ᠴᠣᠭ᠍ᠦ᠋ᠨᠳᠦᠷ ᠭᠠᠴᠠᠭ᠎ᠠ᠎ᠨᠢ ᠰᠢᠯᠢ ᠵᠢᠨ ᠭᠣᠣᠯ ᠠᠶ᠋ᠢᠮᠠᠭ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠮᠢᠩᠭ᠋ᠠᠨ᠎ᠲᠤ ᠪᠠᠯᠭ᠋ᠠᠰᠤᠨ᠎ᠤ ᠵᠡᠭᠦᠨ ᠬᠡᠰᠡᠭ᠎ᠲᠤ ᠪᠠᠶ᠋ᠢᠷᠢᠯᠠᠵᠤ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠭᠣᠣᠯᠳᠠᠯᠭ᠎ᠠ᠎ᠲᠠᠢ ᠶᠠᠳᠠᠭᠤ᠎ᠠᠴᠠ ᠠᠩᠭᠢᠵᠢᠷᠠᠭᠰᠠᠨ ᠭᠠᠴᠠᠭ᠎ᠠ ᠵᠢᠨ ᠨᠢᠭᠡ᠎ᠨᠢ ᠪᠣᠯᠤᠨ᠎ᠠ᠃ ᠶᠡᠷᠦᠩᠬᠡᠶ ᠲᠠᠯᠠᠪᠠᠶ᠎ᠨᠢ 5.9 ᠲᠦᠮᠡᠨ ᠮᠥ᠍ ᠪᠠᠶ᠋ᠢᠵᠤ᠂ 4 ᠳᠤᠭᠤᠶ᠋ᠢᠯᠠᠩ ᠬᠤᠪᠢᠶᠠᠵᠤ᠂ ᠪᠠᠶ᠋ᠢᠩᠭᠤ ᠰᠠᠭᠤᠭ᠎ᠠ ᠬᠥᠮᠦᠨ ᠠᠮᠠ᠎ᠨᠢ 91 ᠡᠷᠦᠬᠡ 175 ᠬᠥᠮᠦᠨ ᠠᠮᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠲᠤᠬᠠᠢ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ 2021 ᠣᠨ᠎ᠤ 10 ᠰᠠᠷ᠎ᠠ᠎ᠳᠤ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠠᠴᠠ ᠰᠢᠯᠢ ᠵᠢᠨ ᠭᠣᠣᠯ ᠠᠶ᠋ᠢᠮᠠᠭ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠮᠢᠩᠭ᠋ᠠᠨ᠎ᠲᠤ ᠪᠠᠯᠭ᠋ᠠᠰᠤ ᠵᠢᠨ ᠴᠣᠭ᠍ᠦ᠋ᠨᠳᠦᠷ ᠭᠠᠴᠠᠭ᠎ᠠ ᠵᠢ ᠴᠡᠭ ᠲᠣᠭᠲᠠᠭ᠋ᠠᠨ ᠬᠠᠪᠰᠤᠷᠤᠨ ᠲᠡᠳᠬᠦᠪᠡ᠃
ᠭᠤᠷᠪᠠᠨ ᠰᠠᠷ᠎ᠠ ᠵᠢᠨ ᠲᠤᠷᠰᠢ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠺᠣᠮᠫᠠᠨᠢ 《ᠳᠥᠷᠪᠡ ᠵᠢ ᠬᠠᠰᠤᠬᠤ ᠦᠭᠡᠶ》 ᠪᠠᠶ᠋ᠢᠬᠤ ᠱᠠᠭ᠋ᠠᠷᠳᠠᠯᠭ᠎ᠠ ᠶᠣᠰᠣᠭ᠋ᠠᠷ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠡᠷᠢᠭᠦᠨ᠎ᠤ ᠲᠤᠷᠰᠢᠯᠭ᠎ᠠ ᠵᠢ ᠳ᠋ᠦᠩᠨᠡᠵᠦ᠂ ᠲᠣᠰᠬᠣᠨ᠎ᠳᠤ ᠰᠠᠭᠤᠬᠤ ᠠᠵᠢᠯᠯᠠᠬᠤ ᠠᠩᠭᠢ ᠵᠢ ᠵᠣᠬᠢᠶᠠᠨ ᠪᠠᠶ᠋ᠢᠭᠤᠯᠬᠤ᠎ᠠᠴᠠ ᠡᠷᠦᠬᠡ᠎ᠳᠤ ᠬᠦᠷᠴᠦ ᠪᠠᠶ᠋ᠢᠳᠠᠯ᠎ᠢ ᠣᠶ᠋ᠢᠯᠠᠭ᠋ᠠᠬᠤ ᠬᠦᠷᠲᠡᠯ᠎ᠡ᠂ ᠲᠣᠰᠬᠣᠨ᠎ᠳᠤ ᠰᠠᠭᠤᠵᠤ ᠠᠵᠢᠯᠯᠠᠬᠤ ᠵᠢ ᠨᠠᠶ᠋ᠢᠳᠠᠪᠤᠷᠢᠵᠢᠭᠤᠯᠬᠤ᠎ᠠᠴᠠ ᠠᠵᠢᠯ᠎ᠤᠨ ᠲᠦᠷᠢᠮ᠎ᠢ ᠪᠦᠷᠢᠨᠰᠢᠬᠦᠯᠬᠦ ᠬᠦᠷᠲᠡᠯ᠎ᠡ᠂ ᠭᠠᠴᠠᠭ᠎ᠠ ᠵᠢᠨ ᠴᠠᠬᠢᠯᠭ᠋ᠠᠨ ᠲᠦᠭᠡᠭᠡᠬᠦ ᠲᠣᠣᠷ᠎ᠢ ᠲᠡᠰ ᠳᠡᠪᠰᠢᠭᠦᠯᠬᠦ᠎ᠠᠴᠠ ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠬᠤ ᠬᠦᠷᠲᠡᠯ᠎ᠡ᠂ ᠪᠢ ᠤᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ᠎ᠠᠴᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠬᠣᠣᠰᠯᠠᠨ ᠪᠠᠶ᠋ᠢᠭᠤᠯᠵᠤ ᠬᠠᠮᠲᠤ᠎ᠪᠠᠷ ᠪᠠᠶ᠋ᠢᠭᠤᠯᠬᠤ ᠬᠦᠷᠲᠡᠯ᠎ᠡ᠂ ᠴᠡᠷᠢᠭ᠎ᠤᠨ ᠬᠤᠪᠴᠠᠰᠤ᠎ᠪᠠᠨ ᠲᠠᠬᠢᠨ ᠴᠡᠭᠴᠡᠯᠡᠵᠦ ᠲᠠᠬᠢᠨ ᠮᠣᠷᠳᠠᠵᠤ᠂ ᠴᠣᠭ᠍ᠦ᠋ᠨᠳᠦᠷ ᠭᠠᠴᠠᠭ᠎ᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶ᠋ᠢᠭᠤᠯᠤᠯᠲᠠ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
ᠠᠶ᠋ᠢᠯ ᠡᠷᠦᠬᠡ᠎ᠳᠤ ᠬᠦᠷᠴᠦ ᠰᠤᠷᠪᠤᠯᠵᠢᠯᠠᠭ᠎ᠠ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠰᠢᠨ᠎ᠡ ᠬᠥᠭᠥᠷᠭᠡ》 ᠵᠢ ᠪᠤᠰᠬᠠᠪᠠ

《ᠰᠠᠢ᠌ᠨᠠᠤ᠂ ᠪᠢ ᠪᠣᠯ ᠰᠢᠨ᠎ᠡ ᠢᠷᠡᠭᠰᠡᠨ ᠨᠢᠭᠡᠳᠦᠭᠡᠷ ᠱᠦᠵᠢ ᠵᠢᠶᠠ ᠶᠠᠨ ᠪᠢᠩ᠂ ᠡᠨᠡ ᠵᠢᠯ᠎ᠤᠨ ᠣᠷᠣᠯᠭ᠎ᠠ ᠶᠠᠮᠠᠷ ᠵᠡᠷᠭᠡ ᠪᠤᠢ? ᠶᠠᠮᠠᠷ ᠬᠦᠴᠢᠷᠳᠡᠯ ᠪᠠᠶ᠋ᠢᠨ᠎ᠠ ᠤᠣ? ᠡᠨᠡ ᠪᠣᠯ ᠮᠠᠨ᠎ᠤ ᠠᠵᠢᠯᠯᠠᠬᠤ ᠠᠩᠬᠢ ᠵᠢᠨ ᠬᠠᠷᠢᠯᠴᠠᠬᠤ ᠺᠠᠷᠲ ᠪᠣᠯᠤᠨ᠎ᠠ᠂ ᠳᠡᠭᠡᠷ᠎ᠡ᠎ᠨᠢ ᠮᠠᠨ᠎ᠤ ᠬᠣᠶᠠᠷ ᠬᠡᠮᠵᠢᠯᠳᠦ ᠺᠣᠳ᠋ ᠪᠤᠢ᠂ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢᠨ ᠬᠠᠷᠢᠯᠴᠠᠬᠤ ᠤᠲᠠᠰᠤ ᠪᠦᠷ ᠳᠣᠲᠣᠷ᠎ᠠ᠎ᠨᠢ ᠪᠠᠶ᠋ᠢᠨ᠎ᠠ᠂ ᠶᠠᠮᠠᠷ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ ᠪᠠᠶ᠋ᠢᠪᠠᠯ ᠴᠠᠭ ᠲᠤᠬᠠᠢᠳᠤᠨᠢ ᠪᠢᠳᠡᠨ᠎ᠳᠤ ᠤᠲᠠᠰᠤᠳᠠᠭ᠋ᠠᠷᠠᠢ》᠃
ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠥᠳᠡᠯᠦᠩᠭᠦᠶ ᠪᠠᠶ᠋ᠢᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ᠎ᠤᠨ ᠲᠣᠭᠲᠠᠴᠠ ᠵᠢ ᠤᠯᠠᠮ ᠨᠢᠭᠡ ᠠᠯᠬᠤᠮ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠲᠥᠯᠥᠭᠡ᠂ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ ᠬᠢᠵᠠᠭ᠋ᠠᠷ ᠱᠤᠭᠤᠮ᠎ᠢ ᠡᠷᠡᠰ ᠰᠠᠬᠢᠵᠤ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠺᠣᠮᠫᠠᠨᠢ ᠵᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠭᠠᠴᠠᠭ᠎ᠠ᠎ᠳᠤ ᠣᠯᠠᠨ ᠤᠳᠠᠭ᠎ᠠ ᠭᠦᠨᠵᠡᠭᠡᠶ᠋ᠢᠷᠡᠨ᠂ ᠰᠠᠭᠤᠭ᠎ᠠ ᠭᠠᠵᠠᠷ᠎ᠤᠨ ᠵᠣᠬᠢᠶᠠᠨ ᠪᠠᠶ᠋ᠢᠭᠤᠯᠬᠤ ᠠᠵᠢᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠵᠢᠯᠣᠭᠣᠳᠴᠤ᠂ ᠪᠠᠯᠭ᠋ᠠᠰᠤᠨ᠎ᠤ ᠨᠠᠮ᠎ᠤᠨ ᠬᠣᠷᠢᠶ᠎ᠠ᠂ ᠭᠠᠴᠠᠭ᠎ᠠ ᠵᠢᠨ 《ᠬᠣᠶᠠᠷ ᠵᠥᠪᠯᠡᠯ》᠎ᠲᠠᠢ ᠭᠠᠴᠠᠭ᠎ᠠ ᠵᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ᠂ ᠴᠠᠬᠢᠯᠭ᠋ᠠᠨ ᠬᠦᠴᠦᠨ᠎ᠤ ᠬᠥᠭᠵᠢᠯᠲᠡ ᠵᠢ ᠠᠬᠢᠭᠤᠯᠬᠤ᠂ ᠠᠵᠤ ᠦᠶᠯᠡᠰ᠎ᠤᠨ ᠬᠥᠭᠵᠢᠯᠲᠡ᠂ ᠴᠢᠳᠠᠪᠤᠷᠢᠲᠠᠨ᠎ᠤ ᠬᠥᠭᠵᠢᠯᠲᠡ ᠵᠡᠷᠭᠡ ᠲᠠᠯ᠎ᠠ ᠵᠢᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠪᠠ᠃ ᠠᠵᠢᠯᠯᠠᠬᠤ ᠠᠩᠬᠢ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》᠎ᠪᠠᠷ ᠭᠣᠣᠯ ᠭᠠᠷᠳᠠᠴᠠ ᠪᠣᠯᠭ᠋ᠠᠵᠤ᠂ 《ᠪᠦᠬᠦᠨ᠎ᠢ ᠪᠦᠷᠬᠦᠬᠦᠯᠬᠦ᠂ ᠨᠢᠭᠡ᠎ᠳᠤ ᠨᠢᠭᠡ ᠵᠢ ᠲᠠᠭ᠋ᠠᠷᠠᠭᠤᠯᠬᠤ᠂ ᠡᠷᠲᠡ ᠢᠯᠡᠷᠡᠭᠦᠯᠬᠦ᠂ ᠡᠷᠲᠡ ᠬᠠᠪᠰᠤᠷᠤᠨ ᠲᠡᠳᠬᠦᠬᠦ》 ᠵᠠᠷᠴᠢᠮ᠎ᠢ ᠪᠠᠷᠢᠮᠲᠠᠯᠠᠵᠤ᠂ ᠤᠯᠠᠨ ᠲᠦᠮᠡᠨ᠎ᠤ ᠳᠡᠷᠭᠡᠳᠡ ᠬᠦᠷᠴᠦ᠂ ᠤᠯᠠᠨ ᠲᠦᠮᠡᠨ᠎ᠤ ᠰᠡᠳᠬᠢᠯ᠎ᠳᠤ ᠣᠶ᠋ᠢᠷᠠᠳᠪᠠ᠃ ᠨᠡᠶ᠋ᠢᠲᠡ 110 ᠭᠠᠷᠤᠶ ᠬᠥᠮᠦᠨ / ᠤᠳᠠᠭ᠎ᠠ ᠡᠷᠦᠬᠡ᠎ᠳᠤ ᠬᠦᠷᠴᠦ ᠰᠤᠷᠪᠤᠯᠵᠢᠯᠠᠵᠤ᠂ ᠨᠡᠶ᠋ᠢᠲᠡ 12 ᠵᠦᠢ᠍ᠯ᠎ᠤᠨ ᠮᠠᠯᠴᠢᠨ ᠲᠠᠷᠢᠶᠠᠴᠢᠨ᠎ᠳᠤ ᠪᠣᠳᠠᠲᠠᠶ ᠠᠰᠠᠭᠤᠳᠠᠯ᠎ᠢ ᠰᠢᠶᠳᠪᠦᠷᠢᠯᠡᠵᠦ ᠥᠭᠴᠡᠶ᠃
