ᠰᠢᠨ᠎ᠡ ᠵᠢᠯ᠎ᠤᠨ ᠡᠬᠢᠨ᠎ᠳᠤ᠂ ᠬᠡᠰᠢᠭᠲᠡᠨ ᠬᠣᠰᠢᠭᠤᠨ᠎ᠤ᠎ᠲᠤ ᠴᠧᠩ ᠽᠢ ᠪᠠᠯᠭ᠋ᠠᠰᠤ ᠵᠢᠨ ᠦ᠋ ᠹᠠᠨ ᠳ᠋ᠢ ᠲᠣᠰᠬᠣᠨ᠎ᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢᠨ᠎ᠬᠢᠨ ᠲᠣᠰᠬᠣᠨ᠎ᠳᠤ ᠡᠷᠲᠡᠬᠡᠨ ᠢᠷᠡᠵᠤ᠂ ᠢᠦᠢ ᠹᠥ᠋ᠩ ᠬᠠᠢ ᠪᠣᠯᠣᠨ ᠵᠢᠶᠠᠩ ᠵᠧᠨ ᠬᠤᠸᠠ ᠬᠣᠶᠠᠷ ᠬᠢᠨᠠᠨ ᠬᠡᠮᠵᠢᠬᠦ ᠡᠷᠦᠬᠡ ᠵᠢ ᠬᠠᠪᠰᠤᠷᠤᠨ ᠣᠷᠣᠯᠭ᠎ᠠ ᠵᠢ᠎ᠨᠢ ᠨᠡᠮᠡᠭᠳᠡᠭᠦᠯᠬᠦ ᠵᠢᠨ ᠲᠥᠯᠥᠭᠡ᠂ ᠨᠢᠭᠡᠳᠦᠭᠡᠷ ᠱᠦᠵᠢ ᠪᠣᠯᠣᠨ ᠲᠣᠰᠬᠣᠨ᠎ᠳᠤ ᠰᠠᠭᠤᠭ᠎ᠠ ᠠᠩᠭᠢ ᠵᠢᠨ ᠭᠡᠰᠢᠭᠦᠳ ᠥᠪᠡᠷ᠎ᠤᠨ ᠵᠣᠭᠣᠰ ᠵᠶ᠋ᠠᠨ ᠭᠠᠷᠭ᠋ᠠᠵᠤ᠂ 2300 ᠲᠥᠭᠥᠷᠢᠭ᠎ᠤᠨ ᠪᠡᠯᠡ ᠮᠥᠩᠭᠥ ᠴᠤᠭᠯᠠᠭᠤᠯᠤᠨ ᠡᠨᠡ ᠬᠣᠶᠠᠷ ᠬᠢᠨᠠᠨ ᠬᠡᠮᠵᠢᠬᠦ ᠡᠷᠦᠬᠡ᠎ᠳᠤ ᠬᠣᠶᠠᠷ ᠭᠠᠬᠠᠢ ᠵᠢᠨ ᠲᠤᠷᠤᠢ ᠵᠢ ᠬᠤᠳᠠᠯᠳᠤᠨ ᠠᠪᠴᠤ ᠥᠭᠬᠦ ᠵᠢᠨ ᠬᠠᠮᠲᠤ ᠥᠪᠡᠷ᠎ᠤᠨ ᠪᠡᠶ᠎ᠡ᠎ᠪᠠᠷ ᠵᠶ᠋ᠡᠨ ᠬᠢᠨᠠᠨ ᠬᠡᠮᠵᠢᠬᠦ ᠡᠷᠦᠬᠡ᠎ᠳᠤ ᠬᠦᠷᠭᠡᠵᠦ ᠥᠭᠴᠡᠢ᠃
ᠨᠢᠳᠤᠨᠤᠨ᠎ᠤ 9 ᠰᠠᠷ᠎ᠠ᠎ᠳᠤ᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢᠨ ᠭᠡᠰᠢᠭᠦᠳ᠄ 《ᠶᠠᠳᠠᠭᠤ᠎ᠠᠴᠠ ᠠᠩᠭᠢᠵᠢᠷᠠᠭᠤᠯᠵᠤ ᠮᠠᠯᠠᠭ᠋ᠠᠢ ᠵᠢ᠎ᠨᠢ ᠠᠪᠤᠭᠰᠠᠨ᠎ᠤ ᠳᠠᠷᠠᠭ᠋ᠠᠬᠢ ᠨᠢᠭᠡᠳᠦᠭᠡᠷ ᠪᠤᠤᠬᠢᠶ᠎ᠠ ᠵᠢ ᠳᠤᠰᠤᠭᠰᠠᠨ᠎ᠨᠢ ᠬᠠᠷᠢᠭᠤᠴᠠᠯᠭ᠎ᠠ ᠮᠠᠰᠢ ᠬᠦᠨᠳᠦ᠂ ᠳᠠᠷᠤᠯᠲᠠ ᠮᠠᠰᠢ ᠶᠡᠬᠡ ᠪᠠᠢ᠌ᠨ᠎ᠠ᠂ ᠭᠡᠪᠡᠴᠦ ᠪᠠᠰᠠ ᠢᠲᠡᠭᠡᠯ ᠵᠣᠷᠢᠭ ᠪᠢᠯᠬᠠᠵᠤ᠂ ᠡᠷᠴᠢ ᠵᠣᠷᠢᠭ ᠲᠡᠭᠦᠯᠳᠡᠷ ᠪᠠᠢ᠌ᠨ᠎ᠠ᠂ ᠵᠣᠬᠢᠶᠠᠨ ᠪᠠᠢ᠌ᠭᠤᠯᠤᠯᠲᠠ᠎ᠠᠴᠠ ᠪᠢᠳᠡᠨ᠎ᠢ ᠲᠣᠮᠢᠯᠠᠵᠤ ᠢᠷᠡᠭᠦᠯᠦᠭᠰᠡᠨ ᠶᠤᠮ ᠴᠢᠨᠢ ᠲᠣᠰᠬᠣᠨ᠎ᠳᠤ ᠰᠠᠭᠤᠬᠤ ᠠᠵᠢᠯ᠎ᠢ ᠰᠠᠢ᠌ᠲᠤᠷ ᠬᠢᠵᠦ᠂ ᠲᠣᠰᠬᠣᠨ᠎ᠳᠤ ᠢᠯᠡᠭᠦᠬᠡᠨ ᠪᠣᠳᠠᠲᠠᠢ ᠠᠵᠢᠯ ᠬᠢᠵᠦ ᠥᠭᠬᠦ ᠬᠡᠷᠡᠭᠲᠡᠢ》ᠭᠡᠵᠦ ᠶᠠᠷᠢᠨ᠎ᠠ᠃ ᠡᠭᠦᠨ᠎ᠠᠴᠠ ᠡᠮᠦᠨᠡᠬᠢ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠪᠦᠬᠦ ᠲᠣᠰᠬᠣᠨ᠎ᠢ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠭᠤᠯᠵᠤ ᠮᠠᠯᠠᠭ᠋ᠠᠢ ᠵᠢ᠎ᠨᠢ ᠠᠪᠴᠤ ᠬᠠᠶᠠᠭᠰᠠᠨ᠎ᠨᠢ ᠪᠢᠳᠡᠨ᠎ᠳᠤ ᠪᠠᠲᠤ ᠪᠡᠬᠢ ᠰᠠᠭᠤᠷᠢ ᠵᠢ ᠲᠠᠯᠪᠢᠵᠤ᠂ ᠲᠡᠮᠡᠴᠡᠯ᠎ᠤᠨ ᠬᠡᠪ ᠳᠠᠭᠤᠷᠢᠶᠠᠯ᠎ᠢ ᠪᠤᠢ ᠪᠣᠯᠭ᠋ᠠᠵᠠᠢ》ᠭᠡᠵᠦ ᠬᠡᠯᠡᠪᠡ᠃ ᠲᠡᠳᠡ ᠢᠩᠭᠢᠵᠦ ᠬᠡᠯᠡᠭᠰᠡᠨ ᠪᠥᠭᠡᠳ ᠪᠠᠰᠠ ᠢᠩᠭᠢᠵᠦ ᠬᠢᠭᠰᠡᠨ ᠶᠤᠮ᠃
