ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠥᠭᠡᠷᠡᠴᠢᠯᠡᠯᠲᠡ ᠵᠢᠨ ᠲᠣᠰᠬᠣᠨ】》》᠎ᠤ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠦᠷ ᠠᠮᠲᠠ》— ᠱᠧᠨᠵᠧᠨ᠎ᠤ ᠨᠠᠨᠯᠢᠩ ᠲᠣᠰᠬᠣᠨ᠎ᠳᠤ ᠦᠵᠡᠵᠦ ᠰᠣᠨᠣᠰᠤᠭᠰᠠᠨ ᠵᠦᠢ᠍ᠯ
ᠨᠡᠶ᠋ᠢᠲᠡᠯᠡᠭᠰᠡᠨ ᠴᠠᠭ᠄ 2022-02-15

    ᠲᠠᠷᠢᠶ᠎ᠠ ᠲᠠᠷᠢᠬᠤ᠎ᠠᠴᠠ《ᠲᠠᠷᠢᠮᠠᠯ᠎ᠤᠨ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ》ᠬᠦᠷᠲᠡᠯ᠎ᠡ᠂ ᠱᠧᠨᠵᠧᠨ᠎ᠤ ᠯᠦᠩ ᠭᠠᠩ᠎ᠤᠨ ᠨᠠᠨ ᠯᠢᠩ ᠲᠣᠰᠬᠣᠨ ᠭᠡᠬᠦ ᠡᠨᠡᠬᠦ ᠥᠩᠭᠡᠷᠡᠭᠰᠡᠨ᠎ᠤ ᠶᠠᠳᠠᠭᠤ ᠬᠣᠴᠤᠷᠤᠩᠭᠤᠢ ᠬᠤᠳᠠ ᠵᠢᠨ ᠳᠤᠮᠳᠠᠬᠢ ᠲᠣᠰᠬᠣᠨ᠎ᠨᠢ ᠤᠯᠠᠨ ᠵᠢᠯ᠎ᠤᠨ ᠲᠤᠷᠰᠢ ᠲᠠᠰᠤᠷᠠᠯᠲᠠ ᠦᠭᠡᠢ ᠰᠢᠨ᠎ᠡ ᠵᠢ ᠡᠭᠦᠳᠦᠨ ᠬᠥᠭᠵᠢᠵᠦ᠂ ᠱᠧᠨᠵᠧᠨ᠎ᠳᠤ ᠠᠯᠳᠠᠷᠲᠠᠢ《ᠥᠭᠡᠷᠡᠴᠢᠯᠡᠯᠲᠡ ᠵᠢᠨ ᠲᠣᠰᠬᠣᠨ》ᠪᠣᠯᠤᠭᠰᠠᠨ ᠪᠠᠢ᠌ᠨ᠎ᠠ᠃ ᠡᠳᠦᠭᠡ᠂ ᠴᠢᠨᠠᠷ ᠰᠠᠢ᠌ᠲᠠᠢ ᠬᠥᠭᠵᠢᠯᠲᠡ ᠵᠢᠨ ᠬᠡᠯᠪᠡᠷᠢ ᠵᠢ ᠬᠤᠪᠢᠷᠠᠭᠤᠯᠬᠤ᠎ᠨᠢ ᠲᠣᠰᠬᠣᠨ᠎ᠤ ᠠᠷᠠᠳ᠎ᠤᠨ ᠬᠠᠮᠲᠤ ᠵᠢᠨ ᠲᠠᠨᠢᠯᠲᠠ ᠪᠣᠯᠵᠤ᠂ ᠨᠠᠨᠯᠢᠩ ᠲᠣᠰᠬᠣᠨ᠎ᠤ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠦᠷ ᠠᠮᠲᠠ》 ᠤᠯᠠᠮ᠎ᠠᠴᠠ ᠤᠯᠠᠮ ᠥᠳᠬᠡᠨ ᠪᠣᠯᠵᠠᠢ᠃
