ᠰᠢᠷ᠎ᠠ ᠪᠤᠷᠴᠠᠭ ᠲᠠᠷᠢᠬᠤ᠎ᠳᠤ ᠰᠢᠨ᠎ᠡ ᠮᠡᠷᠭᠡᠵᠢᠯ᠎ᠢ ᠮᠡᠳᠡᠬᠦ ᠦᠭᠡᠢ᠂ ᠮᠦ᠍ ᠪᠦᠷᠢ ᠵᠢᠨ ᠠᠰᠢᠭ ᠣᠷᠣᠯᠭ᠎ᠠ᠎ᠨᠢ ᠭᠡᠷ ᠪᠦᠯᠢ᠎ᠪᠠᠨ ᠲᠡᠵᠢᠭᠡᠬᠦ᠎ᠳᠤ ᠯᠡ ᠬᠦᠷᠦᠨ᠎ᠡ᠂ ᠰᠡᠭᠦᠯᠡᠷ᠎ᠨᠢ ᠯᠢᠦ ᠪᠠᠭᠰᠢ ᠮᠠᠨ᠎ᠤ ᠬᠣᠷᠰᠢᠶᠠᠨ᠎ᠳᠤ ᠢᠷᠡᠵᠤ᠂ ᠨᠠᠮᠠᠶ᠋ᠢ ᠰᠢᠷ᠎ᠠ ᠪᠤᠷᠴᠠᠭ᠎ᠤᠨ ᠳᠠᠯᠠᠩ ᠵᠶ᠋ᠠᠷ ᠨᠢᠭᠲᠠ ᠳᠠᠷᠢᠵᠤ ᠳᠤᠰᠤᠯᠭ᠋ᠠᠨ ᠤᠰᠤᠯᠠᠬᠤ ᠮᠡᠷᠭᠡᠵᠢᠯ᠎ᠢ ᠨᠢᠮᠪᠠᠢ ᠪᠤᠯᠠᠵᠤ ᠲᠠᠷᠢᠬᠤ ᠮᠡᠷᠭᠡᠵᠢᠯ᠎ᠢ ᠵᠢᠭ᠋ᠠᠬᠤ ᠵᠢ ᠵᠣᠷᠢᠭᠵᠢᠭᠤᠯᠪᠠ᠂ ᠨᠣᠮ ᠪᠢᠴᠢᠭ ᠪᠡᠯᠡᠭᠯᠡᠬᠦ᠎ᠪᠠᠷ ᠪᠠᠷᠠᠬᠤ ᠦᠭᠡᠢ ᠪᠠᠰᠠ ᠲᠠᠷᠢᠮᠠᠯ᠎ᠤᠨ ᠮᠡᠷᠭᠡᠵᠢᠯ᠎ᠢ ᠭᠠᠷ ᠵᠶ᠋ᠠᠷ ᠵᠶ᠋ᠠᠨ ᠨᠠᠳᠠ᠎ᠳᠤ ᠵᠢᠭ᠋ᠠᠪᠠ᠃ ᠣᠳᠣᠬᠠᠨ᠎ᠳᠤ᠂ ᠡᠨᠡᠬᠦ 500 ᠮᠥ᠍ ᠰᠢᠷ᠎ᠠ ᠪᠤᠷᠴᠠᠭ᠎ᠢ ᠳᠠᠷᠢᠵᠤ ᠡᠵᠡᠩᠨᠡᠬᠦ᠎ᠳᠤ᠂ ᠮᠠᠨ᠎ᠤ ᠬᠣᠷᠰᠢᠶᠠᠨ᠎ᠤ ᠡᠨᠡ ᠨᠢᠭᠡ ᠯᠡ ᠵᠦᠢ᠍ᠯ᠎ᠤᠨ ᠣᠷᠣᠯᠭ᠎ᠠ᠎ᠨᠢ ᠨᠢᠭᠡ ᠯᠡ ᠵᠢᠯ᠎ᠳᠤ 50 ᠭᠠᠷᠤᠶ ᠲᠦᠮᠡᠨ ᠲᠥᠭᠥᠷᠢᠭ᠎ᠤᠨ ᠣᠷᠣᠯᠭ᠎ᠠ᠎ᠲᠠᠢ ᠪᠣᠯᠤᠨ᠎ᠠ》 ᠭᠡᠵᠡᠶ᠃
ᠲᠣᠰᠬᠣᠨ᠎ᠤ ᠠᠷᠠᠳ ᠼᠦᠩ ᠳ᠋ᠡ ᠴᠧᠩ᠎ᠤᠨ ᠬᠡᠯᠡᠳᠡᠭ ᠯᠢᠦ ᠪᠠᠭᠰᠢ ᠪᠣᠯ ᠵᠠᠯᠠᠶ᠋ᠢᠳ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠳᠡᠯᠭᠡᠷᠡᠭᠦᠯᠬᠦ ᠰᠤᠳᠤᠯᠤᠭᠴᠢ ᠯᠢᠦ ᠹᠦ᠋ ᠸᠧᠶ ᠪᠣᠯᠤᠨ᠎ᠠ᠃
1989 ᠣᠨ᠎ᠤ 7 ᠰᠠᠷ᠎ᠠ᠎ᠳᠤ᠂ ᠯᠢᠦ ᠹᠦ᠋ ᠸᠧᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠠᠴᠠ ᠲᠡᠭᠦᠰᠴᠦ᠂ ᠵᠠᠯᠠᠶ᠋ᠢᠳ ᠬᠣᠰᠢᠭᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠦᠢ᠍ᠯᠡᠴᠢᠯᠡᠭᠡᠨ᠎ᠤ ᠲᠥᠪ᠎ᠲᠤ ᠬᠤᠪᠢᠶᠠᠭᠳᠠᠨ ᠠᠵᠢᠯᠯᠠᠪᠠ᠃ ᠭᠤᠴᠢ ᠭᠠᠷᠤᠶ ᠵᠢᠯ᠎ᠤᠨ ᠲᠤᠷᠰᠢ᠂ ᠲᠡᠷᠡ ᠲᠠᠷᠢᠶᠠᠯᠠᠩ᠎ᠤᠨ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠥᠷᠭᠡᠨ ᠤᠯᠠᠨ ᠲᠠᠷᠢᠶᠠᠴᠢᠳ᠎ᠲᠠᠢ ᠬᠠᠮᠲᠤ᠎ᠪᠠᠷ ᠲᠠᠷᠢᠶᠠᠯᠠᠵᠤ ᠬᠤᠷᠢᠶᠠᠯᠲᠠ ᠣᠯᠵᠠᠶ᠃ ᠲᠡᠷᠡ ᠲᠠᠷᠢᠶᠠᠴᠢᠨ᠎ᠢ ᠪᠠᠭᠰᠢ᠎ᠪᠠᠷ ᠦᠵᠡᠵᠦ᠂ ᠶᠡᠬᠡ ᠲᠠᠷᠢᠶ᠎ᠠ ᠵᠢ ᠬᠢᠴᠢᠶᠡᠯ᠎ᠤᠨ ᠳᠡᠪᠲᠡᠷ ᠵᠶ᠋ᠠᠷ ᠦᠵᠡᠵᠦ᠂ ᠵᠢᠯ ᠪᠦᠷᠢ 150 ᠡᠳᠦᠷ᠎ᠠᠴᠠ ᠳᠣᠷᠣᠭᠰᠢ ᠬᠥᠳᠡᠭᠡ ᠪᠠᠭᠤᠵᠤ᠂ ᠦᠷ᠎ᠡ᠂ ᠲᠠᠷᠢᠮᠠᠯ᠂ ᠤᠷᠭᠤᠮᠠᠯ᠎ᠤᠨ ᠬᠠᠮᠠᠭ᠋ᠠᠯᠠᠯᠲᠠ᠎ᠠᠴᠠ ᠬᠢᠵᠢᠭ᠎ᠤᠨ ᠪᠠᠶ᠋ᠢᠴᠠᠭ᠋ᠠᠯᠲᠠ ᠬᠦᠷᠲᠡᠯ᠎ᠡ ᠁ ᠯᠢᠦ ᠹᠦ᠋ ᠸᠧᠢ ᠵᠢᠨ ᠪᠠᠷ᠎ᠠ ᠲᠠᠷᠢᠮᠠᠯ᠎ᠤᠨ ᠤᠷᠭᠤᠯᠲᠠ ᠵᠢᠨ ᠦᠶᠡᠯᠡᠯ᠎ᠤᠨ ᠬᠤᠭᠤᠴᠠᠭ᠋ᠠᠨ᠎ᠳᠤ ᠨᠡᠪᠳᠡᠷᠡᠵᠦ᠂ ᠲᠠᠷᠢᠶᠠᠴᠢᠨ ᠪᠣᠯᠤᠨ ᠦᠢ᠍ᠯᠡᠳᠪᠦᠷᠢᠯᠡᠯ᠎ᠢ ᠬᠣᠯᠪᠣᠵᠤ ᠪᠠᠶ᠋ᠢᠳᠠᠭ᠃ ᠯᠠᠪᠳᠠᠭᠤᠨ ᠪᠠᠲᠤᠲᠠᠢ ᠤᠨᠤᠯ᠎ᠤᠨ ᠰᠠᠭᠤᠷᠢ᠂ ᠤᠯᠠᠨ ᠵᠢᠯ᠎ᠤᠨ ᠦᠢ᠍ᠯᠡᠳᠦᠯᠭᠡ ᠵᠢᠨ ᠲᠤᠷᠰᠢᠯᠭ᠎ᠠ ᠪᠣᠯᠤᠨ ᠨᠠᠷᠢᠨ ᠬᠢᠨᠠᠮᠠᠭ᠋ᠠᠢ ᠵᠠᠩ ᠴᠢᠨᠠᠷ ᠵᠶ᠋ᠠᠷ ᠵᠶ᠋ᠠᠨ ᠯᠢᠦ ᠹᠦ᠋ ᠸᠧᠢ ᠦᠷ᠎ᠡ᠂ ᠰᠢᠷᠣᠢ ᠵᠢᠨ ᠪᠤᠷᠳᠤᠭᠤᠷ᠂ ᠤᠷᠭᠤᠮᠠᠯ᠎ᠤᠨ ᠬᠠᠮᠠᠭ᠋ᠠᠯᠠᠯᠲᠠ᠂ ᠲᠠᠷᠢᠮᠠᠯ᠎ᠤᠨ ᠶᠡᠷᠦᠩᠬᠡᠢ ᠰᠠᠯᠠᠭ᠋ᠠᠨ᠎ᠤ ᠲᠤᠰᠬᠠᠢ ᠮᠡᠷᠭᠡᠵᠢᠯᠲᠡᠨ ᠪᠤᠯᠵᠤ᠂ ᠨᠡᠩ ᠴᠤ᠌ ᠲᠠᠷᠢᠶᠠᠴᠢᠳ᠎ᠤᠨ ᠰᠠᠯᠵᠤ ᠪᠣᠯᠤᠰᠢ ᠦᠭᠡᠢ ᠰᠠᠢ᠍ᠢ᠍ᠨ ᠨᠠᠶ᠋ᠢᠵᠢ᠂ ᠰᠡᠳᠬᠢᠯ᠎ᠢ ᠮᠡᠳᠡᠭᠴᠢ ᠪᠣᠯᠵᠠᠢ᠃
ᠲᠡᠭᠦᠨ᠎ᠤ ᠬᠤᠪᠢ ᠬᠥᠮᠦᠨ᠎ᠤ ᠤᠲᠠᠰᠤ᠎ᠨᠢ ᠵᠠᠯᠠᠶ᠋ᠢᠳ ᠬᠣᠰᠢᠭᠤᠨ᠎ᠤ ᠲᠠᠷᠢᠶᠠᠴᠢᠳ᠎ᠤᠨ ᠦᠶᠯᠡᠴᠢᠯᠡᠭᠡᠨ᠎ᠤ ᠬᠠᠯᠠᠭᠤᠨ ᠤᠲᠠᠰᠤ ᠪᠣᠯᠵᠣ᠂ ᠭᠠᠷ ᠤᠲᠠᠰᠤ᠎ᠨᠢ 24 ᠴᠠᠭ ᠬᠠᠭ᠋ᠠᠭᠳᠠᠭᠰᠠᠨ ᠥᠬᠡᠶ᠂ ᠠᠵᠢᠯ᠎ᠳᠤ ᠣᠷᠣᠯᠴᠠᠭᠰᠠᠨ᠎ᠠᠴᠠ ᠣᠲᠣ ᠪᠣᠯᠲᠠᠯ᠎ᠠ ᠯᠢᠦ ᠹᠦ᠋ ᠸᠧᠶ ᠬᠡᠴᠢᠨᠡᠭᠡᠨ ᠠᠰᠠᠭᠤᠨ ᠯᠠᠪᠯᠠᠬᠤ ᠤᠲᠠᠰᠤ ᠬᠠᠷᠢᠭᠤᠯᠵᠤ᠂ ᠬᠡᠴᠢᠨᠡᠭᠡᠨ ᠤᠳᠠᠭ᠎ᠠ ᠬᠢᠴᠢᠶᠡᠯ ᠶᠠᠷᠢᠭᠰᠠᠨ᠎ᠢ ᠣᠨᠣᠪᠴᠢᠲᠠᠶ ᠪᠦᠷᠢᠳᠬᠡᠬᠦ ᠵᠢᠨ ᠠᠷᠭ᠎ᠠ ᠥᠬᠡᠶ ᠪᠣᠯᠵᠠᠶ᠃
2011 ᠣᠨ᠎ᠳᠤ᠂ ᠯᠢᠦ ᠹᠦ᠋ ᠸᠧᠢ ᠵᠠᠯᠠᠶ᠋ᠢᠳ ᠬᠣᠰᠢᠭᠤᠨ᠎ᠤ ᠬᠤᠤ ᠯᠢ ᠪᠦᠦ ᠰᠢᠶᠠᠩ᠎ᠤᠨ ᠰᠢᠷ᠎ᠠ ᠪᠤᠷᠴᠠᠭ᠎ᠤᠨ ᠥᠨᠳᠥᠷ ᠤᠨᠠᠯᠲᠠ ᠵᠢ ᠡᠭᠦᠳᠬᠦ ᠭᠣᠣᠯ ᠣᠷᠣᠨ᠎ᠳᠤ 200 ᠮᠦ᠍ ᠰᠢᠷ᠎ᠠ ᠪᠤᠷᠴᠠᠭ᠎ᠤᠨ ᠲᠠᠷᠢᠶᠠᠨ᠎ᠤ ᠮᠦ᠍ ᠪᠦᠷᠢ ᠵᠢᠨ ᠳᠤᠮᠳᠠᠴᠢ ᠤᠨᠠᠯᠲᠠ 550 ᠵᠢᠩ᠎ᠳᠤ ᠬᠦᠷᠴᠦ᠂ 2005 ᠣᠨ᠎ᠳᠤ ᠡᠭᠦᠳᠦᠭᠰᠡᠨ ᠪᠦᠬᠦ ᠣᠷᠣᠨ᠎ᠤ 502 ᠵᠢᠩ᠎ᠤᠨ ᠰᠢᠷ᠎ᠠ ᠪᠤᠷᠴᠠᠭ᠎ᠤᠨ ᠥᠨᠳᠥᠷ ᠤᠨᠠᠯᠲᠠ ᠵᠢᠨ ᠲᠡᠮᠳᠡᠭᠯᠡᠯ᠎ᠢ ᠳᠠᠪᠠᠵᠤ᠂ ᠲᠠᠷᠢᠶᠠᠴᠢᠨ ᠡᠷᠦᠬᠡ ᠰᠢᠤᠢ ᠸᠠᠨ ᠵᠢᠶᠦ᠋ᠨ᠎ᠤ 7 ᠮᠦ᠍ ᠰᠢᠷ᠎ᠠ ᠪᠤᠷᠴᠠᠭ᠎ᠤᠨ ᠮᠦ᠍ ᠪᠦᠷᠢ ᠵᠢᠨ ᠤᠨᠠᠯᠲᠠ 570 ᠵᠢᠩ᠎ᠳᠤ ᠬᠦᠷᠴᠡᠢ᠃ ᠡᠨᠡ ᠬᠦ᠌ ᠮᠡᠷᠭᠡᠵᠢᠯ᠎ᠨᠢ ᠪᠦᠬᠦ ᠤᠯᠤᠰ᠎ᠢ ᠳᠣᠩᠰᠣᠯᠭ᠋ᠠᠭᠰᠠᠨ ᠪᠣᠯᠬᠣᠷ ᠲᠥᠪ᠎ᠤᠨ ᠲᠧᠯᠸᠢᠰ ᠬᠣᠷᠢᠶ᠎ᠠ ᠡᠭᠦᠨ᠎ᠤ ᠲᠤᠬᠠᠶ ᠲᠤᠰᠬᠠᠶ᠋ᠢᠯᠠᠨ ᠮᠡᠳᠡᠭᠡᠯᠡᠭᠰᠡᠨ ᠪᠠᠶ᠋ᠢᠨ᠎ᠠ᠃
ᠲᠠᠷᠢᠶᠠᠨ ᠭᠠᠵᠠᠷ᠎ᠲᠤ 《ᠲᠤᠷᠰᠢᠯᠲᠠ ᠵᠢᠨ ᠲᠠᠰᠤᠭ》 ᠪᠠᠶ᠋ᠢᠭᠤᠯᠤᠨ᠎ᠠ
ᠵᠢᠯ ᠪᠦᠷᠢ ᠵᠢᠨ 3 ᠰᠠᠷ᠎ᠠ ᠵᠢᠨ ᠰᠡᠭᠦᠯᠴᠢ᠎ᠪᠠᠷ᠂ ᠰᠣᠶᠣᠭ᠋ᠠᠯᠠᠭᠤᠯᠬᠤ ᠦᠶᠯᠡᠳᠪᠦᠷᠢ ᠵᠢᠨ ᠲᠠᠰᠤᠭ᠎ᠤᠨ ᠲᠤᠲᠤᠷᠭ᠎ᠠ ᠵᠢᠨ ᠦᠷ᠎ᠡ ᠬᠤᠷᠢᠶᠠᠬᠤ ᠠᠵᠢᠯ ᠡᠬᠢᠯᠡᠭᠰᠡᠨ᠎ᠨᠢ ᠵᠠᠯᠠᠶ᠋ᠢᠳ ᠬᠣᠰᠢᠭᠤᠨ᠎ᠤ ᠲᠤᠬᠠᠶ ᠵᠢᠨ ᠵᠢᠯ᠎ᠤᠨ ᠤᠰᠤᠨ ᠲᠠᠷᠢᠶᠠᠨ᠎ᠤ ᠦᠶᠯᠡᠳᠪᠦᠷᠢᠯᠡᠯ ᠵᠢᠩᠬᠢᠨᠢ᠎ᠪᠠᠷ ᠡᠬᠢᠯᠡᠭᠰᠡᠨ᠎ᠢ ᠬᠠᠷᠠᠭᠤᠯᠵᠤ ᠪᠣᠶ᠃ ᠡᠳᠦᠷ ᠪᠦᠷᠢ ᠵᠢᠨ ᠥᠷᠯᠥᠭᠡ ᠡᠷᠲᠡ ᠵᠠᠯᠠᠶ᠋ᠢᠳ ᠬᠣᠰᠢᠭᠤᠨ᠎ᠤ ᠤᠰᠤᠨ ᠲᠤᠲᠤᠷᠭ᠎ᠠ ᠵᠢᠨ ᠤᠶᠤᠨᠴᠢᠯᠠᠭᠰᠠᠨ ᠦᠷ᠎ᠡ ᠳᠡᠪᠲᠦᠭᠡᠵᠦ ᠨᠠᠬᠢᠶᠠᠯᠠᠭᠤᠯᠬᠤ ᠲᠠᠰᠤᠭ᠎ᠤᠨ ᠭᠠᠳᠠᠨ᠎ᠠ ᠲᠤᠲᠤᠷᠭ᠎ᠠ ᠵᠢᠨ ᠦᠷ᠎ᠡ ᠵᠢ ᠬᠦᠷᠭᠡᠬᠦ᠎ᠪᠠᠷ ᠢᠷᠡᠭᠰᠡᠨ ᠲᠠᠷᠢᠶᠠᠴᠢᠨ ᠡᠷᠦᠬᠡ ᠴᠥᠭᠡᠨ ᠪᠤᠰᠤ ᠴᠤᠭᠯᠠᠷᠠᠳᠠᠭ᠃ ᠨᠠᠬᠢᠶᠠᠯᠠᠬᠤ ᠵᠢ ᠲᠦᠷᠭᠡᠳᠬᠡᠬᠦ᠂ ᠴᠢᠬᠢ ᠪᠣᠶ᠋ᠢᠵᠢᠭᠤᠯᠬᠤ᠂ ᠲᠠᠷᠢᠶᠠᠨ ᠠᠵᠢᠯ᠎ᠤᠨ ᠬᠠᠮᠢᠶᠠᠷᠤᠯᠲᠠ ᠁ ᠮᠡᠷᠭᠡᠵᠢᠯ᠎ᠤᠨ ᠭᠣᠭᠴᠣᠭ᠎ᠠ ᠪᠦᠷᠢ᠎ᠳᠤ᠂ ᠯᠢᠦ ᠹᠦ᠋ ᠸᠧᠢ ᠲᠠᠷᠢᠶᠠᠴᠢᠨ ᠡᠷᠦᠬᠡ᠎ᠳᠤ ᠨᠠᠷᠢᠨ ᠲᠠᠶ᠋ᠢᠯᠪᠤᠷᠢᠯᠠᠵᠤ ᠥᠭᠴᠡᠢ᠃ ᠠᠮᠠᠷᠬᠠᠨ ᠲᠣᠳᠣᠷᠬᠠᠶ᠋ᠢᠯᠠᠵᠤ ᠳᠡᠶ᠋ᠢᠯᠬᠦ ᠦᠭᠡᠢ ᠠᠰᠠᠭᠤᠳᠠᠯ᠎ᠳᠤ ᠲᠤᠯᠭ᠋ᠠᠷᠠᠪᠠᠯ᠂ ᠲᠡᠷᠡ ᠥᠮᠥᠳᠥᠨ ᠰᠢᠷᠬᠤᠨᠠᠭ ᠵᠶ᠋ᠠᠨ ᠲᠠᠲᠠᠵᠤ᠂ ᠲᠠᠮᠢᠷ᠎ᠤᠨ ᠱᠠᠬᠠᠢ᠎ᠪᠠᠨ ᠲᠠᠢ᠍ᠢ᠍ᠯᠵᠤ ᠭᠠᠵᠠᠷ ᠪᠠᠭᠤᠵᠤ ᠵᠢᠱ᠌ᠢ᠊ ᠢ᠎ᠡ ᠦᠵᠡᠭᠦᠯᠪᠡ᠃ ᠣᠯᠠᠨ ᠵᠢᠯ᠎ᠤᠨ ᠲᠤᠷᠰᠢ᠂ ᠯᠢᠦ ᠹᠦ᠋ ᠸᠧᠶ ᠲᠠᠷᠢᠶᠠᠴᠢᠨ ᠠᠬ᠎ᠠ ᠳᠡᠭᠦᠤ ᠨᠡᠷ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢᠨ ᠲᠥᠯᠥᠭᠡ ᠡᠳᠦᠷ ᠰᠥᠨᠢ ᠥᠬᠡᠶ ᠶᠠᠭ᠋ᠠᠷᠠᠭᠰᠠᠭ᠋ᠠᠷ ᠢᠷᠡᠵᠡᠶ᠂ ᠲᠡᠷᠡ᠄ 《ᠲᠠᠷᠢᠶᠠᠴᠢᠨ ᠠᠬ᠎ᠠ ᠳᠡᠭᠦᠤ ᠨᠡᠷ᠎ᠤᠨ ᠢᠨᠢᠶᠡᠮᠰᠦᠭ ᠴᠢᠷᠠᠶ ᠪᠣᠯ ᠳᠠᠷᠤᠶ ᠪᠢᠳᠡᠨ᠎ᠳᠤ ᠣᠯᠭᠣᠭᠰᠠᠨ ᠬᠠᠮᠤᠭ᠎ᠤᠨ ᠳᠡᠭᠡᠳᠦ ᠭᠠᠪᠢᠶᠠᠨ ᠲᠡᠮᠳᠡᠭ ᠮᠥᠨ》 ᠭᠡᠵᠡᠶ᠃
