ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠲᠣᠰᠬᠣᠨ᠎ᠳᠤ ᠰᠠᠭᠤᠬᠤ ᠵᠢᠨ ᠡᠷᠬᠢᠮ᠎ᠨᠢ ᠰᠡᠳᠬᠢᠯ᠎ᠳᠤ ᠪᠤᠢ
ᠨᠡᠶ᠋ᠢᠲᠡᠯᠡᠭᠰᠡᠨ ᠴᠠᠭ᠄ 2022-02-18

    ᠡᠢ᠌ᠮᠦ ᠨᠢᠭᠡ ᠪᠦᠯᠦᠭ ᠬᠥᠮᠥᠰ ᠤᠤᠯ᠎ᠤᠨ ᠪᠠᠢ᠌ᠭᠤᠯᠤᠯᠭ᠎ᠠ᠎ᠠᠴᠠ᠎ᠪᠠᠨ ᠬᠣᠰᠢᠭᠤ ᠰᠢᠶᠠᠨ ᠰᠢᠶᠠᠩ ᠪᠠᠯᠭ᠋ᠠᠰᠤ ᠲᠣᠰᠬᠣᠨ᠎ᠳᠤ ᠠᠶᠠᠯᠠᠨ ᠪᠠᠢ᠌ᠯᠳᠤᠵᠤ᠂ ᠴᠡᠭ᠎ᠲᠤ ᠰᠠᠭᠤᠨ ᠪᠠᠢ᠌ᠴᠠᠭ᠋ᠠᠨ ᠰᠤᠳᠤᠯᠤᠯᠲᠠ ᠬᠢᠵᠦ᠂ ᠲᠣᠰᠬᠣᠨ᠎ᠤ ᠠᠷᠠᠳ ᠵᠶ᠋ᠠᠷ ᠶᠠᠪᠤᠵᠤ᠂ ᠠᠷᠭ᠎ᠠ ᠤᠬᠠᠭ᠋ᠠᠨ ᠭᠠᠷᠭ᠋ᠠᠵᠤ᠂ ᠪᠦᠬᠦ ᠬᠦᠴᠦᠨ ᠵᠶ᠋ᠡᠷ ᠵᠶ᠋ᠡᠨ ᠬᠠᠪᠰᠤᠷᠤᠨ ᠲᠡᠳᠬᠦᠵᠦ᠂ ᠬᠠᠢ᠌ᠷ᠎ᠠ ᠰᠡᠳᠬᠢᠯᠭᠡ᠎ᠲᠠᠢ ᠲᠣᠰᠬᠣᠨ᠎ᠳᠤ ᠰᠠᠭᠤᠬᠤ ᠠᠵᠢᠯ ᠦᠢ᠍ᠯᠡᠰ᠎ᠲᠡᠭᠡᠨ ᠬᠦᠴᠦ ᠬᠥᠯᠥᠰᠦ᠎ᠪᠠᠨ ᠤᠷᠤᠰᠬᠠᠵᠤ᠂ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ᠎ᠪᠠᠷ ᠵᠶ᠋ᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠵᠡᠢ᠃ ᠡᠨᠡ ᠪᠦᠯᠦᠭ ᠬᠥᠮᠥᠰ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠭᠡᠰᠡᠨ ᠬᠠᠮᠲᠤ ᠵᠢᠨ ᠨᠡᠷ᠎ᠡ᠎ᠲᠠᠢ᠃
    ᠸᠠᠩ ᠭᠠᠩ ᠪᠣᠯ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠣᠨ᠎ᠠ᠃ ᠲᠡᠷᠡ ᠪᠣᠯ ᠣᠷᠳᠣᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠨᠢᠭᠡᠨ ᠡᠩ᠎ᠤᠨ ᠺᠠᠳ᠋ᠷ ᠪᠣᠯᠣᠨ᠎ᠠ᠂ ᠨᠢᠳᠤᠨᠤᠨ᠎ᠤ 5 ᠰᠠᠷ᠎ᠠ᠎ᠳᠤ᠂ ᠲᠡᠷᠡ ᠣᠷᠳᠣᠰ ᠬᠤᠳᠠ ᠵᠢᠨ ᠳᠠᠯᠠᠳ ᠬᠣᠰᠢᠭᠤᠨ᠎ᠤ ᠭᠢᠭᠥᠰᠳᠠᠢ ᠪᠠᠯᠭ᠋ᠠᠰᠤ ᠵᠢᠨ ᠳ᠋ᠠ ᠬᠣᠩ ᠺᠦᠢ ᠲᠣᠰᠬᠣᠨ᠎ᠳᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢᠨ ᠲᠤᠰᠢᠶᠠᠯ᠎ᠢ ᠬᠠᠷᠢᠭᠤᠴᠠᠬᠤ᠎ᠪᠠᠷ ᠲᠣᠮᠢᠯᠠᠭᠳᠠᠪᠠ᠃ ᠡᠨᠡᠬᠦ 33 ᠨᠠᠰᠤᠲᠠᠢ ᠵᠠᠯᠠᠭᠤ 《ᠠᠯᠪᠠᠨ ᠰᠢᠷᠡᠭᠡ》 ᠵᠢ ᠤᠯᠠᠠ ᠲᠦᠮᠡᠨ᠎ᠤ ᠭᠡᠷ᠎ᠲᠤ ᠪᠠᠢ᠌ᠷᠢᠯᠠᠭᠤᠯᠵᠤ᠂《ᠠᠵᠢᠯ᠎ᠤᠨ ᠬᠦᠰᠦᠨᠦᠭ》᠎ᠢ ᠲᠠᠷᠢᠶᠠᠨ ᠳᠤᠮᠳᠠ ᠵᠢᠭᠰᠠᠭ᠋ᠠᠵᠤ᠂ ᠦᠷᠭᠦᠯᠵᠢ ᠲᠣᠰᠬᠣᠨ᠎ᠤ ᠺᠠᠳ᠋ᠷ᠎ᠲᠠᠢ ᠬᠠᠮᠲᠤ ᠡᠷᠦᠭᠡ ᠳᠠᠷᠠᠭ᠋ᠠᠯᠠᠨ ᠦᠢ᠍ᠯᠡᠳᠪᠦᠷᠢᠯᠡᠯ ᠠᠮᠢᠳᠤᠷᠠᠯ᠎ᠤᠨ ᠪᠠᠢ᠌ᠳᠠᠯ᠎ᠢ ᠣᠢ᠌ᠯᠠᠭ᠋ᠠᠵᠤ᠂ ᠥᠪᠡᠷ᠎ᠤᠨ ᠪᠣᠳᠠᠲᠤ ᠠᠵᠢᠯᠯᠠᠭ᠎ᠠ᠎ᠪᠠᠷ ᠵᠶ᠋ᠠᠨ ᠨᠢᠭᠡᠨ ᠨᠠᠮ᠎ᠤᠨ ᠭᠡᠰᠢᠭᠦᠨ ᠺᠠᠳ᠋ᠷ᠎ᠤᠨ ᠠᠷᠠᠳ ᠲᠦᠮᠡᠨ᠎ᠳᠤ ᠦᠢ᠍ᠯᠡᠴᠢᠯᠡᠬᠦ ᠵᠢᠨ ᠦᠨᠡᠨ ᠤᠳᠬ᠎ᠠ ᠵᠢ ᠲᠠᠢ᠌ᠯᠪᠤᠷᠢᠯᠠᠵᠤ᠂ ᠳ᠋ᠠ ᠬᠣᠩ ᠺᠦᠢ ᠲᠣᠰᠬᠣᠨ᠎ᠤ ᠬᠥᠭᠵᠢᠯᠲᠡ᠎ᠳᠤ ᠰᠢᠨ᠎ᠡ ᠰᠣᠷᠭᠣᠭ ᠠᠮᠢᠵᠢᠷᠠᠯ᠎ᠤᠨ ᠬᠦᠴᠦᠨ᠎ᠢ ᠨᠡᠮᠡᠷᠢᠯᠡᠵᠡᠢ᠃
    ᠲᠣᠰᠬᠣᠨ᠎ᠳᠤ ᠰᠠᠭᠤᠵᠤ ᠡᠬᠢᠯᠡᠮᠡᠭᠴᠡ᠂ ᠸᠠᠩ ᠭᠠᠩ ᠡᠩ ᠲᠡᠷᠢᠭᠦᠨ᠎ᠳᠤ ᠲᠣᠰᠬᠣᠨ᠎ᠤ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠢ᠌ᠵᠢᠷᠠᠭᠤᠯᠬᠤ᠎ᠠᠴᠠ ᠭᠠᠷᠳᠠᠵᠦ᠂ ᠤᠯᠠᠨ ᠲᠦᠷᠦᠯ ᠵᠦᠢ᠍ᠯ᠎ᠢ ᠵᠣᠬᠢᠴᠠᠭᠤᠯᠤᠨ ᠪᠡᠶᠡᠯᠡᠭᠦᠯᠵᠡᠢ᠄ 3 ᠲᠦᠮᠡᠨ ᠲᠥᠭᠥᠷᠢᠭ᠎ᠤᠨ ᠪᠡᠯᠡ ᠮᠥᠩᠭᠥ ᠴᠤᠭᠯᠠᠭᠤᠯᠵᠤ᠂ ᠲᠣᠰᠬᠣᠨ᠎ᠤ ᠳᠣᠲᠣᠷᠠᠬᠢ ᠪᠤᠢ ᠪᠦᠬᠦᠢ ᠵᠠᠮ᠎ᠤᠨ ᠳ᠋ᠧᠩ᠎ᠤᠨ ᠲᠥᠬᠦᠭᠡᠷᠦᠮᠵᠢ ᠵᠢ ᠰᠡᠯᠪᠢᠨ ᠵᠠᠰᠠᠵᠤ ᠰᠣᠯᠢᠪᠠ; 8 ᠲᠦᠮᠡᠨ ᠲᠥᠭᠥᠷᠢᠭ᠎ᠤᠨ ᠪᠡᠯᠡ ᠮᠥᠩᠭᠥ ᠴᠤᠭᠯᠠᠭᠤᠯᠵᠤ᠂ ᠯᠢᠦ ᠦ᠋ ᠭᠧ ᠳ᠋ᠦ᠋ ᠬᠣᠷᠢᠶ᠎ᠠ ᠵᠢᠨ ᠰᠣᠶᠣᠯ᠎ᠤᠨ ᠠᠵᠢᠯᠯᠠᠭ᠎ᠠ ᠵᠢᠨ ᠵᠢᠭᠰᠠᠭ᠋ᠠᠯ᠎ᠤᠨ ᠭᠠᠵᠠᠷ᠎ᠢ ᠰᠢᠨ᠎ᠡ᠎ᠪᠠᠷ ᠪᠠᠢ᠌ᠭᠤᠯᠪᠠ  2 ᠲᠦᠮᠡᠨ ᠲᠥᠭᠥᠷᠢᠭ᠎ᠤᠨ ᠪᠡᠯᠡ ᠮᠥᠩᠭᠥ ᠴᠤᠭᠯᠠᠭᠤᠯᠵᠤ᠂ ᠳ᠋ᠠ ᠨᠠᠨ ᠱᠧ ᠵᠠᠮ᠎ᠢ ᠵᠠᠰᠠᠪᠠ; ᠬᠠᠪᠰᠤᠷᠤᠨ ᠲᠡᠳᠬᠦᠬᠦ ᠲᠥᠷᠥᠯ ᠵᠦᠢ᠍ᠯ᠎ᠢ ᠴᠢᠷᠮᠠᠢ᠌ᠨ ᠣᠯᠵᠤ᠂ 2 ᠺᠢᠯᠣᠮᠧᠲᠷ᠎ᠤᠨ ᠱᠦᠢ᠍ᠨᠢ ᠵᠠᠮ᠎ᠢ ᠰᠢᠨ᠎ᠡ᠎ᠪᠠᠷ ᠵᠠᠰᠠᠨ᠎ᠠ; ᠬᠣᠲᠠ ᠵᠢᠨ ᠡᠪᠡᠳᠴᠢᠨ ᠡᠮᠭᠡᠭ ᠰᠡᠷᠭᠡᠢ᠌ᠯᠡᠨ ᠬᠢᠵᠠᠭ᠋ᠠᠷᠯᠠᠬᠤ ᠲᠥᠪ᠎ᠢ ᠤᠷᠢᠵᠤ ᠲᠣᠰᠬᠣᠨ᠎ᠤ ᠠᠷᠠᠳ᠎ᠲᠤ ᠦᠨ᠎ᠡ ᠲᠥᠯᠥᠪᠦᠷᠢ ᠦᠭᠡᠢ᠎ᠪᠠᠷ ᠪᠷᠦ᠋ᠼᠧᠯ ᠡᠪᠡᠳᠴᠢᠨ᠎ᠤ ᠰᠢᠭᠰᠢᠨ ᠪᠠᠢ᠌ᠴᠠᠭ᠋ᠠᠯᠲᠠ ᠬᠢᠯᠭᠡᠨ᠎ᠡ; ᠭᠠᠴᠠᠭ᠋ᠠᠨ᠎ᠤ ᠬᠤᠷᠰᠢᠶ᠎ᠠ ᠵᠢ ᠬᠠᠪᠰᠤᠷᠤᠨ 1.5 ᠲᠦᠮᠡᠨ ᠵᠢᠩ ᠠᠮᠤ ᠪᠤᠳᠠᠭ᠎ᠠ ᠪᠣᠷᠣᠯᠠᠭᠤᠯᠪᠠ; ᠳᠠᠭ᠋ᠠᠭ᠋ᠠᠴᠢᠯᠠᠯᠲᠠ ᠵᠢᠨ ᠨᠢᠭᠡᠴᠡ ᠵᠢ ᠲᠠᠢ᠍ᠢ᠍ᠴᠢᠯᠠᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠵᠣᠬᠢᠶᠠᠨ ᠪᠠᠢ᠌ᠭᠤᠯᠵᠤ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠱᠠᠲᠤ ᠬᠤᠪᠢᠶᠠᠨ ᠥᠷᠨᠢᠭᠦᠯᠵᠡᠢ ᠁
    ᠸᠠᠩ ᠭᠠᠩ ᠪᠠᠢ᠌ᠴᠠᠭ᠋ᠠᠨ ᠰᠤᠳᠤᠯᠤᠯᠲᠠ ᠬᠢᠵᠦ ᠰᠤᠷᠪᠤᠯᠵᠢᠯᠠᠬᠤ ᠳᠤᠮᠳᠠ᠎ᠪᠠᠨ ᠣᠢ᠌ᠯᠠᠭ᠋ᠠᠭᠰᠠᠨ᠎ᠨᠢ᠂ ᠨᠢᠳᠤᠨᠤᠨ ᠬᠡᠳᠦᠢ᠌ᠪᠡᠷ ᠡᠯᠪᠡᠭ ᠬᠤᠷᠢᠶᠠᠯᠲᠠ ᠣᠯᠣᠭᠰᠠᠨ ᠵᠢᠯ ᠪᠣᠯᠪᠠᠴᠤ ᠬᠢᠵᠢᠭ᠎ᠤᠨ ᠨᠥᠯᠥᠭᠡ᠎ᠠᠴᠠ ᠪᠣᠯᠵᠤ᠂ ᠮᠠᠰᠢ ᠣᠯᠠᠨ ᠲᠠᠷᠢᠶᠠᠴᠢᠨ ᠡᠷᠦᠬᠡ ᠵᠢᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠪᠣᠷᠣᠯᠠᠭᠤᠯᠬᠤ ᠵᠢᠨ ᠠᠷᠭ᠎ᠠ ᠦᠭᠡᠢ ᠪᠣᠯᠵᠠᠢ᠃ ᠢᠩᠭᠢᠭᠡᠳ ᠸᠠᠩ ᠭᠠᠩ ᠳᠡᠷᠭᠡᠳᠡᠬᠢ ᠭᠡᠷ᠎ᠤᠨ ᠬᠥᠮᠥᠰ᠂ ᠬᠠᠮᠲᠤ ᠠᠵᠢᠯᠯᠠᠭᠰᠠᠳ᠂ ᠨᠠᠢ᠌ᠵᠠ ᠨᠠᠷ ᠵᠶ᠋ᠠᠨ ᠢᠳᠡᠪᠬᠢᠲᠡᠢ᠎ᠪᠠᠷ ᠳᠠᠶ᠋ᠢᠴᠢᠯᠠᠨ᠂ ᠸᠢᠴᠠᠲ᠎ᠤᠨ ᠪᠦᠯᠦᠭ᠂ ᠸᠢᠴᠠᠲ᠎ᠤᠨ ᠨᠠᠢ᠌ᠵᠠ ᠵᠢᠨ ᠲᠣᠭᠣᠷᠢᠭ᠂ ᠤᠲᠠᠰᠤ ᠠᠪᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠶᠡᠬᠡ᠎ᠪᠠᠷ ᠤᠬᠠᠭᠤᠯᠵᠤ ᠬᠠᠪᠰᠤᠷᠤᠨ ᠪᠣᠷᠣᠯᠠᠭᠤᠯᠪᠠ᠃ 《ᠪᠢ ᠣᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ᠎ᠪᠠᠷ ᠳᠡᠮᠵᠢᠨ᠂ 12 ᠡᠷᠦᠬᠡ ᠬᠦᠴᠢᠷᠳᠡᠯᠲᠡᠢ ᠣᠯᠠᠨ ᠲᠦᠮᠡᠨ᠎ᠢ ᠠᠮᠵᠢᠯᠲᠠ᠎ᠲᠠᠢ᠎ᠪᠠᠷ ᠬᠠᠪᠰᠤᠷᠤᠨ 1 ᠲᠦᠮᠡᠨ ᠵᠢᠩ ᠭᠤᠯᠢᠷ᠂ 1000 ᠥᠨᠳᠡᠭᠡ᠂ 500 ᠵᠢᠩ ᠨᠠᠷᠢᠮᠤ᠂ 300 ᠵᠢᠩ ᠨᠠᠷᠢᠮᠤ ᠬᠤᠳᠠᠯᠳᠤᠭᠤᠯᠵᠤ᠂ ᠲᠡᠳᠡᠨ᠎ᠤ ᠲᠤᠯᠭ᠋ᠠᠮ᠎ᠠ ᠠᠰᠠᠭᠤᠳᠠᠯ᠎ᠢ ᠰᠢᠢ᠍ᠳᠪᠦᠷᠢᠯᠡᠵᠡᠢ᠃