 ᠰᠤᠷᠪᠤᠯᠵᠢᠯᠠᠭᠴᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠨᠠᠨᠯᠢᠩ ᠲᠣᠰᠬᠣᠨ᠎ᠤ 《1983 ᠣᠨ᠎ᠤ ᠪᠦᠲᠦᠭᠡᠯᠴᠢ ᠵᠢᠵᠢᠭ ᠪᠠᠯᠭ᠋ᠠᠰᠤ》᠎ᠳᠤ ᠬᠦᠷᠴᠦ᠂ ᠡᠨᠳᠡ ᠬᠠᠭᠤᠴᠢᠨ ᠦᠢ᠍ᠯᠡᠳᠪᠦᠷᠢ ᠵᠢᠨ ᠪᠠᠢ᠌ᠰᠢᠩ ᠎ᠢ ᠥᠭᠡᠷᠡᠴᠢᠯᠡᠨ ᠪᠠᠢ᠌ᠭᠤᠯᠵᠤ᠂ ᠨᠢᠭᠡ ᠪᠦᠯᠦᠭ ᠲᠤᠰᠬᠠᠢ ᠮᠡᠷᠭᠡᠵᠢᠯᠲᠡᠨ᠂ ᠰᠢᠨ᠎ᠡ ᠵᠢ ᠡᠭᠦᠳᠬᠦ ᠠᠵᠤ ᠠᠬᠤᠢ᠌ᠯᠠᠯ᠎ᠨᠢ ᠨᠠᠨᠯᠢᠩ ᠲᠣᠰᠬᠣᠨ᠎ᠤ 《ᠰᠢᠨ᠎ᠡ ᠲᠣᠰᠬᠣᠨ᠎ᠤ ᠠᠷᠠᠳ》 ᠪᠣᠯᠤᠭᠰᠠᠨ ᠪᠠᠢ᠌ᠨ᠎ᠠ᠃
《ᠬᠠᠭᠤᠴᠢᠨ ᠵᠠᠮ ᠵᠶ᠋ᠠᠷ ᠵᠶ᠋ᠠᠨ ᠶᠠᠪᠤᠬᠤ ᠦᠭᠡᠢ᠎ᠪᠠᠷ ᠰᠢᠨ᠎ᠡ ᠵᠢ ᠡᠭᠦᠳᠬᠦ ᠵᠠᠮ ᠵᠶ᠋ᠠᠷ ᠵᠠᠮᠨᠠᠵᠤ》 《ᠰᠢᠨ᠎ᠡ ᠵᠢ ᠡᠭᠦᠳᠬᠦ ᠪᠡᠯᠡ ᠣᠷᠣᠭᠤᠯᠤᠯᠲᠠ + ᠨᠡᠪᠴᠢᠭᠦᠯᠦᠬᠦᠷ》᠎ᠤᠨ ᠵᠠᠭᠪᠤᠷ᠎ᠢ ᠬᠠᠢ᠌ᠨ ᠰᠦᠪᠡᠭᠴᠢᠯᠡᠵᠦ᠂ ᠡᠳᠦᠭᠡ ᠡᠨᠡᠬᠦ 《ᠥᠭᠡᠷᠡᠴᠢᠯᠡᠯᠲᠡ ᠵᠢᠨ ᠲᠣᠰᠬᠣᠨ》᠎ᠳᠤ ᠨᠢᠭᠡᠨᠲᠡ ᠬᠣᠶᠠᠷ ᠲᠤᠰᠬᠠᠢ ᠪᠡᠯᠡ ᠣᠷᠣᠭᠤᠯᠤᠯᠲᠠ ᠵᠢᠨ ᠪᠠᠢ᠌ᠭᠤᠯᠤᠮᠵᠢ᠂ ᠨᠢᠭᠡ ᠠᠮᠢᠳᠤ ᠪᠣᠳᠠᠰ᠎ᠤᠨ ᠡᠮ ᠡᠮᠨᠡᠯᠭᠡ ᠵᠢᠨ ᠬᠤᠷᠳᠤᠳᠬᠠᠭᠤᠷ᠎ᠲᠠᠢ ᠪᠣᠯᠵᠤ᠂ ᠨᠡᠪᠴᠢᠭᠦᠯᠬᠦ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠤ 10 ᠭᠠᠷᠤᠢ ᠠᠩᠬ᠎ᠠ ᠡᠭᠦᠳᠬᠦ ᠠᠵᠤ ᠠᠬᠤᠢ᠌ᠯᠠᠯ᠎ᠳᠤ ᠪᠡᠯᠡ ᠣᠷᠣᠭᠤᠯᠤᠭᠰᠠᠨ ᠪᠠᠢ᠌ᠨ᠎ᠠ᠃
 《ᠬᠣᠴᠤᠷᠤᠩᠭᠤᠢ ᠦᠢ᠍ᠯᠡᠳᠪᠦᠷᠢᠯᠡᠯ᠎ᠤᠨ ᠴᠢᠳᠠᠪᠤᠷᠢ ᠵᠢᠨ ᠲᠥᠯᠥᠭᠡ 〈ᠭᠡᠷ᠎ᠤᠨ ᠡᠵᠡᠨ〉 ᠪᠣᠯᠬᠤ᠎ᠳᠤ ᠬᠦᠷᠪᠡᠯ ᠪᠠᠰᠠ ᠬᠡᠳᠦᠢ ᠤᠳᠠᠭ᠋ᠠᠨ ᠪᠠᠶᠠᠵᠢᠵᠤ ᠴᠢᠳᠠᠬᠤ ᠪᠤᠶ? ᠵᠠᠪᠠᠯ ᠬᠡᠯᠪᠡᠷᠢ᠎ᠪᠠᠨ ᠬᠤᠪᠢᠷᠠᠭᠤᠯᠬᠤ ᠬᠡᠷᠡᠭᠲᠡᠢ》᠃ ᠨᠠᠨᠯᠢᠩ ᠲᠣᠰᠬᠣᠨ᠎ᠤ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠢᠦᠢ ᠪᠢᠶᠣᠣ᠂ 《ᠪᠢᠳᠠ ᠳᠣᠣᠷᠠᠳᠤ ᠲᠡᠰ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠴᠡᠪᠡᠷᠯᠡᠵᠦ᠂ ᠨᠢᠳᠦᠨ ᠡᠮᠦᠨ᠎ᠡ 2000 ᠲᠦᠮᠡᠨ ᠲᠥᠭᠥᠷᠢᠭ ᠬᠣᠬᠢᠷᠠᠪᠠ᠂ ᠭᠡᠪᠡᠴᠦ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠢ ᠬᠥᠭᠵᠢᠭᠦᠯᠬᠦ᠎ᠳᠤ ᠣᠷᠣᠨ ᠵᠠᠢ ᠭᠠᠷᠭ᠋ᠠᠵᠤ ᠥᠭᠴᠡᠢ》ᠭᠡᠵᠦ ᠬᠡᠯᠡᠪᠡ᠃
ᠨᠠᠨᠯᠢᠩ ᠲᠣᠰᠬᠣᠨ᠎ᠤ ᠨᠡᠢ᠌ᠭᠡᠮ ᠲᠣᠭᠣᠷᠢᠭ ᠣᠢ᠌ᠷ᠎ᠠ ᠵᠢᠨ ᠵᠢᠯ᠎ᠳᠤ 3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ ᠱᠧᠨᠵᠧᠨ ᠬᠤᠳᠠ ᠵᠢᠨ ᠠᠩᠬᠠᠳᠠᠭᠴᠢ ᠨᠡᠢ᠌ᠭᠡᠮ ᠲᠣᠭᠣᠷᠢᠭ᠎ᠤᠨ ᠬᠤᠪᠢ ᠣᠷᠣᠭᠤᠯᠤᠭᠰᠠᠨ ᠺᠣᠮᠫᠠᠨᠢ ᠵᠢᠨ ᠦᠢ᠍ᠯᠡᠰ ᠪᠣᠰᠬᠠᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠪᠠᠢ᠌ᠭᠤᠯᠵᠤ᠂ ᠲᠤᠰᠬᠠᠢ ᠮᠡᠷᠭᠡᠵᠢᠯ᠎ᠤᠨ ᠪᠡᠯᠡ ᠣᠷᠣᠭᠤᠯᠤᠯᠲᠠ ᠵᠢᠨ ᠪᠦᠯᠬᠦᠮ᠎ᠢ ᠤᠷᠢᠵᠤ᠂ ᠠᠵᠤ ᠦᠢ᠍ᠯᠡᠰ᠎ᠤᠨ ᠬᠥᠭᠵᠢᠯᠲᠡ ᠵᠢ ᠬᠥᠲᠥᠯᠥᠨ ᠵᠢᠯᠤᠭᠣᠳᠬᠤ 《ᠲᠡᠩᠨᠡᠭᠦᠷ ᠬᠠᠪᠲᠠᠰᠤ ᠵᠢᠨ ᠦᠢ᠍ᠯᠡᠳᠦᠯ》 ᠎ᠢ ᠪᠦᠷᠢᠯᠳᠦᠭᠦᠯᠵᠡᠢ᠃
ᠵᠣᠬᠢᠶᠠᠮᠠᠯ ᠣᠶᠤᠨᠴᠢ ᠦᠢ᠍ᠯᠡᠰ ᠪᠣᠰᠬᠠᠬᠤ ᠠᠵᠤ ᠠᠬᠤᠢ᠌ᠯᠠᠯ᠎ᠠᠴᠠ ᠢᠷᠡᠭᠡᠳᠦᠢ ᠵᠢ ᠭᠦᠨᠵᠡᠭᠡᠢ ᠣᠢ᠌ᠯᠠᠭ᠋ᠠᠬᠤ᠎ᠠᠴᠠ ᠯᠠᠢ᠌ᠰᠧᠷ ᠷᠠᠳᠠᠷ᠎ᠤᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠡᠭᠦᠳᠬᠦ ᠬᠦᠷᠲᠡᠯ᠎ᠡ᠂ ᠲᠠᠬᠢᠭ᠋ᠠᠳ ᠳᠡᠭᠡᠳᠦ ᠲᠡᠰ᠎ᠤᠨ ᠲᠣᠨᠣᠭᠯᠠᠯ ᠦᠢ᠍ᠯᠡᠳᠬᠦ ᠠᠵᠤ ᠠᠬᠤᠢ᠌ᠯᠠᠯ᠎ᠤᠨ ᠵᠢᠨ ᠰᠢᠨ ᠰᠢᠨᠵᠢᠯᠡᠬᠦ ᠤᠬᠠᠭ᠋ᠠᠨ ᠮᠡᠷᠭᠡᠵᠢᠯ ᠬᠦᠷᠲᠡᠯ᠎ᠡ ᠁
 《ᠪᠢᠳᠡ ᠬᠡᠳᠦᠨ ᠵᠠᠭᠤᠨ ᠵᠦᠢ᠍ᠯ ᠎ᠢ ᠦᠵᠡᠬᠦ᠎ᠳᠤ ᠰᠠᠶᠢ ᠨᠢᠭᠡ ᠵᠢ ᠣᠷᠣᠭᠤᠯᠵᠤ᠂ ᠨᠠᠷᠢᠨ ᠨᠢᠮᠪᠠᠢ ᠲᠣᠬᠢᠷᠠᠭᠤᠯᠤᠯᠲᠠ ᠵᠢ ᠰᠠᠢ᠌ᠲᠤᠷ ᠬᠢᠨ᠎ᠡ》᠃ ᠪᠡᠯᠡ ᠣᠷᠣᠭᠤᠯᠤᠯᠲᠠ ᠵᠢᠨ ᠠᠵᠢᠯ ᠲᠥᠷᠥᠯ᠎ᠳᠤ 10 ᠵᠢᠯ ᠠᠵᠢᠯᠯᠠᠭᠰᠠᠨ ᠲᠤᠷᠰᠢᠯᠭ᠎ᠠ᠎ᠲᠠᠢ ᠨᠠᠨᠯᠢᠩ ᠰᠠᠭᠤᠷᠢ ᠮᠥᠩᠭᠥᠨ᠎ᠤ ᠺᠣᠮᠫᠠᠨᠢ ᠵᠢᠨ ᠪᠡᠯᠡ ᠣᠷᠣᠭᠤᠯᠤᠯᠲᠠ ᠵᠢᠨ ᠶᠡᠷᠦᠩᠬᠡᠢ ᠬᠢᠨᠠᠭᠴᠢ ᠼᠠᠢ ᡁᠢ ᠬᠡᠯᠡᠬᠦ᠎ᠳᠡᠭᠡᠨ᠂ 《ᠨᠠᠨᠯᠢᠩ ᠰᠠᠭᠤᠷᠢ ᠮᠥᠩᠭᠥ᠎ᠨᠢ 〈ᠨᠢᠭᠡ ᠡᠮ ᠨᠢᠭᠡ ᠭᠣᠣᠯ᠎ᠲᠠᠢ ᠣᠶᠤᠨᠴᠢ ᠦᠢᠯᠡᠳᠬᠦ〉 ᠣᠨᠴᠠᠯᠢᠭ᠎ᠢ ᠳᠣᠪᠣᠶ᠋ᠢᠯᠭ᠋ᠠᠵᠤ᠂ ᠪᠠᠢ᠌ᠯᠳᠤᠬᠤ ᠪᠣᠳᠣᠯᠭ᠎ᠠ ᠵᠢᠨ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠭᠣᠣᠯᠳᠠᠯᠭ᠎ᠠ᠎ᠲᠠᠢ ᠠᠩᠬᠠᠷᠴᠤ ᠪᠠᠢ᠌ᠨ᠎ᠠ》 ᠭᠡᠵᠡᠢ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠢ ᠲᠥᠪᠯᠡᠷᠡᠭᠦᠯᠵᠦ᠂ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠡᠭᠦᠰᠬᠡᠨ ᠪᠠᠶ᠋ᠢᠭᠤᠯᠬᠤ᠎ᠳᠤ᠂ ᠨᠠᠨᠯᠢᠩ ᠲᠣᠰᠬᠣᠨ᠎ᠤ ᠴᠢᠬᠤᠯᠠ ᠪᠣᠳᠣᠯᠬᠢᠯᠠᠯ ᠪᠣᠯ ᠴᠢᠨᠠᠷ ᠰᠠᠢ᠌ᠲᠠᠢ ᠬᠥᠭᠵᠢᠯᠲᠡ ᠵᠢᠨ ᠬᠡᠯᠪᠡᠷᠢ ᠵᠢ ᠬᠤᠪᠢᠷᠠᠭᠤᠯᠬᠤ ᠴᠢᠬᠤᠯᠠ ᠡᠬᠢ ᠪᠠᠶᠠᠯᠢᠭ — ᠴᠢᠳᠠᠪᠤᠷᠢᠲᠠᠨ᠎ᠢ ᠲᠠᠲᠠᠬᠤ ᠪᠠ ᠨᠥᠭᠡᠴᠡᠯᠡᠬᠦ ᠶᠠᠪᠤᠳᠠᠯ ᠪᠣᠯᠣᠨ᠎ᠠ᠃ ᠨᠠᠨᠯᠢᠩ ᠰᠠᠭᠤᠷᠢ ᠮᠥᠩᠭᠥᠨ᠎ᠤ ᠺᠣᠮᠫᠠᠨᠢ ᠵᠢᠨ ᠡᠭᠦᠰᠬᠡᠨ ᠪᠠᠢ᠌ᠭᠤᠯᠤᠭᠴᠢ ᠵᠧᠦ ᠰᠤᠨ᠂ ᠪᠡᠯᠡ ᠣᠷᠣᠭᠤᠯᠬᠤ ᠦᠶ᠎ᠡ᠎ᠳᠤ ᠲᠦᠷᠦᠯ ᠵᠦᠢ᠍ᠯ᠎ᠨᠢ ᠱᠧᠨᠵᠧᠨ᠎ᠤ ᠯᠦᠩ ᠭᠠᠩ᠎ᠤᠨ ᠡᠬᠢ ᠪᠠᠶᠠᠯᠢᠭ᠎ᠲᠠᠢ ᠨᠡᠶ᠋ᠢᠴᠡᠬᠦ ᠡᠰᠡᠬᠦ ᠵᠢ ᠠᠩᠬᠠᠷᠬᠤ ᠵᠢᠨ ᠬᠠᠮᠲᠤ ᠵᠠᠷᠢᠮ ᠲᠦᠷᠦᠯ ᠵᠦᠢ᠍ᠯ᠎ᠢ ᠨᠠᠨᠯᠢᠩ ᠲᠣᠰᠬᠣᠨ᠎ᠳᠤ ᠣᠷᠣᠭᠤᠯᠤᠨ ᠨᠡᠪᠴᠢᠭᠦᠯᠬᠦ ᠵᠢ ᠪᠣᠳᠣᠯᠬᠢᠯᠠᠨ᠎ᠠ ᠭᠡᠵᠦ ᠬᠡᠯᠡᠪᠡ᠃
