ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠨᠢᠭᠡᠳᠦᠭᠡᠷ ᠱᠦᠵᠢ ᠵᠢᠨ ᠴᠣᠭ ᠵᠢᠪᠬᠤᠭ᠎ᠠ 】 ᠤᠯᠠ᠎ᠳᠤ᠎ᠨᠢ ᠰᠢᠪᠠᠷ ᠰᠢᠷᠣᠶ ᠨᠠᠭ᠋ᠠᠯᠳᠤᠨ ᠪᠣᠳᠣᠯ᠎ᠳᠤ᠎ᠨᠢ ᠦᠨᠡᠨ ᠰᠡᠳᠬᠢᠯᠭᠡ ᠪᠢᠯᠬᠠᠨ᠎ᠠ
ᠨᠡᠶ᠋ᠢᠲᠡᠯᠡᠭᠰᠡᠨ ᠴᠠᠭ᠄ 2022-03-18

     2014 ᠣᠨ᠎ᠤ ᠬᠠᠪᠤᠷ᠂ ᠪᠠᠶᠠᠷ ᠤᠷᠢᠶᠠᠯᠠᠭ᠎ᠠ ᠵᠢ ᠴᠤᠤᠷᠢᠶᠠᠲᠤᠨ ᠳᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠣᠷᠣᠯᠴᠠᠬᠤ᠎ᠪᠠᠷ ᠨᠡᠷ᠎ᠡ ᠮᠡᠳᠡᠭᠦᠯᠵᠦ᠂ ᠬᠥᠬᠡᠬᠣᠲᠠ ᠵᠢᠨ ᠲᠦᠮᠡᠳ ᠵᠡᠭᠦᠨ ᠬᠣᠰᠢᠭᠤᠨ᠎ᠤ ᠪᠢᠩ ᠵᠧᠦ ᠬᠠᠢ ᠲᠣᠰᠬᠣᠨ᠎ᠳᠤ ᠲᠣᠰᠬᠣᠨ᠎ᠳᠤ ᠰᠠᠭᠤᠬᠤ ᠨᠢᠭᠡᠳᠦᠭᠡᠷ ᠱᠦᠵᠢ ᠵᠢᠨ ᠲᠤᠰᠢᠶᠠᠯ᠎ᠢ ᠡᠭᠦᠷᠭᠡᠯᠡᠵᠦ᠂ ᠲᠡᠭᠦᠨ᠎ᠤ 7 ᠵᠢᠯ᠎ᠤᠨ ᠲᠣᠰᠬᠣᠨ᠎ᠳᠤ ᠰᠠᠭᠤᠬᠤ ᠠᠮᠢᠳᠤᠷᠠᠯ ᠵᠶ᠋ᠠᠨ ᠵᠢᠩᠬᠢᠨᠢ᠎ᠪᠠᠷ ᠡᠬᠢᠯᠡᠭᠦᠯᠵᠡᠢ᠃
      ᠶᠠᠪᠤᠵᠤ ᠰᠠᠭᠤᠬᠤ᠎ᠳᠤ ᠬᠦᠴᠢᠷ ᠪᠠᠶ᠋ᠢᠬᠤ᠎ᠨᠢ ᠤᠯᠠᠨ ᠵᠢᠯ᠎ᠤᠨ ᠲᠤᠷᠰᠢ ᠲᠤᠬᠠᠢ ᠵᠢᠨ ᠭᠠᠵᠠᠷ᠎ᠤᠨ ᠠᠷᠠᠳ ᠢᠷᠭᠡᠳ᠎ᠢ ᠵᠣᠪᠠᠭ᠋ᠠᠵᠤ ᠪᠠᠶ᠋ᠢᠭᠰᠠᠨ ᠠᠰᠠᠭᠤᠳᠠᠯ ᠪᠣᠯᠤᠨ᠎ᠠ᠂ ᠪᠠᠶᠠᠷ ᠨᠡᠶ᠋ᠢᠲᠡ ᠵᠢᠨ ᠮᠠᠰᠢᠨ ᠲᠡᠷᠭᠡ ᠵᠣᠭᠰᠣᠬᠤ ᠦᠷᠳᠡᠭᠡ ᠵᠢ ᠰᠢᠢ᠍ᠳᠪᠦᠷᠢᠯᠡᠬᠦ᠎ᠠᠴᠠ ᠡᠬᠢᠯᠡᠬᠦ᠎ᠪᠠᠷ ᠲᠣᠭᠲᠠᠵᠠᠢ᠃ ᠲᠤᠬᠠᠶ ᠵᠢᠨ ᠭᠠᠵᠠᠷ᠎ᠤᠨ ᠨᠡᠶ᠋ᠢᠲᠡ ᠵᠢᠨ ᠮᠠᠰᠢᠨ ᠲᠡᠷᠭᠡᠨ᠎ᠤ ᠺᠣᠮᠫᠠᠨᠢ᠎ᠲᠠᠢ ᠤᠳᠠᠭ᠎ᠠ ᠳᠠᠷᠠᠭ᠋ᠠᠯᠠᠨ ᠵᠥᠪᠳᠡᠯᠴᠡᠵᠦ  ᠂ ᠺᠣᠮᠫᠠᠨᠢ ᠵᠢᠨ ᠤᠳᠤᠷᠢᠳᠤᠯᠭ᠎ᠠ ᠎ᠠᠴᠠ 64 ᠳ᠋ᠦᠭᠡᠷ ᠵᠠᠮ᠎ᠤᠨ ᠨᠡᠶ᠋ᠢᠲᠡ ᠵᠢᠨ ᠮᠠᠰᠢᠨ ᠲᠡᠷᠭᠡᠨ᠎ᠤ ᠡᠴᠦᠰ᠎ᠤᠨ ᠥᠷᠲᠡᠭᠡ ᠵᠢ ᠪᠠᠷᠠᠭᠤᠨᠰᠢ 5 ᠺᠢᠯᠣᠮᠧᠲᠷ ᠤᠷᠲᠤᠳᠬᠠᠬᠤ᠎ᠪᠠᠷ ᠲᠣᠭᠲᠠᠵᠠᠶ  ᠃ ᠡᠨᠡᠬᠦ ᠣᠬᠣᠷᠬᠠᠨ 5   ᠺᠢᠯᠣᠮᠧᠲᠷ ᠵᠠᠮ ᠳᠠᠭ᠋ᠠᠤ ᠵᠢᠨ 2 ᠰᠢᠶᠠᠩ᠂ 5 ᠲᠣᠰᠬᠣᠨ᠎ᠤ ᠲᠦᠮᠡ ᠰᠢᠬᠠᠮ ᠬᠥᠮᠦᠨ᠎ᠤ ᠶᠠᠪᠤᠵᠤ ᠰᠠᠭᠤᠬᠤ᠎ᠳᠤ ᠬᠦᠴᠢᠷ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠪᠡ᠃
     2016 ᠣᠨ᠎ᠳᠤ᠂ ᠲᠣᠰᠬᠣᠨ᠎ᠳᠤ ᠬᠦᠨᠳᠦ ᠨᠣᠴᠢᠲᠠᠢ ᠭᠠᠩ᠎ᠤᠨ ᠪᠠᠶ᠋ᠢᠳᠠᠯ ᠭᠠᠷᠴᠤ᠂ ᠤᠰᠤᠨ ᠲᠦᠪᠰᠢᠨ ᠵᠢᠯ ᠳᠠᠷᠠᠭ᠋ᠠᠯᠠᠨ ᠳᠣᠷᠣᠭᠰᠢᠯᠠᠵᠤ᠂ ᠮᠠᠰᠢᠨ ᠴᠠᠬᠢᠯᠭ᠋ᠠᠨ ᠬᠤᠳᠳᠤᠭ᠎ᠢ ᠤᠳᠠᠭ᠋ᠠᠨ ᠵᠢᠯ ᠵᠠᠰᠠᠭᠰᠠᠨ ᠦᠭᠡᠢ᠎ᠠᠴᠠ ᠪᠤᠯᠵᠤ᠂ ᠲᠠᠷᠢᠶ᠎ᠠ ᠲᠠᠷᠢᠬᠤ᠎ᠳᠤ ᠦᠨᠳᠦᠰᠦᠨ᠎ᠳᠡᠭᠡᠨ ᠲᠩᠷᠢ ᠵᠢᠨ ᠴᠢᠷᠠᠢ ᠵᠢ ᠬᠠᠷᠠᠵᠤ ᠪᠤᠳᠠᠭ᠎ᠠ ᠢᠳᠡᠵᠡᠢ᠃ ᠪᠠᠶᠠᠷ ᠤᠯᠠᠨ ᠰᠠᠯᠠᠭ᠎ᠠ ᠮᠥᠴᠢᠷ᠎ᠲᠠᠢ ᠬᠠᠷᠢᠯᠴᠠᠵᠤ᠂ ᠡᠴᠦᠰ᠎ᠲᠡᠭᠡᠨ 50 ᠲᠦᠮᠡᠨ ᠲᠥᠭᠥᠷᠢᠭ᠎ᠤᠨ ᠬᠥᠭᠵᠢᠯᠲᠡ ᠵᠢᠨ ᠪᠡᠯᠡ ᠮᠥᠩᠭᠥ ᠭᠤᠶᠤᠴᠢᠯᠠᠵᠤ᠂ ᠲᠣᠰᠬᠣᠨ᠎ᠳᠤ 5 ᠮᠠᠰᠢᠨ ᠬᠤᠳᠳᠤᠭ ᠮᠠᠯᠲᠠᠵᠤ᠂ 4 ᠬᠦᠴᠦᠳᠡᠯ ᠥᠭᠡᠷᠡᠴᠢᠯᠡᠭᠴᠢ ᠤᠭᠰᠠᠷᠠᠵᠤ᠂ ᠤᠰᠤᠯᠠᠯᠲᠠ ᠵᠢᠨ ᠰᠤᠪᠠᠭ᠎ᠢ ᠵᠣᠬᠢᠴᠠᠭᠤᠯᠤᠨ ᠵᠠᠰᠠᠵᠤ᠂ 38 ᠮᠠᠰᠢᠨ ᠴᠠᠬᠢᠯᠭ᠋ᠠᠨ ᠬᠤᠳᠳᠤᠭ᠎ᠢ ᠢᠵᠢ ᠪᠦᠷᠢᠳᠦᠭᠦᠯᠵᠦ᠂ ᠲᠣᠰᠬᠣᠨ᠎ᠳᠤ ᠤᠰᠤ ᠳᠤᠲᠠᠭᠳᠠᠬᠤ ᠠᠰᠠᠭᠤᠳᠠᠯ᠎ᠢ ᠡᠴᠦᠰ᠎ᠲᠡᠭᠡᠨ ᠨᠠᠮᠳᠠᠭᠤᠯᠵᠠᠢ᠃
     2017 ᠣᠨ᠎ᠤ 12 ᠰᠠᠷ᠎ᠠ᠎ᠳᠤ᠂ ᠬᠣᠶᠠᠷ ᠬᠤᠭᠤᠴᠠᠭ᠋ᠠᠨ᠎ᠤ ᠨᠢᠭᠡᠳᠦᠭᠡᠷ ᠱᠦᠵᠢ ᠵᠢᠨ ᠲᠤᠰᠢᠶᠠᠯ᠎ᠤᠨ ᠬᠤᠭᠤᠴᠠᠭ᠎ᠠ ᠳᠠᠭᠤᠰᠴᠤ᠂ ᠲᠡᠷᠡ ᠬᠤᠳᠠ᠎ᠳᠠᠭᠠᠨ ᠪᠤᠴᠠᠵᠤ ᠠᠵᠢᠯᠯᠠᠬᠤ᠎ᠪᠠᠷ ᠲᠥᠯᠥᠪᠯᠡᠵᠦ ᠪᠠᠶ᠋ᠢᠭᠰᠠᠨ ᠪᠣᠯᠪᠠᠴᠤ ᠲᠤᠬᠠᠢ ᠵᠢᠨ ᠦᠶ᠎ᠡ ᠪᠣᠯ ᠶᠠᠭ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠠᠩᠭᠢᠯᠠᠭ᠎ᠠ ᠵᠢᠨ ᠴᠠᠭ ᠦᠶ᠎ᠡ ᠪᠣᠯᠬᠤ ᠵᠢ ᠪᠣᠳᠣᠯᠬᠢᠯᠠᠵᠤ᠂ ᠪᠣᠳᠣᠯᠬᠢᠯᠠᠬᠤ᠎ᠪᠠᠷ ᠲᠠᠮᠵᠢᠨ᠂ ᠦᠷᠭᠦᠯᠵᠢᠯᠡᠨ ᠬᠥᠳᠡᠭᠡ ᠲᠣᠰᠬᠣᠨ᠎ᠤ ᠶᠠᠳᠠᠭᠤ᠎ᠠᠴᠠ ᠠᠩᠭᠢᠵᠢᠷᠠᠭᠤᠯᠬᠤ ᠡᠮᠦᠨ᠎ᠡ ᠹᠷᠣᠨᠲ᠎ᠲᠤ ᠦᠯᠡᠳᠡᠬᠦ᠎ᠪᠠᠷ ᠲᠣᠭᠲᠠᠵᠠᠢ᠃