ᠭᠠᠷ ᠵᠶ᠋ᠠᠷ ᠵᠶ᠋ᠠᠨ ᠮᠡᠷᠭᠡᠵᠢᠯ ᠤᠯᠠᠮᠵᠢᠯᠠᠵᠤ᠂ ᠲᠠᠷᠢᠶᠠᠴᠢᠳ᠎ᠲᠤ ᠪᠣᠳᠠᠲᠠᠢ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠬᠦ ᠪᠣᠯ ᠯᠢᠦ ᠹᠦ᠋ ᠸᠧᠢ ᠵᠢᠨ ᠡᠳᠦᠷ ᠳᠤᠳᠤᠮ᠎ᠤᠨ ᠠᠵᠢᠯ᠎ᠤᠨ ᠳᠤᠮᠳᠠᠬᠢ ᠡᠩ᠎ᠤᠨ ᠶᠠᠪᠤᠳᠠᠯ ᠪᠣᠯᠤᠨ᠎ᠠ᠃ ᠥᠩᠭᠡᠷᠡᠭᠰᠡᠨ᠎ᠳᠤ ᠲᠠᠷᠢᠶᠠᠴᠢᠳ ᠠᠶ᠋ᠢᠯ ᠡᠷᠦᠬᠡ᠎ᠪᠠᠷ ᠵᠶ᠋ᠠᠨ ᠲᠠᠷᠠᠬᠠᠶ ᠪᠤᠲᠠᠷᠬᠠᠶ᠎ᠪᠠᠷ ᠰᠣᠶᠣᠭ᠋ᠠᠯᠠᠭᠤᠯᠬᠤ ᠵᠢ ᠲᠦᠷᠭᠡᠳᠬᠡᠨ᠂ ᠮᠡᠷᠭᠡᠵᠢᠯ᠎ᠨᠢ ᠬᠢᠵᠠᠭ᠋ᠠᠷ᠎ᠲᠠᠢ᠂ ᠤᠰᠤᠨ ᠲᠤᠲᠤᠷᠭ᠎ᠠ ᠵᠢᠨ ᠶᠠᠰᠤ ᠴᠢᠨᠠᠷ᠎ᠢ ᠪᠠᠲᠤᠯᠠᠬᠤ᠎ᠳᠤ ᠪᠡᠷᠬᠡ ᠪᠠᠶ᠋ᠢᠪᠠ᠂ ᠡᠨᠡ ᠬᠦ᠌ ᠬᠦᠴᠢᠷ ᠠᠰᠠᠭᠤᠳᠠᠯ᠎ᠢ ᠰᠢᠶᠳᠪᠦᠷᠢᠯᠡᠬᠦ ᠵᠢᠨ ᠲᠥᠯᠥᠭᠡ᠂ ᠯᠢᠦ ᠹᠦ᠋ ᠸᠧᠶ ᠮᠡᠷᠭᠡᠵᠢᠯ᠎ᠤᠨ ᠬᠠᠷᠢᠭᠤᠴᠠᠯᠭ᠋ᠠᠲᠠᠨ᠎ᠤ ᠬᠤᠪᠢ᠎ᠪᠠᠷ ᠬᠠᠮᠲᠤ ᠠᠵᠢᠯᠯᠠᠭᠰᠠᠳ᠎ᠲᠠᠢ᠎ᠪᠠᠨ 60 ᠡᠳᠦᠷ ᠦᠷᠭᠦᠯᠵᠢᠯᠡᠨ ᠲᠡᠮᠡᠴᠡᠵᠦ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠲᠤᠮᠤ ᠬᠡᠯᠪᠡᠷᠢ ᠵᠢᠨ ᠤᠰᠤᠨ ᠲᠤᠲᠤᠷᠭ᠎ᠠ ᠵᠢᠨ ᠤᠶᠤᠨᠴᠢᠯᠠᠭᠰᠠᠨ ᠦᠷ᠎ᠡ ᠳᠡᠪᠲᠦᠭᠡᠵᠦ ᠰᠣᠶᠣᠭ᠋ᠠᠯᠠᠭᠤᠯᠬᠤ ᠵᠢ ᠲᠦᠷᠭᠡᠳᠬᠡᠬᠦ ᠦᠢ᠍ᠯᠡᠳᠪᠦᠷᠢ ᠵᠢᠨ ᠲᠠᠰᠤᠭ᠎ᠢ ᠪᠠᠶ᠋ᠢᠭᠤᠯᠪᠠ᠃ ᠯᠢᠦ ᠹᠦ᠋ ᠸᠧᠢ ᠵᠢᠨ ᠳᠠᠭ᠋ᠠᠭᠤᠯᠭ᠎ᠠ᠎ᠪᠠᠷ᠂ ᠵᠠᠯᠠᠶ᠋ᠢᠳ ᠬᠣᠰᠢᠭᠤᠨ᠎ᠤ ᠤᠰᠤᠨ ᠲᠤᠲᠤᠷᠭ᠎ᠠ ᠵᠢᠨ ᠦᠢ᠍ᠯᠡᠳᠪᠦᠷᠢᠯᠡᠯ᠎ᠳᠤ ᠤᠶᠤᠨᠴᠢᠯᠠᠭᠰᠠᠨ ᠦᠷ᠎ᠡ ᠳᠡᠪᠲᠦᠭᠡᠬᠦ᠂ ᠦᠢ᠍ᠯᠡᠳᠪᠦᠷᠢᠵᠢᠭᠦᠯᠦᠨ ᠴᠢᠬᠢ ᠪᠣᠶ᠋ᠢᠵᠢᠭᠤᠯᠬᠤ᠂ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠂ ᠲᠠᠭ᠋ᠠᠭᠤᠯᠤᠭᠴᠢ ᠠᠵᠤ ᠠᠬᠤᠶ᠋ᠢᠯᠠᠯ᠎ᠤᠨ ᠪᠣᠯᠪᠠᠰᠤᠷᠠᠭᠤᠯᠤᠯᠲᠠ᠎ᠪᠠᠷ ᠳᠠᠶ᠋ᠢᠴᠢᠯᠠᠬᠤ ᠰᠢᠨ᠎ᠡ ᠪᠠᠶ᠋ᠢᠷᠢᠰᠢᠯ᠎ᠢ ᠪᠡᠶᠡᠯᠡᠭᠦᠯᠵᠡᠢ᠃
