ᠨᠠᠮᠤᠷ᠎ᠤᠨ ᠰᠡᠭᠦᠯᠴᠢ ᠪᠣᠯᠬᠤ᠎ᠳᠤ᠂ ᠮᠠᠨ᠎ᠤ ᠤᠯᠤᠰ᠎ᠤᠨ ᠨᠠᠢ᠍ᠮᠠᠳᠤᠭ᠋ᠠᠷ ᠶᠡᠬᠡ ᠡᠯᠡᠰᠦᠨ ᠴᠦᠯ ᠪᠣᠯᠤᠭᠰᠠᠨ ᠥᠪᠥᠷ ᠮᠣᠩᠭᠣᠯ᠎ᠤᠨ ᠤᠯᠠᠭ᠋ᠠᠨᠪᠤᠬ᠎ᠠ ᠵᠢᠨ ᠡᠯᠡᠰᠦᠨ ᠴᠦᠯ᠎ᠳᠤ ᠳᠠᠷᠢᠭᠰᠠᠨ 5.6 ᠲᠦᠮᠡᠨ ᠮᠦ᠍ ᠲᠥᠮᠥᠰᠥ ᠵᠢᠨ ᠬᠤᠷᠢᠶᠠᠯᠲᠠ ᠵᠢᠨ ᠠᠬᠢᠴᠠ ᠶᠢᠰᠦᠨ ᠬᠤᠪᠢ᠎ᠳᠤ ᠬᠦᠷᠴᠦ᠂ ᠮᠦ᠍ ᠪᠦᠷᠢ ᠵᠢᠨ ᠳᠤᠮᠳᠠᠴᠢ ᠤᠨᠠᠯᠲᠠ 5 ᠲᠣᠨ᠎ᠢ ᠳᠠᠪᠠᠵᠤ᠂ ᠡᠯᠪᠡᠭ ᠬᠤᠷᠢᠶᠠᠯᠲᠠ ᠨᠢᠭᠡᠨᠲᠡ ᠲᠣᠭᠲᠠᠵᠠᠢ᠃
ᠤᠯᠠᠭ᠋ᠠᠨᠪᠤᠬ᠎ᠠ ᠡᠯᠡᠰᠦᠨ ᠴᠦᠯ᠎ᠤᠨ ᠶᠡᠷᠦᠩᠬᠡᠢ ᠲᠠᠯᠠᠪᠠᠢ 1500 ᠲᠦᠮᠡᠨ ᠮᠦ᠍᠂ ᠡᠭᠦᠨ᠎ᠳᠤ ᠵᠡᠭᠦᠨ ᠪᠡᠶ᠎ᠡ ᠵᠢᠨ 430 ᠲᠦᠮᠡᠨ ᠮᠦ᠍ ᠰᠢᠬᠠᠮ᠎ᠨᠢ ᠪᠠᠶᠠᠨᠨᠠᠭᠤᠷ ᠬᠤᠳᠠ ᠵᠢᠨ ᠳ᠋ᠸᠩᠺᠸᠤ ᠰᠢᠶᠠᠨ᠎ᠤ ᠬᠢᠯᠢ᠎ᠳᠤ ᠲᠠᠷᠬᠠᠵᠤ ᠪᠤᠢ᠃ ᠳ᠋ᠸᠩᠺᠸᠤ ᠰᠢᠶᠠᠨ᠎ᠤ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠲᠣᠪᠴᠢᠶᠠᠨ᠎ᠤ ᠳᠡᠳ᠋ ᠳᠠᠷᠤᠭ᠎ᠠ ᠬᠠᠨ ᠶᠢᠩ ᠯᠢᠶᠠᠨ᠎ᠤ ᠲᠠᠨᠢᠯᠴᠠᠭᠤᠯᠤᠭᠰᠠᠨ ᠵᠶ᠋ᠠᠷ᠂ ᠤᠯᠠᠨ ᠵᠢᠯ᠎ᠤᠨ ᠲᠤᠷᠰᠢ᠂ ᠳ᠋ᠸᠩᠺᠸᠤ ᠰᠢᠶᠠᠨ ᠤᠯᠠᠭ᠋ᠠᠨᠪᠤᠬ᠎ᠠ ᠵᠢᠨ ᠡᠯᠡᠰᠦᠨ ᠴᠦᠯ᠎ᠢ ᠶᠡᠷᠦᠩᠬᠡᠢ᠌ᠯᠡᠨ ᠵᠠᠰᠠᠬᠤ ᠵᠢ ᠦᠷᠭᠦᠯᠵᠢᠯᠡᠨ ᠠᠬᠢᠭᠤᠯᠵᠤ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ᠎ᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠴᠢᠭ᠋ ᠵᠡᠷᠭᠡ ᠤᠯᠤᠰ᠎ᠤᠨ ᠭᠣᠣᠯᠳᠠᠯᠭ᠎ᠠ᠎ᠲᠠᠢ ᠢᠨᠵᠧᠨᠧᠷᠢᠩ᠎ᠢ ᠵᠠᠯᠭ᠋ᠠᠪᠡᠷ ᠬᠡᠷᠡᠭᠵᠢᠭᠦᠯᠵᠦ᠂ ᠨᠡᠢ᠍ᠢ᠍ᠳᠡ 210 ᠲᠦᠮᠡᠨ ᠮᠦ᠍ ᠡᠯᠡᠰᠦᠨ ᠴᠦᠯ᠎ᠳᠤ ᠨᠣᠭᠣᠭ᠋ᠠᠨ ᠬᠤᠪᠴᠠᠰᠤ ᠡᠮᠦᠰᠴᠦ᠂ ᠠᠮᠢ ᠠᠬᠤᠢ ᠵᠢᠨ ᠬᠠᠯᠬᠠᠪᠴᠢ ᠵᠢ ᠪᠠᠢ᠌ᠭᠤᠯᠤᠭᠰᠠᠨ ᠵᠶ᠋ᠠᠷ ᠪᠠᠷᠠᠬᠤ ᠦᠭᠡᠢ ᠪᠠᠰᠠ ᠠᠮᠢ ᠠᠬᠤᠢ ᠵᠢᠨ ᠲᠠᠷᠢᠶᠠᠯᠠᠩ᠂ ᠬᠢᠲᠠᠳ ᠡᠮ᠎ᠤᠨ ᠮᠠᠲ᠋ᠧᠷᠢᠶᠠᠯ᠎ᠤᠨ ᠲᠠᠷᠢᠮᠠᠯ᠎ᠤᠨ ᠠᠵᠤ ᠦᠢ᠍ᠯᠡᠰ᠎ᠢ ᠬᠥᠭᠵᠢᠭᠦᠯᠵᠡᠢ᠃ ᠡᠨᠳᠡᠬᠢ ᠨᠡᠷᠡᠨ᠎ᠤ ᠲᠤᠰᠤᠯᠲᠠ ᠭᠦᠢ᠍ᠴᠡᠳ ᠂ ᠡᠳᠦᠷ ᠰᠥᠨᠢ ᠵᠢᠨ ᠳᠤᠯᠠᠭ᠋ᠠᠨ᠎ᠤ ᠵᠥᠷᠢᠶ᠎ᠡ ᠶᠡᠬᠡ ᠂ ᠠᠮᠢ ᠠᠬᠤᠢ ᠵᠢᠨ ᠣᠷᠴᠢᠨ ᠲᠣᠭᠣᠷᠢᠨ ᠠᠭ᠋ᠠᠵᠢᠮ ᠵᠶ᠋ᠠᠷ ᠰᠠᠢ᠌ᠵᠢᠷᠠᠵᠤ ᠂ ᠲᠥᠮᠥᠰᠥ ᠳᠠᠷᠢᠬᠤ᠎ᠳᠤ ᠠᠰᠢᠭᠲᠠᠢ ᠨᠥᠬᠥᠴᠡᠯ᠎ᠢ ᠬᠠᠩᠭ᠋ᠠᠭᠰᠠᠨ ᠪᠠᠢ᠌ᠨ᠎ᠠ ᠃
ᠣᠢ᠌ᠷ᠎ᠠ ᠵᠢᠨ ᠡᠳᠦᠷ᠎ᠤᠳ᠎ᠲᠤ᠂ ᠳ᠋ᠸᠩᠺᠸᠤ ᠰᠢᠶᠠᠨ᠎ᠤ ᠡᠯᠡᠰᠦᠨ ᠴᠦᠯ᠎ᠤᠨ ᠲᠥᠮᠥᠰᠥ ᠲᠠᠷᠢᠬᠤ ᠰᠠᠭᠤᠷᠢᠨ᠎ᠳᠤ᠂ ᠬᠤᠷᠢᠶᠠᠯᠲᠠ ᠵᠢᠨ ᠮᠠᠰᠢᠨ ᠶᠠᠭ ᠰᠠᠢ᠌ᠬᠠᠨ ᠳᠠᠯᠠᠩ᠎ᠢ ᠤᠷᠪᠠᠭᠤᠯᠬᠤ ᠠᠵᠢᠯ ᠬᠢᠵᠦ᠂ ᠨᠢᠭᠡ ᠨᠢᠭᠡ ᠵᠢᠭᠳᠡ ᠲᠥᠮᠥᠰᠥ᠎ᠨᠢ ᠳᠠᠯᠠᠩ᠎ᠤᠨ ᠵᠠᠮ ᠳᠡᠭᠡᠷ᠎ᠡ ᠤᠨᠠᠵᠤ᠂ ᠠᠵᠢᠯᠴᠢᠳ ᠤᠭᠤᠲᠠᠯᠠᠭᠰᠠᠨ ᠲᠥᠮᠥᠰᠥ᠎ᠪᠠᠨ ᠲᠣᠮᠣ ᠠᠴᠢᠶᠠᠨ᠎ᠤ ᠮᠠᠰᠢᠨ ᠲᠡᠷᠭᠡᠨ ᠳᠡᠭᠡᠷ᠎ᠡ ᠵᠥᠭᠡᠭᠡᠪᠦᠷᠢᠯᠡᠵᠦ ᠪᠤᠢ᠃ ᠲᠠᠷᠢᠮᠠᠯ᠎ᠤᠨ ᠲᠣᠮᠣ ᠡᠷᠦᠬᠡ ᠰᠢᠦᠢ ᠶᠡᠬᠡ ᠰᠠᠢ᠌ᠳ ᠄ 《 ᠡᠨᠡ ᠵᠢᠯ ᠪᠢᠳᠡ ᠬᠠᠮᠲᠤ᠎ᠪᠠᠷ 8000 ᠮᠦ᠍ ᠡᠯᠡᠰᠦᠨ ᠴᠥᠯ᠎ᠤᠨ ᠲᠥᠮᠥᠰᠥ ᠳᠠᠷᠢᠵᠤ ᠂ ᠮᠦ᠍ ᠪᠦᠷᠢ ᠵᠢᠨ ᠳᠤᠮᠳᠠᠴᠢ ᠤᠨᠠᠯᠲᠠ᠎ᠨᠢ 5 ᠲᠣᠨ ᠠᠴᠠ ᠳᠡᠭᠡᠭᠰᠢ ᠪᠠᠢ᠌ᠵᠤ ᠂ ᠲᠠᠷᠢᠮᠠᠯ᠎ᠤᠨ ᠦᠷ᠎ᠡ ᠠᠰᠢᠭ᠎ᠨᠢ ᠨᠡᠯᠢᠶᠡᠳ ᠰᠠᠢ᠌ᠨ ᠪᠠᠢ᠌ᠨ᠎ᠠ 》 ᠭᠡᠵᠡᠢ ᠃
ᠰᠢᠦᠢ ᠰᠠᠢ᠌ᠳ ᠰᠤᠷᠪᠤᠯᠵᠢᠯᠠᠭᠴᠢ᠎ᠳᠤ ᠬᠡᠯᠡᠬᠦ᠎ᠳᠡᠭᠡᠨ ᠂ ᠲᠠᠳᠠ ᠤᠯᠠᠭ᠋ᠠᠨᠪᠤᠬ᠎ᠠ ᠵᠢᠨ ᠡᠯᠡᠰᠦᠨ ᠴᠥᠯ᠎ᠤᠨ ᠥᠪᠡᠷᠮᠢᠴᠡ ᠭᠠᠵᠠᠷ ᠰᠢᠷᠣᠢ ᠂ ᠬᠡᠷᠡᠯ᠎ᠤᠨ ᠲᠤᠰᠤᠯᠲᠠ ᠵᠡᠷᠭᠡ ᠪᠠᠢ᠌ᠭ᠋ᠠᠯᠢ ᠵᠢᠨ ᠳᠠᠪᠠᠭᠤᠯᠢᠭ᠎ᠢ ᠠᠰᠢᠭᠯᠠᠨ ᠂ ᠤᠯᠤᠰ᠎ᠤᠨ ᠳᠣᠲᠣᠭ᠋ᠠᠳᠤ ᠵᠢᠨ ᠴᠢᠨᠠᠷ ᠰᠠᠢ᠌ᠲᠠᠢ ᠲᠥᠮᠥᠰᠥ ᠵᠢ ᠣᠷᠣᠭᠤᠯᠤᠨ ᠠᠪᠴᠢᠷᠠᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ ᠵᠶ᠋ᠡᠷ ᠳᠠᠷᠢᠵᠤ ᠂ ᠳᠠᠷᠢᠬᠤ ᠂ ᠬᠠᠮᠢᠶᠠᠷᠬᠤ ᠂ ᠬᠤᠷᠢᠶᠠᠬᠤ ᠵᠢ ᠴᠥᠮ ᠮᠠᠰᠢᠨᠴᠢᠯᠠᠬᠤ ᠂ ᠡᠷᠴᠢᠮᠵᠢᠭᠦᠯᠬᠦ ᠠᠵᠢᠯ ᠬᠢᠵᠦ ᠂ ᠥᠪᠡᠷ᠎ᠤᠨ ᠥᠷᠲᠡᠭ᠎ᠢ ᠠᠷᠪᠢᠯᠠᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠵᠡᠢ ᠃《ᠪᠢᠳᠡ ᠲᠥᠮᠥᠰᠥ ᠵᠢ ᠪᠣᠬᠢᠷᠳᠤᠯ ᠦᠭᠡᠢ᠎ᠪᠠᠷ ᠤᠨᠠᠯᠲᠠ ᠵᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠦᠨ ᠳᠠᠷᠢᠵᠤ ᠪᠣᠢ᠌ᠵᠢᠭᠤᠯᠬᠤ ᠮᠡᠷᠭᠡᠵᠢᠯ ᠢ ᠬᠡᠷᠡᠭᠯᠡᠵᠦ᠂ ᠲᠠᠷᠢᠶᠠᠨ ᠭᠠᠵᠠᠷ᠎ᠤᠨ ᠬᠢᠮᠢ ᠵᠢᠨ ᠪᠣᠷᠳᠣᠭᠤᠷ ᠂ ᠤᠰᠤᠨ᠎ᠤ ᠬᠡᠷᠡᠭᠯᠡᠭᠡᠨ᠎ᠤ ᠬᠡᠮᠵᠢᠶ᠎ᠡ ᠵᠢ ᠤᠯᠠᠮᠵᠢᠯᠠᠯᠲᠤ ᠲᠠᠷᠢᠮᠠᠯ᠎ᠤᠨ ᠬᠡᠮᠵᠢᠶ᠎ᠡ᠎ᠠᠴᠠ 20% ᠣᠷᠴᠢᠮ ᠵᠶ᠋ᠠᠷ ᠪᠠᠭ᠋ᠠᠰᠬᠠᠵᠤ ᠂ ᠭᠠᠷᠤᠯᠲᠠ᠎ᠨᠢ ᠥᠨᠳᠥᠷ ᠂ ᠶᠠᠰᠤ ᠴᠢᠨᠠᠷ᠎ᠨᠢ ᠰᠠᠢ᠌ᠨ ᠪᠣᠯᠭ᠋ᠠᠬᠤ ᠵᠢ ᠦᠨᠡᠨᠬᠦ ᠪᠡᠶᠡᠯᠡᠭᠦᠯᠵᠦ ᠪᠠᠢ᠌ᠨ᠎ᠠ ᠃ ᠣᠳᠣ ᠲᠥᠮᠥᠰᠥ ᠵᠢᠨ ᠬᠤᠳᠠᠯᠳᠤᠨ ᠠᠪᠬᠤ ᠦᠨ᠎ᠡ ᠵᠢ ᠺᠢᠯᠣᠭ᠌ᠷᠠᠮ ᠪᠦᠷᠢ᠎ᠳᠡᠭᠡᠨ 2.3 ᠲᠥᠭᠥᠷᠢᠭ ᠣᠷᠴᠢᠮ᠎ᠳᠤ ᠲᠣᠭᠲᠠᠪᠤᠷᠢᠵᠢᠭᠤᠯᠵᠤ ᠂ ᠮᠠᠨ᠎ᠤ ᠲᠠᠷᠢᠮᠠᠯ᠎ᠤᠨ ᠠᠰᠢᠭ ᠣᠷᠣᠯᠭ᠎ᠠ ᠵᠢ ᠪᠠᠲᠤᠯᠠᠵᠤ ᠴᠢᠳᠠᠬᠤ ᠪᠣᠯᠵᠠᠢ》ᠭᠡᠵᠦ ᠰᠢᠦᠢ ᠰᠠᠢ᠌ᠳ ᠬᠡᠯᠡᠪᠡ᠃
ᠰᠤᠷᠪᠤᠯᠵᠢᠯᠠᠭᠴᠢ ᠲᠤᠬᠠᠢ ᠵᠢᠨ ᠲᠠᠯᠠᠪᠤᠷ᠎ᠲᠤ ᠬᠦᠷᠴᠦ ᠣᠢ᠌ᠯᠠᠭ᠋ᠠᠭᠰᠠᠨ ᠵᠶ᠋ᠠᠷ ᠂ ᠡᠨᠳᠡᠬᠢ ᠲᠥᠮᠥᠰᠥ ᠳᠠᠷᠢᠬᠤ ᠡᠷᠦᠬᠡ᠎ᠨᠢ ᠴᠥᠮ ᠵᠠᠭᠤᠴᠢᠯᠠᠭᠴᠢ ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠲᠠᠢ ᠬᠠᠩᠭ᠋ᠠᠨ ᠪᠣᠷᠣᠯᠠᠭᠤᠯᠬᠤ ᠬᠠᠮᠲᠤᠷᠠᠯᠴᠠᠭ᠋ᠠᠨ᠎ᠤ ᠬᠠᠷᠢᠴᠠᠭ᠎ᠠ ᠪᠠᠢ᠌ᠭᠤᠯᠤᠭᠰᠠᠨ ᠪᠠᠢ᠌ᠨ᠎ᠠ ᠃ ᠲᠥᠮᠥᠰᠥ ᠬᠤᠷᠢᠶᠠᠬᠤ ᠤᠯᠠᠷᠢᠯ᠎ᠳᠤ ᠣᠷᠣᠭᠰᠠᠨ᠎ᠤ ᠳᠠᠷᠠᠭ᠎ᠠ ᠂ ᠵᠠᠭᠤᠴᠢᠯᠠᠭᠴᠢ ᠠᠴᠠ ᠬᠣᠯᠪᠣᠭᠳᠠᠯ ᠪᠦᠬᠦᠢ ᠮᠡᠳᠡᠭᠡ ᠵᠠᠩᠭᠢ ᠵᠢ ᠴᠠᠭ ᠲᠤᠬᠠᠢᠳᠤᠨᠢ ᠬᠠᠩᠭ᠋ᠠᠵᠤ ᠂ ᠪᠥᠬᠥ ᠤᠯᠤᠰ᠎ᠤᠨ ᠡᠯ᠎ᠡ ᠭᠠᠵᠠᠷ ᠠᠴᠠ ᠢᠷᠡᠭᠰᠡᠨ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠮᠠᠰᠢᠨ ᠲᠡᠷᠭᠡ᠎ᠪᠠᠨ ᠵᠠᠯᠭ᠋ᠠᠭ᠎ᠠ᠎ᠪᠠᠷ ᠵᠣᠬᠢᠶᠠᠨ ᠪᠠᠢ᠌ᠭᠤᠯᠵᠤ ᠲᠤᠬᠠᠢ ᠵᠢᠨ ᠲᠠᠯᠠᠪᠤᠷ᠎ᠲᠤ ᠣᠴᠢᠭᠤᠯᠤᠨ ᠬᠤᠳᠠᠯᠳᠤᠨ ᠠᠪᠤᠭᠤᠯᠵᠤ ᠂ ᠳᠠᠷᠢᠬᠤ ᠡᠷᠦᠬᠡ ᠲᠠᠷᠢᠶᠠᠨ ᠭᠠᠵᠠᠷ᠎ᠲᠤ ᠲᠥᠮᠥᠰᠥ ᠪᠣᠷᠣᠯᠠᠭᠤᠯᠵᠤ ᠪᠣᠯᠣᠨ᠎ᠠ ᠃
ᠣᠳᠣᠬᠠᠨ᠎ᠳᠤ ᠂ ᠳ᠋ᠸᠩᠺᠸᠤ ᠰᠢᠶᠠᠨ᠎ᠳᠤ ᠨᠡᠶ᠋ᠢᠲᠡ 50 ᠭᠠᠷᠤᠢ ᠲᠥᠮᠥᠰᠥ ᠳᠠᠷᠢᠬᠤ ᠲᠣᠮᠣ ᠡᠷᠦᠬᠡ ᠪᠤᠶᠤ ᠳᠠᠷᠢᠬᠤ ᠬᠣᠷᠰᠢᠶ᠎ᠠ᠎ᠲᠠᠢ ᠪᠠᠢ᠌ᠵᠤ ᠂ ᠡᠷᠦᠬᠡ ᠪᠦᠷᠢ ᠵᠢᠨ ᠳᠠᠷᠢᠬᠤ ᠲᠠᠯᠠᠪᠠᠶ᠎ᠨᠢ ᠪᠠᠭ᠎ᠠ᠎ᠳᠠᠭᠠᠨ 200 ᠮᠦ᠍ ᠂ ᠠᠷᠪᠢᠨ᠎ᠳᠠᠭᠠᠨ 8000 ᠮᠦ᠍ ᠪᠠᠢ᠌ᠳᠠᠭ ᠃ ᠲᠠᠷᠢᠮᠠᠯ᠎ᠤᠨ ᠡᠷᠦᠬᠡ 1 ᠲᠣᠨ ᠲᠥᠮᠥᠰᠥ ᠭᠠᠷᠭ᠋ᠠᠬᠤ ᠪᠦᠷᠢ᠎ᠳᠤ 300 — 500 ᠲᠥᠭᠥᠷᠢᠭ᠎ᠤᠨ ᠠᠵᠢᠯᠴᠢᠨ ᠬᠡᠷᠡᠭᠯᠡᠬᠦ ᠵᠠᠷᠤᠳᠠᠯ ᠣᠷᠣᠭᠤᠯᠵᠤ ᠂ ᠲᠤᠬᠠᠢ ᠵᠢᠨ ᠭᠠᠵᠠᠷ᠎ᠤᠨ ᠮᠠᠰᠢ ᠣᠯᠠᠨ ᠦᠯᠡᠭᠦᠦ ᠬᠥᠳᠡᠯᠮᠦᠷᠢ ᠬᠦᠴᠦᠨ᠎ᠳᠤ ᠠᠵᠢᠯ ᠬᠥᠳᠡᠯᠮᠦᠷᠢ ᠬᠢᠵᠦ ᠣᠷᠣᠯᠭ᠎ᠠ᠎ᠪᠠᠨ ᠨᠡᠮᠡᠭᠳᠡᠭᠦᠯᠬᠦ ᠲᠣᠬᠢᠶᠠᠯ ᠣᠯᠭᠣᠵᠤ᠂ ᠠᠵᠤ ᠦᠢ᠍ᠯᠡᠰ᠎ᠤᠨ ᠬᠥᠭᠵᠢᠯᠲᠡ ᠵᠢ ᠤᠯᠠᠮ ᠨᠢᠭᠡ ᠠᠯᠬᠤᠮ ᠳᠠᠶ᠋ᠢᠴᠢᠯᠠᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ ᠃
