ᠠᠲᠠᠷᠰᠢᠭᠤᠯᠤᠭᠰᠠᠨ ᠭᠠᠵᠠᠷ᠎ᠢ ᠬᠡᠷᠬᠢᠨ ᠠᠮᠢᠯᠠᠭᠤᠯᠵᠤ ᠂ ᠠᠲᠠᠷᠰᠢᠭᠤᠯᠤᠭᠰᠠᠨ ᠭᠠᠵᠠᠷ᠎ᠢ ᠬᠡᠷᠬᠢᠨ 《 ᠠᠯᠲᠠ 》 ᠪᠣᠯᠭ᠋ᠠᠬᠤ ᠪᠣᠶ ?
ᠠᠲᠠᠷᠰᠢᠭᠤᠯᠤᠭᠰᠠᠨ ᠭᠠᠵᠠᠷ᠎ᠲᠤ ᠬᠡᠷᠡᠯ ᠴᠡᠨᠡᠭ᠎ᠤᠨ ᠲᠠᠯᠠᠪᠠᠶ ᠪᠠᠢ᠌ᠭᠤᠯᠵᠤ ᠂ ᠬᠡᠷᠡᠯ ᠴᠡᠨᠡᠭ᠎ᠤᠨ ᠬᠠᠪᠲᠠᠰᠤ᠎ᠪᠠᠷ ᠴᠠᠬᠢᠯᠭ᠋ᠠᠨ ᠭᠠᠷᠭ᠋ᠠᠵᠤ ᠂ ᠬᠡᠷᠡᠯ ᠴᠡᠨᠡᠭ᠎ᠤᠨ ᠬᠠᠪᠲᠠᠰᠤᠨ᠎ᠤ ᠲᠤᠤᠷ᠎ᠠ ᠴᠢᠬᠢ ᠪᠣᠢ᠌ᠵᠢᠭᠤᠯᠪᠠ ᠁ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠤᠸᠠ ᠲᠤᠭᠤᠯ ᠪᠠᠯᠭ᠋ᠠᠰᠤ ᠠᠴᠠ ᠬᠠᠭᠤᠯᠪᠤᠷᠢᠯᠠᠵᠤ ᠪᠣᠯᠬᠤ ᠰᠢᠨ᠎ᠡ ᠰᠣᠷᠭᠣᠭ ᠬᠡᠪ ᠵᠠᠭᠪᠤᠷ ᠢ ᠭᠠᠷᠭ᠋ᠠᠭᠰᠠᠨ ᠪᠠᠢ᠌ᠨ᠎ᠠ ᠃
ᠬᠤᠸᠠ ᠲᠣᠭᠣᠯ ᠪᠠᠯᠭ᠋ᠠᠰᠤ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠪᠠᠷᠠᠭᠤᠨ ᠡᠮᠦᠨ᠎ᠡ ᠬᠡᠰᠡᠭ᠎ᠲᠤ ᠪᠠᠢ᠌ᠷᠢᠯᠠᠳᠠᠭ ᠃ 2021 ᠣᠨ᠎ᠳᠤ᠂ ᠮᠠᠨ᠎ᠤ ᠬᠤᠳᠠ ᠵᠢᠨ ᠠᠩᠬᠠᠳᠠᠭᠴᠢ ᠪᠦᠯᠦᠭ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠡᠷᠦᠩᠬᠡᠢ᠌ᠯᠡᠭᠰᠡᠨ ᠣᠶᠤᠨᠲᠤ ᠡᠨᠧᠷᠭᠢ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ ᠪᠣᠯᠤᠭᠰᠠᠨ᠎ᠤ ᠬᠤᠪᠢ᠎ᠳᠤ᠂ ᠤᠯᠤᠰ᠎ᠤᠨ ᠴᠠᠬᠢᠯᠭ᠋ᠠᠨ ᠬᠦᠴᠦᠨ᠎ᠤ ᠪᠡᠯᠡ ᠣᠷᠣᠭᠤᠯᠤᠯᠲᠠ ᠵᠢᠨ ᠬᠤᠸᠠ ᠲᠤᠭᠤᠯ ᠪᠠᠯᠭ᠋ᠠᠰᠤ ᠵᠢᠨ ᠶᠡᠷᠦᠩᠬᠡᠢ᠌ᠯᠡᠭᠰᠡᠨ ᠣᠶᠤᠨᠲᠤ ᠡᠨᠧᠷᠭᠢ ᠵᠢᠨ ᠲᠦᠷᠦᠯ ᠵᠦᠢ᠍ᠯ᠎ᠢ ᠡᠨᠳᠡ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠪᠠ᠃ ᠲᠣᠰ ᠲᠥᠷᠥᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ᠎ᠨᠢ 13227 ᠲᠦᠮᠡᠨ ᠲᠥᠭᠥᠷᠢᠭ ᠪᠠᠢ᠌ᠵᠤ ᠂ ᠨᠡᠶ᠋ᠢᠲᠡ 11MWp ᠵᠢᠨ ᠲᠠᠷᠬᠠᠯᠲᠠ ᠵᠢᠨ ᠬᠡᠷᠡᠯ ᠴᠡᠨᠡᠭ ᠂ 8MW ᠰᠠᠯᠬᠢᠨ ᠬᠦᠴᠦᠨ᠎ᠤ ᠴᠠᠬᠢᠯᠭ᠋ᠠᠨ ᠵᠢᠴᠢ 4.968 MWp ᠵᠢᠨ ᠡᠷᠦᠬᠡ᠎ᠳᠤ ᠬᠡᠷᠡᠭᠯᠡᠬᠦ ᠲᠠᠷᠬᠠᠯᠲᠠ ᠵᠢᠨ ᠬᠡᠯᠪᠡᠷᠢ ᠵᠢᠨ ᠬᠡᠷᠡᠯ ᠴᠡᠨᠡᠭ᠎ᠢ ᠪᠦᠲᠦᠭᠡᠨ ᠪᠠᠢ᠌ᠭᠤᠯᠪᠠ ᠃