2016 ᠣᠨ᠎ᠠᠴᠠ 2019 ᠣᠨ ᠪᠣᠯᠲᠠᠯ᠎ᠠ᠂ ᠯᠢᠦ ᠹᠦ᠋ ᠸᠧᠢ ᠤᠰᠤᠨ ᠲᠤᠲᠤᠷᠭ᠎ᠠ ᠵᠢᠨ ᠬᠠᠭᠤᠷᠠᠢ᠎ᠪᠠᠷ ᠲᠠᠷᠢᠬᠤ ᠪᠦᠷᠬᠦᠪᠴᠢ᠎ᠳᠤ ᠳᠤᠰᠤᠯᠭ᠋ᠠᠨ ᠤᠰᠤᠯᠠᠬᠤ ᠮᠡᠷᠭᠡᠵᠢᠯ᠎ᠤᠨ ᠬᠤᠷᠠᠮᠠᠯ ᠵᠢᠱ᠌ᠢ᠊ ᠢ᠎ᠡ ᠦᠵᠡᠭᠦᠯᠬᠦ ᠵᠢ ᠲᠠᠰᠤᠷᠠᠯᠲᠠ ᠦᠭᠡᠢ ᠰᠦᠪᠡᠭᠴᠢᠯᠡᠨ ᠦᠢ᠍ᠯᠡᠳᠦᠯᠭᠡᠵᠢᠭᠦᠯᠵᠦ᠂ 1000 ᠭᠠᠷᠤᠢ ᠡᠳᠦᠷ ᠰᠥᠨᠢ ᠦᠭᠡᠢ ᠰᠤᠳᠤᠯᠵᠤ᠂ ᠡᠴᠦᠰ᠎ᠲᠡᠭᠡᠨ 2020 ᠣᠨ᠎ᠳᠤ 3 ᠵᠦᠢ᠍ᠯ᠎ᠤᠨ ᠤᠰᠤᠨ ᠲᠤᠲᠤᠷᠭ᠎ᠠ ᠵᠢᠨ ᠬᠠᠭᠤᠷᠠᠢ᠎ᠳᠤ ᠳᠤᠬᠢᠷᠠᠬᠤ ᠪᠦᠲᠦᠭᠡᠯ᠎ᠤᠨ ᠲᠦᠷᠦᠯ ᠵᠦᠢ᠍ᠯ᠂ 2 ᠵᠦᠢ᠍ᠯ᠎ᠤᠨ ᠮᠡᠷᠭᠡᠵᠢᠯ᠎ᠤᠨ ᠵᠠᠭᠪᠤᠷ᠎ᠢ ᠰᠣᠩᠭᠣᠨ ᠭᠠᠷᠭ᠋ᠠᠵᠤ᠂ ᠨᠡᠢ᠍ᠢ᠍ᠳᠡ 15 ᠲᠦᠮᠡᠨ ᠮᠦ᠍ ᠵᠢᠨ ᠵᠢᠱ᠌ᠢ᠊ ᠢ᠎ᠡ ᠦᠵᠡᠭᠦᠯᠦᠨ ᠳᠡᠯᠭᠡᠷᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠭᠠᠵᠠᠷ᠎ᠤᠨ ᠵᠣᠬᠢᠶᠠᠨ ᠪᠠᠶ᠋ᠢᠭᠤᠯᠤᠭᠰᠠᠨ ᠤᠨᠠᠯᠲᠠ ᠵᠢ ᠬᠡᠮᠵᠢᠬᠦ ᠠᠵᠢᠯᠯᠠᠭ᠎ᠠ ᠳᠡᠭᠡᠷ᠎ᠡ᠂ ᠤᠰᠤᠨ ᠲᠤᠲᠤᠷᠭ᠎ᠠ ᠵᠢᠨ ᠬᠠᠭᠤᠷᠠᠶ᠎ᠪᠠᠷ ᠳᠠᠷᠢᠬᠤ ᠪᠦᠷᠬᠦᠪᠴᠢ᠎ᠳᠤ ᠳᠤᠰᠤᠯᠭ᠋ᠠᠨ ᠤᠰᠤᠯᠠᠬᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠎ᠤᠨ ᠮᠥ᠍ ᠪᠦᠷᠢ ᠵᠢᠨ ᠤᠨᠠᠯᠲᠠ ᠠᠩᠬ᠎ᠠ ᠤᠳᠠᠭ᠎ᠠ 500 ᠺᠢᠯᠣᠭ᠌ᠷᠠᠮ᠎ᠢ ᠳᠠᠪᠠᠵᠤ᠂ 500.3 ᠺᠢᠯᠣᠭ᠌ᠷᠠᠮ᠎ᠳᠤ ᠬᠦᠷᠴᠦ᠂ ᠪᠥᠬᠥ ᠣᠷᠣᠨ᠎ᠤ ᠤᠰᠤᠨ ᠲᠤᠲᠤᠷᠭ᠎ᠠ ᠵᠢᠨ ᠬᠠᠭᠤᠷᠠᠶ᠎ᠪᠠᠷ ᠳᠠᠷᠢᠬᠤ ᠦᠶᠯᠡᠳᠪᠦᠷᠢᠯᠡᠯ᠎ᠤᠨ ᠥᠨᠳᠥᠷ ᠤᠨᠠᠯᠲᠠ ᠵᠢᠨ ᠲᠡᠮᠳᠡᠭᠯᠡᠯ᠎ᠢ ᠰᠢᠨᠡᠳᠬᠡᠵᠦ᠂ ᠤᠰᠤ ᠠᠷᠪᠢᠯᠠᠬᠤ᠂ ᠪᠣᠷᠲᠣᠭᠣᠷ ᠠᠷᠪᠢᠯᠠᠬᠤ᠂ ᠡᠮ ᠬᠢᠵᠠᠭ᠋ᠠᠷᠯᠠᠬᠤ ᠵᠢ ᠪᠡᠶᠡᠯᠡᠭᠦᠯᠵᠦ᠂ ᠠᠵᠢᠯ᠎ᠤᠨ ᠳᠠᠷᠠᠭ᠋ᠠᠯᠠᠯ᠎ᠢ ᠳᠥᠭᠥᠮᠴᠢᠯᠡᠨ᠂ ᠬᠥᠳᠡᠯᠮᠦᠷᠢ ᠵᠢᠨ ᠡᠷᠴᠢᠮ᠎ᠢ ᠪᠠᠭᠤᠷᠠᠭᠤᠯᠪᠠ᠃ ᠬᠠᠭᠤᠷᠠᠶ᠎ᠪᠠᠷ ᠲᠠᠷᠢᠬᠤ ᠤᠰᠤᠨ ᠲᠤᠲᠤᠷᠭ᠎ᠠ ᠵᠢᠨ ᠡᠭᠦᠯᠳᠡᠷ᠎ᠢ ᠰᠣᠩᠭᠣᠨ ᠪᠣᠶ᠋ᠢᠵᠢᠭᠤᠯᠬᠤ᠂ ᠦᠷ᠎ᠡ ᠰᠠᠴᠤᠬᠤ ᠮᠠᠰᠢᠨ ᠪᠠᠭ᠋ᠠᠵᠢ ᠵᠢ ᠰᠠᠶ᠋ᠢᠵᠢᠷᠠᠭᠤᠯᠬᠤ ᠪᠠ ᠲᠥᠬᠥᠷᠵᠢᠭᠦᠯᠬᠦ ᠮᠡᠷᠭᠡᠵᠢᠯ᠎ᠢ ᠬᠤᠷᠠᠮᠳᠤᠭᠤᠯᠬᠤ ᠲᠠᠯ᠎ᠠ᠎ᠪᠠᠷ᠂ ᠠᠳᠠᠯᠢ ᠲᠦᠷᠦᠯ᠎ᠤᠨ ᠦᠷ᠎ᠡ ᠪᠦᠲᠦᠭᠡᠯ᠎ᠤᠨ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠬᠡᠮᠵᠢᠶ᠎ᠡ᠎ᠳᠤ ᠬᠦᠷᠭᠡᠨ᠎ᠡ᠃