    ᠸᠠᠩ ᠭᠠᠩ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠬᠢᠬᠦ ᠵᠢᠨ ᠬᠠᠮᠲᠤ᠂ ᠭᠣᠣᠯᠳᠠᠯᠭ᠎ᠠ᠎ᠲᠠᠢ ᠠᠵᠢᠯ ᠵᠶ᠋ᠠᠨ ᠳᠠᠪᠠᠭᠤᠯᠢᠭ ᠠᠵᠤ ᠦᠢ᠍ᠯᠡᠰ᠎ᠢ ᠴᠣᠭᠴᠠᠯᠠᠬᠤ ᠳᠡᠭᠡᠷ᠎ᠡ ᠦᠷᠭᠦᠯᠵᠢᠯᠡᠨ ᠲᠠᠯᠪᠢᠵᠠᠢ᠃ ᠳ᠋ᠠ ᠬᠣᠩ ᠺᠦᠢ ᠲᠣᠰᠬᠣᠨ᠎ᠨᠢ ᠠᠮᠤ ᠪᠤᠳᠠᠭ᠎ᠠ ᠲᠠᠷᠢᠬᠤ᠎ᠪᠠᠷ ᠭᠣᠣᠯᠯᠠᠵᠤ᠂ ᠡᠨᠳᠡᠬᠢ ᠠᠮᠤ ᠪᠤᠳᠠᠭ᠎ᠠ ᠵᠢᠨ ᠠᠮᠲᠠ᠎ᠨᠢ ᠴᠡᠪᠡᠷ ᠰᠠᠢ᠌ᠬᠠᠨ᠂ ᠴᠢᠨᠠᠷ ᠰᠠᠢ᠌ᠲᠠᠢ ᠪᠠᠢ᠌ᠳᠠᠭ᠃ ᠮᠢ ᠮᠢ ᠲᠦᠷᠦᠯ ᠲᠡᠮᠳᠡᠭ᠎ᠤᠨ ᠦᠢ᠍ᠯᠡᠳᠦᠯ᠎ᠢ ᠲᠤᠪᠤᠢ᠍ᠢ᠍ᠯᠭ᠋ᠠᠬᠤ ᠵᠢᠨ ᠲᠥᠯᠥᠭᠡ᠂ ᠳ᠋ᠠ ᠬᠣᠩ ᠺᠦᠢ ᠲᠣᠰᠬᠣᠨ《ᠳ᠋ᠠ ᠸᠠ ᠬᠤᠤ》ᠮᠢ ᠮᠢ ᠲᠠᠸᠠᠷ᠎ᠤᠨ ᠲᠡᠮᠳᠡᠭ᠎ᠢ ᠠᠮᠵᠢᠯᠲᠠ᠎ᠲᠠᠢ ᠳᠠᠩᠰᠠᠯᠠᠭᠤᠯᠬᠤ ᠵᠢᠨ ᠬᠠᠮᠲᠤ ᠳ᠋ᠠ ᠬᠣᠩ ᠺᠦᠢ ᠲᠣᠰᠬᠣᠨ᠎ᠤ ᠬᠠᠮᠲᠤ ᠵᠢᠨ ᠬᠤᠷᠰᠢᠶ᠎ᠠ ᠵᠢ ᠪᠠᠢ᠌ᠭᠤᠯᠵᠤ᠂ ᠸᠠᠩ ᠭᠠᠩ ᠤᠤᠯ᠎ᠤᠨ ᠪᠠᠢ᠌ᠭᠤᠯᠤᠯᠭ᠎ᠠ᠎ᠠᠴᠠ᠎ᠪᠠᠨ 12 ᠲᠦᠮᠡᠨ ᠲᠥᠭᠥᠷᠢᠭ᠎ᠤᠨ ᠬᠠᠪᠰᠤᠷᠤᠨ ᠲᠡᠳᠬᠦᠬᠦ ᠪᠡᠯᠡ ᠮᠥᠩᠭᠥ ᠵᠢ ᠵᠣᠬᠢᠴᠠᠭᠤᠯᠵᠤ᠂ 《ᠳ᠋ᠠ ᠸᠠ ᠬᠤᠤ》ᠮᠢ ᠮᠢ ᠨᠡᠩ ᠰᠠᠢ᠌ᠨ ᠵᠠᠬ᠎ᠠ ᠳᠡᠯᠭᠡᠭᠦᠷᠴᠢᠯᠡᠨ ᠠᠵᠢᠯᠯᠠᠬᠤ ᠵᠢ ᠪᠠᠲᠤᠯᠠᠬᠤ᠎ᠳᠤ ᠰᠠᠭᠤᠷᠢ ᠵᠢ ᠪᠠᠲᠤᠳᠬᠠᠪᠠ᠃