ᠠᠯᠲᠠᠨ ᠨᠠᠮᠤᠷ᠎ᠤᠨ ᠤᠯᠠᠷᠢᠯ᠎ᠳᠤ ᠂ ᠬᠤᠸᠠ ᠲᠤᠭᠤᠯ ᠭᠠᠴᠠᠭ᠎ᠠ᠎ᠳᠤ ᠣᠷᠣᠬᠤ᠎ᠳᠤ ᠂ ᠮᠥᠷ ᠮᠥᠷ ᠬᠥᠬᠡ ᠥᠩᠭᠡ᠎ᠲᠠᠢ ᠬᠡᠷᠡᠯ ᠴᠡᠨᠡᠭ᠎ᠤᠨ ᠬᠠᠪᠲᠠᠰᠤ᠎ᠨᠢ ᠡᠮᠬᠢ ᠵᠠᠮᠪᠠᠷᠠᠭ᠎ᠠ᠎ᠲᠠᠢ ᠪᠠᠢ᠌ᠵᠤ ᠂ ᠨᠡᠷᠡᠨ᠎ᠤ ᠬᠡᠷᠡᠯ᠎ᠤᠨ ᠲᠤᠤᠷ᠎ᠠ ᠭᠢᠯᠠᠯᠵᠠᠨ ᠬᠠᠷᠠᠭᠳᠠᠨ᠎ᠠ ᠃ ᠬᠡᠷᠡᠯ ᠴᠡᠨᠡᠭ᠎ᠤᠨ ᠬᠠᠪᠲᠠᠰᠤᠨ ᠳᠣᠣᠷ᠎ᠠ ᠳᠠᠷᠢᠭᠰᠠᠨ ᠰᠠᠭ᠋ᠠᠭ ᠠᠮᠢᠵᠢᠷᠠᠯ᠎ᠤᠨ ᠬᠦᠴᠦᠨ ᠵᠶ᠋ᠡᠷ ᠪᠢᠯᠬᠠᠵᠤ᠂ ᠡᠯᠪᠡᠭ ᠬᠤᠷᠢᠶᠠᠯᠲᠠ ᠣᠯᠬᠤ ᠡᠷᠡᠮᠡᠯᠵᠡᠯ᠎ᠲᠠᠢ ᠪᠠᠢ᠌ᠨ᠎ᠠ᠃
ᠭᠠᠴᠠᠭ᠋ᠠᠨ᠎ᠤ ᠳᠡᠳ᠋ ᠡᠷᠬᠢᠯᠡᠭᠴᠢ ᠴᠧᠨ ᠯᠢᠩ ᠠᠬ᠎ᠠ ᠰᠤᠷᠪᠤᠯᠵᠢᠯᠠᠭᠴᠢ᠎ᠳᠤ ᠬᠡᠯᠡᠬᠦ᠎ᠳᠡᠭᠡᠨ ᠄ 《 ᠬᠥᠷᠥᠰᠥ ᠰᠢᠷᠣᠢ ᠵᠢᠨ ᠰᠢᠯᠲᠠᠭ᠋ᠠᠨ᠎ᠠᠴᠠ ᠪᠣᠯᠵᠤ ᠂ ᠡᠨᠡ ᠬᠡᠰᠡᠭ ᠭᠠᠵᠠᠷ᠎ᠲᠤ ᠶᠡᠷᠦ᠎ᠨᠢ ᠳᠠᠷᠢᠬᠤ ᠬᠥᠮᠥᠨ ᠦᠭᠡᠢ ᠂ ᠣᠯᠠᠨ ᠵᠢᠯ ᠰᠤᠯᠠ ᠲᠠᠯᠪᠢᠭᠳᠠᠭ᠋ᠠᠳ ᠪᠠᠢ᠌ᠨ᠎ᠠ ᠂ ᠶᠡᠷᠦᠩᠬᠡᠢ᠌ᠯᠡᠭᠰᠡᠨ ᠣᠶᠤᠨᠴᠢ ᠡᠨᠧᠷᠭᠢ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠨᠢ ᠮᠠᠨ᠎ᠤ ᠲᠣᠰᠬᠣᠨ᠎ᠤ 120 ᠭᠠᠷᠤᠢ ᠮᠦ᠍ ᠭᠠᠵᠠᠷ ᠰᠢᠷᠣᠢ ᠵᠢ ᠲᠦᠷᠢᠶᠡᠰᠦᠯᠡᠨ ᠥᠭᠴᠦ ᠂ ᠲᠣᠰᠬᠣᠨ ᠠᠴᠠ ᠵᠢᠯ ᠪᠦᠷᠢ 10.275 ᠲᠦᠮᠡᠨ ᠲᠥᠭᠥᠷᠢᠭ᠎ᠤᠨ ᠠᠰᠢᠭ ᠣᠷᠣᠯᠭ᠎ᠠ ᠣᠯᠵᠤ ᠪᠠᠢ᠌ᠨ᠎ᠠ ᠂ ᠡᠨᠡ ᠬᠦ᠌ ᠵᠣᠭᠣᠰ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠥ ᠪᠣᠯᠭ᠋ᠠᠵᠤ ᠂ ᠲᠣᠰᠬᠣᠨ᠎ᠤ ᠳᠦᠷᠰᠦ ᠪᠠᠢ᠌ᠳᠠᠯ᠎ᠢ ᠰᠠᠢ᠌ᠵᠢᠷᠠᠭᠤᠯᠵᠤ ᠪᠣᠯᠣᠨ᠎ᠠ 》 ᠭᠡᠵᠡᠢ ᠃
《ᠡᠨᠳᠡᠬᠢ ᠬᠡᠷᠡᠯ ᠴᠡᠨᠡᠭ᠎ᠤᠨ ᠲᠠᠯᠠᠪᠠᠶ ᠵᠢ ᠪᠠᠢ᠌ᠭᠤᠯᠤᠭᠰᠠᠨ᠎ᠤ ᠳᠠᠷᠠᠭ᠎ᠠ ᠂ ᠪᠢᠳᠡ ᠬᠡᠷᠡᠯ ᠴᠡᠨᠡᠭ᠎ᠤᠨ ᠰᠠᠮᠪᠠᠷ᠎ᠠ ᠵᠢᠨ ᠲᠤᠤᠷᠠᠬᠢ ᠬᠤᠵᠢᠷᠯᠢᠭ ᠭᠠᠵᠠᠷ᠎ᠲᠤ ᠬᠥᠷᠥᠰᠥ ᠰᠢᠷᠣᠢ ᠵᠢ ᠰᠠᠢ᠌ᠵᠢᠷᠠᠭᠤᠯᠵᠤ ᠂ ᠰᠠᠢ᠌ᠵᠢᠷᠠᠭᠤᠯᠤᠭᠰᠠᠨ᠎ᠤ ᠳᠠᠷᠠᠭ᠋ᠠᠬᠢ ᠭᠠᠵᠠᠷ ᠰᠢᠷᠣᠢ ᠵᠢ ᠦᠨ᠎ᠡ ᠲᠥᠯᠥᠪᠦᠷᠢ ᠦᠭᠡᠢ᠎ᠪᠠᠷ ᠲᠣᠰᠬᠣᠨ᠎ᠤ ᠠᠷᠠᠳ᠎ᠲᠤ ᠬᠡᠷᠡᠭᠯᠡᠭᠦᠯᠬᠦ ᠵᠢᠨ ᠬᠠᠮᠲᠤ ᠂ ᠪᠢᠳᠡ ᠪᠠᠰᠠ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠷᠢᠮᠠᠯ ᠳᠠᠷᠢᠬᠤ ᠲᠤᠰᠬᠠᠢ ᠮᠡᠷᠭᠡᠵᠢᠯᠲᠡᠨ᠎ᠢ ᠤᠷᠢᠵᠤ ᠂ ᠮᠠᠯᠴᠢᠨ ᠲᠠᠷᠢᠶᠠᠴᠢᠨ᠎ᠳᠤ ᠳᠠᠷᠢᠬᠤ ᠮᠡᠷᠭᠡᠵᠢᠯ ᠤᠯᠠᠮᠵᠢᠯᠠᠵᠤ ᠂ 〈 ᠲᠠᠷᠢᠶᠠᠯᠠᠩ ᠪᠠ ᠬᠡᠷᠡᠯ᠎ᠤᠨ ᠬᠠᠷᠢᠯᠴᠠᠨ ᠨᠥᠬᠥᠪᠦᠷᠢᠯᠡᠬᠦ 〉 ᠵᠢ ᠪᠡᠶᠡᠯᠡᠭᠦᠯᠬᠦ᠎ᠪᠠᠷ ᠲᠥᠯᠥᠪᠯᠡᠵᠦ ᠪᠠᠢ᠌ᠨ᠎ᠠ 》 ᠭᠡᠵᠦ ᠲᠦᠩᠯᠢᠶᠣᠣ ᠵᠢᠨ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢᠨ ᠳᠡᠳ᠋ ᠶᠡᠷᠦᠩᠬᠡᠢ ᠠᠵᠤ ᠠᠬᠤᠢ᠌ᠴᠢ ᠴᠢᠦᠢ ᠨᠢᠶᠠᠨ ᠰᠢᠩ ᠲᠠᠨᠢᠯᠴᠠᠭᠤᠯᠪᠠ᠃
ᠬᠤᠸᠠ ᠲᠤᠭᠤᠯ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠬᠣᠢ᠌ᠲᠤ ᠲᠠᠯ᠎ᠠ ᠵᠢᠨ ᠤᠯᠠᠭ᠋ᠠᠨ ᠭᠣᠣᠯ ᠰᠡᠳᠦᠪᠲᠦ ᠰᠣᠶᠣᠯ᠎ᠤᠨ ᠠᠭᠤᠳᠠᠮ ᠲᠠᠯᠠᠪᠠᠢ᠎ᠪᠠᠷ ᠵᠠᠮᠨᠠᠬᠤ᠎ᠳᠤ᠂ ᠬᠤᠸᠠ ᠲᠤᠭᠤᠯ ᠭᠠᠴᠠᠭ᠎ᠠ ᠵᠢᠨ ᠬᠠᠮᠲᠤ ᠵᠢᠨ ᠲᠡᠵᠢᠭᠡᠨ ᠦᠷᠡᠵᠢᠭᠦᠯᠬᠦ ᠬᠤᠷᠰᠢᠶ᠎ᠠ ᠵᠢᠨ ᠦᠬᠡᠷ᠎ᠤᠨ ᠰᠠᠷᠠᠪᠴᠢᠨ᠎ᠤ ᠭᠠᠳᠠᠨ᠎ᠠ ᠨᠢᠭᠡ ᠦᠬᠡᠷ ᠨᠡᠷᠡᠨ᠎ᠳᠤ ᠡᠭᠡᠭᠡᠵᠦ ᠪᠠᠢ᠌ᠬᠤ ᠵᠢ ᠰᠤᠷᠪᠤᠯᠵᠢᠯᠠᠭᠴᠢ ᠣᠯᠵᠤ ᠬᠠᠷᠠᠪᠠ᠂ ᠦᠬᠡᠷ᠎ᠤᠨ ᠰᠠᠷᠠᠪᠴᠢᠨ᠎ᠳᠤ ᠳᠡᠪᠢᠰᠦᠭᠰᠡᠨ ᠭᠡᠷᠡᠯ ᠴᠡᠨᠡᠭ᠎ᠤᠨ ᠬᠠᠪᠲᠠᠰᠤ᠎ᠨᠢ ᠬᠥᠮᠥᠰ᠎ᠤᠨ ᠠᠩᠬᠠᠷᠤᠯ᠎ᠢ ᠣᠨᠴᠠᠭ᠋ᠠᠢ ᠲᠠᠲᠠᠨ᠎ᠠ᠃ 《 ᠪᠢᠳᠡ ᠤᠤᠯ᠎ᠤᠨ 960 ᠲᠡᠭᠰᠢ ᠳᠥᠷᠪᠡᠯᠵᠢᠨ ᠮᠧᠲᠷ᠎ᠤᠨ ᠦᠬᠡᠷ᠎ᠤᠨ ᠰᠠᠷᠠᠪᠴᠢ ᠵᠢᠨ ᠭᠠᠳᠠᠭᠤᠷ ᠰᠠᠭᠤᠷᠢ ᠪᠣᠷᠣ ᠲᠥᠯᠥᠪ᠎ᠢ ᠰᠢᠨ᠎ᠡ᠎ᠪᠠᠷ ᠪᠠᠢ᠌ᠭᠤᠯᠵᠤ ᠂ 98.1 kwp ᠭᠡᠷ᠎ᠤᠨ ᠣᠷᠣᠢ ᠵᠢᠨ ᠬᠡᠷᠡᠯ ᠴᠡᠨᠡᠭ᠎ᠢ ᠪᠠᠢ᠌ᠭᠤᠯᠵᠤ ᠂ ᠴᠠᠬᠢᠯᠭ᠋ᠠᠨ ᠭᠠᠷᠭ᠋ᠠᠬᠤ ᠬᠡᠮᠵᠢᠶ᠎ᠡ ᠵᠢ ᠲᠣᠰᠬᠣᠨ᠎ᠤ ᠬᠠᠮᠲᠤ ᠵᠢᠨ ᠲᠡᠵᠢᠭᠡᠨ ᠦᠷᠡᠵᠢᠭᠦᠯᠬᠦ ᠬᠣᠷᠰᠢᠶᠠᠨ᠎ᠤ ᠦᠬᠡᠷ ᠤᠤᠭᠤᠬᠤ ᠤᠰᠤ᠂ ᠭᠡᠷᠡᠯᠲᠦᠭᠦᠯᠬᠦ ᠂ ᠵᠢᠭᠤᠷᠠᠮᠠᠯ ᠪᠣᠷᠳᠣᠭ᠎ᠠ ᠵᠡᠷᠭᠡ᠎ᠳᠤ ᠦᠨ᠎ᠡ ᠲᠥᠯᠥᠪᠦᠷᠢ ᠦᠭᠡᠢ᠎ᠪᠠᠷ ᠬᠡᠷᠡᠭᠯᠡᠵᠦ ᠂ ᠵᠢᠯ ᠪᠦᠷᠢ ᠲᠣᠰᠬᠣᠨ᠎ᠤ ᠬᠠᠮᠲᠤ ᠨᠡᠶ᠋ᠢᠲᠡ᠎ᠳᠤ 3 ᠲᠦᠮᠡᠨ ᠲᠥᠭᠥᠷᠢᠭ᠎ᠤᠨ ᠠᠰᠢᠭ ᠣᠷᠣᠯᠭ᠎ᠠ ᠣᠯᠭᠣᠵᠤ ᠪᠠᠢ᠌ᠨ᠎ᠠ 》 ᠭᠡᠵᠦ ᠴᠢᠦᠢ ᠨᠢᠶᠠᠨ ᠰᠢᠩ ᠬᠡᠯᠡᠪᠡ᠃