ᠬᠥᠳᠡᠭᠡ ᠲᠣᠰᠬᠣᠨ᠎ᠳᠤ ᠬᠦᠷᠴᠦ 《ᠨᠤᠲᠤᠭ᠎ᠤᠨ ᠴᠢᠳᠠᠪᠤᠷᠢᠲᠠᠨ》᠎ᠢ ᠠᠮᠢᠯᠠᠭᠤᠯᠤᠨ᠎ᠠ
ᠶᠠᠭ᠋ᠠᠷᠠᠯᠲᠠᠶ ᠠᠵᠢᠯ᠎ᠤᠨ ᠳᠤᠮᠳᠠ᠂ ᠯᠢᠦ ᠹᠦ᠋ ᠸᠧᠶ ᠲᠠᠷᠢᠶᠠᠯᠠᠩ᠎ᠤᠨ ᠰᠢᠰᠲ᠋ᠧᠮ᠎ᠤᠨ ᠳᠣᠲᠣᠷᠠᠬᠢ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠪᠠ ᠪᠥᠬᠥ ᠬᠣᠰᠢᠭᠤᠨ᠎ᠤ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠣᠨᠴᠠ ᠴᠢᠬᠤᠯᠠᠴᠢᠯᠠᠵᠤ᠂ ᠣᠯᠠᠨ ᠤᠳᠠᠭ᠎ᠠ ᠪᠣᠯᠪᠠᠰᠤᠷᠠᠯ᠎ᠤᠨ ᠬᠤᠷᠠᠯ ᠪᠠ ᠲᠤᠬᠠᠶ ᠵᠢᠨ ᠲᠠᠯᠠᠪᠤᠷ᠎ᠤᠨ ᠦᠵᠡᠭᠦᠯᠦᠯᠭᠡ ᠵᠢᠨ ᠬᠤᠷᠠᠯ ᠵᠶ᠋ᠠᠷ ᠳᠡᠮᠵᠢᠨ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢ ᠤᠯᠠᠮᠵᠢᠯᠠᠵᠤ᠂ ᠣᠲᠣ ᠵᠠᠯᠠᠶ᠋ᠢᠳ ᠬᠣᠰᠢᠭᠤᠨ᠎ᠤ ᠨᠤᠲᠤᠭ᠎ᠤᠨ ᠴᠢᠳᠠᠪᠤᠷᠢᠲᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠵᠢᠱ᠌ᠢᠶ᠎ᠡ ᠦᠵᠡᠭᠦᠯᠦᠨ ᠳᠠᠭ᠋ᠠᠭᠤᠯᠬᠤ ᠴᠢᠬᠤᠯᠠ ᠦᠶᠯᠡᠳᠦᠯ ᠦᠵᠡᠭᠦᠯᠵᠦ ᠪᠠᠶ᠋ᠢᠨ᠎ᠠ᠃
ᠯᠢᠦ ᠹᠦ᠋ ᠸᠧᠢ ᠲᠠᠷᠢᠶᠠᠯᠠᠩ᠎ᠤᠨ ᠮᠡᠷᠭᠡᠵᠢᠯ᠎ᠤᠨ ᠠᠵᠢᠯ᠎ᠳᠤ ᠣᠷᠭᠢᠯᠤᠮ᠎ᠠ ᠰᠡᠳᠬᠢᠯᠭᠡ᠎ᠪᠠᠷ ᠬᠠᠨᠳᠤᠵᠤ᠂ ᠬᠥᠳᠡᠭᠡ ᠲᠣᠰᠬᠣᠨ᠎ᠤ ᠲᠠᠷᠢᠶᠠᠴᠢᠳ᠎ᠲᠤ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠡᠪᠦᠷᠯᠡᠵᠦ᠂ ᠡᠷᠳᠡᠮ ᠮᠡᠳᠡᠯᠭᠡ᠂ ᠬᠠᠷᠠᠴᠠ᠂ ᠦᠨᠡᠨ ᠰᠡᠳᠬᠢᠯ᠎ᠠᠴᠠ᠎ᠪᠠᠨ ᠬᠠᠷ᠎ᠠ ᠬᠥᠷᠥᠰᠥᠨ᠎ᠳᠤ ᠠᠵᠢᠯᠯᠠᠵᠤ᠂ ᠶᠡᠬᠡ ᠬᠡᠮᠵᠢᠶᠡᠨ᠎ᠤ ᠬᠠᠮᠤᠭ᠎ᠤᠨ ᠰᠢᠨ᠎ᠡ ᠲᠠᠷᠢᠮᠠᠯ᠎ᠤᠨ ᠮᠡᠷᠭᠡᠵᠢᠯ᠎ᠢ ᠰᠤᠳᠤᠯᠤᠨ ᠳᠡᠯᠭᠡᠷᠡᠭᠦᠯᠵᠡᠢ᠃ ᠤᠳᠤ᠂ ᠯᠢᠦ ᠹᠦ᠋ ᠸᠧᠢ ᠥᠪᠡᠷ᠎ᠤᠨ ᠦᠢ᠍ᠯᠡᠳᠦᠯᠭᠡ ᠵᠢᠨ ᠲᠤᠷᠰᠢᠯᠭ᠎ᠠ᠎ᠲᠠᠢ᠎ᠪᠠᠨ ᠤᠶᠠᠯᠳᠤᠭᠤᠯᠤᠨ ᠨᠠᠶ᠋ᠢᠷᠠᠭᠤᠯᠤᠨ ᠪᠢᠴᠢᠬᠦ᠎ᠳᠤ ᠣᠷᠣᠯᠴᠠᠭᠰᠠᠨ 《ᠰᠢᠷ᠎ᠠ ᠪᠤᠷᠴᠠᠭ᠎ᠤᠨ ᠳᠠᠯᠠᠩ᠎ᠤᠨ ᠳᠡᠭᠡᠷᠡᠬᠢ ᠭᠤᠷᠪᠠᠨ ᠮᠥᠷ ᠨᠠᠷᠢᠨ ᠭᠤᠤ ᠵᠢ ᠨᠢᠭᠲᠠ ᠲᠠᠷᠢᠬᠤ ᠮᠡᠷᠭᠡᠵᠢᠯ᠎ᠤᠨ ᠰᠤᠳᠤᠯᠭ᠋ᠠᠨ ᠪᠠ ᠦᠢ᠍ᠯᠡᠳᠦᠯᠭᠡ》᠂ 《ᠰᠢᠨᠵᠢᠯᠡᠬᠦ ᠤᠬᠠᠭ᠋ᠠᠨᠴᠢ᠎ᠪᠠᠷ ᠲᠠᠷᠢᠶ᠎ᠠ ᠲᠠᠷᠢᠬᠤ ᠪᠦᠬᠦᠨ᠎ᠢ ᠮᠡᠳᠡᠭᠴᠢ》᠂ 《ᠵᠠᠯᠠᠶ᠋ᠢᠳ ᠬᠣᠰᠢᠭᠤᠨ᠎ᠤ ᠬᠥᠷᠥᠰᠥ ᠰᠢᠷᠣᠢ ᠵᠢ ᠬᠡᠮᠵᠢᠨ ᠪᠤᠷᠳᠤᠭᠤᠷ ᠣᠷᠣᠭᠤᠯᠬᠤ ᠮᠡᠷᠭᠡᠵᠢᠯ᠎ᠤᠨ ᠠᠰᠠᠭᠤᠯᠲᠠ ᠬᠠᠷᠢᠭᠤᠯᠲᠠ》 ᠵᠡᠷᠭᠡ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠷᠭᠡᠵᠢᠯ᠎ᠤᠨ ᠮᠠᠲᠧᠷᠢᠶᠠᠯ᠎ᠢ ᠨᠠᠶ᠋ᠢᠷᠠᠭᠤᠯᠤᠨ ᠪᠢᠴᠢᠵᠡᠢ᠃ ᠵᠠᠯᠠᠶ᠋ᠢᠳ ᠬᠣᠰᠢᠭᠤᠨ᠎ᠤ ᠡᠯ᠎ᠡ ᠭᠠᠵᠠᠷ᠎ᠲᠤ ᠨᠢᠭᠡᠨᠲᠡ ᠬᠡᠳᠦᠨ ᠠᠷᠪᠠᠨ ᠲᠦᠮᠡᠨ ᠬᠤᠪᠢ (ᠳᠡᠪᠲᠡᠷ) ᠲᠠᠷᠬᠠᠭ᠋ᠠᠵᠤ᠂ ᠲᠠᠷᠢᠶᠠᠴᠢᠳ ᠦᠵᠡᠭᠰᠡᠨ᠎ᠤ ᠳᠠᠷᠠᠭ᠎ᠠ ᠴᠥᠮ ᠡᠲᠡᠭᠡᠷ ᠮᠠᠲ᠋ᠧᠷᠢᠶᠠᠯ᠎ᠢ ᠬᠢᠯᠪᠠᠷ ᠣᠶ᠋ᠢᠯᠠᠭ᠋ᠠᠮᠵᠢᠲᠠᠶ᠂ ᠵᠢᠯᠣᠭᠣᠳᠬᠤ ᠴᠢᠨᠠᠷ ᠪᠠ ᠬᠡᠷᠡᠭᠵᠢᠭᠦᠯᠬᠦ ᠴᠢᠨᠠᠷ ᠵᠶ᠋ᠠᠷ ᠮᠠᠰᠢ ᠴᠢᠩᠭ᠎ᠠ ᠭᠡᠵᠦ ᠬᠡᠯᠡᠳᠡᠭ᠂ ᠣᠲᠣ ᠡᠲᠡᠭᠡᠷ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠠᠲ᠋ᠧᠷᠢᠶᠠᠯ᠎ᠨᠢ ᠨᠢᠭᠡᠨᠲᠡ ᠲᠠᠷᠢᠶᠠᠴᠢᠨ ᠡᠷᠦᠬᠡ ᠨᠢᠭᠡᠪᠦᠷᠢ ᠵᠢᠨ ᠲᠠᠷᠢᠶᠠᠯᠠᠩ᠎ᠤᠨ ᠶᠠᠪᠤᠳᠠᠯ᠎ᠤᠨ ᠡᠷᠳᠡᠨᠢ ᠵᠢᠨ ᠲᠣᠯᠢ ᠪᠣᠯᠤᠭᠰᠠᠨ ᠪᠠᠶ᠋ᠢᠨ᠎ᠠ᠃
ᠨᠢᠭᠡ ᠬᠤᠪᠢ ᠵᠢᠨ ᠴᠢᠷᠮᠠᠶ᠋ᠢᠯᠭ᠎ᠠ᠂ ᠨᠢᠭᠡ ᠬᠤᠪᠢ ᠵᠢᠨ ᠬᠤᠷᠢᠶᠠᠯᠲᠠ᠃ ᠯᠢᠦ ᠹᠦ᠋ ᠸᠧᠶ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠭᠠᠷᠮᠠᠭ᠋ᠠᠶ ᠴᠢᠳᠠᠪᠤᠷᠢᠲᠠᠨ》 ᠪᠠ ᠬᠢᠩᠭ᠋ᠠᠨ ᠠᠶ᠋ᠢᠮᠠᠭ᠎ᠤᠨ 《ᠬᠢᠩᠭ᠋ᠠᠨ ᠠᠶ᠋ᠢᠮᠠᠭ᠎ᠤᠨ ᠭᠠᠷᠮᠠᠭ᠋ᠠᠶ ᠴᠢᠳᠠᠪᠤᠷᠢᠲᠠᠨ》᠎ᠤ ᠴᠣᠯᠠ ᠵᠢ ᠭᠥᠷᠳᠡᠵᠦ᠂ ᠤᠯᠤᠰ᠎ᠤᠨ ᠱᠤᠨ ᠨᠸᠢ ᠰᠠᠭᠤᠷᠢ ᠮᠥᠩᠭᠥ ᠵᠢᠨ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠦᠭᠰᠡᠨ ᠱᠠᠩᠨᠠᠯ᠂ ᠤᠯᠤᠰ᠎ᠤᠨ ᠲᠠᠷᠢᠶᠠᠯᠠᠩ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠡᠯᠪᠡᠭ ᠬᠤᠷᠢᠶᠠᠯᠲᠠ ᠵᠢᠨ ᠲᠥᠯᠥᠪᠯᠡᠭᠡ ᠵᠢᠨ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠦᠭᠰᠡᠨ ᠬᠤᠪᠢ ᠨᠡᠮᠡᠷᠢ ᠵᠢᠨ ᠱᠠᠩᠨᠠᠯ᠂ ᠥᠪᠡᠷᠲᠡᠭᠡᠨ ᠵᠠᠰᠠᠬᠤ ᠣᠷᠣᠨ᠎ᠤ ᠦᠶᠯᠡᠳᠪᠦᠷᠢᠯᠡᠯ᠎ᠤᠨ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠬᠦ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ᠎ᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ᠂ ᠬᠢᠩᠭ᠋ᠠᠨ ᠠᠶ᠋ᠢᠮᠠᠭ᠎ᠤᠨ ᠬᠥᠳᠡᠯᠮᠦᠷᠢ ᠵᠢᠨ ᠵᠢᠱ᠌ᠢᠶᠡᠴᠢ᠂ ᠪᠥᠬᠥ ᠤᠯᠤᠰ᠎ᠤᠨ ᠠᠮᠤ ᠪᠤᠳᠠᠭ᠋ᠠᠨ᠎ᠤ ᠦᠶᠯᠡᠳᠪᠦᠷᠢᠯᠡᠯ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠪᠠ ᠥᠪᠡᠷᠲᠡᠭᠡᠨ ᠵᠠᠰᠠᠬᠤ ᠣᠷᠣᠨ᠎ᠤ ᠡᠯᠪᠡᠭ ᠬᠤᠷᠢᠶᠠᠯᠲᠠ ᠵᠢᠨ ᠲᠥᠯᠥᠪᠯᠡᠭᠡ ᠵᠢᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠲᠠᠢ᠃ ᠡᠳᠡᠭᠡᠷ ᠢᠷᠠᠭᠤ ᠠᠯᠳᠠᠷ᠎ᠤᠨ ᠲᠤᠬᠠᠢ ᠯᠢᠦ ᠹᠦ᠋ ᠸᠧᠢ᠄ 《ᠪᠢ ᠤᠭ ᠰᠠᠨᠠᠭ᠎ᠠ᠎ᠪᠠᠨ ᠦᠯᠦ ᠮᠠᠷᠲᠠᠵᠤ᠂ ᠮᠠᠯᠴᠢᠨ ᠲᠠᠷᠢᠶᠠᠴᠢᠨ᠎ᠳᠤ ᠦᠢ᠍ᠯᠡᠴᠢᠯᠡᠬᠦ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ᠎ᠲᠤ ᠦᠷᠭᠦᠯᠵᠢᠯᠡᠨ ᠴᠢᠷᠮᠠᠶ᠋ᠢᠨ ᠠᠵᠢᠯᠯᠠᠨ᠎ᠠ᠂ ᠡᠨᠡ ᠵᠢᠯ᠎ᠤᠨ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠠᠵᠢᠯ ᠳᠤᠮᠳᠠ᠂ ᠲᠠᠷᠢᠶᠠᠯᠠᠩ᠎ᠤᠨ ᠰᠢᠨ᠎ᠡ ᠲᠦᠷᠦᠯ ᠵᠦᠢ᠍ᠯ᠂ ᠰᠢᠨ᠎ᠡ ᠮᠡᠷᠭᠡᠵᠢᠯ᠎ᠢ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ᠎ᠲᠤ ᠳᠡᠯᠭᠡᠷᠡᠭᠦᠯᠵᠦ᠂ ᠪᠣᠬᠢᠷᠲᠤᠯ ᠦᠭᠡᠢ᠎ᠪᠠᠷ ᠬᠥᠳᠡᠭᠡ ᠠᠵᠤ ᠠᠬᠤᠢ ᠵᠢ ᠬᠥᠭᠵᠢᠭᠦᠯᠵᠦ ᠮᠠᠯ ᠠᠵᠤ ᠠᠬᠤᠢ ᠵᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠬᠥᠳᠡᠭᠡ ᠠᠵᠤ ᠠᠬᠤᠢ ᠵᠢ ᠬᠥᠭᠵᠢᠭᠦᠯᠵᠦ ᠮᠠᠯ ᠠᠵᠤ ᠠᠬᠤᠢ ᠵᠢ ᠬᠥᠭᠵᠢᠭᠦᠯᠬᠦ ᠵᠢ ᠠᠬᠢᠭᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠬᠡᠯᠡᠪᠡ᠃