ᠤᠢ᠍ᠢ᠍ᠷ᠎ᠠ ᠵᠢᠨ ᠬᠡᠳᠦᠨ ᠡᠳᠦᠷ᠂ 2022 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠋ᠠᠳ ᠨᠤᠲᠤᠭ᠎ᠲᠠᠭᠠᠨ ᠪᠤᠴᠠᠭᠰᠠᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠲᠤᠯᠤᠨ ᠨᠤᠤᠷ ᠰᠢᠶᠠᠨ᠎ᠤ ᠼᠠᠢ ᠮᠦ᠍ ᠱᠠᠨ ᠰᠢᠶᠠᠩ᠎ᠤᠨ ᠲᠢᠶᠧ ᠭᠦᠩ ᠫᠤᠤ ᠽᠢ ᠲᠣᠰᠬᠣᠨ᠎ᠤ ᠨᠠᠮ᠎ᠤᠨ ᠡᠭᠦᠷ᠎ᠤᠨ ᠱᠦᠵᠢ᠂ ᠲᠣᠰᠬᠣᠨ᠎ᠤ ᠠᠷᠠᠳ᠎ᠤᠨ ᠵᠥᠪᠯᠡᠯ᠎ᠤᠨ ᠡᠷᠬᠢᠯᠡᠭᠴᠢ ᠯᠢ ᠭᠦᠸᠧ ᠴᠢᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠮᠣᠷᠢᠯᠠᠨ ᠰᠠᠭ᠋ᠠᠲᠠᠵᠤ᠂ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠪᠣᠯᠤᠨ ᠤᠯᠤᠰ᠎ᠤᠨ ᠬᠠᠮᠤᠭ᠎ᠤᠨ ᠰᠢᠨ᠎ᠡ ᠲᠦᠷᠦ ᠵᠢᠨ ᠪᠤᠳᠤᠯᠭ᠎ᠠ ᠵᠢ ᠦᠨᠳᠦᠰᠦᠨ ᠱᠠᠲᠤᠨ᠎ᠳᠤ ᠤᠯᠠᠮᠵᠢᠯᠠᠪᠠ᠃
3 ᠰᠠᠷ᠎ᠠ ᠵᠢᠨ 14᠎ᠤ ᠡᠳᠦᠷ ᠂ ᠼᠠᠢ ᠮᠥ᠍ ᠱᠠᠨ ᠰᠢᠶᠠᠩ᠎ᠤᠨ ᠲᠢᠢᠸ ᠬᠥᠩ ᠫᠤᠤ ᠽᠢ ᠲᠣᠰᠬᠣᠨ᠎ᠤ ᠬᠤᠷᠠᠯ᠎ᠤᠨ ᠭᠡᠷ᠎ᠲᠤ ᠂ ᠯᠢ ᠭᠦᠸᠧ ᠴᠢᠨ ᠲᠣᠰᠬᠣᠨ᠎ᠤ ᠺᠠᠳ᠋ᠷ ᠤᠯᠠᠨ ᠲᠦᠮᠡᠨ᠎ᠲᠠᠢ ᠬᠠᠮᠲᠤ ᠰᠠᠭᠤᠵᠤ᠂ ᠡᠭᠡᠯ ᠪᠣᠷᠣᠭᠵᠢᠭᠤᠨ ᠦᠭᠡ ᠬᠡᠯᠡ᠎ᠪᠠᠷ ᠤᠯᠠᠨ᠎ᠳᠤ ᠪᠦᠬᠦ ᠤᠯᠤᠰ᠎ᠤᠨ ᠬᠣᠶᠠᠷ ᠬᠤᠷᠠᠯ᠎ᠤᠨ ᠬᠤᠷᠠᠯᠳᠤᠭᠰᠠᠨ ᠪᠠᠶ᠋ᠢᠳᠠᠯ᠎ᠢ ᠶᠠᠷᠢᠵᠤ᠂ ᠤᠯᠠᠨ᠎ᠳᠤ ᠬᠣᠶᠠᠷ ᠬᠤᠷᠠᠯ᠎ᠤᠨ ᠵᠣᠷᠢᠭ ᠰᠠᠨᠠᠭ᠎ᠠ ᠪᠣᠯᠤᠨ ᠤᠯᠤᠰ᠎ᠤᠨ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢᠨ ᠬᠠᠮᠲᠤ ᠠᠮᠢ ᠠᠬᠤᠢ ᠵᠢᠨ ᠬᠠᠮᠠᠭ᠋ᠠᠯᠠᠯᠲᠠ᠂ ᠦᠨᠳᠦᠰᠦᠲᠡᠨ᠎ᠤ ᠪᠦᠯᠬᠦᠮᠳᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ᠎ᠪᠠᠷ ᠥᠪᠡᠷ᠎ᠤᠨ ᠪᠦᠬᠦ ᠤᠯᠤᠰ᠎ᠤᠨ ᠬᠣᠶᠠᠷ ᠬᠤᠷᠠᠯ᠎ᠳᠤ ᠣᠷᠣᠯᠴᠠᠭᠰᠠᠨ ᠲᠦᠷᠦᠭᠳᠡᠯ ᠵᠶ᠋ᠡᠨ ᠬᠤᠪᠢᠶᠠᠯᠴᠠᠪᠠ᠃