     2018 ᠣᠨ᠎ᠤ 4 ᠰᠠᠷ᠎ᠠ᠎ᠳᠤ᠂ ᠲᠡᠷᠡ ᠰᠠᠨᠠᠭ᠋ᠠᠴᠢᠯᠠᠭ᠎ᠠ᠎ᠠᠴᠠ᠎ᠪᠠᠨ ᠵᠣᠬᠢᠶᠠᠨ ᠪᠠᠶ᠋ᠢᠭᠤᠯᠤᠯᠲᠠ᠎ᠳᠤ ᠭᠤᠶᠤᠴᠢᠯᠠᠯ ᠭᠠᠷᠭ᠋ᠠᠵᠤ᠂ ᠬᠥᠬᠡᠬᠣᠲᠠ ᠵᠢᠨ ᠲᠦᠮᠡᠳ ᠵᠡᠭᠦᠨ ᠬᠣᠰᠢᠭᠤᠨ᠎ᠤ ᠱᠠᠩᠳᠠᠢ ᠪᠠᠯᠭ᠋ᠠᠰᠤ ᠵᠢᠨ ᠪᠸᠢ ᠨᠠᠭᠤᠷ ᠲᠣᠰᠬᠣᠨ᠎ᠳᠤ ᠬᠦᠷᠴᠦ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ᠂ ᠶᠠᠳᠠᠭᠤ ᠵᠢ ᠲᠡᠳᠬᠦᠬᠦ ᠠᠵᠢᠯ᠎ᠤᠨ ᠠᠩᠬᠢ ᠵᠢᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢᠨ ᠭᠤᠷᠪᠠᠳᠤᠭ᠋ᠠᠷ ᠲᠤᠰᠢᠶᠠᠯ᠎ᠤᠨ ᠬᠤᠭᠤᠴᠠᠭ᠎ᠠ᠎ᠪᠠᠨ ᠡᠬᠢᠯᠡᠭᠦᠯᠵᠡᠢ᠃ ᠪᠠᠶᠠᠷ ᠬᠥᠳᠡᠭᠡ ᠲᠣᠰᠬᠣᠨ᠎ᠤ ᠥᠷᠭᠡᠨ ᠠᠭᠤᠳᠠᠮ ᠨᠤᠲᠤᠭ ᠳᠡᠪᠢᠰᠬᠡᠷ᠎ᠲᠤ ᠭᠦᠨ ᠦᠨᠳᠦᠰᠦᠯᠡᠵᠦ᠂ ᠨᠤᠲᠤᠭ᠎ᠤᠨ ᠠᠬ᠎ᠠ ᠳᠡᠭᠦᠦ ᠨᠡᠷ ᠵᠶ᠋ᠡᠨ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠨ ᠴᠢᠨᠡᠭᠡᠯᠢᠭᠵᠢᠬᠦ᠎ᠪᠠᠷ ᠵᠣᠷᠢᠭ ᠰᠢᠭᠤᠳᠴᠠᠢ᠃
      ᠲᠡᠷᠡ ᠪᠣᠯᠤᠨ ᠤᠯᠠᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ᠂ 2018 ᠣᠨ᠎ᠤ ᠰᠡᠭᠦᠯᠴᠢ᠎ᠪᠠᠷ᠂ ᠪᠦᠬᠦ ᠲᠣᠰᠬᠣᠨ᠎ᠤ 30 ᠡᠷᠦᠬᠡ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠦᠬᠦᠨ ᠵᠶ᠋ᠡᠷ ᠵᠶ᠋ᠡᠨ ᠶᠠᠳᠠᠭᠤ᠎ᠠᠴᠠ ᠠᠩᠭᠢᠵᠢᠷᠠᠭᠰᠠᠨ᠎ᠨᠢ ᠲᠡᠭᠦᠨ᠎ᠤ ᠰᠡᠳᠬᠢᠯ᠎ᠢ ᠠᠭᠤᠵᠢᠷᠠᠭᠤᠯᠤᠭᠰᠠᠨ ᠶᠠᠪᠤᠳᠠᠯ ᠪᠣᠯᠤᠨ᠎ᠠ᠃ ᠤᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢ᠍ᠯ ᠵᠶ᠋ᠡᠷ ᠳᠠᠮᠵᠢᠨ᠂ ᠪᠸᠢ ᠨᠠᠭᠤᠷ᠎ᠤᠨ ᠲᠣᠰᠬᠣᠨ᠎ᠤ ᠠᠷᠠᠳ᠎ᠤᠨ ᠴᠦᠩᠬᠦ ᠴᠦ᠍ ᠭᠦᠳᠦᠶ᠋ᠢᠵᠦ ᠡᠬᠢᠯᠡᠵᠡᠢ᠃
     2021 ᠣᠨ᠎ᠤ 2 ᠰᠠᠷ᠎ᠠ ᠵᠢᠨ 25 ᠎ᠤ ᠡᠳᠦᠷ᠂ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢ ᠳ᠋ᠦᠩᠨᠡᠵᠦ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ᠂ ᠪᠠᠶᠠᠷ《ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠡᠷᠢᠭᠦᠨ᠎ᠤ ᠬᠤᠪᠢ ᠬᠥᠮᠦᠨ》ᠭᠡᠬᠦ ᠢᠷᠠᠭᠤ ᠠᠯᠳᠠᠷ᠎ᠤᠨ ᠴᠣᠯᠠ ᠬᠦᠷᠳᠡᠪᠡ᠂ ᠲᠡᠭᠦᠨ᠎ᠤ ᠰᠡᠳᠬᠢᠯ ᠳᠣᠭᠳᠣᠯᠵᠤ ᠪᠠᠶ᠋ᠢᠨ᠎ᠠ — ᠨᠠᠮ ᠪᠣᠯᠤᠨ ᠤᠯᠤᠰ᠎ᠤᠨ ᠤᠯᠠᠨ ᠵᠢᠯ᠎ᠤᠨ ᠬᠥᠮᠦᠵᠢᠭᠦᠯᠦᠯ᠎ᠳᠤ ᠲᠠᠯᠠᠷᠬᠠᠵᠤ ᠪᠠᠶ᠋ᠢᠨ᠎ᠠ᠂ ᠨᠡᠩ ᠴᠤ᠌ ᠡᠨᠡᠬᠦ ᠴᠠᠭ ᠦᠶ᠎ᠡ᠎ᠠᠴᠠ ᠣᠯᠭᠣᠭᠰᠠᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠳᠤ ᠲᠠᠯᠠᠷᠬᠠᠵᠤ ᠪᠠᠶ᠋ᠢᠨ᠎ᠠ᠃