ᠵᠠᠩ ᠢᠦᠢ ᠪᠢᠶᠣᠣ᠂ ᠪᠡᠯᠡ ᠣᠷᠣᠭᠤᠯᠤᠭᠰᠠᠨ ᠵᠠᠷᠢᠮ ᠺᠣᠮᠫᠠᠨᠢ ᠬᠤᠩᠬᠤ ᠴᠣᠬᠢᠵᠤ ᠵᠠᠬ᠎ᠠ ᠳᠡᠯᠭᠡᠭᠦᠷ᠎ᠲᠤ ᠭᠠᠷᠬᠤ᠎ᠳᠤ ᠬᠦᠴᠢᠷ ᠪᠢᠰᠢ᠂ ᠨᠡᠩ ᠴᠢᠬᠤᠯᠠ᠎ᠨᠢ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠦᠨᠡᠨᠬᠦ ᠪᠡᠶᠡᠯᠡᠭᠦᠯᠬᠦ ᠶᠠᠪᠤᠳᠠᠯ ᠪᠣᠯᠣᠨ᠎ᠠ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠦᠨᠳᠦᠰᠦᠨ ᠱᠠᠲᠤᠨ᠎ᠤ ᠴᠣᠭ ᠵᠢᠪᠬᠤᠭ᠎ᠠ】᠎ᠨᠢ ᠣᠯᠠᠨ ᠲᠦᠮᠡᠨ᠎ᠤ ᠢᠲᠡᠭᠡᠯᠲᠡᠢ 《ᠡᠭᠦᠷᠢᠳᠡ ᠵᠢᠨ ᠲᠡᠮᠳᠡᠭᠲᠦ》 ᠱᠦᠵᠢ ᠪᠣᠯᠪᠠ
【ᠦᠨᠳᠦᠰᠦᠨ ᠱᠠᠲᠤᠨ᠎ᠤ ᠴᠤᠭ ᠵᠢᠪᠬᠤᠭ᠎ᠠ】 ᠥᠪᠡᠷᠲᠡᠭᠡᠨ ᠵᠣᠭᠣᠰ ᠭᠠᠷᠭ᠋ᠠᠵᠤ ᠲᠣᠰᠬᠣᠨ᠎ᠤ ᠠᠷᠠᠳ᠎ᠲᠤ ᠪᠣᠳᠠᠲᠤ ᠶᠠᠪᠤᠳᠠᠯ ᠬᠢᠵᠦ ᠥᠭᠲᠡᠭ 《ᠰᠢᠶᠣᠣ ᠸᠠᠩ ᠱᠦᠵᠢ》
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠲᠣᠰᠬᠣᠨ᠎ᠳᠤ ᠰᠠᠭᠤᠬᠤ ᠵᠢᠨ ᠡᠷᠬᠢᠮ᠎ᠨᠢ ᠰᠡᠳᠬᠢᠯ᠎ᠳᠤ ᠪᠤᠢ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠬᠠᠢ᠌ᠷ᠎ᠠ ᠪᠢᠯᠬᠠᠭᠰᠠᠨ ᠸᠠᠩ ᠪᠢᠴᠢᠭᠡᠴᠢ ᠲᠤᠰᠬᠤᠨ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠯᠢᠦ ᠢᠦᠢ ᠴᠢᠩ᠄ ᠰᠢᠨ᠎ᠡ ᠵᠢᠯ᠎ᠤᠨ ᠰᠢᠨ᠎ᠡ ᠬᠠᠷᠠᠯᠲᠠ 《ᠱᠠᠪᠲᠠᠯ᠎ᠠ》᠎ᠤᠨ ᠤᠨᠠᠯᠲᠠ ᠡᠯᠪᠡᠭ ᠲᠡᠯᠪᠡᠭ
 
            