    ᠸᠠᠩ ᠭᠠᠩ ᠾᠧ ᠲᠣᠰᠬᠣᠨ᠎ᠤ 《ᠬᠣᠶᠠᠷ ᠵᠥᠪᠯᠡᠯ》᠎ᠤᠨ ᠪᠠᠭ ᠵᠢᠴᠢ ᠪᠥᠬᠥ ᠲᠣᠰᠬᠣᠨ᠎ᠤ ᠠᠷᠠᠳ᠎ᠤᠨ ᠴᠥᠬᠥᠷᠡᠰᠢ ᠦᠭᠡᠢ ᠴᠢᠷᠮᠠᠢ᠌ᠯᠭ᠎ᠠ ᠳᠣᠣᠷ᠎ᠠ᠂ ᠨᠢᠳᠤᠨᠤᠨ ᠭᠠᠴᠠᠭ᠋ᠠᠨ᠎ᠤ ᠬᠠᠮᠲᠤ ᠵᠢᠨ ᠠᠵᠤ ᠠᠬᠤᠢ ᠵᠢᠨ ᠴᠡᠪᠡᠷ ᠣᠷᠣᠯᠭ᠎ᠠ 60 ᠲᠦᠮᠡᠨ ᠲᠥᠭᠥᠷᠢᠭ᠎ᠢ ᠲᠣᠭᠲᠠᠭᠤᠨ ᠵᠶ᠋ᠠᠷ ᠳᠠᠪᠠᠵᠤ᠂ ᠲᠦᠷᠦᠭᠦᠸ᠋ ᠵᠢᠯ᠎ᠤᠨ᠎ᠬᠢ᠎ᠠᠴᠠ 20%᠎ᠪᠠᠷ ᠳᠡᠭᠡᠭᠰᠢᠯᠡᠵᠡᠢ᠃
    《ᠲᠣᠰᠬᠣᠨ᠎ᠳᠤ ᠰᠠᠭᠤᠬᠤ᠎ᠳᠤ ᠰᠡᠳᠬᠢᠯ ᠵᠢᠷᠦᠬᠡᠨ᠎ᠳᠡᠭᠡᠨ ᠪᠠᠢ᠌ᠵᠤ᠂ ᠪᠡᠶ᠎ᠡ᠎ᠪᠠᠷ ᠵᠶ᠋ᠡᠨ ᠣᠷᠣᠬᠤ᠎ᠳᠤ ᠨᠡᠩ ᠴᠤ᠌ ᠰᠡᠳᠬᠢᠯ ᠵᠢᠷᠦᠬᠡᠨ᠎ᠳᠡᠭᠡᠨ ᠬᠠᠳᠠᠩᠰᠢᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠶᠠᠨ ᠨᠢᠭᠡᠨᠲᠡ ᠪᠦᠬᠦ ᠲᠠᠯ᠎ᠠ᠎ᠪᠠᠷ ᠡᠬᠢᠯᠡᠵᠦ᠂ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ ᠶᠤᠮ᠂ ᠠᠯᠢᠪᠠ ᠪᠦᠬᠦᠨ᠎ᠳᠤ ᠠᠷᠠᠳ ᠲᠦᠮᠡᠨ᠎ᠤ ᠲᠥᠯᠥᠭᠡ ᠭᠡᠬᠦ ᠤᠭ ᠰᠠᠨᠠᠭ᠎ᠠ ᠰᠡᠳᠬᠢᠯᠭᠡ᠎ᠪᠠᠷ 〈ᠲᠣᠰᠬᠣᠨ᠎ᠳᠤ ᠰᠠᠭᠤᠬᠤ〉ᠵᠢ ᠦᠨᠡᠨᠬᠦ 〈ᠲᠣᠰᠬᠣᠨ᠎ᠳᠤ ᠲᠤᠰᠠᠯᠠᠬᠤ〉 ᠪᠣᠯᠭ᠋ᠠᠨ ᠬᠤᠪᠢᠷᠠᠭᠤᠯᠵᠤ᠂ ᠵᠣᠬᠢᠶᠠᠨ ᠪᠠᠢ᠌ᠭᠤᠯᠤᠯᠲᠠ ᠵᠢᠨ ᠢᠲᠡᠭᠡᠯ ᠪᠣᠯᠣᠨ ᠤᠯᠠᠨ ᠲᠦᠮᠡᠨ᠎ᠤ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ ᠪᠠᠢ᠌ᠬᠤ ᠬᠡᠷᠡᠭᠲᠡᠢ》᠃ ᠭᠡᠵᠦ ᠸᠠᠩ ᠭᠠᠩ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠬᠠᠢ᠌ᠷ᠎ᠠ ᠪᠢᠯᠬᠠᠭᠰᠠᠨ ᠸᠠᠩ ᠪᠢᠴᠢᠭᠡᠴᠢ ᠲᠤᠰᠬᠤᠨ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠯᠢᠦ ᠢᠦᠢ ᠴᠢᠩ᠄ ᠰᠢᠨ᠎ᠡ ᠵᠢᠯ᠎ᠤᠨ ᠰᠢᠨ᠎ᠡ ᠬᠠᠷᠠᠯᠲᠠ 《ᠱᠠᠪᠲᠠᠯ᠎ᠠ》᠎ᠤᠨ ᠤᠨᠠᠯᠲᠠ ᠡᠯᠪᠡᠭ ᠲᠡᠯᠪᠡᠭ
【ᠲᠣᠰᠬᠣᠨ᠎ᠳᠤ ᠰᠠᠭᠤᠬᠤ ᠴᠤᠭ ᠵᠢᠪᠬᠤᠭ᠎ᠠ 】 ᠲᠣᠰᠬᠣᠨ᠎ᠳᠤ ᠰᠠᠭᠤᠭ᠎ᠠ ᠺᠠᠳ᠋ᠷ ᠠᠷᠠᠳ᠎ᠤᠨ ᠰᠠᠨᠠᠭ᠋ᠠᠰᠢᠷᠠᠯ᠎ᠢ ᠲᠠᠢ᠍ᠢ᠍ᠯᠵᠤ ᠦᠢ᠍ᠯᠡ ᠠᠵᠢᠯᠯᠠᠭ᠎ᠠ᠎ᠪᠠᠷ ᠵᠶ᠋ᠠᠨ ᠠᠮᠠᠯᠠᠯᠲᠠ᠎ᠪᠠᠨ ᠦᠢ᠍ᠯᠡᠳᠦᠯᠭᠡᠵᠢᠭᠦᠯᠦᠨ᠎ᠡ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ》】 ᠸᠠᠩ ᠸᠸᠨ ᠯᠦᠩ᠄ ᠲᠣᠰᠬᠣᠨ᠎ᠳᠤ ᠰᠠᠭᠤᠬᠤ᠎ᠳᠤ᠎ᠪᠠᠨ ᠰᠡᠳᠬᠢᠯ ᠵᠢᠷᠦᠬᠡᠨ᠎ᠠᠴᠠ᠎ᠪᠠᠨ ᠰᠠᠭᠤᠭᠰᠠᠨ ᠨᠢᠭᠡᠳᠦᠭᠡᠷ ᠱᠦᠵᠢ
【ᠪᠠᠶᠠᠵᠢᠯ᠎ᠤᠨ ᠬᠣᠰᠢᠭᠤᠴᠢ 】 ᠤᠶᠤᠨᠨᠠᠪᠴᠢ᠄ ᠡᠨᠡ ᠵᠢᠯ ᠢᠬᠡᠷ᠎ᠡ ᠬᠤᠷᠠᠭ᠎ᠠ ᠨᠠᠩ ᠣᠯᠠᠨ ᠪᠣᠯᠪᠠ
 
            