      ᠪᠠᠶᠠᠷ ᠨᠢᠭᠡ ᠰᠡᠳᠬᠢᠯ ᠵᠶ᠋ᠡᠷ ᠲᠣᠰᠬᠣᠨ᠎ᠤ᠎ᠪᠠᠨ ᠶᠡᠬᠡ ᠪᠠᠭ᠎ᠠ ᠤᠴᠢᠷ ᠶᠠᠪᠤᠳᠠᠯ᠎ᠳᠤ ᠵᠢᠳᠬᠦᠵᠦ᠂ ᠭᠡᠷ᠎ᠲᠡᠭᠡᠨ ᠬᠠᠷᠢᠬᠤ ᠴᠠᠭ ᠪᠠᠷᠤᠭ ᠪᠠᠶ᠋ᠢᠬᠤ ᠦᠭᠡᠢ ᠪᠣᠯᠬᠣᠷ᠂ ᠨᠢᠭᠡ ᠭᠡᠷ᠎ᠤᠨ ᠬᠥᠭᠰᠢᠨ ᠵᠠᠯᠠᠭᠤ ᠵᠢ ᠬᠠᠷᠠᠭ᠋ᠠᠯᠵᠠᠬᠤ ᠬᠦᠨᠳᠦ ᠡᠭᠦᠷᠭᠡ ᠲᠡᠭᠦᠨ᠎ᠤ ᠭᠡᠷᠭᠡᠢ ᠵᠢᠨ ᠵᠶ᠋ᠡᠨ ᠮᠥᠷᠥᠨ ᠳᠡᠭᠡᠷ᠎ᠡ ᠲᠠᠯᠪᠢᠭᠳᠠᠭᠰᠠᠨ ᠪᠣᠯᠪᠠᠴᠤ ᠲᠡᠷᠡ ᠣᠭᠲᠣᠬᠠᠨ ᠴᠤ᠌ ᠭᠣᠮᠣᠳᠠᠯ ᠦᠭᠡᠢ ᠪᠠᠶ᠋ᠢᠯ᠎ᠠ᠃ ᠰᠠᠶᠢ ᠲᠣᠰᠬᠣᠨ᠎ᠳᠤ ᠰᠠᠭᠤᠬᠤ ᠦᠶ᠎ᠡ᠎ᠳᠤ ᠬᠡᠦᠬᠡᠳ᠎ᠨᠢ ᠰᠠᠶᠢ ᠨᠢᠭᠡᠳᠦᠭᠡᠷ ᠣᠨ᠎ᠳᠤ ᠣᠷᠣᠵᠤ ᠪᠠᠶ᠋ᠢᠭᠰᠠᠨ ᠵᠶ᠋ᠠᠨ ᠣᠳᠣ ᠨᠢᠭᠡᠨᠲᠡ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠤᠷᠤᠭᠰᠠᠨ ᠪᠠᠶ᠋ᠢᠨ᠎ᠠ᠃ ᠨᠢᠭᠡ ᠦᠶ᠎ᠡ ᠬᠡᠦᠬᠡᠳ᠎ᠨᠢ ᠲᠡᠭᠦᠨ᠎ᠠᠴᠠ᠄《  ᠠᠪᠤ ᠠ᠂ ᠲᠠ ᠡᠵᠢ᠎ᠲᠠᠢ᠎ᠪᠠᠨ ᠤᠷᠤᠭ ᠰᠠᠯᠴᠢᠬᠠᠭᠰᠠᠨ ᠤᠣ?  》 ᠭᠡᠵᠦ ᠭᠣᠮᠣᠳᠠᠨ ᠠᠰᠠᠭᠤᠪᠠ᠃ ᠡᠨᠡ ᠦᠶ᠎ᠡ᠎ᠳᠤ ᠬᠡᠦᠬᠡᠳ᠎ᠨᠢ ᠲᠡᠭᠦᠨ᠎ᠠᠴᠠ᠄《  ᠠᠪᠤ ᠠ᠂ ᠲᠠ ᠡᠵᠢ᠎ᠲᠠᠢ᠎ᠪᠠᠨ ᠤᠷᠤᠭ ᠰᠠᠯᠤᠭᠰᠠᠨ ᠤᠣ?  