ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠎ᠤᠨ ᠲᠤᠰᠢᠶᠠᠯ ᠬᠠᠪᠰᠤᠷᠭ᠋ᠠᠭᠰᠠᠨ ᠳᠡᠳ᠋ ᠲᠡᠷᠢᠭᠦᠯᠡᠭᠴᠢ᠂ ᠬᠥᠬᠡᠬᠣᠲᠠ ᠵᠢᠨ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠰᠤᠷᠭ᠋ᠠᠭᠤᠯᠢ ᠵᠢᠨ ᠬᠣᠶᠠᠳᠤᠭ᠋ᠠᠷ ᠳᠡᠰ᠎ᠤᠨ ᠫᠷᠣᠹᠧᠰᠰᠣᠷ ᠬᠠᠨ ᠵᠢᠶᠠ ᠲᠦᠩ ᠬᠥᠬᠡᠬᠣᠲᠠ᠎ᠳᠤ ᠪᠤᠴᠠᠵᠤ ᠢᠷᠡᠭᠰᠡᠨ᠎ᠤ ᠳᠠᠷᠠᠭ᠎ᠠ᠂ ᠲᠡᠷᠡ ᠳᠠᠷᠤᠢ᠎ᠳᠤ᠎ᠨᠢ ᠰᠠᠭᠤᠭ᠋ᠠᠯᠢ ᠲᠣᠭᠣᠷᠢᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠣᠷᠣᠯᠴᠠᠪᠠ᠃ ᠲᠡᠷᠡ 《ᠴᠠᠭ᠋ᠠᠨ ᠬᠤᠪᠴᠠᠰᠤᠲᠠᠨ》 ᠪᠣᠯᠵᠤ ᠂ ᠰᠠᠢ᠌ᠨ ᠳᠤᠷ᠎ᠠ ᠵᠢᠨ ᠦᠢ᠍ᠯᠡᠴᠢᠯᠡᠭᠴᠢ ᠵᠢᠨ ᠡᠩᠨᠡᠭᠡᠨ᠎ᠳᠤ ᠣᠷᠣᠵᠤ ᠂ ᠠᠷᠢᠭᠤᠳᠬᠠᠬᠤ ᠰᠦᠷᠴᠢᠭᠦᠷ ᠡᠭᠦᠷ᠎ᠦᠨ ᠂ ᠲᠡᠷᠭᠡ ᠵᠣᠭᠰᠣᠬᠤ ᠰᠠᠷᠠᠪᠴᠢ ᠂ ᠬᠣᠭ᠎ᠤᠨ ᠰᠠᠪᠠ ᠂ ᠨᠣᠭᠣᠭ᠋ᠠᠨ ᠭᠠᠵᠠᠷ ᠵᠡᠷᠭᠡ ᠣᠯᠠᠨ ᠨᠡᠶ᠋ᠢᠲᠡ ᠵᠢᠨ ᠣᠷᠣᠨ ᠲᠣᠭᠣᠷᠢᠭ ᠢ ᠪᠦᠬᠦ ᠲᠠᠯ᠎ᠠ᠎ᠪᠠᠷ ᠤᠰᠠᠳᠬᠠᠪᠠ ᠃ ᠤᠰᠠᠳᠬᠠᠭᠰᠠᠨᠤ ᠳᠠᠷᠠᠭ᠎ᠠ᠂ ᠲᠡᠷᠡ ᠪᠠᠰᠠ ᠰᠠᠭᠤᠭ᠋ᠠᠯᠢ ᠠᠷᠠᠳ᠎ᠲᠤ ᠥᠳᠥᠭᠡᠭᠴᠢ ᠵᠢ ᠰᠢᠯᠭ᠋ᠠᠨ ᠪᠠᠢ᠌ᠴᠠᠭ᠋ᠠᠬᠤ ᠲᠤᠷᠰᠢᠯᠲᠠ ᠵᠢᠨ ᠬᠠᠢ᠌ᠷᠴᠠᠭ ᠵᠢᠴᠢ ᠢᠳᠡᠭᠡᠨ ᠵᠡᠷᠭᠡ ᠠᠮᠢᠳᠤᠷᠠᠯ᠎ᠤᠨ ᠡᠳ᠋ ᠪᠣᠳᠠᠰ᠎ᠢ ᠲᠦᠭᠡᠭᠡᠨ ᠥᠭᠪᠡ᠃
ᠰᠠᠢ᠌ᠨ ᠳᠤᠷ᠎ᠠ ᠵᠢᠨ ᠦᠢ᠍ᠯᠡᠴᠢᠯᠡᠭᠡ᠎ᠳᠤ ᠬᠠᠯᠠᠭᠤᠨ ᠰᠡᠳᠬᠢᠯ ᠵᠶ᠋ᠡᠷ ᠣᠷᠤᠯᠴᠠᠬᠤ ᠵᠢᠨ ᠬᠠᠮᠲᠤ᠂ ᠬᠠᠨ ᠵᠢᠶᠠ ᠲᠦᠩ ᠪᠠᠰᠠ ᠲᠡᠷᠡ ᠳᠠᠷᠤᠢ᠎ᠳᠤ᠎ᠨᠢ ᠭᠦᠢ᠍ᠴᠡᠳ ᠪᠡᠯᠡᠳᠬᠡᠯ ᠬᠢᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠤᠬᠠᠭᠤᠯᠤᠨ ᠲᠠᠢ᠌ᠯᠪᠤᠷᠢᠯᠠᠯᠲᠠ ᠵᠢ ᠥᠷᠨᠢᠭᠦᠯᠪᠡ᠃ 10 ᠰᠠᠷ᠎ᠠ ᠵᠢᠨ 29 ᠤ ᠡᠳᠦᠷ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠵᠤ᠂ ᠬᠤᠷᠠᠯ᠎ᠳᠤ ᠣᠷᠣᠯᠴᠠᠭᠰᠠᠳ᠎ᠲᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠥᠪᠡᠷ᠎ᠤᠨ ᠣᠯᠣᠯᠲᠠ ᠲᠥᠷᠥᠭᠳᠡᠯ ᠵᠶ᠋ᠡᠨ ᠬᠤᠪᠢᠶᠠᠯᠴᠠᠵᠤ᠂ ᠶᠡᠬᠡ ᠬᠤᠷᠠᠯ᠎ᠤᠨ ᠢᠯᠡᠳᠬᠡᠯ᠎ᠤᠨ ᠭᠣᠣᠯᠳᠠᠯᠭ᠎ᠠ᠎ᠲᠠᠢ ᠠᠭᠤᠯᠭ᠎ᠠ ᠵᠢ ᠲᠠᠢ᠌ᠯᠪᠤᠷᠢᠯᠠᠪᠠ᠃ ᠲᠡᠭᠦᠨ᠎ᠤ ᠭᠦᠨᠵᠡᠭᠡᠢ ᠪᠥᠭᠡᠳ ᠣᠢ᠌ᠯᠠᠭ᠋ᠠᠮᠵᠢᠲᠠᠢ ᠲᠠᠢ᠌ᠯᠤᠮᠵᠢ᠎ᠨᠢ ᠤᠯᠠᠨ᠎ᠤ ᠬᠦᠷᠢᠶᠡᠯᠡᠯ᠎ᠢ ᠣᠯᠪᠠ᠃
《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ ᠪᠣᠯ ᠨᠢᠭᠡᠳᠦᠭᠡᠷ ᠦᠢ᠍ᠯᠡᠳᠪᠦᠷᠢᠯᠡᠯ᠎ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠵᠢ ᠡᠭᠦᠳᠬᠦ ᠪᠣᠯ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠵᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠣᠷᠣᠨ ᠵᠶ᠋ᠠᠨ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠣᠷᠣᠨ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠵᠢᠨ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠲᠠᠰᠤᠷᠠᠯᠳᠠ ᠦᠭᠡᠢ ᠪᠤᠢ ᠪᠣᠯᠭ᠋ᠠᠬᠤ ᠬᠡᠷᠡᠭᠲᠡᠢ ᠭᠡᠵᠦ ᠳᠤᠷᠠᠳᠤᠨ ᠭᠠᠷᠭ᠋ᠠᠵᠠᠢ᠃ ᠬᠠᠨ ᠵᠢᠶᠠ ᠲᠦᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ᠎ᠳᠠᠭᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠠᠭᠤᠯᠭ᠎ᠠ᠎ᠨᠢ ᠲᠡᠭᠦᠨ᠎ᠤ ᠰᠡᠳᠬᠢᠯ ᠳᠣᠭᠳᠣᠯᠤᠭᠰᠠᠨ ᠰᠡᠳᠬᠢᠯᠭᠡ ᠵᠢ ᠳᠠᠷᠤᠵᠤ ᠶᠠᠳᠠᠨ᠎ᠠ ᠭᠡᠵᠦ ᠲᠠᠨᠢᠯᠴᠠᠭᠤᠯᠪᠠ᠃
《ᠵᠠᠯᠭ᠋ᠠᠭ᠎ᠠ᠎ᠪᠠᠷ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭᠴᠢ᠂ ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ᠎ᠪᠠᠷ ᠰᠣᠩᠭᠣᠭᠳᠠᠭᠰᠠᠨ᠎ᠳᠤ ᠲᠤᠢ᠌ᠯ᠎ᠤᠨ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠴᠢᠬᠤᠯᠠ ᠰᠠᠨᠠᠭᠳᠠᠵᠤ ᠪᠠᠢ᠌ᠨ᠎ᠠ》᠃ ᠤᠬᠠᠭᠤᠯᠤᠨ ᠲᠠᠢ᠌ᠯᠪᠤᠷᠢᠯᠠᠭᠰᠠᠨ᠎ᠤ ᠡᠴᠦᠰ᠎ᠲᠤ᠂ ᠬᠠᠨ ᠵᠢᠶᠠ ᠲᠦᠩ᠄ 《ᠪᠢ ᠨᠠᠮ᠎ᠤᠨ ᠲᠥᠯᠥᠭᠡᠯᠡᠭᠴᠢ ᠵᠢᠨ ᠪᠡᠶ᠎ᠡ ᠵᠢᠨ ᠭᠠᠷᠤᠯ᠎ᠢ ᠪᠠᠲᠤ ᠴᠡᠭᠡᠵᠢᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠦᠵᠡᠰᠬᠦᠯᠡᠩᠲᠦ ᠰᠠᠢ᠌ᠬᠠᠨ ᠬᠤᠳᠠ ᠵᠢᠨ ᠪᠦᠲᠦᠭᠡᠨ ᠪᠠᠢ᠌ᠭᠤᠯᠤᠯᠲᠠ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠵᠢ ᠣᠯᠭᠣᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠢ᠌ᠲᠤᠷ ᠡᠷᠬᠢᠯᠡᠵᠦ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠶᠠᠰᠤ ᠴᠢᠨᠠᠷ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠤᠶᠤᠨ ᠤᠬᠠᠭ᠋ᠠᠨ ᠪᠣᠯᠣᠨ ᠬᠦᠴᠦᠨ ᠴᠢᠳᠠᠯ ᠵᠶ᠋ᠠᠨ ᠡᠷᠭᠦᠨ᠎ᠡ》ᠭᠡᠵᠦ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠬᠡᠯᠡᠪᠡ᠃
ᠨᠢᠭᠡ ᠤᠳᠠᠭ᠎ᠠ ᠵᠢᠨ ᠤᠬᠠᠭᠤᠯᠤᠨ ᠲᠠᠢ᠌ᠯᠪᠤᠷᠢᠯᠠᠯᠲᠠ ᠵᠢ ᠬᠤᠷᠠᠯ᠎ᠳᠤ ᠣᠷᠣᠯᠴᠠᠭᠰᠠᠳ ᠮᠠᠰᠢ ᠤᠷᠮ᠎ᠠ ᠪᠠᠬᠠᠲᠠᠢ ᠰᠣᠨᠣᠰᠴᠤ᠂ ᠭᠦᠨ᠎ᠡ ᠰᠡᠳᠬᠢᠯ ᠬᠥᠳᠡᠯᠪᠡ᠃ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠎ᠤᠨ ᠨᠠᠮ᠎ᠤᠨ ᠡᠭᠦᠷ᠎ᠤᠨ ᠲᠤᠰᠬᠠᠢ ᠲᠤᠰᠢᠶᠠᠯ᠎ᠤᠨ ᠳᠡᠳ᠋ ᠱᠦᠵᠢ ᠬᠠᠰᠬᠤᠸᠠᠷ ᠬᠡᠯᠡᠬᠦ᠎ᠳᠡᠭᠡᠨ ᠂ 《ᠨᠠᠮ᠎ᠤᠨ ᠠᠵᠢᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠵᠤ᠂ ᠰᠠᠢ᠌ᠲᠤᠷ ᠤᠬᠠᠭᠤᠯᠵᠤ᠂ ᠰᠠᠢ᠌ᠲᠤᠷ ᠲᠤᠭᠤᠰᠢᠯᠠᠭᠤᠯᠵᠤ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠨᠡᠨᠬᠦ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠨᠠᠮ᠎ᠤᠨ ᠪᠠᠢ᠌ᠭᠤᠯᠤᠯᠲᠠ ᠵᠢᠨ ᠠᠵᠢᠯ ᠵᠶ᠋ᠠᠷ ᠲᠤᠬᠠᠢ᠌ᠯᠠᠭᠰᠠᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠎ᠤᠨ ᠠᠵᠢᠯ᠎ᠤᠨ ᠰᠢᠨ᠎ᠡ ᠭᠠᠷᠤᠭ᠎ᠠ ᠳᠡᠭᠡᠷ᠎ᠡ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠨ᠎ᠡ》᠃
ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠎ᠤᠨ ᠳᠤᠭᠤᠢ᠌ᠯᠠᠩ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠵᠠᠩ ᠬᠤᠢ ᠹᠧᠩ ᠄ 《ᠬᠠᠨ ᠵᠢᠶᠠ ᠲᠦᠩ ᠲᠥᠯᠥᠭᠡᠯᠡᠭᠴᠢ ᠵᠢᠨ ᠤᠬᠠᠭᠤᠯᠤᠨ ᠲᠠᠢ᠌ᠯᠪᠤᠷᠢᠯᠠᠭᠰᠠᠨ᠎ᠨᠢ ᠮᠢᠨᠤ ᠰᠡᠳᠬᠢᠯ᠎ᠢ ᠳᠣᠭᠳᠣᠯᠤᠭᠤᠯᠵᠤ᠂ ᠲᠤᠢ᠌ᠯ ᠵᠶ᠋ᠠᠷ ᠤᠷᠮᠠᠰᠢᠭᠤᠯᠪᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠹᠷᠣᠨᠲ᠎ᠲᠤ 20 ᠭᠠᠷᠤᠢ ᠵᠢᠯ ᠠᠵᠢᠯᠯᠠᠭᠰᠠᠨ ᠺᠠᠳ᠋ᠷ ᠪᠣᠯᠤᠭᠰᠠᠨ᠎ᠤ ᠬᠤᠪᠢ᠎ᠳᠤ᠂ ᠪᠢ ᠵᠠᠪᠠᠯ ᠲᠤᠬᠠᠢ᠌ᠯᠠᠭᠰᠠᠨ ᠠᠵᠢᠯ᠎ᠤᠨ ᠪᠠᠢ᠌ᠷᠢ᠎ᠳᠠᠭᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠡᠯ᠎ᠡ ᠲᠠᠯ᠎ᠠ᠎ᠳᠤ ᠢᠯᠡᠷᠡᠭᠦᠯᠵᠦ᠂ ᠨᠢᠭᠡᠨ ᠡᠪ ᠬᠠᠮᠲᠤ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠦᠨᠡᠨᠬᠦ ᠪᠠᠳᠠᠷᠠᠭᠤᠯᠤᠨ᠎ᠠ》᠃