ᠣᠢ᠌ᠯᠠᠭ᠋ᠠᠭᠰᠠᠨ ᠵᠶ᠋ᠠᠷ ᠂ ᠣᠯᠠᠨ ᠵᠢᠯ᠎ᠤᠨ ᠴᠥᠬᠥᠷᠡᠰᠢ ᠦᠭᠡᠢ ᠵᠠᠰᠠᠯᠲᠠ᠎ᠪᠠᠷ ᠳᠡᠮᠵᠢᠨ ᠂ ᠳ᠋ᠸᠩᠺᠸᠤ ᠰᠢᠶᠠᠨ᠎ᠤ ᠬᠢᠵᠠᠭ᠋ᠠᠷ᠎ᠲᠠᠬᠢ ᠤᠯᠠᠭ᠋ᠠᠨᠪᠤᠬ᠎ᠠ ᠵᠢᠨ ᠡᠯᠡᠰᠦᠨ ᠴᠥᠯ᠎ᠳᠤ 《 ᠡᠯᠡᠰᠦ᠎ᠨᠢ ᠤᠷᠤᠭᠰᠢᠯᠠᠵᠤ ᠬᠥᠮᠥᠨ᠎ᠨᠢ ᠤᠬᠤᠷᠢᠬᠤ 》 ᠪᠠᠢ᠌ᠭᠰᠠᠨ ᠠᠴᠠ᠎ᠪᠠᠨ 《 ᠨᠣᠭᠣᠭ᠋ᠠᠨ᠎ᠨᠢ ᠤᠷᠤᠭᠰᠢᠯᠠᠵᠤ ᠡᠯᠡᠰᠦ᠎ᠨᠢ ᠪᠠᠭᠤᠷᠠᠬᠤ 》 ᠲᠡᠤᠬᠡᠳᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠦᠭᠰᠡᠨ ᠵᠶ᠋ᠡᠷ ᠪᠠᠷᠠᠬᠤ ᠦᠭᠡᠢ ᠪᠠᠰᠠ ᠬᠡᠷᠡᠯ ᠢᠯᠴᠢ ᠵᠢ ᠢᠯᠡᠭᠦᠦ ᠬᠡᠷᠡᠭᠯᠡᠬᠦ ᠂ ᠤᠰᠤ᠎ᠨᠢ ᠪᠠᠭ᠎ᠠ ᠬᠡᠷᠡᠭᠯᠡᠬᠦ ᠠᠮᠢ ᠠᠬᠤᠢ ᠵᠢᠨ ᠲᠠᠷᠢᠶᠠᠯᠠᠩ ᠂ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠬᠡᠯᠪᠡᠷᠢ ᠵᠢᠨ ᠠᠵᠤ ᠦᠢ᠍ᠯᠡᠰ᠎ᠢ ᠭᠣᠣᠯᠳᠠᠯᠭ᠎ᠠ᠎ᠲᠠᠢ ᠬᠥᠭᠵᠢᠭᠦᠯᠵᠦ ᠂ ᠠᠮᠢ ᠠᠬᠤᠢ ᠂ ᠠᠵᠤ ᠠᠬᠤᠢ ᠪᠠ ᠨᠡᠢ᠌ᠭᠡᠮ᠎ᠤᠨ ᠦᠷ᠎ᠡ ᠠᠰᠢᠭ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠭᠰᠡᠨ ᠪᠠᠢ᠌ᠨ᠎ᠠ ᠃