》 ᠭᠡᠵᠦ ᠠᠰᠠᠭᠤᠪᠠ᠃ ᠪᠠᠶᠠᠷ ᠬᠡᠦᠬᠡᠳ ᠵᠶ᠋ᠡᠨ ᠠᠵᠢᠯ᠎ᠤᠨ ᠭᠠᠵᠠᠷ᠎ᠲᠠᠭᠠᠨ ᠳᠠᠭ᠋ᠠᠭᠤᠯᠤᠨ ᠠᠪᠠᠴᠢᠵᠤ᠂ ᠬᠡᠦᠬᠡᠳ ᠵᠶ᠋ᠡᠨ ᠬᠠᠷᠢᠵᠤ ᠢᠷᠡᠭᠰᠡᠨ᠎ᠤ ᠳᠠᠷᠠᠭ᠎ᠠ ᠡᠳᠦᠷ᠎ᠤᠨ ᠲᠡᠮᠳᠡᠭᠯᠡᠯ᠎ᠳᠡᠭᠡᠨ᠄ 《ᠠᠪᠤ ᠪᠣᠯ ᠨᠢᠭᠡᠨ ᠡᠪ ᠬᠠᠮᠲᠤ ᠨᠠᠮ᠎ᠤᠨ ᠭᠡᠰᠢᠭᠦᠨ᠂ ᠲᠡᠷᠡ ᠦᠨᠳᠦᠰᠦᠨ ᠱᠠᠲᠤᠨ᠎ᠳᠤ ᠤᠯᠠᠨ ᠵᠢᠯ ᠠᠵᠢᠯᠯᠠᠵᠠᠢ᠂ ᠲᠡᠨᠳᠡᠬᠢ ᠲᠣᠰᠬᠣᠨ᠎ᠤ ᠠᠷᠠᠳ᠎ᠤᠨ ᠲᠥᠯᠥᠭᠡ ᠮᠠᠰᠢ ᠤᠯᠠᠨ ᠰᠠᠢ᠍ᠢ᠍ᠨ ᠶᠠᠪᠤᠳᠠᠯ ᠬᠢᠭᠰᠡᠨ ᠶᠤᠮ᠂ ᠪᠢ ᠲᠡᠭᠦᠨ᠎ᠲᠠᠢ ᠦᠷᠭᠦᠯᠵᠢ ᠠᠭᠤᠯᠵᠠᠳᠠᠭ ᠦᠭᠡᠢ᠂ ᠭᠡᠪᠡᠴᠦ ᠲᠡᠷᠡ ᠦᠷᠭᠦᠯᠵᠢ ᠤᠯᠠᠨ ᠲᠦᠮᠡᠨ᠎ᠤ ᠠᠰᠢᠭ ᠲᠤᠰᠠ᠎ᠳᠤ ᠪᠠᠭ᠎ᠠ ᠶᠠᠪᠤᠳᠠᠯ ᠭᠡᠵᠦ ᠪᠠᠶ᠋ᠢᠳᠠᠭ ᠦᠭᠡᠢ᠂ ᠡᠪ ᠬᠠᠮᠲᠤ ᠨᠠᠮ᠎ᠤᠨ ᠭᠡᠰᠢᠭᠦᠨ ᠤᠯᠠᠨ ᠲᠦᠮᠡᠨ᠎ᠤ ᠲᠥᠯᠥᠭᠡ ᠪᠣᠳᠣᠯᠬᠢᠯᠠᠵᠤ᠂ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ ᠬᠡᠷᠡᠭᠲᠡᠢ ᠭᠡᠵᠦ ᠬᠡᠯᠡᠳᠡᠭ》 ᠭᠡᠵᠦ ᠪᠢᠴᠢᠭᠰᠡᠨ ᠪᠠᠶ᠋ᠢᠳᠠᠭ᠃
     

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠹᠸᠩ ᠯᠢ ᠰᠢᠤᠸᠠᠢ᠄ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠠᠷᠠᠮᠰᠠᠯ ᠦᠭᠡᠢ᠎ᠪᠠᠷ ᠰᠡᠳᠬᠢᠯ ᠲᠠᠯᠪᠢᠵᠤ ᠬᠠᠢ᠌ᠷ᠎ᠠ ᠰᠡᠳᠬᠢᠯᠭᠡ᠎ᠪᠠᠷ ᠵᠶ᠋ᠡᠨ ᠲᠣᠰᠬᠣᠨ᠎ᠳᠤ ᠰᠠᠭᠤᠬᠤ ᠠᠵᠢᠯ᠎ᠢ ᠰᠠᠢ᠌ᠲᠤᠷ ᠬᠢᠬᠦ ᠬᠡᠷᠡᠭᠲᠡᠢ