ᠲᠣᠰᠬᠣᠨ᠎ᠳᠤ ᠰᠠᠭᠤᠬᠤ ᠠᠵᠢᠯ᠎ᠢ ᠨᠡᠩ ᠰᠠᠢ᠌ᠨ ᠥᠷᠨᠢᠭᠦᠯᠬᠦ ᠵᠢᠨ ᠲᠥᠯᠥᠭᠡ᠂ ᠲᠣᠰᠬᠣᠨ᠎ᠳᠤ ᠰᠠᠭᠤᠬᠤ ᠨᠢᠭᠡᠳᠦᠭᠡᠷ ᠱᠦᠵᠢ ᠲᠣᠰᠬᠣᠨ᠎ᠳᠤ ᠢᠷᠡᠭᠰᠡᠨ᠎ᠤ ᠳᠠᠷᠠᠭ᠎ᠠ ᠡᠳᠦᠷ᠎ᠨᠢ ᠲᠣᠰᠬᠣᠨ᠎ᠳᠤ ᠰᠠᠭᠤᠬᠤ ᠠᠵᠢᠯ᠎ᠤᠨ ᠭᠡᠰᠢᠭᠦᠳ ᠵᠶ᠋ᠡᠨ ᠳᠠᠭ᠋ᠠᠭᠤᠯᠤᠨ ᠪᠦᠬᠦ ᠲᠣᠰᠬᠣᠨ᠎ᠤ ᠬᠢᠨᠠᠨ ᠰᠢᠯᠭ᠋ᠠᠬᠤ ᠡᠷᠦᠬᠡ ᠵᠢᠴᠢ ᠶᠠᠳᠠᠭᠤ᠎ᠠᠴᠠ ᠠᠩᠭᠢᠵᠢᠷᠠᠭᠰᠠᠨ ᠡᠷᠦᠬᠡ᠎ᠳᠤ ᠬᠦᠷᠴᠦ᠂ ᠲᠡᠳᠡᠨ᠎ᠤ ᠠᠵᠤ ᠠᠬᠤᠢ ᠵᠢᠨ ᠢᠷᠡᠯᠲᠡ᠂ ᠪᠡᠶ᠎ᠡ ᠵᠢᠨ ᠪᠠᠢ᠌ᠳᠠᠯ᠂ ᠦᠷ᠎ᠡ ᠬᠡᠦᠬᠡᠳ᠎ᠤᠨ ᠠᠵᠢᠯ ᠣᠯᠭᠣᠯᠲᠠ ᠪᠠ ᠬᠥᠭᠵᠢᠯᠲᠡ ᠵᠢᠨ ᠰᠠᠨᠠᠯ᠎ᠢ ᠨᠠᠷᠢᠨ ᠣᠢ᠌ᠯᠠᠭ᠋ᠠᠬᠤ ᠵᠢᠨ ᠬᠠᠮᠲᠤ ᠥᠪᠡᠷ᠎ᠤᠨ ᠲᠡᠮᠳᠡᠭᠯᠡᠯ᠎ᠤᠨ ᠳᠡᠪᠲᠡᠷᠲᠡᠭᠡᠨ ᠲᠡᠮᠳᠡᠭᠯᠡᠪᠡ᠃ ᠲᠤᠬᠠᠢ ᠵᠢᠨ ᠦᠶ᠎ᠡ᠎ᠳᠤ ᠶᠠᠭ ᠰᠠᠢ᠌ᠬᠠᠨ ᠬᠢᠨᠠᠨ ᠰᠢᠯᠭ᠋ᠠᠬᠤ ᠡᠷᠦᠬᠡ ᠢᠦᠢ ᠹᠧᠩ ᠬᠠᠢ᠎ᠳᠤ ᠮᠡᠰᠡ ᠵᠠᠰᠠᠯ ᠬᠢᠵᠦ ᠪᠠᠢ᠌ᠭᠰᠠᠨ ᠦᠶ᠎ᠡ᠎ᠳᠤ ᠨᠢᠭᠡᠳᠦᠭᠡᠷ ᠱᠦᠵᠢ ᠪᠣᠯᠣᠨ ᠭᠠᠴᠠᠭ᠋ᠠᠨ᠎ᠤ ᠨᠠᠮ᠎ᠤᠨ ᠡᠭᠦᠷ᠎ᠤᠨ ᠱᠦᠵᠢ ᠰᠠᠨᠠᠭ᠋ᠠᠴᠢᠯᠠᠭ᠎ᠠ᠎ᠠᠴᠠ᠎ᠪᠠᠨ ᠪᠠᠯᠭ᠋ᠠᠰᠤᠨ᠎ᠤ ᠠᠷᠠᠳ᠎ᠤᠨ ᠶᠠᠪᠤᠳᠠᠯ᠎ᠤᠨ ᠬᠣᠷᠢᠶᠠᠨ᠎ᠳᠤ ᠬᠦᠷᠴᠦ ᠢᠦᠢ ᠹᠧᠩ ᠬᠠᠢ᠎ᠳᠤ 2000 ᠲᠥᠭᠥᠷᠢᠭ᠎ᠤᠨ ᠲᠦᠷ ᠴᠠᠭ᠎ᠤᠨ ᠠᠪᠤᠷᠠᠨ ᠲᠤᠰᠠᠯᠠᠬᠤ ᠮᠥᠩᠭᠥ ᠣᠯᠵᠤ᠂ ᠬᠢᠨᠠᠨ ᠰᠢᠯᠭ᠋ᠠᠬᠤ ᠡᠷᠦᠬᠡ ᠢᠦᠢ ᠹᠧᠩ ᠬᠠᠢ ᠵᠢᠨ ᠠᠵᠤ ᠠᠬᠤᠢ ᠵᠢᠨ ᠳᠠᠷᠤᠭ᠋ᠠᠰᠤ ᠵᠢ ᠬᠥᠩᠭᠡᠯᠡᠭᠰᠡᠨ ᠪᠠᠢ᠌ᠨ᠎ᠠ᠃