ᠵᠢᠯ ᠬᠠᠪᠤᠷ᠎ᠤᠨ ᠬᠠᠮᠤᠭ᠎ᠤᠨ ᠰᠠᠢ᠍ᠢ᠍ᠨ᠎ᠲᠠᠢ ᠲᠠᠯ᠎ᠠ ᠭᠡᠪᠡᠯ᠂ ᠳᠠᠷᠪᠠᠭᠤᠯ ᠬᠡᠶ᠋ᠢᠰᠬᠡᠨ ᠡᠷᠡᠯᠬᠡᠭᠯᠡᠨ ᠤᠷᠤᠭᠰᠢᠯᠠᠬᠤ ᠴᠠᠭ ᠦᠶ᠎ᠡ ᠪᠣᠯᠤᠨ᠎ᠠ᠃ ᠯᠢ ᠭᠦᠸᠧ ᠴᠢᠨᠤ ᠤᠬᠠᠭᠤᠯᠤᠨ ᠲᠠᠶ᠋ᠢᠯᠪᠤᠷᠢᠯᠠᠭᠰᠠᠨ᠎ᠨᠢ ᠺᠠᠳ᠋ᠷ ᠤᠯᠠᠨ ᠲᠦᠮᠡᠨ᠎ᠤ ᠠᠵᠢᠯ ᠬᠢᠵᠦ ᠦᠢ᠍ᠯᠡᠰ ᠪᠤᠰᠬᠠᠬᠤ ᠤᠷᠮ᠎ᠠ ᠵᠣᠷᠢᠭ᠎ᠢ ᠤᠯᠠᠮ ᠬᠥᠭᠵᠢᠭᠡᠵᠦ᠂ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠤᠭᠰᠠᠨ ᠲᠦᠷᠦᠭᠳᠡᠯ᠎ᠢ ᠶᠠᠷᠢᠬᠤ᠎ᠳᠤ ᠤᠯᠠᠨ ᠵᠶ᠋ᠠᠷ ᠵᠶ᠋ᠠᠨ ᠶᠡᠬᠡᠳᠡ ᠵᠣᠷᠢᠭᠵᠢᠵᠤ᠂ ᠲᠤᠶ᠋ᠢᠯ ᠵᠶ᠋ᠠᠷ ᠤᠷᠮᠠᠰᠢᠨ ᠵᠣᠷᠢᠭᠵᠢᠵᠤ ᠪᠠᠶ᠋ᠢᠬᠤ᠎ᠪᠠᠨ ᠢᠯᠡᠳᠬᠡᠵᠡᠢ᠃
ᠼᠠᠢ ᠮᠦ᠍ ᠱᠠᠨ ᠰᠢᠶᠠᠩ᠎ᠤᠨ ᠲᠢᠢᠸ᠋ ᠭᠦᠩ ᠫᠤᠤ ᠽᠢ ᠲᠣᠰᠬᠣᠨ᠎ᠤ ᠠᠷᠠᠳ ᠬᠸ ᠵᠢᠶᠦ᠋ᠨ ᠶᠤᠸᠠᠨ᠄《ᠯᠢ ᠱᠦᠵᠢ ᠲᠡᠷᠡ ᠳᠠᠷᠤᠢ᠎ᠳᠤ᠎ᠨᠢ ᠪᠢᠳᠡᠨ᠎ᠳᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠮᠢᠨᠦ ᠰᠡᠳᠬᠢᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠦᠷᠴᠦ ᠢᠷᠡᠭᠰᠡᠨ᠎ᠢ ᠰᠡᠷᠡᠵᠦ ᠮᠡᠳᠡᠪᠡ᠃ ᠠᠮᠢ ᠠᠬᠤᠢ ᠵᠢᠨ ᠲᠣᠰᠬᠣᠨ ᠪᠣᠯᠤᠭᠰᠠᠨ᠎ᠤ ᠬᠤᠪᠢ᠎ᠳᠤ᠂ ᠮᠠᠨ᠎ᠤ ᠲᠣᠰᠬᠣᠨ᠎ᠤ ᠠᠮᠢ ᠠᠬᠤᠢ ᠵᠢᠨ ᠪᠦᠳᠦᠬᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ ᠣᠨᠴᠠᠭ᠋ᠠᠢ ᠰᠠᠢ᠍ᠢ᠍ᠨ ᠪᠠᠶ᠋ᠢᠨ᠎ᠠ᠃ ᠬᠣᠶ᠋ᠢᠰᠢᠳᠠ ᠪᠢᠳᠡ ᠬᠢᠯᠪᠠᠷ ᠪᠤᠰᠤ᠎ᠪᠠᠷ ᠣᠯᠤᠭᠰᠠᠨ ᠠᠮᠢ ᠠᠬᠤᠶ ᠵᠢᠨ ᠦᠷ᠎ᠡ ᠪᠦᠲᠦᠭᠡᠯ ᠵᠶ᠋ᠡᠨ ᠬᠤᠪᠢ ᠳᠠᠬᠢᠨ ᠨᠠᠨᠳᠢᠩᠨᠠᠵᠤ ᠂ ᠠᠮᠢ ᠠᠬᠤᠶ ᠵᠢᠨ ᠣᠷᠴᠢᠨ ᠨᠥᠬᠥᠴᠡᠯ ᠢ ᠡᠷᠡᠰ ᠭᠤᠶ᠋ᠢᠪᠢᠰᠢ ᠦᠭᠡᠶ᠎ᠪᠠᠷ ᠰᠠᠶ᠋ᠢᠲᠤᠷ ᠬᠠᠮᠠᠭ᠋ᠠᠯᠠᠵᠤ ᠂ ᠪᠣᠬᠢᠷᠲᠤᠯ ᠦᠭᠡᠶ ᠵᠢᠭᠤᠯᠴᠢᠯᠠᠯ ᠢ ᠬᠥᠭᠵᠢᠭᠦᠯᠬᠦ ᠬᠡᠷᠡᠭᠲᠡᠶ》 ᠭᠡᠵᠡᠶ ᠃
ᠯᠢ ᠭᠦᠸᠧ ᠴᠢᠨ᠄ 《ᠡᠨᠡ ᠤᠳᠠᠭ᠎ᠠ ᠵᠢᠨ ᠪᠦᠬᠦ ᠤᠯᠤᠰ᠎ᠤᠨ ᠬᠣᠶᠠᠷ ᠬᠤᠷᠠᠯ᠎ᠳᠤ ᠣᠷᠣᠯᠴᠠᠭᠰᠠᠨ᠎ᠤ ᠬᠠᠮᠤᠭ᠎ᠤᠨ ᠶᠡᠬᠡ ᠣᠯᠤᠯᠲᠠ ᠪᠣᠯ 〈ᠶᠡᠬᠡ ᠤᠯᠤᠰ᠎ᠤᠨ ᠡᠭᠦᠷᠭᠡᠯᠡᠯ〉 ᠢ ᠣᠯᠵᠤ ᠬᠠᠷᠠᠭᠰᠠᠨ᠎ᠳᠤ ᠪᠤᠢ᠃ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ 5 ᠵᠢᠯ᠎ᠤᠨ ᠲᠤᠷᠰᠢ ᠂ ᠮᠢᠨᠦ ᠬᠠᠷᠠᠭ᠎ᠠ ᠤᠯᠠᠮ ᠥᠷᠭᠡᠳᠴᠦ᠂ ᠬᠠᠷᠠᠭ᠎ᠠ ᠤᠯᠠᠮ ᠥᠷᠭᠡᠳᠦᠭᠰᠡᠨ ᠰᠢᠭ ᠰᠠᠨᠠᠭᠳᠠᠵᠤ ᠪᠠᠶ᠋ᠢᠨ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠦᠨᠳᠦᠰᠦᠨ ᠱᠠᠲᠤᠨ᠎ᠤ ᠠᠵᠢᠯᠳᠠᠨ ᠪᠣᠯᠤᠭᠰᠠᠨ᠎ᠤ ᠬᠤᠪᠢ᠎ᠳᠤ᠂ ᠳᠠᠷᠠᠭ᠋ᠠᠴᠢ ᠵᠢᠨ ᠠᠯᠬᠤᠮ᠎ᠳᠤ᠂ ᠪᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠠᠵᠢᠯᠯᠠᠵᠤ᠂ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠲᠠᠷᠢᠶᠠᠨ ᠭᠠᠵᠠᠷ᠎ᠲᠤ ᠤᠯᠠᠮᠵᠢᠯᠠᠵᠤ᠂ ᠶᠡᠷᠦᠩᠬᠡᠢ ᠱᠦᠵᠢ ᠰᠢ ᠵᠢᠨ ᠫᠢᠩ ᠤ ᠱᠠᠭ᠋ᠠᠷᠳᠠᠯᠭ᠎ᠠ ᠶᠣᠰᠣᠭ᠋ᠠᠷ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠡᠷᠡᠰ ᠭᠤᠶ᠋ᠢᠪᠢᠰᠢ ᠦᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷ᠎ᠤᠨ ᠨᠤᠲᠤᠭ ᠤᠰᠤ᠎ᠪᠠᠨ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠬᠤ᠎ᠪᠠᠷ ᠴᠢᠷᠮᠠᠶ᠋ᠢᠨ᠎ᠠ》 ᠭᠡᠵᠦ ᠬᠡᠯᠡᠪᠡ᠃