ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠨᠢᠭᠡᠳᠦᠭᠡᠷ ᠱᠦᠵᠢ ᠵᠢᠨ ᠴᠣᠭ ᠵᠢᠪᠬᠤᠭ᠎ᠠ】 ᠠᠭᠤᠳᠠᠮ᠎ᠤᠨ ᠰᠢᠨ᠎ᠡ ᠵᠢᠯ᠎ᠤᠨ ᠪᠠᠷᠠᠯᠠᠯ
ᠨᠡᠶ᠋ᠢᠲᠡᠯᠡᠭᠰᠡᠨ ᠴᠠᠭ᠄ 2022-03-02

    ᠨᠢᠭᠡ ᠤᠳᠠᠭ᠋ᠠᠨ᠎ᠤ ᠴᠠᠰᠤ ᠣᠷᠣᠭᠰᠠᠨ᠎ᠤ ᠲᠠᠷᠠᠭ᠎ᠠ᠂ ᠰᠢᠯᠢ ᠵᠢᠨ ᠭᠣᠣᠯ ᠠᠢ᠌ᠮᠠᠭ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠤᠯᠠᠭ᠋ᠠᠨᠴᠠᠪ ᠰᠤᠮᠤ ᠵᠢᠨ ᠤᠯᠠᠨᠨᠠᠭᠤᠷ ᠭᠠᠴᠠᠭ᠎ᠠ ᠵᠢᠨ ᠠᠭ᠋ᠠᠷ᠎ᠤᠨ ᠳᠤᠯᠠᠭ᠋ᠠᠨ ᠲᠡᠭ᠎ᠠᠴᠠ ᠳᠣᠷᠣᠭᠰᠢ 20 ᠭ᠋ᠷᠡᠳᠦ᠋ᠰ᠎ᠲᠤ ᠬᠦᠷᠴᠡᠢ᠃ ᠬᠠᠷ᠎ᠠ ᠥᠷᠯᠥᠭᠡ᠂ ᠭᠠᠴᠠᠭ᠋ᠠᠨ᠎ᠤ ᠮᠠᠯᠴᠢᠨ ᠨᠠᠮ᠎ᠤᠨ ᠭᠡᠰᠢᠭᠦᠳ ᠨᠢᠭᠡᠳᠦᠭᠡᠷ ᠱᠦᠵᠢ ᠠᠭᠳᠦ᠋ᠮ᠎ᠤᠨ ᠤᠷᠢᠶᠠᠯᠠᠭ᠎ᠠ ᠵᠢ ᠴᠤᠤᠷᠢᠶᠠᠲᠤᠨ ᠳᠠᠭ᠋ᠠᠵᠤ᠂ ᠨᠠᠮ ᠪᠣᠯᠣᠨ ᠤᠯᠠᠨ ᠲᠦᠮᠡᠨ᠎ᠤ ᠠᠵᠢᠯᠯᠠᠭ᠎ᠠ ᠵᠢᠨ ᠲᠥᠪ᠎ᠲᠤ ᠴᠤᠭᠯᠠᠷᠠᠵᠠᠢ᠃ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠨᠢ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠬᠠᠷᠠᠯᠲᠠ ᠱᠠᠭ᠋ᠠᠷᠳᠠᠯᠭ᠎ᠠ᠎ᠪᠠᠨ ᠳᠤᠷᠠᠳᠤᠨ᠂ ᠭᠣᠣᠯᠳᠠᠯᠭ᠎ᠠ᠎ᠲᠠᠢ ᠡᠭᠦᠷᠭᠡ᠎ᠪᠠᠨ ᠪᠠᠢ᠌ᠷᠢᠯᠠᠭᠤᠯᠵᠤ᠂ ᠢᠷᠡᠭᠡᠳᠦᠢ ᠵᠢᠨ ᠲᠠᠪᠤᠨ ᠵᠢᠯ᠎ᠤᠨ ᠥᠪᠥᠷ ᠮᠣᠩᠭᠣᠯ᠎ᠤᠨ ᠬᠥᠭᠵᠢᠯᠲᠡ ᠵᠢᠨ ᠠᠤᠭ᠎ᠠ ᠲᠥᠰᠥᠪ᠎ᠢ ᠰᠢᠨᠵᠢᠯᠡᠬᠦ ᠤᠬᠠᠭ᠋ᠠᠨᠴᠢ᠎ᠪᠠᠷ ᠵᠢᠷᠤᠭᠯᠠᠵᠠᠢ᠃ ᠥᠨᠥᠳᠥᠷ ᠪᠢᠳᠡ ᠬᠠᠮᠲᠤ᠎ᠪᠠᠷ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠵᠢᠷᠤᠮᠯᠠᠨ᠂ ᠡᠨᠡ ᠵᠢᠯ᠎ᠤᠨ ᠭᠠᠴᠠᠭ᠋ᠠᠨ᠎ᠤ ᠬᠥᠭᠵᠢᠯᠲᠡ ᠵᠢᠨ ᠰᠡᠳᠬᠢᠴᠡ᠎ᠪᠠᠨ ᠬᠡᠷᠬᠢᠨ ᠲᠣᠭᠲᠠᠭ᠋ᠠᠬᠤ ᠲᠤᠬᠠᠢ ᠶᠠᠷᠢᠯᠴᠠᠬᠤ ᠵᠢᠨ ᠲᠥᠯᠥᠭᠡ ᠣᠯᠠᠨ᠎ᠢ ᠴᠤᠭᠯᠠᠭᠤᠯᠤᠭᠰᠠᠨ ᠶᠤᠮ》 ᠭᠡᠵᠡᠢ᠃  
    《ᠮᠠᠨ᠎ᠤ ᠭᠠᠴᠠᠭ᠎ᠠ ᠡᠯᠡᠰᠦᠨ᠎ᠳᠤ ᠪᠠᠢ᠌ᠷᠢᠯᠠᠵᠤ᠂ ᠭᠠᠩ ᠬᠠᠭᠰᠠᠷᠠᠭ᠋ᠠᠨ᠎ᠢ ᠶᠠᠷᠢᠬᠤ ᠦᠭᠡᠢ ᠪᠣᠯ ᠵᠠᠮ ᠬᠠᠷᠢᠯᠴᠠᠭ᠎ᠠ ᠳᠥᠭᠥᠮ ᠦᠭᠡᠢ ᠶᠤᠮ᠃ ᠡᠨᠡ ᠪᠣᠯ ᠮᠠᠨ᠎ᠤ ᠪᠣᠳᠠᠲᠤ ᠪᠠᠢ᠌ᠳᠠᠯ ᠮᠥᠨ᠃ ᠭᠡᠪᠡᠴᠦ᠂ ᠪᠢᠳᠡ ᠪᠠᠭᠤᠷᠠᠢ ᠲᠠᠯ᠎ᠠ᠎ᠪᠠᠨ ᠳᠠᠪᠠᠭᠤᠯᠢᠭ ᠲᠠᠯ᠎ᠠ ᠪᠣᠯᠭ᠋ᠠᠨ ᠬᠤᠪᠢᠷᠠᠭᠤᠯᠬᠤ ᠬᠡᠷᠡᠭᠲᠡᠢ᠂ ᠵᠢᠱ᠌ᠢᠶᠡᠯᠡᠪᠡᠯ᠂ ᠨᠢᠳᠤᠨᠤᠨ᠎ᠤ ᠪᠥᠭᠡᠮᠨᠡᠷᠡᠨ ᠦᠬᠡᠷ ᠲᠡᠵᠢᠭᠡᠬᠦ᠎ᠪᠠᠨ ᠳᠠᠬᠢᠨ ᠥᠷᠭᠡᠳᠬᠡᠵᠦ᠂ ᠪᠥᠬᠥ ᠮᠠᠯᠴᠢᠳ᠎ᠤᠨ ᠬᠠᠮᠲᠤ ᠵᠢᠨ ᠲᠠᠨᠢᠯᠲᠠ ᠵᠢ ᠪᠣᠶ ᠪᠣᠯᠭ᠋ᠠᠵᠤ᠂ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠶᠣᠰᠣᠭ᠋ᠠᠷ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠭᠦᠯᠦᠨ᠂ ᠲᠣᠭᠲᠠᠪᠤᠷᠢᠵᠢᠭᠤᠯᠵᠤ᠂ ᠳᠡᠭᠡᠭᠰᠢᠯᠡᠭᠦᠯᠵᠦ ᠪᠣᠯᠣᠨ᠎ᠠ᠃ ᠮᠢᠨᠤ ᠦᠵᠡᠬᠦ᠎ᠪᠠᠷ ᠢᠩᠭᠢᠪᠡᠯ ᠯᠠᠪᠲᠠᠢ ᠪᠣᠯᠣᠨ᠎ᠠ》 ᠭᠡᠵᠦ ᠮᠠᠯᠴᠢᠨ ᠨᠠᠮ᠎ᠤᠨ ᠭᠡᠰᠢᠭᠦᠨ ᠰᠡᠴᠡᠨᠬᠤᠸᠠ ᠬᠡᠯᠡᠵᠡᠢ᠃
    《ᠲᠠᠨ᠎ᠤ ᠬᠡᠯᠡᠬᠦ ᠮᠠᠰᠢ ᠵᠥᠪ ᠪᠠᠢ᠌ᠨ᠎ᠠ᠂ ᠭᠠᠴᠠᠭ᠋ᠠᠨ᠎ᠤ ᠨᠠᠮ᠎ᠤᠨ ᠭᠡᠰᠢᠭᠦᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠪᠠᠢ᠌ᠷᠢᠯᠠᠵᠤ᠂ ᠮᠠᠯᠴᠢᠨ ᠲᠦᠮᠡᠨ᠎ᠲᠠᠢ ᠬᠠᠮᠤᠭ᠎ᠤᠨ ᠨᠢᠭᠲᠠ ᠬᠠᠷᠢᠯᠴᠠᠭ᠎ᠠ᠎ᠲᠠᠢ᠂ ᠬᠠᠮᠤᠭ᠎ᠤᠨ ᠳᠣᠲᠣᠨᠣ ᠬᠠᠷᠢᠴᠠᠭ᠎ᠠ᠎ᠲᠠᠢ ᠪᠠᠢ᠌ᠳᠠᠭ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠥᠷᠭᠡᠨ ᠣᠯᠠᠨ ᠦᠨᠳᠦᠰᠦᠨ ᠱᠠᠲᠤᠨ᠎ᠤ ᠨᠠᠮ᠎ᠤᠨ ᠭᠡᠰᠢᠭᠦᠨ᠎ᠤ ᠣᠷᠤᠯᠴᠠᠬᠤ ᠪᠠ ᠬᠤᠪᠢ ᠨᠡᠮᠡᠷᠢ ᠦᠵᠡᠭᠦᠯᠬᠦ᠎ᠠᠴᠠ ᠶᠠᠭ᠋ᠠᠬᠢᠭᠰᠠᠨ ᠴᠤ᠌ ᠰᠠᠯᠵᠤ ᠪᠣᠯᠬᠤ ᠦᠭᠡᠢ᠂ ᠪᠢᠳᠡ ᠭᠠᠴᠠᠭ᠋ᠠᠨ᠎ᠤ ᠪᠥᠬᠥ ᠮᠠᠯᠴᠢᠳ᠎ᠢ ᠳᠠᠭ᠋ᠠᠭᠤᠯᠤᠨ ᠠᠵᠤ ᠦᠶ᠋ᠢᠯᠡᠰᠵᠢᠯᠲᠡ ᠵᠢᠨ ᠬᠥᠭᠵᠢᠯᠲᠡ ᠵᠢᠨ ᠵᠠᠮ ᠵᠶ᠋ᠠᠷ 〈ᠬᠥᠳᠡᠯᠦᠯᠴᠡᠶ᠎ᠡ〉》 ᠭᠡᠵᠡᠢ᠃
ᠬᠠᠷᠠᠬᠠᠨ ᠪᠠᠭ᠎ᠠ ᠎ᠠᠴᠠ᠎ᠪᠠᠨ ᠮᠠᠯᠵᠢᠬᠤ ᠣᠷᠣᠨ᠎ᠳᠤ ᠥᠰᠦᠭᠰᠡᠨ ᠬᠡᠦᠬᠡᠳ ᠪᠣᠯᠤᠭᠰᠠᠨ᠎ᠤ ᠬᠤᠪᠢ᠎ᠳᠤ᠂ ᠡᠢ᠌ᠮᠦᠷᠬᠦ ᠠᠮᠢ ᠠᠬᠤᠢ ᠵᠢᠨ ᠣᠷᠴᠢᠨ ᠨᠥᠬᠥᠴᠡᠯ᠎ᠨᠢ ᠮᠠᠯᠴᠢᠳ᠎ᠲᠤ ᠠᠪᠴᠤ ᠬᠡᠯᠡᠪᠡᠯ᠂ ᠵᠢᠯ ᠪᠦᠷᠢ ᠵᠢᠨ ᠮᠠᠯ᠎ᠤᠨ ᠡᠪᠡᠰᠦ ᠪᠣᠷᠳᠣᠭ᠎ᠠ ᠵᠢ ᠴᠥᠮ ᠭᠠᠳᠠᠷ ᠣᠷᠣᠨ ᠎ᠠᠴᠠ ᠬᠤᠳᠠᠯᠳᠤᠨ ᠠᠪᠴᠤ᠂ ᠪᠤᠰᠤᠳ ᠭᠠᠴᠠᠭ᠎ᠠ᠎ᠲᠠᠢ ᠬᠠᠷᠢᠴᠠᠭᠤᠯᠪᠠᠯ᠂ ᠠᠮᠢᠳᠤᠷᠠᠯ᠎ᠤᠨ ᠳᠠᠷᠤᠭ᠋ᠠᠰᠤ᠎ᠨᠢ ᠵᠠᠢ᠌ᠯᠠᠰᠢ ᠦᠭᠡᠢ ᠪᠠᠭ᠎ᠠ ᠪᠤᠰᠤ ᠨᠡᠮᠡᠭᠳᠡᠬᠦ ᠪᠣᠯᠣᠨ᠎ᠠ ᠭᠡᠳᠡᠭ᠎ᠢ ᠠᠭᠤᠳᠠᠮ ᠲᠣᠳᠣᠷᠬᠠᠢ ᠮᠡᠳᠡᠵᠦ ᠪᠠᠢ᠌ᠨ᠎ᠠ᠃
    ᠬᠥᠭᠵᠢᠯᠲᠡ ᠵᠢᠨ ᠥᠭᠡᠳᠡᠯᠡᠬᠦ ᠵᠠᠮ᠎ᠨᠢ ᠬᠠᠮᠢᠭ᠎ᠠ ᠪᠠᠢ᠌ᠬᠤ ᠪᠤᠢ? ᠠᠭᠤᠳᠠᠮ ᠰᠠᠷ᠎ᠠ ᠭᠠᠷᠤᠢ ᠵᠢᠨ ᠴᠠᠭ᠎ᠢ ᠠᠰᠢᠭᠯᠠᠨ᠂ ᠪᠥᠬᠥ ᠭᠠᠴᠠᠭ᠋ᠠᠨ᠎ᠤ 132 ᠪᠠᠢ᠌ᠩᠭᠤ ᠰᠠᠭᠤᠭ᠎ᠠ ᠡᠷᠦᠬᠡ ᠵᠢ ᠰᠤᠷᠪᠤᠯᠵᠢᠯᠠᠪᠠ᠃ ᠲᠤᠬᠠᠢ ᠵᠢᠨ ᠭᠠᠵᠠᠷ᠎ᠤᠨ ᠪᠠᠢ᠌ᠭ᠋ᠠᠯᠢ ᠵᠢᠨ ᠨᠥᠬᠥᠴᠡᠯ ᠪᠣᠯᠣᠨ ᠬᠥᠭᠵᠢᠯᠲᠡ ᠵᠢᠨ ᠰᠠᠭᠤᠷᠢ ᠵᠢ ᠦᠨᠳᠦᠰᠦᠯᠡᠵᠦ᠂   ᠪᠣᠯᠣᠨ ᠭᠠᠴᠠᠭ᠎ᠠ ᠵᠢᠨ 《ᠬᠣᠶᠠᠷ ᠵᠥᠪᠯᠡᠯ》᠎ᠠᠴᠠ ᠠᠮᠢ ᠠᠬᠤᠢ ᠵᠢᠨ ᠲᠡᠩᠴᠡᠭᠦᠷᠢ ᠪᠣᠯᠣᠨ ᠠᠵᠤ ᠠᠬᠤᠢ ᠵᠢᠨ ᠦᠷ᠎ᠡ ᠠᠰᠢᠭ᠎ᠢ ᠬᠠᠮᠲᠤ᠎ᠳᠤᠨᠢ ᠬᠠᠷᠠᠭ᠋ᠠᠯᠵᠠᠵᠤ᠂ ᠮᠠᠯᠴᠢᠳ᠎ᠢ ᠪᠦᠯᠬᠦᠮᠳᠡᠭᠦᠯᠦᠨ ᠬᠥᠭᠵᠢᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠲᠤᠰᠬᠠᠢ ᠬᠣᠷᠰᠢᠶ᠎ᠠ ᠵᠢ ᠵᠣᠬᠢᠶᠠᠨ ᠪᠠᠢ᠌ᠭᠤᠯᠵᠤ᠂ ᠡᠯᠡᠰᠦ ᠵᠢ ᠵᠠᠰᠠᠬᠤ ᠪᠠ ᠡᠯᠡᠰᠦᠷᠬᠡᠭ ᠭᠠᠵᠠᠷ᠎ᠤᠨ ᠣᠨᠴᠠᠯᠢᠭᠲᠤ ᠠᠵᠤ ᠦᠢ᠍ᠯᠡᠰ᠎ᠢ ᠬᠠᠷᠢᠯᠴᠠᠨ ᠤᠶᠠᠯᠳᠤᠭᠤᠯᠬᠤ ᠵᠢ ᠬᠠᠢ᠌ᠨ ᠰᠦᠪᠡᠭᠴᠢᠯᠡᠵᠦ᠂ ᠬᠠᠭ᠋ᠠᠯᠪᠤᠷᠢᠯᠠᠬᠤ ᠦᠭᠡᠢ᠎ᠪᠠᠷ ᠪᠡᠯᠴᠢᠭᠡᠷ ᠡᠪᠡᠰᠦ ᠳᠠᠷᠢᠬᠤ ᠵᠡᠷᠭᠡ ᠲᠥᠷᠥᠯ ᠵᠦᠢ᠍ᠯ᠎ᠢ ᠨᠡᠭᠡᠭᠡᠨ ᠬᠥᠭᠵᠢᠭᠦᠯᠵᠦ᠂ ᠮᠡᠷᠭᠡᠵᠢᠯ᠂ ᠨᠠᠷᠠᠲᠤ ᠲᠥᠷᠥᠯ ᠲᠡᠮᠳᠡᠭᠲᠦ ᠵᠢᠨ ᠲᠠᠯ᠎ᠠ᠎ᠪᠠᠷ ᠬᠦᠴᠦ ᠣᠷᠣᠭᠤᠯᠵᠤ᠂ ᠭᠠᠴᠠᠭ᠎ᠠ ᠵᠢᠨ ᠳᠠᠯᠳᠠ ᠬᠦᠴᠦᠨ᠎ᠢ ᠭᠦᠨ ᠠᠭᠤᠳᠠᠯᠵᠤ᠂ ᠮᠠᠯᠴᠢᠳ᠎ᠤᠨ 《ᠵᠣᠭᠣᠰᠤᠨ ᠤᠭᠤᠲᠠ》 ᠵᠢ ᠬᠥᠭᠵᠢᠭᠡᠬᠦ᠎ᠪᠠᠷ ᠲᠣᠭᠲᠠᠪᠠ᠃
    《ᠪᠢᠳᠡ ᠦᠬᠡᠷ ᠵᠶ᠋ᠡᠨ ᠰᠠᠢ᠍ᠨ ᠲᠡᠵᠢᠭᠡᠪᠡᠯ ᠪᠣᠯᠴᠢᠨ᠎ᠠ᠂ ᠦᠬᠡᠷ ᠲᠡᠵᠢᠭᠡᠬᠦ᠎ᠳᠤ ᠪᠠᠰᠠ ᠪᠥᠭᠡᠮ ᠵᠶ᠋ᠡᠷ ᠲᠡᠵᠢᠭᠡᠵᠦ ᠪᠣᠯᠬᠤ ᠦᠦ? ᠳᠠᠬᠢᠭ᠋ᠠᠳ ᠬᠡᠯᠡᠪᠡᠯ ᠣᠳᠣ ᠵᠢᠨ ᠠᠮᠢᠳᠤᠷᠠᠯ ᠥᠩᠭᠡᠷᠡᠭᠰᠡᠨ᠎ᠤ᠎ᠬᠢ᠎ᠠᠴᠠ ᠬᠣᠯᠠ ᠰᠠᠢ᠍ᠵᠢᠷᠠᠵᠠᠢ》 ᠭᠡᠪᠡ᠃ ᠵᠠᠷᠢᠮ ᠮᠠᠯᠴᠢᠳ ᠭᠠᠴᠠᠭ᠋ᠠᠨ᠎ᠤ ᠪᠠᠭ᠎ᠤᠨ ᠬᠥᠭᠵᠢᠯᠲᠡ ᠵᠢᠨ ᠰᠡᠳᠬᠢᠴᠡ᠎ᠳᠤ ᠡᠷᠡᠭᠡᠯᠵᠡᠭᠡ᠎ᠲᠠᠢ ᠪᠠᠢ᠌ᠨ᠎ᠠ᠃
    《ᠪᠢᠳᠡ ᠣᠳᠣᠬᠢ ᠪᠠᠢ᠌ᠳᠠᠯ᠎ᠳᠠᠭᠠᠨ ᠰᠡᠳᠬᠢᠯ ᠬᠠᠨᠵᠤ ᠪᠣᠯᠬᠤ ᠦᠭᠡᠢ ᠰᠢᠸ᠋᠂ ᠮᠠᠨ᠎ᠤ ᠣᠲᠣ ᠵᠢᠨ ᠦᠬᠡᠷ 100 ᠲᠥᠭᠥᠷᠢᠭ ᠣᠯᠵᠤ ᠳᠡᠶ᠋ᠢᠯᠬᠦ᠎ᠪᠠᠷ ᠪᠤᠳᠤᠪᠠᠯ᠂ ᠬᠤᠷᠰᠢᠶ᠎ᠠ ᠪᠠᠢ᠌ᠭᠤᠯᠤᠭᠰᠠᠨ᠎ᠤ ᠳᠠᠷᠠᠭ᠎ᠠ ᠨᠢᠭᠡ ᠦᠬᠡᠷ 1000 ᠲᠥᠭᠥᠷᠢᠭ ᠣᠯᠵᠤ ᠮᠠᠭ᠋ᠠᠳ ᠦᠭᠡᠢ᠂ ᠪᠥᠭᠡᠮᠨᠡᠷᠡᠨ ᠦᠬᠡᠷ ᠲᠡᠵᠢᠭᠡᠬᠦ᠎ᠨᠢ ᠬᠠᠷᠢᠨ ᠣᠯᠠᠨ ᠵᠶ᠋ᠠᠷ ᠵᠶ᠋ᠠᠨ ᠬᠠᠮᠲᠤ᠎ᠪᠠᠷ ᠮᠠᠯ ᠬᠠᠷᠢᠭᠤᠯᠵᠤ᠂ ᠬᠠᠮᠲᠤ᠎ᠪᠠᠷ ᠦᠬᠡᠷ ᠲᠡᠵᠢᠭᠡᠬᠦ ᠶᠠᠪᠤᠳᠠᠯ ᠪᠢᠰᠢ ᠶᠤᠮ》 ᠭᠡᠵᠦ ᠬᠡᠯᠡᠵᠦ ᠪᠣᠯᠬᠤ ᠶᠤᠮ᠃   ᠪᠢᠳᠡ ᠣᠲᠣ ᠵᠢᠨ ᠪᠠᠢ᠌ᠳᠠᠯ᠎ᠳᠠᠭᠠᠨ ᠰᠡᠳᠬᠢᠯ ᠬᠠᠨᠵᠤ ᠪᠣᠯᠬᠤ ᠦᠭᠡᠢ᠂ ᠪᠢᠳᠡ ᠣᠲᠣ ᠵᠢᠨ ᠦᠬᠡᠷ ᠵᠶ᠋ᠡᠨ 100 ᠲᠥᠭᠥᠷᠢᠭ ᠣᠯᠵᠤ ᠳᠡᠶ᠋ᠢᠯᠬᠦ᠎ᠪᠠᠷ ᠪᠤᠳᠤᠪᠠᠯ᠂ ᠬᠤᠷᠰᠢᠶ᠎ᠠ ᠪᠠᠢ᠌ᠭᠤᠯᠤᠭᠰᠠᠨ᠎ᠤ ᠳᠠᠷᠠᠭ᠎ᠠ ᠨᠢᠭᠡ ᠦᠬᠡᠷ 1000 ᠲᠥᠭᠥᠷᠢᠭ ᠣᠯᠵᠤ ᠳᠡᠶ᠋ᠢᠯᠦᠨ᠎ᠡ᠃ ᠨᠢᠭᠡ ᠵᠢᠱ᠌ᠢᠶ᠎ᠡ ᠲᠠᠲᠠᠪᠠᠯ᠂ ᠪᠢᠳᠡ ᠦᠢ᠍ᠯᠡᠳᠪᠦᠷᠢᠯᠡᠯ᠎ᠤᠨ ᠬᠡᠷᠡᠭᠰᠡᠯ ᠵᠶ᠋ᠡᠨ ᠡᠮᠬᠢᠯᠡᠨ ᠨᠡᠢ᠌ᠯᠡᠭᠦᠯᠵᠦ᠂ ᠠᠵᠤ ᠠᠬᠤᠢ᠌ᠯᠠᠯ᠎ᠲᠠᠢ ᠤᠷᠢᠳᠴᠢᠯᠠᠨ ᠭᠡᠷ᠎ᠡ ᠲᠣᠭᠲᠠᠭ᠋ᠠᠵᠤ᠂ ᠠᠵᠤ ᠠᠬᠤᠢ᠌ᠯᠠᠯ᠎ᠠᠴᠠ ᠪᠢᠳᠡᠨ᠎ᠳᠤ ᠨᠠᠢ᠌ᠳᠠᠨ ᠲᠡᠵᠢᠭᠡᠯᠭᠡᠵᠦ᠂ ᠲᠡᠷᠡ ᠦᠶ᠎ᠡ᠎ᠳᠤ ᠪᠢᠳᠡ ᠦᠬᠡᠷ ᠵᠶ᠋ᠡᠨ ᠠᠵᠤ ᠠᠬᠤᠢ᠌ᠯᠠᠯ᠎ᠳᠤ ᠬᠤᠳᠠᠯᠳᠤᠨ ᠥᠭᠴᠦ ᠪᠣᠯᠣᠨ᠎ᠠ᠃ ᠠᠶᠤᠯ ᠲᠦᠭᠰᠢᠭᠦᠷᠢ ᠵᠢ ᠬᠠᠮᠲᠤ᠎ᠪᠠᠷ ᠡᠭᠦᠷᠭᠡᠯᠡᠵᠦ᠂ ᠦᠷ᠎ᠡ ᠠᠰᠢᠭ᠎ᠢ ᠪᠠᠲᠤᠯᠠᠭ᠎ᠠ᠎ᠲᠠᠢ ᠪᠠᠢ᠌ᠯᠭ᠋ᠠᠨ᠎ᠠ᠃》
 《ᠡᠨᠡ ᠬᠦ᠌ ᠰᠡᠳᠬᠢᠮᠵᠢ ᠵᠢ ᠰᠣᠨᠣᠰᠬᠤ᠎ᠳᠤ ᠶᠡᠬᠡ ᠰᠠᠢ᠌ᠨ ᠪᠠᠢ᠌ᠨ᠎ᠠ᠂ ᠪᠣᠯᠣᠨ᠎ᠠ᠂ ᠠ ᠱᠦᠵᠢ ᠠ᠋᠂ ᠪᠢ ᠨᠡᠷ᠎ᠡ ᠮᠡᠳᠡᠭᠦᠯᠦᠶ᠎ᠡ》 ᠭᠠᠴᠠᠭ᠋ᠠᠨ᠎ᠤ ᠨᠠᠮ᠎ᠤᠨ ᠭᠡᠰᠢᠭᠦᠨ ᠰᠡᠴᠡᠨᠬᠤᠸᠠ ᠬᠠᠮᠤᠭ᠎ᠤᠨ ᠲᠦᠷᠦᠭᠦᠨ᠎ᠳᠤ ᠢᠳᠡᠪᠬᠢᠲᠡᠢ᠎ᠪᠠᠷ ᠴᠤᠤᠷᠢᠶᠠᠲᠤᠨ ᠳᠠᠭ᠋ᠠᠪᠠ᠃