ᠬᠡᠷᠡᠯ ᠴᠡᠨᠡᠭ᠎ᠤᠨ ᠦᠬᠡᠷ᠎ᠤᠨ ᠰᠠᠷᠠᠪᠴᠢ᠎ᠠᠴᠠ ᠭᠠᠳᠠᠨ᠎ᠠ ᠂ ᠲᠦᠩᠯᠢᠶᠣᠣ ᠵᠢᠨ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢᠨ᠎ᠬᠢᠨ ᠪᠠᠰᠠ ᠡᠷᠦᠬᠡ᠎ᠳᠤ ᠬᠡᠷᠡᠭᠯᠡᠬᠦ ᠬᠡᠷᠡᠯ ᠴᠡᠨᠡᠭ᠎ᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠨᠥᠬᠥᠴᠡᠯ ᠵᠢᠴᠢ ᠪᠣᠯᠣᠮᠵᠢᠲᠤ ᠴᠢᠨᠠᠷ᠎ᠢ ᠪᠠᠢ᠌ᠴᠠᠭ᠋ᠠᠨ ᠰᠤᠳᠤᠯᠵᠤ ᠂ ᠲᠥᠯᠥᠪᠯᠡᠭᠡ᠎ᠪᠠᠷ ᠨᠢᠭᠡᠳᠦᠭᠡᠷ ᠪᠦᠯᠦᠭ᠎ᠲᠤ 100 ᠡᠷᠦᠬᠡ᠎ᠳᠤ ᠬᠡᠷᠡᠭᠯᠡᠬᠦ ᠲᠠᠷᠬᠠᠮᠠᠯ ᠬᠡᠷᠡᠯ ᠴᠡᠨᠡᠭ᠎ᠤᠨ ᠥᠯᠢᠭᠡᠷ ᠳᠠᠭᠤᠷᠢᠶᠠᠯ ᠡᠷᠦᠬᠡ᠎ᠳᠤ ᠭᠠᠷᠤᠨ ᠥᠰᠥᠭ ᠵᠢᠷᠤᠵᠤ ᠂ ᠲᠣᠰᠬᠣᠨ᠎ᠤ ᠠᠷᠠᠳ ᠨᠢᠭᠡᠪᠦᠷᠢ ᠵᠢᠯ᠎ᠳᠤ ᠬᠠᠮᠤᠭ ᠠᠷᠪᠢᠨ᠎ᠳᠠᠭᠠᠨ 2000 ᠲᠥᠭᠥᠷᠢᠭ᠎ᠤᠨ ᠭᠠᠵᠠᠷ ᠰᠢᠷᠣᠢ ᠵᠢᠨ ᠲᠦᠷᠢᠶᠡᠰᠦᠯᠡᠯ᠎ᠤᠨ ᠠᠰᠢᠭ ᠣᠷᠣᠯᠭ᠎ᠠ ᠣᠯᠵᠤ ᠪᠣᠯᠣᠨ᠎ᠠ ᠃《ᠮᠠᠨ᠎ᠤ ᠪᠠᠢ᠌ᠭᠤᠯᠤᠭᠰᠠᠨ ᠡᠷᠦᠬᠡ᠎ᠳᠤ ᠬᠡᠷᠡᠭᠯᠡᠬᠦ ᠭᠡᠷᠡᠯ᠎ᠤᠨ ᠡᠨᠧᠷᠭᠢ ᠵᠢᠨ ᠪᠠᠷᠢᠮᠵᠢᠶ᠎ᠠ ᠪᠣᠯ ᠭᠠᠵᠠᠷ᠎ᠤᠨ ᠭᠠᠳᠠᠷᠭᠤ ᠠᠴᠠ 1.5 ᠮᠧᠲᠷ᠎ᠤᠨ ᠥᠨᠳᠥᠷ ᠪᠠᠢ᠌ᠵᠤ ᠂ ᠡᠮᠦᠨ᠎ᠡ ᠬᠣᠢ᠌ᠨ᠎ᠠ 15 ᠮᠧᠲᠷ ᠣᠷᠴᠢᠮ᠎ᠤᠨ ᠵᠠᠢᠲᠠᠢ ᠪᠠᠢ᠌ᠳᠠᠭ ᠂ ᠡᠨᠡ᠎ᠨᠢ ᠲᠣᠰᠬᠣᠨ᠎ᠤ ᠠᠷᠠᠳ᠎ᠤᠨ ᠬᠦᠷᠢᠶᠡᠨ᠎ᠳᠠᠬᠢ ᠲᠠᠷᠢᠮᠠᠯ᠎ᠤᠨ ᠬᠡᠪ᠎ᠤᠨ ᠥᠰᠦᠯᠲᠡ ᠵᠢ ᠣᠭᠲᠣ ᠨᠥᠯᠥᠭᠡᠯᠡᠬᠦ ᠦᠭᠡᠢ ᠶᠤᠮ》 ᠭᠡᠵᠦ ᠴᠢᠦᠢ ᠨᠢᠶᠠᠨ ᠰᠢᠩ ᠬᠡᠯᠡᠪᠡ᠃
ᠲᠣᠰᠬᠣᠨ᠎ᠤ ᠠᠷᠠᠳ ᠵᠣᠣ ᠵᠢᠶᠦ᠋ᠨ ᠬᠠᠢ ᠪᠣᠯ ᠲᠡᠳᠡᠨ᠎ᠤ ᠳᠣᠲᠣᠷᠠᠬᠢ ᠨᠢᠭᠡ ᠡᠷᠦᠬᠡ ᠪᠣᠯᠣᠨ᠎ᠠ ᠂ 《 ᠮᠢᠨᠤ ᠠᠬ᠎ᠠ ᠭᠠᠳᠠᠨ᠎ᠠ ᠣᠷᠣᠨ᠎ᠳᠤ ᠠᠵᠢᠯ ᠬᠢᠬᠦ᠎ᠪᠠᠷ ᠶᠠᠪᠤᠵᠠᠢ᠂ ᠲᠡᠳᠡᠨ᠎ᠤ ᠭᠠᠵᠠᠷ ᠰᠢᠷᠣᠢ᠎ᠨᠢ ᠶᠡᠷᠦ᠎ᠨᠢ ᠡᠵᠡᠭᠦᠢ ᠪᠠᠢ᠌ᠭᠰᠠᠭ᠋ᠠᠷ᠂ ᠦᠵᠡᠬᠦ᠎ᠳᠤ ᠲᠤᠢ᠌ᠯ ᠵᠶ᠋ᠠᠷ ᠥᠷᠥ ᠡᠪᠡᠳᠴᠦ ᠪᠠᠢ᠌ᠨ᠎ᠠ ᠂ ᠣᠲᠣ ᠪᠠᠰᠠ ᠠᠰᠢᠭ ᠣᠷᠣᠯᠭ᠎ᠠ ᠣᠯᠵᠤ ᠳᠡᠶ᠋ᠢᠯᠦᠨ᠎ᠡ ᠭᠡᠵᠦ ᠪᠤᠳᠤᠵᠤ ᠣᠯᠣᠭᠰᠠᠨ ᠦᠭᠡᠢ》 ᠭᠡᠵᠡᠢ ᠃ ᠂ ᠲᠣᠰᠬᠣᠨ᠎ᠤ ᠠᠷᠠᠳ ᠵᠣᠣ ᠵᠢᠶᠦ᠋ᠨ ᠬᠠᠢ ᠪᠣᠯ ᠲᠡᠳᠡᠨ᠎ᠤ ᠳᠣᠲᠣᠷᠠᠬᠢ ᠨᠢᠭᠡ ᠡᠷᠦᠬᠡ᠎ᠨᠢ ᠪᠣᠯᠣᠨ᠎ᠠ ᠂ 《ᠮᠢᠨᠤ ᠠᠬ᠎ᠠ ᠭᠠᠳᠠᠨ᠎ᠠ ᠣᠷᠣᠨ᠎ᠳᠤ ᠠᠵᠢᠯ ᠬᠥᠳᠡᠯᠮᠦᠷᠢ ᠬᠢᠬᠦ᠎ᠪᠠᠷ ᠶᠠᠪᠤᠵᠠᠢ ᠃ ᠵᠤᠤ ᠵᠢᠶᠦ᠋ᠨ ᠬᠠᠢ ᠵᠢᠨ ᠥᠬᠢᠨ ᠳᠡᠭᠦᠦ᠎ᠨᠢ ᠠᠯᠤᠰ ᠬᠤᠯᠠ᠎ᠠᠴᠠ ᠳᠡᠪᠢᠰᠦᠭᠰᠡᠨ ᠭᠡᠷᠡᠯ ᠴᠡᠨᠡᠭ᠎ᠤᠨ ᠬᠠᠪᠲᠠᠰᠤ ᠵᠢ ᠬᠠᠷᠠᠭ᠋ᠠᠳ ᠪᠠᠶᠠᠷᠯᠠᠨ ᠢᠨᠢᠶᠡᠯᠳᠦᠨ᠎ᠡ᠃ ᠵᠣᠤ ᠵᠢᠶᠦ᠋ᠨ ᠬᠠᠢ ᠵᠢᠨ ᠥᠬᠢᠨ ᠳᠡᠭᠦᠦ᠎ᠨᠢ ᠠᠯᠤᠰ ᠬᠤᠯᠠ᠎ᠠᠴᠠ ᠳᠡᠪᠢᠰᠦᠭᠰᠡᠨ ᠭᠡᠷᠡᠯ ᠴᠡᠨᠡᠭ᠎ᠤᠨ ᠬᠠᠪᠲᠠᠰᠤ ᠵᠢ ᠬᠠᠷᠠᠭ᠋ᠠᠳ ᠶᠡᠬᠡᠳᠡ ᠪᠠᠶᠠᠷᠯᠠᠪᠠ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠷᠤᠨ᠎ᠠ ᠵᠢᠨ ᠰᠠᠯᠬᠢᠨ᠎ᠤ ᠡᠷᠴᠢᠨ ᠳᠡᠭᠡᠷ᠎ᠡ᠂ ᠥᠨᠥᠳᠥᠷ᠎ᠤᠨ ᠬᠤᠸᠠ ᠲᠤᠭᠤᠯ ᠶᠡᠷᠦᠩᠬᠡᠢ᠌ᠯᠡᠭᠰᠡᠨ ᠣᠶᠤᠨᠴᠢ ᠡᠨᠧᠷᠭᠢ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠠᠴᠠ《ᠨᠢᠭᠡ ᠵᠢ ᠭᠡᠷᠡᠯᠳᠦᠬᠦᠯᠵᠦ ᠬᠣᠶᠠᠷ᠎ᠢ ᠬᠡᠷᠡᠭᠯᠡᠬᠦ᠂ ᠨᠢᠭᠡ ᠭᠠᠵᠠᠷ᠎ᠢ ᠬᠣᠶᠠᠷ᠎ᠢ ᠬᠡᠷᠡᠭᠯᠡᠬᠦ》 ᠠᠷᠠᠳ᠎ᠢ ᠪᠠᠶᠠᠵᠢᠭᠤᠯᠤᠨ ᠣᠷᠣᠯᠭ᠎ᠠ ᠵᠢ ᠨᠡᠮᠡᠭᠳᠡᠭᠦᠯᠬᠦ ᠰᠢᠨ᠎ᠡ ᠠᠷᠭ᠎ᠠ ᠵᠠᠮ᠎ᠢ ᠪᠤᠢ ᠪᠣᠯᠭ᠋ᠠᠭᠰᠠᠨ ᠪᠠᠢ᠌ᠨ᠎ᠠ᠃ 《 ᠲᠠᠷᠢᠶᠠᠯᠠᠩ ᠪᠠ ᠬᠡᠷᠡᠯ᠎ᠢ ᠨᠢᠭᠡ ᠴᠣᠭᠴᠠᠵᠢᠭᠤᠯᠤᠭᠰᠠᠨ 》 ᠰᠢᠨ᠎ᠡ ᠵᠢ ᠡᠭᠦᠳᠬᠦ ᠬᠡᠯᠪᠡᠷᠢ ᠵᠢᠨ ᠂ ᠬᠤᠷᠠᠮᠠᠯ ᠬᠢᠮᠢ ᠵᠢᠨ ᠶᠡᠷᠦᠩᠬᠡᠢ᠌ᠯᠡᠭᠰᠡᠨ ᠣᠶᠤᠨᠴᠢ ᠡᠨᠧᠷᠭᠢ ᠵᠢᠨ ᠠᠷᠭ᠎ᠠ ᠮᠠᠶᠢᠭ᠎ᠨᠢ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠪᠠ ᠴᠡᠪᠡᠷ ᠡᠨᠧᠷᠭᠢ ᠵᠢᠨ ᠨᠡᠭᠡᠭᠡᠨ ᠠᠰᠢᠭᠯᠠᠯᠲᠠ ᠵᠢ ᠲᠦᠯᠬᠢᠨ ᠠᠬᠢᠭᠤᠯᠵᠤ ᠂ ᠠᠲᠠᠷ ᠭᠠᠵᠠᠷ᠎ᠢ ᠴᠤ᠌ ᠲᠠᠷᠭᠤᠯᠠᠭᠤᠯᠵᠤ ᠂ ᠲᠠᠷᠢᠶᠠᠴᠢᠳ᠎ᠢ ᠬᠦᠷᠢᠶ᠎ᠡ ᠬᠠᠰᠢᠶ᠎ᠠ ᠵᠢᠨ ᠲᠠᠷᠢᠮᠠᠯ᠎ᠢ ᠨᠥᠯᠥᠭᠡᠯᠡᠬᠦ ᠦᠭᠡᠢ ᠰᠠᠭᠤᠷᠢᠨ ᠳᠡᠭᠡᠷ᠎ᠡ ᠨᠢᠭᠡᠨ ᠰᠢᠨ᠎ᠡ ᠠᠵᠤ ᠠᠬᠤᠢ ᠵᠢᠨ ᠣᠷᠣᠯᠭ᠎ᠠ ᠵᠢ ᠨᠡᠮᠡᠭᠳᠡᠭᠦᠯᠦᠭᠰᠡᠨ ᠪᠠᠢ᠌ᠨ᠎ᠠ ᠂ ᠡᠨᠡ᠎ᠨᠢ ᠦᠨᠡᠬᠡᠷ ᠲᠤᠢ᠌ᠯ᠎ᠤᠨ ᠶᠡᠬᠡ ᠪᠠᠶᠠᠷᠲᠤ ᠶᠠᠪᠤᠳᠠᠯ ᠪᠣᠯᠬᠤ ᠶᠤᠮ ᠃
ᠰᠤᠷᠪᠤᠯᠵᠢᠯᠠᠭᠴᠢ ᠬᠦᠷᠢᠶᠡᠯᠡᠩ ᠲᠣᠭᠣᠷᠢᠭ᠎ᠤᠨ ᠶᠡᠷᠦᠩᠬᠡᠢ᠌ᠯᠡᠭᠰᠡᠨ ᠡᠵᠡᠮᠰᠢᠯ᠎ᠤᠨ ᠲᠠᠰᠤᠭ᠎ᠲᠠᠭᠠᠨ ᠪᠤᠴᠠᠬᠤ ᠦᠶ᠎ᠡ᠎ᠳᠤ ᠂ ᠲᠡᠭᠦᠨ᠎ᠤ ᠳᠣᠲᠣᠷ᠎ᠠ ᠭᠠᠭᠴᠠᠬᠠᠨ ᠠᠵᠢᠯᠲᠠᠨ ᠪᠠᠢ᠌ᠬᠤ ᠪᠥᠭᠡᠳ ᠡᠩ᠎ᠤᠨ ᠦᠶ᠎ᠡ᠎ᠳᠤ ᠵᠢᠵᠢᠭᠦᠷᠯᠡᠬᠦ ᠬᠥᠮᠥᠨ ᠴᠦ᠍ ᠪᠠᠢ᠌ᠬᠤ ᠦᠭᠡᠢ ᠪᠠᠢ᠌ᠳᠠᠯ᠎ᠲᠠᠢ ᠪᠠᠢ᠌ᠬᠤ ᠵᠢ ᠣᠯᠵᠤ ᠮᠠᠲᠠᠵᠠᠢ ᠃ ᠬᠠᠷᠢᠨ ᠡᠰᠡᠷᠭᠦ ᠲᠠᠯ᠎ᠠ ᠵᠢᠨ ᠭᠦᠨ ᠬᠥᠬᠡ ᠥᠩᠭᠡ᠎ᠲᠠᠢ LED ᠲᠣᠮᠣ ᠳᠡᠯᠭᠡᠴᠡ ᠳᠡᠭᠡᠷ᠎ᠡ ᠪᠣᠶ ᠪᠦᠬᠦᠢ ᠬᠡᠷᠡᠯ ᠴᠡᠨᠡᠭ᠎ᠤᠨ ᠰᠢᠰᠲ᠋ᠧᠮ᠎ᠤᠨ ᠠᠵᠢᠯᠯᠠᠭ᠋ᠠᠨ᠎ᠤ ᠪᠠᠢ᠌ᠳᠠᠯ᠎ᠢ ᠲᠣᠳᠣᠷᠬᠠᠢ ᠢᠯᠡᠷᠡᠭᠦᠯᠵᠦ ᠂ ᠬᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠭᠰᠠᠨ ᠲᠤᠬᠠᠢ ᠵᠢᠨ ᠴᠠᠭ᠎ᠤᠨ ᠲᠣᠭ᠎ᠠ ᠪᠠᠷᠢᠮᠲᠠ ᠵᠢ ᠲᠡᠮᠳᠡᠭᠯᠡᠵᠦ ᠪᠣᠶ — ᠬᠡᠷᠡᠯ ᠴᠡᠨᠡᠭ᠎ᠤᠨ ᠨᠡᠶ᠋ᠢᠲᠡ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ 191.32 ᠲᠦᠮᠡᠨ kWh ᠪᠣᠯᠣᠨ᠎ᠠ ᠃ ᠡᠭᠦᠨ᠎ᠳᠤ ᠬᠤᠸᠠ ᠲᠤᠭᠤᠯ ᠲᠠᠷᠢᠶᠠᠯᠠᠩ᠎ᠤᠨ ᠬᠡᠷᠡᠯ᠎ᠤᠨ ᠬᠠᠷᠢᠯᠴᠠᠨ ᠨᠥᠬᠥᠪᠦᠷᠢᠯᠡᠭᠰᠡᠨ ᠨᠡᠶ᠋ᠢᠲᠡ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ 132.91 ᠲᠦᠮᠡᠨ kwh ᠪᠠᠢ᠌ᠵᠤ ᠂ ᠰᠧ ᠾᠧ ᠲᠦᠨ ᠲᠣᠰᠬᠣᠨ᠎ᠤ ᠲᠠᠷᠢᠶᠠᠯᠠᠩ᠎ᠤᠨ ᠬᠡᠷᠡᠯ᠎ᠤᠨ ᠬᠠᠷᠢᠯᠴᠠᠨ ᠨᠥᠬᠥᠪᠦᠷᠢᠯᠡᠭᠰᠡᠨ ᠨᠡᠶ᠋ᠢᠲᠡ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ 58.41 ᠲᠦᠮᠡᠨ kwh ᠪᠣᠯᠣᠨ᠎ᠠ ᠃
《 ᠡᠨᠡ ᠪᠣᠯ ᠤᠯᠤᠰ᠎ᠤᠨ ᠴᠠᠬᠢᠯᠭ᠋ᠠᠨ ᠬᠦᠴᠦᠨ᠎ᠤ ᠪᠡᠯᠡ ᠣᠷᠣᠭᠤᠯᠤᠯᠲᠠ ᠵᠢᠨ ᠪᠦᠯᠦᠭᠯᠡᠯ ᠺᠣᠮᠫᠠᠨᠢ ᠵᠢᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠶᠡᠷᠦᠩᠬᠡᠢ᠌ᠯᠡᠭᠰᠡᠨ ᠡᠨᠧᠷᠭᠢ ᠵᠢᠨ ᠲᠣᠭ᠋ᠠᠴᠢᠯᠠᠭᠰᠠᠨ ᠂ ᠣᠶᠤᠨᠴᠢᠯᠠᠭᠰᠠᠨ ᠂ ᠣᠶᠤᠨᠴᠢᠯᠠᠭᠰᠠᠨ ᠬᠠᠮᠢᠶᠠᠷᠤᠯᠲᠠ ᠡᠵᠡᠮᠳᠡᠯ ᠪᠠ ᠦᠢ᠍ᠯᠡᠴᠢᠯᠡᠭᠡᠨ᠎ᠤ ᠲᠠᠪᠴᠠᠩ ᠪᠣᠯᠣᠨ᠎ᠠ ᠂ ᠡᠭᠦᠨ᠎ᠳᠤ ᠡᠨᠧᠷᠭᠢ ᠵᠢᠨ ᠬᠢᠨᠠᠨ ᠠᠵᠢᠭᠯᠠᠬᠤ ᠂ ᠲᠥᠰᠥᠭᠡᠯᠡᠬᠦ ᠂ ᠵᠠᠳᠠᠯᠬᠤ ᠂ ᠠᠷᠠᠯᠵᠢᠶᠠᠯᠠᠬᠤ ᠂ ᠠᠵᠢᠯᠯᠠᠭᠤᠯᠵᠤ ᠪᠠᠲᠤᠯᠠᠬᠤ ᠂ ᠦᠢ᠍ᠯᠡᠴᠢᠯᠡᠬᠦ ᠪᠠ 〈 ᠭᠤᠷᠪᠠᠨ ᠰᠦᠯᠵᠢᠶ᠎ᠡ ᠵᠢ ᠨᠡᠶ᠋ᠢᠯᠡᠭᠦᠯᠬᠦ 〉 ᠵᠡᠷᠭᠡ ᠴᠢᠳᠠᠮᠵᠢ ᠵᠢ ᠬᠠᠮᠤᠷᠴᠠᠢ ᠃ ᠲᠣᠰ ᠲᠠᠪᠴᠠᠩ᠎ᠢ ᠠᠰᠢᠭᠯᠠᠯᠲᠠ᠎ᠳᠤ ᠣᠷᠣᠭᠤᠯᠪᠠᠯ ᠂ ᠲᠥᠷᠥᠯ ᠵᠦᠢ᠍ᠯ᠎ᠤᠨ ᠡᠨᠧᠷᠭᠢ ᠵᠢᠨ ᠰᠤᠷᠪᠤᠯᠵᠢ ᠵᠢ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠵᠦ ᠂ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠤᠨ ᠪᠦᠬᠦᠯᠢ ᠴᠣᠭᠴᠠ ᠵᠢᠨ ᠬᠥᠳᠡᠯᠦᠩᠭᠦᠢ ᠦᠵᠡᠭᠳᠡᠬᠦᠢ᠌ᠴᠡ ᠬᠢᠨᠠᠨ ᠠᠵᠢᠭᠯᠠᠯᠲᠠ ᠵᠢ ᠪᠡᠶᠡᠯᠡᠭᠦᠯᠵᠦ ᠂ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢ ᠰᠢᠩᠭᠡᠬᠡᠨ ᠠᠪᠬᠤ ᠨᠣᠷᠮ᠎ᠠ ᠵᠢ ᠳᠡᠭᠡᠭᠰᠢᠯᠡᠭᠦᠯᠵᠦ ᠪᠣᠯᠣᠨ᠎ᠠ 》 ᠭᠡᠵᠦ ᠲᠦᠩᠯᠢᠶᠣᠣ ᠵᠢᠨ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢᠨ ᠪᠠᠢ᠌ᠴᠠᠭ᠋ᠠᠨ ᠵᠠᠰᠠᠬᠤ ᠢᠨᠵᠧᠨᠧᠷᠢᠩ᠎ᠤᠨ ᠶᠠᠮᠤᠨ᠎ᠤ ᠲᠤᠰᠬᠠᠢ ᠮᠡᠷᠭᠡᠵᠢᠯᠲᠡᠨ ᠰᠢᠦᠢ ᠵᠢᠶᠠᠨ ᠲᠠᠨᠢᠯᠴᠠᠭᠤᠯᠪᠠ ᠃
ᠤᠯᠤᠰ᠎ᠤᠨ ᠴᠠᠬᠢᠯᠭ᠋ᠠᠨ ᠬᠦᠴᠦᠨ᠎ᠤ ᠪᠡᠯᠡ ᠣᠷᠣᠭᠤᠯᠤᠯᠲᠠ ᠵᠢᠨ 《 ᠥᠯᠢᠭᠡᠷ ᠳᠠᠭᠤᠷᠢᠶᠠᠯ ᠭᠡᠷ ᠪᠠᠢ᠌ᠰᠢᠩ 》᠎ᠤᠨ ᠢᠨᠵᠧᠨᠧᠷᠢᠩ ᠪᠣᠯᠤᠭᠰᠠᠨ᠎ᠤ ᠬᠤᠪᠢ᠎ᠳᠤ ᠂ ᠬᠤᠸᠠ ᠲᠤᠭᠤᠯ ᠪᠠᠯᠭ᠋ᠠᠰᠤᠨ᠎ᠤ ᠶᠡᠷᠦᠩᠬᠡᠢ᠌ᠯᠡᠭᠰᠡᠨ ᠣᠶᠤᠨᠴᠢ ᠡᠨᠧᠷᠭᠢ ᠵᠢᠨ ᠲᠥᠷᠥᠯ ᠵᠦᠢ᠍ᠯ᠎ᠨᠢ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠵᠦ ᠂ ᠮᠠᠨ᠎ᠤ ᠬᠣᠲᠠ ᠵᠢᠨ ᠬᠥᠳᠡᠭᠡ ᠲᠣᠰᠬᠣᠨ᠎ᠳᠤ ᠬᠡᠷᠡᠯ ᠴᠡᠨᠡᠭ᠎ᠤᠨ ᠴᠠᠬᠢᠯᠭ᠋ᠠᠨ ᠥᠷᠲᠡᠭᠡ ᠪᠠᠶ᠋ᠢᠭᠤᠯᠬᠤ ᠨᠢᠭᠡ ᠤᠳᠠᠭ᠋ᠠᠨ᠎ᠤ ᠢᠳᠡᠪᠬᠢᠲᠡᠢ ᠰᠦᠪᠡᠭᠴᠢᠯᠡᠯᠲᠡ ᠪᠣᠯᠤᠭᠰᠠᠨ ᠪᠠᠢ᠌ᠨ᠎ᠠ ᠃ ᠲᠣᠰ ᠲᠥᠷᠥᠯ ᠵᠦᠢ᠍ᠯ᠎ᠨᠢ ᠬᠥᠳᠡᠭᠡ ᠲᠣᠰᠬᠣᠨ᠎ᠤ ᠡᠨᠧᠷᠭᠢ ᠬᠡᠷᠡᠭᠯᠡᠬᠦ ᠪᠦᠲᠦᠴᠡ ᠵᠢ ᠰᠠᠢ᠌ᠵᠢᠷᠠᠭᠤᠯᠵᠤ ᠂ ᠴᠠᠬᠢᠯᠭ᠋ᠠᠨ ᠲᠣᠣᠷ᠎ᠲᠠᠬᠢ ᠰᠢᠨ᠎ᠡ ᠡᠨᠧᠷᠭᠢ ᠵᠢᠨ ᠬᠤᠪᠢ ᠵᠢᠨ ᠲᠣᠭ᠎ᠠ ᠵᠢ ᠨᠡᠮᠡᠭᠳᠡᠭᠦᠯᠦᠭᠰᠡᠨ ᠵᠶ᠋ᠡᠷ ᠪᠠᠷᠠᠬᠤ ᠦᠭᠡᠢ ᠪᠠᠰᠠ ᠲᠠᠷᠬᠠᠮᠠᠯ ᠬᠡᠯᠪᠡᠷᠢ ᠵᠢᠨ ᠬᠡᠷᠡᠯ ᠴᠡᠨᠡᠭ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ ᠂ ᠡᠨᠧᠷᠭᠢ ᠵᠢᠨ ᠬᠣᠷᠣᠭᠳᠠᠯ᠎ᠤᠨ 《 ᠬᠣᠶᠠᠷ᠎ᠢ ᠬᠢᠵᠠᠭ᠋ᠠᠷᠯᠠᠬᠤ 》 ᠳᠠᠷᠤᠯᠲᠠ ᠵᠢ ᠬᠥᠩᠭᠡᠷᠡᠭᠦᠯᠵᠦ ᠂ ᠭᠠᠵᠠᠷ ᠣᠷᠣᠨ᠎ᠤ ᠠᠵᠤ ᠠᠬᠤᠢ ᠵᠢᠨ ᠦᠷᠭᠦᠯᠵᠢᠯᠡᠨ ᠬᠥᠭᠵᠢᠬᠦ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠦᠭᠰᠡᠨ ᠪᠠᠢ᠌ᠨ᠎ᠠ ᠃