ᠡᠭᠦᠨ᠎ᠤ ᠬᠠᠮᠲᠤ᠂ ᠮᠠᠯᠴᠢᠨ ᠲᠠᠷᠢᠶᠠᠴᠢᠨ᠎ᠤ ᠡᠯ᠎ᠡ ᠱᠠᠲᠤᠨ᠎ᠤ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ᠎ᠳᠤ ᠳᠥᠭᠥᠮ ᠦᠵᠡᠭᠦᠯᠬᠦ ᠵᠢᠨ ᠲᠥᠯᠥᠭᠡ᠂ ᠲᠣᠰᠬᠣᠨ᠎ᠳᠤ ᠰᠠᠭᠤᠬᠤ ᠠᠵᠢᠯᠯᠠᠬᠤ ᠠᠩᠭᠢ᠎ᠲᠠᠢ ᠬᠠᠷᠢᠯᠴᠠᠬᠤ᠎ᠳᠤ ᠨᠡᠩ ᠳᠥᠭᠥᠮ ᠳᠥᠲᠡ ᠪᠣᠯᠵᠤ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠠᠵᠢᠯᠯᠠᠬᠤ ᠠᠩᠭᠢ 《ᠢᠨᠲ᠋ᠤᠷ ᠰᠦᠯᠵᠢᠶ᠎ᠡ +》 ᠮᠡᠷᠭᠡᠵᠢᠯ᠎ᠢ ᠰᠢᠨ᠎ᠡ᠎ᠪᠠᠷ ᠬᠡᠷᠡᠭᠯᠡᠵᠦ᠂ ᠵᠢᠵᠢᠭᠬᠡᠨ ᠬᠣᠶᠠᠷ ᠬᠡᠮᠵᠢᠯᠳᠦ ᠲᠡᠮᠳᠡᠭ ᠵᠶ᠋ᠠᠷ ᠳᠠᠮᠵᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠰᠢᠯᠢ ᠵᠢᠨ ᠭᠣᠤᠯ ᠠᠶ᠋ᠢᠮᠠᠭ ᠵᠢᠴᠢ ᠬᠠᠷᠢᠶ᠎ᠠ ᠭᠠᠵᠠᠷ᠎ᠤᠨ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ᠂ ᠠᠮᠤᠷ ᠲᠦᠪᠰᠢᠨ ᠵᠶ᠋ᠠᠷ ᠴᠠᠬᠢᠯᠭ᠋ᠠᠨ ᠬᠡᠷᠡᠭᠯᠡᠬᠦ᠂ ᠡᠪᠡᠳᠴᠢᠨ ᠡᠮᠭᠡᠭ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠭ᠎ᠠ ᠮᠡᠳᠡᠯᠭᠡ᠂ 《ᠨᠢᠭᠡ ᠭᠡᠷ᠎ᠡ ᠳᠥᠷᠪᠡᠨ ᠬᠤᠷᠠᠯ》᠎ᠤᠨ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ ᠵᠢᠨ ᠲᠦᠷᠢᠮ ᠵᠢᠴᠢ ᠲᠣᠰᠬᠣᠨ᠎ᠳᠤ ᠰᠠᠭᠤᠬᠤ ᠠᠵᠢᠯᠯᠠᠬᠤ ᠠᠩᠭᠢ ᠵᠢᠨ ᠬᠠᠷᠢᠯᠴᠠᠬᠤ ᠠᠷᠭ᠎ᠠ ᠮᠠᠶᠢᠭ ᠵᠡᠷᠭᠡ ᠵᠢ ᠮᠠᠯᠴᠢᠨ ᠲᠠᠷᠢᠶᠠᠴᠢᠨ᠎ᠤ ᠭᠠᠷ᠎ᠲᠤ ᠬᠦᠷᠭᠡᠵᠦ᠂ ᠣᠯᠠᠨ ᠲᠦᠮᠡᠨ᠎ᠯᠦᠭᠡ ᠵᠢᠨ ᠵᠠᠶ ᠵᠢ ᠣᠶ᠋ᠢᠷᠠᠲᠤᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠰᠢᠨ᠎ᠡ ᠬᠥᠭᠥᠷᠭᠡ》 ᠵᠢ ᠪᠤᠰᠬᠠᠬᠤ ᠬᠡᠷᠡᠭᠲᠡᠶ᠃
ᠴᠠᠬᠢᠯᠭ᠋ᠠᠨ ᠬᠦᠴᠦᠨ᠎ᠢ ᠤᠷᠢᠳᠠᠪᠠᠷ ᠬᠡᠷᠡᠭᠵᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ 《ᠰᠢᠨ᠎ᠡ ᠡᠭᠦᠷᠭᠡᠯᠡᠯ》᠎ᠢ ᠢᠯᠡᠷᠡᠭᠦᠯᠪᠡ
《ᠴᠠᠬᠢᠯᠭ᠋ᠠᠨ ᠬᠦᠴᠦᠨ᠎ᠤ ᠺᠣᠮᠫᠠᠨᠢ᠎ᠳᠤ ᠲᠠᠯᠠᠷᠬᠠᠯ᠎ᠠ᠂ ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠭᠡᠳ ᠪᠢᠳᠡᠨ᠎ᠢ ᠳᠤᠯᠠᠭ᠋ᠠᠨ ᠡᠪᠦᠯ᠎ᠢ ᠥᠩᠭᠡᠷᠡᠭᠦᠯᠵᠡᠢ》᠃ ᠭᠡᠵᠦ ᠰᠢᠨ ᡁᠢ ᠵᠧᠨ ᠰᠡᠳᠬᠢᠯ ᠳᠣᠭᠳᠣᠯᠤᠨ ᠬᠡᠯᠡᠪᠡ᠃
ᠬᠥᠬᠡᠭᠡ ᠡᠪᠦᠯ᠎ᠤᠨ ᠤᠯᠠᠷᠢᠯ᠎ᠳᠤ ᠰᠢᠯᠢ ᠵᠢᠨ ᠭᠣᠤᠯ ᠠᠶ᠋ᠢᠮᠠᠭ᠎ᠤᠨ ᠠᠭ᠋ᠠᠷ᠎ᠤᠨ ᠳᠤᠯᠠᠭ᠋ᠠᠨ ᠲᠦᠷᠭᠡᠨ ᠵᠶ᠋ᠠᠷ ᠪᠠᠭᠤᠷᠠᠵᠤ᠂ ᠮᠠᠯᠴᠢᠳ᠎ᠤᠨ ᠳᠤᠯᠠᠭ᠋ᠠᠯᠠᠭ᠎ᠠ ᠵᠢᠨ ᠬᠡᠷᠡᠭᠴᠡᠭᠡ ᠤᠯᠠᠮ᠎ᠠᠴᠠ ᠤᠯᠠᠮ ᠴᠢᠩᠭ᠎ᠠ ᠪᠣᠯᠵᠣ ᠪᠠᠶ᠋ᠢᠨ᠎ᠠ᠃ ᠤᠯᠠᠨ ᠲᠦᠮᠡᠨ᠎ᠤ ᠳᠡᠷᠭᠡᠳᠡᠬᠢ ᠬᠦᠴᠢᠷᠳᠡᠯ ᠪᠣᠯ ᠳᠠᠷᠤᠢ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠺᠣᠮᠫᠠᠨᠢ ᠵᠢᠨ ᠲᠣᠰᠬᠣᠨ᠎ᠳᠤ ᠰᠠᠭᠤᠬᠤ ᠠᠵᠢᠯᠯᠠᠬᠤ ᠠᠩᠬᠢ ᠵᠢᠨ ᠡᠭᠦᠷᠭᠡ ᠬᠠᠷᠢᠭᠤᠴᠠᠯᠭ᠎ᠠ ᠪᠣᠯᠤᠨ᠎ᠠ᠃ ᠠᠩᠬᠠᠨ᠎ᠤ ᠮᠠᠲ᠋ᠧᠷᠢᠶᠠᠯ᠎ᠢ ᠤᠯᠠᠮ ᠨᠢᠭᠡ ᠠᠯᠬᠤᠮ ᠡᠵᠡᠮᠰᠢᠬᠦ ᠵᠢᠨ ᠲᠥᠯᠥᠭᠡ᠂ ᠠᠵᠢᠯᠯᠠᠬᠤ ᠠᠩᠭᠢ᠎ᠨᠢ ᠬᠠᠷᠢᠶ᠎ᠠ ᠭᠠᠵᠠᠷ᠎ᠤᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠎ᠲᠠᠢ ᠬᠠᠮᠲᠤ᠎ᠪᠠᠷ ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠲᠣᠰ ᠭᠠᠴᠠᠭ᠎ᠠ᠎ᠳᠤ ᠲᠤᠬᠠᠶ ᠵᠢᠨ ᠭᠠᠵᠠᠷ᠎ᠤᠨ ᠬᠠᠶ᠋ᠢᠨ ᠪᠠᠶ᠋ᠢᠴᠠᠭ᠋ᠠᠯᠲᠠ ᠬᠢᠵᠦ᠂ ᠴᠠᠬᠢᠯᠭ᠋ᠠᠨ ᠲᠣᠤᠷ᠎ᠤᠨ ᠪᠠᠶ᠋ᠢᠷᠢᠯᠠᠭᠤᠯᠤᠯᠲᠠ ᠵᠢ ᠲᠥᠯᠥᠪᠵᠢᠭᠦᠯᠦᠨ᠂ ᠲᠥᠰᠦᠯ ᠵᠶ᠋ᠠᠨ ᠤᠳᠠᠭ᠎ᠠ ᠳᠠᠷᠠᠭ᠋ᠠᠯᠠᠨ ᠵᠠᠰᠠᠵᠤ᠂ ᠮᠠᠯᠴᠢᠳ᠎ᠲᠠᠢ ᠤᠳᠠᠭ᠎ᠠ ᠳᠠᠷᠠᠭ᠋ᠠᠯᠠᠨ ᠨᠡᠪᠲᠡᠷᠡᠯᠴᠡᠨ ᠵᠥᠪᠳᠡᠯᠴᠡᠪᠡ᠃ ᠮᠠᠯᠴᠢᠳ᠎ᠤᠨ ᠵᠥᠪᠰᠢᠶᠡᠷᠡᠯ᠎ᠢ ᠣᠯᠤᠭᠰᠠᠨ᠎ᠤ ᠳᠠᠷᠠᠭ᠋ᠠᠬᠢ ᠬᠠᠮᠤᠭ᠎ᠤᠨ ᠲᠦᠷᠦᠭᠦᠨ᠎ᠳᠤ ᠬᠠᠷᠢᠶ᠎ᠠ ᠭᠠᠵᠠᠷ᠎ᠤᠨ ᠴᠠᠬᠢᠯᠭ᠋ᠠᠨ ᠬᠠᠩᠬᠠᠬᠤ ᠬᠤᠪᠢᠶᠠᠷᠢ ᠺᠣᠮᠫᠠᠨᠢ᠎ᠳᠤ ᠭᠠᠪᠰᠢᠭ᠋ᠠᠶ ᠠᠩᠭᠢ ᠪᠠᠶ᠋ᠢᠭᠤᠯᠵᠤ᠂ ᠴᠠᠰᠤ ᠰᠢᠭᠤᠷᠭ᠋ᠠᠨ᠎ᠤ ᠳᠤᠮᠳᠠᠭᠤᠷ ᠬᠠᠬᠢᠷ ᠬᠦᠢ᠍ᠲᠡᠨ᠎ᠳᠤ 1 ᠡᠳᠦᠷ᠎ᠤᠨ ᠳᠣᠲᠣᠷ᠎ᠠ 16 ᠲᠦᠮᠡᠨ ᠲᠥᠭᠥᠷᠢᠭ᠎ᠤᠨ ᠪᠠᠯᠠ ᠣᠷᠣᠭᠤᠯᠵᠤ᠂ 200kV ᠬᠦᠴᠦᠳᠡᠯ ᠥᠭᠡᠷᠡᠴᠢᠯᠡᠭᠴᠢ ᠵᠢ ᠰᠢᠨ᠎ᠡ᠎ᠪᠠᠷ ᠤᠭᠰᠠᠷᠠᠵᠤ᠂ 0.3 ᠺᠢᠯᠣᠮᠧᠲᠷ ᠳᠣᠤᠷ᠎ᠠ ᠬᠦᠴᠦᠳᠡᠯᠲᠦ ᠴᠠᠬᠢᠯᠭ᠋ᠠᠨ ᠱᠤᠭᠤᠮ᠎ᠢ ᠢᠵᠢ ᠪᠦᠷᠢᠳᠦᠭᠦᠯᠵᠦ᠂ ᠲᠣᠰ ᠭᠠᠴᠠᠭ᠋ᠠᠨ᠎ᠤ ᠴᠠᠬᠢᠯᠭ᠋ᠠᠨ ᠬᠡᠷᠡᠭᠯᠡᠬᠦ ᠬᠡᠷᠡᠭᠴᠡᠭᠡ ᠵᠢ ᠶᠡᠬᠡ᠎ᠪᠠᠷ ᠰᠠᠶ᠋ᠢᠵᠢᠷᠠᠭᠤᠯᠵᠠᠶ᠃ ᠳᠠᠷᠠᠭ᠎ᠠ᠎ᠨᠢ ᠨᠥᠬᠥᠴᠡᠯ᠎ᠳᠤ ᠬᠦᠷᠦᠭᠰᠡᠨ 12 ᠮᠠᠯᠴᠢᠳ᠎ᠲᠤ ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ ᠲᠥᠷᠥᠯ ᠵᠦᠶᠯ᠎ᠢ ᠬᠡᠷᠡᠭᠵᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ 《ᠰᠢᠨ᠎ᠡ ᠡᠭᠦᠷᠭᠡᠯᠡᠯ》᠎ᠢ ᠦᠵᠡᠭᠦᠯᠪᠡ᠃
《2022 ᠣᠨ᠎ᠳᠤ᠂ ᠪᠢᠳᠡ ᠪᠦᠯᠦᠭᠯᠡᠯ ᠺᠣᠮᠫᠠᠨᠢ᠂ ᠰᠢᠯᠢ ᠵᠢᠨ ᠭᠣᠤᠯ᠎ᠤᠨ ᠴᠠᠬᠢᠯᠭ᠋ᠠᠨ ᠬᠠᠩᠭ᠋ᠠᠬᠤ ᠺᠣᠮᠫᠠᠨᠢ ᠵᠢᠨ ᠰᠢᠶᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠲᠣᠰ ᠭᠠᠴᠠᠭ᠎ᠠ᠎ᠳᠤ ᠴᠠᠬᠢᠯᠭ᠋ᠠᠨ ᠲᠣᠤᠷ᠎ᠤᠨ ᠪᠦᠬᠦᠯᠢ ᠴᠣᠭᠴᠠ ᠵᠢᠨ ᠲᠥᠯᠥᠪᠵᠢᠭᠦᠯᠭᠡ ᠬᠢᠵᠦ᠂ ᠴᠠᠬᠢᠯᠭ᠋ᠠᠨᠵᠢᠭᠤᠯᠤᠭᠰᠠᠨ ᠨᠠᠷᠠᠲᠤ ᠲᠡᠮᠳᠡᠭᠲᠦ ᠲᠣᠰᠬᠣᠨ᠎ᠢ ᠴᠣᠭᠴᠠᠯᠠᠬᠤ᠎ᠳᠤ ᠪᠠᠲᠤ ᠰᠠᠭᠤᠷᠢ ᠲᠠᠯᠪᠢᠨ᠎ᠠ》 ᠭᠡᠵᠦ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ ᠵᠢᠨ ᠳᠠᠭ᠋ᠠᠭ᠋ᠠᠮᠠᠯ ᠰᠢᠤᠢ ᠬᠦᠶ ᠵᠢᠶᠦ᠋ᠨ ᠬᠡᠯᠡᠵᠡᠶ᠃
ᠨᠠᠮ᠎ᠤᠨ ᠪᠠᠶ᠋ᠢᠭᠤᠯᠤᠯᠲᠠ᠎ᠪᠠᠷ ᠬᠥᠳᠡᠭᠡ ᠲᠣᠰᠬᠣᠨ᠎ᠤ ᠬᠥᠭᠵᠢᠯᠲᠡ ᠵᠢᠨ 《ᠰᠢᠨ᠎ᠡ ᠡᠨᠧᠷᠭᠢ》 ᠵᠢ ᠬᠥᠲᠥᠯᠦᠨ ᠳᠠᠭ᠋ᠠᠭᠤᠯᠵᠤ ᠨᠢᠭᠲᠠᠷᠠᠭᠤᠯᠤᠨ᠎ᠠ
《ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠰᠠᠢ᠍ᠨ ᠳᠤᠷ᠎ᠠ᠎ᠠᠴᠠ᠎ᠪᠠᠨ ᠣᠷᠣᠵᠤ᠂ ᠨᠠᠮ᠎ᠤᠨ ᠬᠥᠲᠥᠯᠪᠦᠷᠢ ᠵᠢ ᠬᠦᠷᠢᠶᠡᠯᠡᠨ᠂ ᠨᠠᠮ᠎ᠤᠨ ᠳᠦᠷᠢᠮ᠎ᠢ ᠵᠢᠷᠤᠮᠯᠠᠨ᠎ᠠ ᠁》