ᠣᠲᠣᠭ᠎ᠤᠨ ᠡᠮᠦᠨᠡᠲᠦ ᠬᠣᠰᠢᠭᠤᠨ᠎ᠤ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ 《ᠳᠥᠷᠪᠡᠨ ᠠᠩᠬᠠᠷᠤᠯ᠎ᠤᠨ ᠴᠡᠭ 》᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠰᠢᠯᠭ᠋ᠠᠯᠲᠠ᠎ᠳᠤ ᠣᠷᠤᠯᠴᠠᠬᠤ 》 ᠬᠠᠭᠤᠳᠠᠰᠤ ᠵᠢ ᠰᠠᠢ᠌ᠲᠤᠷ ᠬᠠᠷᠢᠭᠤᠯᠵᠠᠢ
ᠣᠩᠨᠢᠭᠤᠳ ᠬᠣᠰᠢᠭᠤ 《ᠭᠤᠷᠪᠠᠨ ᠪᠣᠭᠣᠮᠲᠠ 》 ᠵᠢ ᠰᠠᠢ᠌ᠲᠤᠷ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ ᠬᠥᠳᠡᠯᠭᠡᠭᠦ ᠬᠦᠴᠦᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ
ᠬᠠᠷᠠᠴᠢᠨ ᠬᠣᠰᠢᠭᠤᠨ᠎ᠤ ᠯᠧᠢ ᠶᠢᠩᠽᠢ ᠲᠣᠰᠬᠣᠨ ᠄ ᠬᠥᠳᠡᠭᠡ ᠲᠣᠰᠬᠣᠨ᠎ᠤ ᠵᠢᠭᠤᠯᠴᠢᠯᠠᠯ ᠬᠥᠭᠵᠢᠶᠡᠨ᠎ᠲᠠᠢ ᠪᠣᠯᠪᠠ
《ᠪᠢᠴᠢᠬᠠᠨ ᠲᠥᠪᠡᠳ ᠬᠠᠰᠢ 》᠎ᠨᠢ 《ᠲᠣᠮᠣ ᠶᠠᠪᠤᠳᠠᠯ 》 ᠪᠦᠲᠦᠭᠡᠪᠡ (ᠰᠢᠨ᠎ᠡ ᠠᠶᠠᠨ ᠵᠠᠮ᠎ᠳᠤ ᠭᠠᠪᠢᠶ᠎ᠠ ᠪᠠᠢ᠌ᠭᠤᠯᠵᠤ ᠰᠢᠨ᠎ᠡ ᠴᠠᠭ ᠦᠶ᠎ᠡ᠎ᠳᠤ ᠲᠤᠰᠠᠯᠠᠬᠤ ᠬᠠᠮᠲᠤᠷᠠᠯᠴᠠᠭ᠋ᠠᠨ᠎ᠤ ᠡᠮᠦᠨ᠎ᠡ ᠹᠷᠣᠨᠲ᠎ᠲᠤ ᠲᠣᠭᠣᠷᠢᠨ ᠪᠠᠢ᠌ᠴᠠᠭ᠋ᠠᠨ᠎ᠠ)
 
            