ᠬᠤᠸᠠ ᠲᠠᠭᠤᠷᠠᠪᠠᠷ ᠥᠩᠭᠡᠷᠡᠬᠦ᠎ᠳᠤ ᠂ ᠰᠤᠷᠪᠤᠯᠵᠢᠯᠠᠭᠴᠢ ᠬᠡᠷᠡᠯ ᠴᠡᠨᠡᠭ ᠵᠶ᠋ᠡᠷ ᠴᠠᠬᠢᠯᠭ᠋ᠠᠨ ᠬᠠᠩᠭ᠋ᠠᠵᠤ ᠳᠡᠶ᠋ᠢᠯᠬᠦ ᠂ ᠠᠪᠢᠶᠠᠨ᠎ᠤ ᠰᠠᠨᠠᠭᠤᠯᠤᠮᠵᠢ᠎ᠲᠠᠢ ᠂ ᠠᠦ᠋ᠲ᠋ᠣ᠋ ᠨᠥᠯᠥᠭᠡᠯᠡᠯ ᠵᠡᠷᠭᠡ ᠴᠢᠳᠠᠮᠵᠢ᠎ᠲᠠᠢ ᠣᠶᠤᠨᠲᠤ ᠬᠣᠭ᠎ᠤᠨ ᠰᠠᠪᠠ ᠵᠢ ᠣᠯᠵᠤ ᠬᠠᠷᠠᠪᠠ ; ᠡᠭᠦᠨ᠎ᠳᠤ ᠰᠤᠷᠪᠤᠯᠵᠢᠯᠠᠭᠴᠢ ᠬᠡᠷᠡᠯ ᠴᠡᠨᠡᠭ ᠵᠶ᠋ᠡᠷ ᠴᠠᠬᠢᠯᠭ᠋ᠠᠨ ᠬᠠᠩᠭ᠋ᠠᠵᠤ ᠳᠡᠶ᠋ᠢᠯᠬᠦ ᠂ ᠠᠪᠢᠶᠠᠨ᠎ᠤ ᠰᠠᠨᠠᠭᠤᠯᠤᠮᠵᠢ᠎ᠲᠠᠢ ᠂ ᠠᠦ᠋ᠲ᠋ᠣ᠋ ᠨᠥᠯᠥᠭᠡᠯᠡᠯ ᠵᠡᠷᠭᠡ ᠴᠢᠳᠠᠮᠵᠢ᠎ᠲᠠᠢ ᠣᠶᠤᠨᠲᠤ ᠬᠣᠭ᠎ᠤᠨ ᠰᠠᠪᠠ ᠵᠢ ᠣᠯᠵᠤ ᠬᠠᠷᠠᠪᠠ ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠯᠲᠡ ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠬᠢᠨᠠᠨ ᠡᠵᠡᠮᠰᠢᠯ ᠂ ᠣᠷᠣᠨ ᠪᠦᠰᠡ ᠵᠢᠨ ᠱᠣ᠋ 〈659 〉 ᠬᠢᠶᠠᠨᠤ ᠬᠢᠨᠠᠨ ᠬᠡᠮᠵᠢᠯᠲᠡ ᠂ ᠪᠠᠴᠢᠮ ᠪᠠᠢ᠌ᠳᠠᠯ᠎ᠢ ᠠᠷᠭ᠋ᠠᠴᠠᠬᠤ ᠰᠡᠷᠡᠮᠵᠢ ᠵᠢᠨ ᠳᠣᠬᠢᠶ᠎ᠠ ᠂ LED ᠭᠡᠷᠡᠯᠲᠦᠭᠦᠯᠭᠡ ᠵᠢᠨ ᠵᠠᠮ᠎ᠤᠨ ᠳ᠋ᠧᠩ ; ᠲᠣᠰᠬᠣᠨ᠎ᠤ ᠠᠷᠠᠳ᠎ᠲᠤ ᠴᠠᠬᠢᠯᠭ᠋ᠠᠨ ᠴᠡᠨᠡᠭᠯᠡᠬᠦ ᠪᠠᠭ᠋ᠠᠨ᠎ᠠ ᠬᠡᠷᠡᠭᠯᠡᠭᠦᠯᠦᠨ᠎ᠡ ᠁ ᠬᠡᠳᠦᠢ᠌ᠪᠡᠷ ᠡᠲᠡᠭᠡᠷ ᠰᠢᠨ᠎ᠡ ᠬᠡᠯᠪᠡᠷᠢ ᠵᠢᠨ ᠬᠡᠷᠡᠯ ᠴᠡᠨᠡᠭ᠎ᠤᠨ ᠦᠢ᠍ᠯᠡᠳᠬᠦᠨ᠎ᠢ ᠮᠠᠨ᠎ᠤ ᠬᠣᠲᠠ᠎ᠳᠤ ᠠᠰᠢᠭᠯᠠᠯᠲᠠ᠎ᠳᠤ ᠣᠷᠣᠭᠤᠯᠤᠭᠰᠠᠨ᠎ᠨᠢ ᠨᠡᠯᠢᠶᠡᠳ ᠴᠥᠭᠡᠨ ᠪᠣᠯᠪᠠᠴᠤ ᠲᠣᠰ ᠲᠥᠷᠥᠯ᠎ᠤᠨ ᠪᠦᠲᠦᠭᠡᠨ ᠪᠠᠢ᠌ᠭᠤᠯᠤᠯᠲᠠ᠎ᠪᠠᠷ ᠳᠡᠮᠵᠢᠨ ᠂ ᠮᠠᠨ᠎ᠤ ᠬᠣᠲᠠ᠎ᠳᠤ ᠨᠢᠭᠡᠨ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠠᠩᠭ᠋ᠠᠵᠤ ᠂ ᠬᠣᠢ᠌ᠰᠢᠳᠠ ᠠᠮᠢ ᠠᠬᠤᠢ ᠵᠢᠨ ᠪᠣᠬᠢᠷᠳᠤᠯ ᠦᠭᠡᠢ ᠂ ᠣᠶᠤᠨᠴᠢ ᠠᠮᠢᠳᠤᠷᠠᠯ᠎ᠤᠨ ᠣᠷᠴᠢᠨ᠎ᠢ ᠪᠣᠶ ᠪᠣᠯᠭ᠋ᠠᠬᠤ᠎ᠳᠤ ᠰᠡᠩᠬᠡᠷᠡᠭᠦᠯᠦᠯ ᠬᠠᠩᠭ᠋ᠠᠬᠤ ᠪᠣᠯᠣᠨ᠎ᠠ ᠃