ᠴᠣᠭ᠍ᠦ᠋ᠨᠳᠦᠷ ᠭᠠᠴᠠᠭ᠎ᠠ ᠵᠢᠨ ᠨᠠᠮ ᠪᠠ ᠣᠯᠠᠨ ᠲᠦᠮᠡᠨ᠎ᠤ ᠦᠶᠯᠡᠴᠢᠯᠡᠭᠡᠨ᠎ᠤ ᠲᠥᠪ᠎ᠲᠤ᠂ ᠭᠠᠯ ᠤᠯᠠᠭ᠋ᠠᠨ ᠨᠠᠮ᠎ᠤᠨ ᠲᠣᠭ᠎ᠤᠨ ᠡᠮᠦᠨ᠎ᠡ᠂ ᠭᠠᠴᠠᠭ᠎ᠠ ᠵᠢᠨ ᠨᠠᠮ᠎ᠤᠨ ᠡᠭᠦᠷ᠎ᠤᠨ ᠱᠦᠵᠢ ᠯᠢ ᠪᠢᠨ ᠭᠠᠴᠠᠭ᠎ᠠ ᠵᠢᠨ ᠨᠠᠮ᠎ᠤᠨ ᠭᠡᠰᠢᠭᠦᠳ ᠵᠶ᠋ᠠᠨ ᠳᠠᠭ᠋ᠠᠭᠤᠯᠤᠨ ᠨᠠᠮ᠎ᠳᠤ ᠣᠷᠣᠬᠤ ᠲᠠᠩᠭ᠋ᠠᠷᠢᠭ᠎ᠤᠨ ᠦᠭᠡ᠎ᠪᠠᠨ ᠳᠠᠪᠲᠠᠵᠤ ᠪᠠᠶ᠋ᠢᠨ᠎ᠠ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠺᠣᠮᠫᠠᠨᠢ ᠵᠢᠨ ᠲᠣᠰᠬᠣᠨ᠎ᠳᠤ ᠰᠠᠭᠤᠬᠤ ᠠᠵᠢᠯᠯᠠᠬᠤ ᠠᠩᠭᠢ ᠭᠠᠴᠠᠭ᠎ᠠ ᠵᠢᠨ ᠨᠠᠮ᠎ᠤᠨ ᠭᠡᠰᠢᠭᠦᠳ᠎ᠲᠠᠢ ᠬᠠᠮᠲᠤ᠎ᠪᠠᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠪᠠ᠃
《ᠵᠣᠭᠣᠰ ᠮᠥᠩᠭᠥ ᠡᠳ᠋ ᠪᠣᠳᠠᠰ᠎ᠢ ᠬᠠᠪᠰᠤᠷᠬᠤ᠎ᠪᠠᠷ ᠰᠠᠢ᠍ᠢ᠍ᠨ ᠨᠠᠮ᠎ᠤᠨ ᠡᠭᠦᠷ ᠪᠠᠶ᠋ᠢᠭᠤᠯᠬᠤ ᠵᠢ ᠬᠦᠷᠬᠦ ᠦᠭᠡᠢ》᠃ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠺᠣᠮᠫᠠᠨᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠪᠣᠯᠤᠨ ᠶᠠᠳᠠᠭᠤ᠎ᠠᠴᠠ ᠠᠩᠭᠢᠵᠢᠷᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠢᠮᠠᠭᠲᠠ ᠪᠠᠷᠢᠮᠲᠠᠯᠠᠵᠤ᠂ ᠤᠤᠯ᠎ᠤᠨ ᠨᠢᠭᠡ ᠨᠠᠮ᠎ᠤᠨ ᠭᠡᠰᠢᠭᠦᠨ ᠲᠣᠰᠬᠣᠨ᠎ᠳᠤ ᠰᠠᠭᠤᠭ᠎ᠠ ᠺᠠᠳ᠋ᠷ᠎ᠤᠨ ᠰᠠᠭᠤᠷᠢᠨ ᠳᠡᠭᠡᠷ᠎ᠡ᠂ ᠬᠣᠶᠠᠷ ᠵᠠᠯᠠᠭᠤ ᠨᠠᠮ᠎ᠤᠨ ᠭᠡᠰᠢᠭᠦᠨ᠎ᠢ ᠰᠢᠨ᠎ᠡ᠎ᠪᠠᠷ ᠨᠡᠮᠡᠨ ᠲᠣᠮᠢᠯᠠᠵᠤ᠂ ᠭᠠᠴᠠᠭ᠋ᠠᠨ᠎ᠤ ᠨᠠᠮ᠎ᠤᠨ ᠡᠭᠦᠷ᠎ᠤᠨ ᠪᠠᠶ᠋ᠢᠭᠤᠯᠤᠯᠲᠠ᠎ᠳᠤ ᠲᠡᠭᠦᠯᠳᠡᠷᠵᠢᠭᠦᠯᠪᠡ᠃ ᠭᠤᠷᠪᠠᠨ ᠰᠠᠷ᠎ᠠ ᠵᠢᠨ ᠲᠤᠷᠰᠢ᠂ ᠠᠵᠢᠯᠯᠠᠬᠤ ᠠᠩᠭᠢ ᠭᠠᠴᠠᠭ᠋ᠠᠨ᠎ᠤ 《ᠬᠣᠶᠠᠷ ᠵᠥᠪᠯᠡᠯ》᠎ᠢ ᠢᠳᠡᠪᠬᠢᠲᠡᠶ ᠬᠠᠪᠰᠤᠷᠤᠨ ᠨᠠᠮ᠎ᠤᠨ ᠡᠭᠦᠷ᠎ᠤᠨ ᠲᠦᠷᠢᠮ ᠲᠣᠭᠲᠠᠭ᠋ᠠᠯ᠎ᠢ ᠪᠦᠷᠢᠨᠰᠢᠬᠦᠯᠵᠦ᠂ ᠨᠠᠮ᠎ᠤᠨ ᠭᠡᠰᠢᠭᠦᠨ᠎ᠤ ᠰᠤᠷᠤᠯᠴᠠᠬᠤ ᠲᠥᠯᠥᠪᠯᠡᠭᠡ ᠵᠢ ᠲᠣᠭᠲᠠᠭ᠋ᠠᠨ᠂ ᠲᠠᠩᠰᠠ ᠡᠪᠬᠡᠮᠡᠯ᠎ᠤᠨ ᠡᠬᠡ ᠲᠠᠩᠰᠠ ᠵᠢ ᠴᠡᠭᠴᠡᠯᠡᠨ ᠪᠠᠶ᠋ᠢᠭᠤᠯᠬᠤ ᠵᠢ ᠲᠡᠭᠦᠯᠳᠡᠷᠵᠢᠭᠦᠯᠵᠦ᠂ 《ᠨᠢᠭᠡ ᠭᠡᠷ᠎ᠡ ᠳᠥᠷᠪᠡᠨ ᠬᠤᠷᠠᠯ》᠎ᠤᠨ ᠲᠦᠷᠢᠮ᠎ᠢ ᠵᠢᠷᠤᠮᠵᠢᠭᠤᠯᠪᠠ᠃ ᠡᠭᠦᠨ᠎ᠤ ᠬᠠᠮᠲᠤ᠂ ᠡᠷᠡᠭᠦᠯ ᠮᠡᠨᠳᠦ ᠵᠢᠨ ᠠᠯᠪᠠᠨ ᠵᠢᠷᠤᠮ᠎ᠤᠨ ᠡᠮᠴᠢᠯᠡᠭᠡ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠤᠯ᠂ ᠲᠣᠰᠬᠣᠨ᠎ᠤ ᠳᠦᠷᠰᠦ ᠪᠠᠶ᠋ᠢᠳᠠᠯ᠎ᠤᠨ ᠣᠷᠴᠢᠨ ᠠᠬᠤᠶ ᠵᠢᠨ ᠵᠠᠰᠠᠯᠲᠠ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠡᠷᠭᠡ ᠰᠢᠷᠢᠰ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠭᠠᠴᠠᠭ᠋ᠠᠨ᠎ᠤ ᠨᠠᠮ᠎ᠤᠨ ᠡᠭᠦᠷ᠎ᠤᠨ ᠨᠢᠭᠲᠠᠷᠠᠯ᠎ᠤᠨ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ 《ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠬᠠᠪᠰᠤᠷᠴᠤ ᠬᠠᠷᠢᠯᠴᠠᠨ ᠬᠠᠶ᠋ᠢᠷᠠᠯᠠᠬᠤ᠂ ᠬᠠᠷᠢᠯᠴᠠᠨ ᠠᠳᠠᠯᠢᠳᠬᠠᠨ ᠬᠠᠷᠢᠯᠴᠠᠨ ᠳᠠᠪᠰᠢᠬᠤ》 ᠬᠠᠮᠤᠭ᠎ᠤᠨ ᠬᠦᠴᠦᠷᠬᠡᠭ ᠨᠠᠮ᠎ᠤᠨ ᠡᠭᠦᠷ᠎ᠢ ᠪᠠᠶ᠋ᠢᠭᠤᠯᠬᠤ ᠵᠢᠨ ᠲᠥᠯᠥᠭᠡ᠂ ᠬᠥᠳᠡᠭᠡ ᠲᠣᠰᠬᠣᠨ᠎ᠤ ᠬᠥᠭᠵᠢᠯᠲᠡ ᠵᠢᠨ 《ᠰᠢᠨ᠎ᠡ ᠡᠨᠧᠷᠭᠢ》 ᠵᠢ ᠨᠢᠭᠲᠠᠷᠠᠭᠤᠯᠬᠤ ᠬᠡᠷᠡᠭᠲᠡᠶ᠃
ᠰᠢᠨ᠎ᠡ ᠡᠭᠦᠷᠭᠡ᠎ᠨᠢ ᠰᠢᠨ᠎ᠡ ᠬᠦᠰᠡᠯ ᠵᠡᠭᠦᠳᠦ ᠵᠢ ᠨᠢᠭᠲᠠᠷᠠᠭᠤᠯᠵᠤ᠂ ᠰᠢᠨ᠎ᠡ ᠡᠭᠦᠷᠭᠡᠯᠡᠯ᠎ᠨᠢ ᠲᠠᠬᠢᠨ ᠰᠢᠨ᠎ᠡ ᠳᠡᠭᠲᠡᠷ᠎ᠲᠤ ᠭᠠᠷᠪᠠ᠃ 2022 ᠣᠨ᠎ᠳᠤ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠺᠣᠮᠫᠠᠨᠢ ᠦᠷᠭᠦᠯᠵᠢᠯᠡᠨ ᠲᠥᠪ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠬᠣᠯᠪᠣᠭ᠋ᠠᠯᠠᠬᠤ ᠵᠢ ᠳᠠᠭ᠋ᠠᠭ᠋ᠠᠴᠢᠯᠠᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠵᠢ ᠴᠢᠩᠭ᠎ᠠ ᠳᠠᠷᠤᠵᠤ᠂ ᠨᠡᠩ ᠶᠡᠬᠡ ᠡᠷᠴᠢᠮ ᠵᠶ᠋ᠠᠷ ᠰᠡᠳᠬᠢᠴᠡ᠎ᠪᠠᠨ ᠰᠢᠨᠡᠳᠬᠡᠵᠦ᠂ ᠨᠡᠩ ᠪᠣᠳᠠᠲᠠᠢ ᠠᠷᠭ᠎ᠠ ᠬᠡᠮᠵᠢ᠊ ᠢ᠎ᠡ᠎ᠪᠠᠷ ᠥᠷᠭᠡᠨ ᠤᠯᠠᠨ ᠮᠠᠯᠴᠢᠨ ᠲᠠᠷᠢᠶᠠᠴᠢᠨ᠎ᠢ ᠳᠠᠭ᠋ᠠᠭᠤᠯᠤᠨ ᠲᠤᠮᠤ ᠠᠯᠬᠤᠮ ᠵᠶ᠋ᠠᠷ ᠤᠷᠤᠭᠰᠢᠯᠠᠵᠤ᠂ ᠨᠡᠩ ᠰᠠᠢ᠍ᠢ᠍ᠨ ᠰᠠᠶ᠋ᠢᠬᠠᠨ᠂ ᠵᠣᠯ ᠵᠢᠷᠭ᠋ᠠᠯᠲᠤ ᠰᠢᠨ᠎ᠡ ᠠᠮᠢᠳᠤᠷᠠᠯ ᠲᠡᠰᠢ ᠤᠷᠤᠭᠰᠢᠯᠠᠨ᠎ᠠ᠃