ᠲᠠᠪᠤᠨ ᠬᠤᠪᠢ ᠵᠢᠨ ᠭᠠᠵᠠᠷ᠎ᠤᠨ ᠭᠠᠴᠠᠭ᠋ᠠᠨ᠎ᠤ ᠬᠥᠭᠵᠢᠯᠲᠡ ᠵᠢ ᠲᠦᠷᠭᠡᠳᠬᠡᠬᠦ ᠵᠢᠨ ᠲᠥᠯᠥᠭᠡ᠂ ᠨᠢᠭᠡᠳᠦᠭᠡᠷ ᠱᠦᠵᠢ ᠪᠣᠯᠣᠨ ᠠᠵᠢᠯ᠎ᠤᠨ ᠭᠡᠰᠢᠭᠦᠳ ᠡᠳᠦᠷ ᠪᠦᠷᠢ ᠭᠠᠴᠠᠭ᠋ᠠᠨ᠎ᠤ ᠬᠥᠮᠥᠰ᠎ᠲᠠᠢ ᠬᠠᠮᠲᠤ ᠲᠤᠬᠠᠢ ᠵᠢᠨ ᠭᠠᠵᠠᠷ᠎ᠤᠨ ᠶᠠᠭᠤ ᠲᠠᠷᠢᠬᠤ᠎ᠳᠤ ᠲᠣᠬᠢᠷᠠᠮᠵᠢᠲᠠᠢ᠂ ᠶᠠᠭᠤ ᠲᠡᠵᠢᠭᠡᠬᠦ᠎ᠳᠤ ᠲᠣᠬᠢᠷᠠᠮᠵᠢᠲᠠᠢ᠂ ᠲᠠᠷᠢᠮᠠᠯ᠎ᠤᠨ ᠦᠢ᠍ᠯᠡᠰ᠎ᠢ ᠮᠧᠬᠠᠨᠢᠭᠵᠢᠭᠤᠯᠤᠭᠰᠠᠨ ᠡᠰᠡᠬᠦ᠂ ᠬᠤᠷᠰᠢᠶ᠎ᠠ ᠪᠠᠢ᠌ᠬᠤ ᠡᠰᠡᠬᠦ᠂ ᠲᠡᠵᠢᠭᠡᠨ ᠦᠷᠡᠵᠢᠭᠦᠯᠬᠦ ᠦᠢ᠍ᠯᠡᠰ᠎ᠢ ᠬᠡᠪᠴᠢᠶᠡᠵᠢᠭᠦᠯᠦᠭᠰᠡᠨ ᠡᠰᠡᠬᠦ ᠵᠡᠷᠭᠡ ᠪᠠᠢ᠌ᠳᠠᠯ᠎ᠢ ᠣᠢ᠌ᠯᠠᠭ᠋ᠠᠳᠠᠭ᠃
ᠰᠢᠨ᠎ᠡ ᠨᠢᠭᠡ ᠵᠢᠯ ᠰᠠᠶᠢᠬᠠᠨ ᠡᠬᠢᠯᠡᠵᠦ᠂ ᠲᠣᠰᠬᠣᠨ᠎ᠳᠤ ᠰᠠᠭᠤᠬᠤ ᠠᠵᠢᠯ ᠨᠢᠭᠡᠨᠲᠡ ᠵᠥᠪ ᠵᠠᠮ᠎ᠳᠠᠭᠠᠨ ᠣᠷᠣᠪᠠ᠂ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ ᠵᠢᠨ ᠭᠡᠰᠢᠭᠦᠳ᠂ ᠦᠷᠭᠦᠯᠵᠢᠯᠡᠨ ᠠᠬᠠᠮᠠᠳ ᠦᠶ᠎ᠡ ᠵᠢᠨ᠎ᠬᠢᠨ ᠵᠶ᠋ᠡᠷ ᠬᠡᠪ ᠳᠠᠭᠤᠷᠢᠶᠠᠯ ᠪᠣᠯᠭ᠋ᠠᠵᠤ᠂ ᠬᠥᠳᠡᠭᠡ ᠲᠣᠰᠬᠣᠨ᠎ᠤ ᠨᠢᠭᠡᠳᠦᠭᠡᠷ ᠹᠷᠣᠨᠲ᠎ᠲᠤ ᠴᠢᠷᠮᠠᠢ᠌ᠨ ᠠᠵᠢᠯᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ᠎ᠳᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