    ᠤᠯᠠᠨ᠎ᠤ ᠡᠷᠡᠭᠡᠯᠵᠡᠭᠡ ᠵᠢ ᠠᠯᠳᠠᠷᠠᠭ᠋ᠠᠬᠤ ᠵᠢᠨ ᠲᠥᠯᠥᠭᠡ᠂ ᠠᠭᠤᠳᠤᠮ ᠭᠠᠴᠠᠭ᠋ᠠᠨ᠎ᠤ ᠨᠠᠮ᠎ᠤᠨ ᠭᠡᠰᠢᠭᠦᠳ᠎ᠲᠠᠢ ᠰᠠᠨᠠᠯ ᠵᠶ᠋ᠠᠨ ᠰᠣᠯᠢᠯᠴᠠᠵᠤ᠂ ᠪᠠᠶᠠᠵᠢᠯ᠎ᠤᠨ ᠬᠡᠳᠦᠨ ᠳᠠᠭ᠋ᠠᠭᠤᠯᠤᠭᠴᠢ ᠵᠢ ᠲᠣᠭᠲᠠᠭ᠋ᠠᠵᠤ᠂ ᠴᠠᠭ᠋ᠠᠨ ᠰᠠᠷ᠎ᠠ ᠥᠩᠭᠡᠷᠡᠭᠰᠡᠨ᠎ᠤ ᠳᠠᠷᠠᠭ᠎ᠠ᠂ ᠭᠠᠴᠠᠭ᠋ᠠᠨ᠎ᠤ 《ᠬᠣᠶᠠᠷ ᠵᠥᠪᠯᠡᠯ》᠎ᠤᠨ ᠭᠡᠰᠢᠭᠦᠳ᠎ᠲᠠᠢ ᠬᠠᠮᠲᠤ ᠪᠤᠰᠤᠳ ᠬᠣᠰᠢᠭᠤ ᠰᠢᠶᠠᠨ᠎ᠳᠤ ᠬᠦᠷᠴᠦ ᠰᠤᠷᠤᠯᠴᠠᠬᠤ᠎ᠪᠠᠷ ᠪᠡᠯᠡᠳᠬᠡᠬᠦ᠎ᠪᠠᠷ ᠲᠣᠭᠲᠠᠵᠠᠢ᠃
    《ᠬᠢᠯᠢ ᠵᠢᠨ ᠪᠣᠭᠣᠮᠲᠠ ᠵᠢᠨ ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠭᠤᠤ ᠶᠡᠬᠡ ᠦᠢ᠍ᠯᠡᠳᠦᠯᠭᠡ᠎ᠳᠤ ᠢᠳᠡᠪᠬᠢᠲᠡᠢ ᠣᠷᠣᠯᠴᠠᠭᠰᠠᠨ᠎ᠳᠠᠭᠠᠨ ᠪᠢ ᠲᠤᠢ᠌ᠯ ᠵᠶ᠋ᠠᠷ ᠣᠮᠣᠭᠰᠢᠵᠤ ᠪᠠᠢ᠌ᠨ᠎ᠠ᠂ ᠢᠷᠡᠭᠡᠳᠦᠢ᠎ᠳᠤ ᠪᠢ ᠪᠠᠰᠠ ᠠᠵᠢᠯ᠎ᠤᠨ ᠳᠠᠪᠠᠭᠤᠯᠢᠭ ᠵᠶ᠋ᠠᠨ ᠠᠰᠢᠭᠯᠠᠵᠤ᠂ ᠪᠣᠭᠣᠮᠲᠠ ᠪᠠ ᠠᠵᠤ ᠠᠬᠤᠢ᠌ᠯᠠᠯ ᠬᠠᠮᠲᠤᠷᠠᠯᠴᠠᠨ ᠬᠠᠪᠰᠤᠷᠤᠨ ᠲᠡᠳᠬᠦᠬᠦ ᠵᠠᠭᠪᠤᠷ᠎ᠢ ᠰᠦᠪᠡᠭᠴᠢᠯᠡᠵᠦ᠂ ᠮᠠᠯᠴᠢᠳ᠎ᠤᠨ ᠠᠮᠢᠳᠤᠷᠠᠯ᠎ᠢ ᠤᠯᠠᠮ᠎ᠠᠴᠠ ᠤᠯᠠᠮ ᠬᠥᠭᠵᠢᠶᠡᠨᠲᠡᠢ ᠪᠣᠯᠭ᠋ᠠᠨ᠎ᠠ!》ᠭᠡᠵᠦ ᠬᠡᠯᠡᠪᠡ᠃ ᠤᠯᠠᠨᠨᠠᠭᠤᠷ ᠭᠠᠴᠠᠭ᠎ᠠ ᠵᠢᠨ ᠢᠷᠡᠭᠡᠳᠦᠢ ᠵᠢᠨ ᠬᠥᠭᠵᠢᠯᠲᠡ ᠵᠢᠨ ᠲᠤᠬᠠᠢ ᠶᠠᠷᠢᠬᠤ᠎ᠳᠤ ᠠᠭᠤᠲᠤ ᠵᠢᠨ ᠮᠣᠳᠣ ᠴᠡᠭᠡᠵᠢᠨ᠎ᠳᠡᠭᠡᠨ ᠬᠤᠯᠤᠰᠤ᠎ᠲᠠᠢ ᠪᠠᠢ᠌ᠯ᠎ᠠ᠃
    ᠲᠤᠰᠢᠶᠠᠯ᠎ᠳᠤ ᠭᠠᠷᠤᠭᠰᠠᠨ᠎ᠤ᠎ᠪᠠᠨ ᠲᠠᠷᠠᠭ᠎ᠠ᠂ ᠠᠭᠤᠳᠤᠮ ᠥᠪᠡᠷ᠎ᠢ᠎ᠪᠠᠨ ᠤᠯᠠᠨᠨᠠᠭᠤᠷ ᠭᠠᠴᠠᠭ᠎ᠠ ᠵᠢᠨ ᠨᠢᠭᠡ ᠭᠡᠰᠢᠭᠦᠨ ᠵᠶ᠋ᠡᠷ ᠦᠵᠡᠵᠦ᠂ ᠤᠳᠠᠭ᠎ᠠ ᠲᠠᠷᠠᠭ᠎ᠠ᠎ᠪᠠᠷ ᠡᠷᠤᠭᠡ᠎ᠳᠤ ᠬᠦᠷᠴᠦ ᠪᠠᠢ᠌ᠴᠠᠭ᠋ᠠᠯᠲᠠ ᠬᠢᠵᠦ᠂ ᠤᠳᠠᠭ᠎ᠠ ᠲᠠᠷᠠᠭ᠎ᠠ᠎ᠪᠠᠷ ᠬᠡᠭᠡᠷ᠎ᠡ ᠭᠠᠳᠠᠨ᠎ᠠ ᠬᠠᠢ᠌ᠨ ᠪᠠᠢ᠌ᠴᠠᠭ᠋ᠠᠬᠤ ᠪᠠ ᠤᠳᠠᠭ᠎ᠠ ᠲᠠᠷᠠᠭ᠎ᠠ᠎ᠪᠠᠷ ᠰᠥᠨᠢ ᠵᠢᠨ ᠪᠠᠢ᠌ᠯᠳᠤᠭ᠋ᠠᠨ ᠬᠢᠵᠦ᠂ ᠴᠠᠭ ᠬᠤᠭᠤᠴᠠᠭ᠎ᠠ ᠵᠢᠨ ᠥᠩᠭᠡᠷᠡᠬᠦ ᠵᠢ ᠳᠠᠭ᠋ᠠᠯᠳᠤᠨ᠂ ᠲᠡᠭᠦᠨ᠎ᠤ ᠡᠨᠡᠬᠦ ᠨᠤᠲᠤᠭ ᠳᠡᠪᠢᠰᠬᠡᠷ᠎ᠲᠠᠬᠢ ᠬᠠᠯᠠᠭᠤᠨ ᠰᠡᠳᠬᠢᠯᠭᠡ᠎ᠨᠢ ᠴᠦ᠍ ᠨᠡᠮᠡᠭᠳᠡᠵᠦ ᠪᠠᠢ᠌ᠯ᠎ᠠ᠃
    《ᠱᠦᠵᠢ ᠣᠷᠣᠢ ᠤᠨᠲᠠᠳᠠᠭ᠂ ᠵᠠᠷᠢᠮ᠎ᠳᠠᠭᠠᠨ ᠪᠢ ᠣᠷᠣᠢ ᠭᠠᠷᠴᠤ ᠢᠷᠡᠭᠡᠳ ᠬᠠᠰᠢᠶᠠᠨ᠎ᠳᠠᠬᠢ ᠦᠬᠡᠷ᠎ᠢ ᠦᠵᠡᠳᠡᠭ᠂ ᠠ ᠱᠦᠵᠢ ᠵᠢᠨ ᠥᠷᠥᠭᠡᠨ᠎ᠤ ᠳ᠋ᠧᠩ ᠵᠶ᠋ᠡᠨ ᠥᠨᠳᠡᠢ᠌ᠯᠭᠡᠪᠡᠯ ᠪᠠᠰᠠ ᠯᠠ ᠠᠰᠠᠵᠤ ᠪᠠᠢ᠌ᠳᠠᠭ᠃》 《ᠠ᠊ ᠱᠦᠵᠢ ᠵᠢᠨ ᠥᠷᠥᠭᠡᠨ᠎ᠤ ᠳ᠋ᠧᠩ ᠵᠶ᠋ᠡᠨ ᠠᠰᠠᠭ᠋ᠠᠵᠤ ᠪᠠᠢ᠌ᠳᠠᠭ》᠃ ᠭᠡᠵᠦ ᠮᠠᠯᠴᠢᠨ ᠪᠦᠷᠢᠨ ᠬᠡᠯᠡᠪᠡ᠃
 《ᠪᠢ ᠣᠷᠣᠢ᠎ᠳᠠᠭᠠᠨ ᠰᠦᠯᠵᠢᠶᠡᠨ ᠳᠡᠭᠡᠷ᠎ᠡ᠎ᠠᠴᠠ ᠮᠠᠲ᠋ᠧᠷᠢᠶᠠᠯ ᠡᠷᠢᠵᠦ᠂ ᠪᠤᠰᠤᠳ ᠭᠠᠵᠠᠷ ᠣᠷᠣᠨ᠎ᠤ ᠰᠠᠢ᠌ᠨ ᠲᠤᠷᠰᠢᠯᠭ᠎ᠠ ᠪᠠ ᠠᠷᠭ᠎ᠠ ᠬᠢᠳᠡᠯ ᠎ᠢ ᠣᠢ᠌ᠯᠠᠭ᠋ᠠᠵᠤ᠂ ᠡᠳᠦᠷ᠎ᠤᠨ ᠠᠵᠢᠯ᠎ᠤᠨ ᠠᠭᠤᠯᠭ᠎ᠠ᠎ᠪᠠᠨ ᠡᠮᠬᠢᠯᠡᠨ ᠲᠢᠭᠯᠡᠬᠦ ᠳᠤᠷᠠᠲᠠᠢ᠂ ᠴᠠᠭ ᠪᠣᠯ ᠳᠠᠩᠴᠤ ᠡᠷᠬᠢᠮ ᠨᠠᠨᠳᠢᠨ ᠶᠤᠮ᠂ ᠮᠢᠨᠤ ᠡᠮᠦᠨᠡᠬᠢ ᠬᠤᠭᠤᠴᠠᠭ᠋ᠠᠨ᠎ᠤ ᠪᠠᠢ᠌ᠴᠠᠭ᠋ᠠᠨ ᠰᠤᠳᠤᠯᠤᠯᠲᠠ ᠪᠠ ᠲᠣᠭ᠎ᠠ ᠪᠠᠷᠢᠮᠲᠠ ᠵᠢᠨ ᠴᠤᠭᠯᠠᠭᠤᠯᠭ᠎ᠠ᠎ᠨᠢ ᠬᠥᠬᠡᠬᠣᠲᠠ ᠵᠢᠨ ᠪᠣᠭᠣᠮᠲᠠ ᠵᠢᠨ ᠳᠠᠷᠠᠭ᠋ᠠᠴᠢ ᠵᠢᠨ ᠠᠯᠬᠤᠮ᠎ᠳᠤ ᠤᠨᠢᠨ ᠳᠡᠭᠡᠷ᠎ᠡ᠎ᠨᠢ ᠬᠠᠪᠰᠤᠷᠤᠨ ᠲᠡᠳᠬᠦᠬᠦ᠎ᠳᠤ ᠮᠠᠰᠢ ᠴᠢᠬᠤᠯᠠ ᠦᠢ᠍ᠯᠡᠳᠦᠯ᠎ᠲᠠᠢ ᠪᠣᠯᠬᠣᠷ ᠵᠣᠬᠢᠶᠠᠨ ᠪᠠᠢ᠌ᠭᠤᠯᠤᠯᠲᠠ ᠵᠢᠨ ᠢᠲᠡᠭᠡᠯ ᠎ᠢ ᠬᠥᠰᠡᠷᠳᠡᠭᠦᠯᠵᠦ ᠪᠣᠯᠬᠤ ᠦᠭᠡᠢ》   ᠭᠡᠵᠦ ᠠᠭᠤᠳᠠᠮ ᠬᠡᠯᠡᠪᠡ᠃
    ᠦᠨᠳᠦᠰᠦᠲᠡᠨ ᠵᠶ᠋ᠡᠨ ᠰᠡᠷᠭᠦᠭᠡᠨ ᠮᠠᠨᠳᠤᠭᠤᠯᠬᠤ᠎ᠳᠤ ᠬᠥᠳᠡᠭᠡ ᠲᠣᠰᠬᠣᠨ᠎ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠵᠦ᠂ ᠥᠷᠭᠡᠨ ᠠᠭᠤᠳᠠᠮ ᠲᠠᠯ᠎ᠠ ᠨᠤᠲᠤᠭ᠎ᠤᠨ ᠬᠥᠭᠵᠢᠯᠲᠡ ᠵᠢᠨ ᠬᠦᠴᠦᠨ᠎ᠢ ᠬᠤᠷᠠᠮᠳᠤᠭᠤᠯᠵᠤ ᠪᠠᠢ᠌ᠨ᠎ᠠ᠃ ᠠᠭᠤᠳᠠᠮ᠄ 《ᠨᠢᠭᠡᠨ ᠵᠠᠯᠠᠭᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠵᠠᠪᠠᠯ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠨ ᠲᠤᠤᠱᠯᠠᠭᠤᠯᠵᠤ᠂ ᠡᠬᠡ ᠤᠯᠤᠰ᠎ᠤᠨ ᠤᠮᠠᠷᠠᠲᠤ ᠵᠢᠨ ᠡᠨᠡᠬᠦ ᠦᠵᠡᠮᠵᠢ ᠵᠢᠨ ᠣᠷᠣᠨ᠎ᠢ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠶ᠋ᠢᠭᠤᠯᠬᠤ᠎ᠳᠤ ᠥᠪᠡᠷ᠎ᠤᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠾᠧ ᠯᠢ ᠫᠢᠩ᠄ ᠦᠬᠡᠷ ᠲᠡᠵᠢᠭᠡᠬᠦ 《ᠪᠠᠶᠠᠵᠢᠯ᠎ᠤᠨ ᠰᠤᠳᠤᠷ》᠎ᠢ ᠠᠮᠢᠳᠤᠯᠢᠭ ᠵᠶ᠋ᠠᠷ ᠤᠩᠰᠢᠨ᠎ᠠ
【ᠪᠠᠶᠠᠵᠢᠯ᠎ᠤᠨ ᠬᠣᠰᠢᠭᠤᠴᠢ】 ᠪᠠᠶᠠᠵᠢᠯ᠎ᠤᠨ 《ᠤᠷᠢᠬᠠᠨ ᠬᠠᠪᠤᠷ》 ᠵᠦᠭ ᠨᠢᠰᠪᠡ
【ᠦᠨᠳᠦᠰᠦᠨ ᠱᠠᠲᠤᠨ᠎ᠤ ᠴᠤᠭ ᠵᠢᠪᠬᠤᠭ᠎ᠠ】 ᠲᠣᠰᠬᠣᠨ᠎ᠤ ᠠᠷᠠᠳ《ᠦᠢ᠍ᠯᠡᠳᠬᠦᠨ᠎ᠤ ᠦᠷᠳᠡᠭ》᠎ᠲᠠᠢ ᠲᠣᠰᠬᠣᠨ᠎ᠤ ᠳᠦᠷᠰᠦ ᠪᠠᠢ᠌ᠳᠠᠯ᠎ᠨᠢ 《ᠥᠩᠭᠡ ᠵᠢᠰᠦ》᠎ᠪᠠᠷ ᠨᠡᠮᠡᠭᠳᠡᠵᠡᠢ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠸᠠᠩ ᠲᠢᠩ ᠴᠢᠨ ᠮᠠᠰᠢ 《ᠠᠵᠢᠯᠴᠢ》
【ᠦᠨᠳᠦᠰᠦᠨ ᠱᠠᠲᠤᠨ᠎ᠤ ᠴᠣᠭ ᠵᠢᠪᠬᠤᠭ᠎ᠠ 】 ᠯᠢ ᠭᠦᠸᠧ ᠴᠢᠨ ᠄ ᠨᠤᠲᠤᠭ ᠤᠰᠤ᠎ᠪᠠᠨ ᠨᠠᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠥᠲᠥᠭᠡᠨ ᠪᠠᠶ᠋ᠢᠭᠤᠯᠤᠨ᠎ᠠ
 
            