ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ》】 ᠸᠠᠩ ᠸᠸᠨ ᠯᠦᠩ᠄ ᠲᠣᠰᠬᠣᠨ᠎ᠳᠤ ᠰᠠᠭᠤᠬᠤ᠎ᠳᠤ᠎ᠪᠠᠨ ᠰᠡᠳᠬᠢᠯ ᠵᠢᠷᠦᠬᠡᠨ᠎ᠠᠴᠠ᠎ᠪᠠᠨ ᠰᠠᠭᠤᠭᠰᠠᠨ ᠨᠢᠭᠡᠳᠦᠭᠡᠷ ᠱᠦᠵᠢ
ᠨᠡᠶ᠋ᠢᠲᠡᠯᠡᠭᠰᠡᠨ ᠴᠠᠭ᠄ 2022-03-02

    ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠵᠠᠩᠭᠢᠯᠠᠭ᠎ᠠ᠎ᠨᠢ ᠬᠥᠮᠥᠨ᠎ᠳᠤ ᠪᠤᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠶᠠᠪᠤᠴᠠ᠎ᠳᠤ᠂ ᠡᠢ᠌ᠮᠦ ᠨᠢᠭᠡ ᠪᠦᠯᠦᠭ ᠬᠥᠮᠥᠰ ᠬᠤᠳᠠ᠎ᠠᠴᠠ ᠬᠥᠳᠡᠭᠡ ᠲᠣᠰᠬᠣᠨ᠎ᠳᠤ ᠢᠷᠡᠵᠤ᠂ ᠨᠤᠲᠤᠭ ᠤᠰᠤ᠎ᠪᠠᠨ ᠬᠠᠯᠠᠭᠤᠨ ᠬᠥᠷᠥᠰᠥ᠎ᠪᠠᠷ ᠦᠵᠡᠵᠦ᠂ ᠴᠡᠭ᠎ᠲᠤ ᠰᠠᠭᠤᠨ ᠪᠠᠢ᠌ᠴᠠᠭ᠋ᠠᠨ ᠰᠤᠳᠤᠯᠤᠯᠲᠠ ᠬᠢᠵᠦ᠂ ᠡᠷᠤᠭᠡ᠎ᠪᠠᠷ ᠬᠦᠷᠴᠦ ᠰᠤᠷᠪᠤᠯᠵᠢᠯᠠᠨ᠂ ᠠᠷᠭ᠎ᠠ ᠤᠬᠠᠭ᠋ᠠᠨ ᠭᠠᠷᠭ᠋ᠠᠵᠤ᠂ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ᠎ᠪᠠᠷ ᠵᠶ᠋ᠠᠨ ᠲᠣᠰᠬᠣᠨ᠎ᠤ ᠠᠷᠠᠳ᠎ᠤᠨ ᠵᠥᠪᠰᠢᠶᠡᠷᠡᠯ᠎ᠢ ᠣᠯᠣᠭᠰᠠᠨ ᠪᠠᠢ᠌ᠨ᠎ᠠ᠂ ᠲᠡᠳᠡᠨ᠎ᠳᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ᠂ ᠸᠠᠩ ᠸᠸᠨ ᠯᠦᠩ ᠪᠣᠯ ᠳᠠᠷᠤᠢ ᠲᠡᠳᠡᠨ᠎ᠤ ᠳᠣᠲᠣᠷᠠᠬᠢ ᠨᠢᠭᠡ ᠭᠡᠰᠢᠭᠦᠨ ᠪᠣᠯᠣᠨ᠎ᠠ᠃
    ᠸᠠᠩ ᠸᠸᠨ ᠯᠦᠩ ᠪᠣᠯ ᠲᠦᠩᠯᠢᠶᠣᠣ ᠬᠣᠲᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠨᠢᠭᠡᠨ ᠡᠩ᠎ᠤᠨ ᠺᠠᠳ᠋ᠷ ᠮᠥᠨ᠂ 2021 ᠣᠨ᠎ᠤ 9 ᠰᠠᠷ᠎ᠠ᠎ᠳᠤ ᠨᠠᠢ᠍ᠮᠠᠨ ᠬᠣᠰᠢᠭᠤᠨ᠎ᠤ ᠳ᠋ᠠᠴᠢᠨᠲᠠᠯ᠎ᠠ ᠪᠠᠯᠭ᠋ᠠᠰᠤᠨ᠎ᠤ ᠯᠢᠦ ᠵᠢᠶᠠ ᠪᠦᠦ ᠲᠣᠰᠬᠣᠨ᠎ᠳᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢᠨ ᠲᠤᠰᠢᠶᠠᠯ᠎ᠢ ᠡᠭᠦᠷᠭᠡᠯᠡᠬᠦ᠎ᠪᠠᠷ ᠲᠣᠮᠢᠯᠠᠭᠳᠠᠵᠠᠢ᠃ ᠲᠡᠭᠦᠨ᠎ᠠᠴᠠ ᠬᠣᠢ᠌ᠰᠢ᠂ ᠲᠡᠷᠡ 《ᠠᠯᠪᠠᠨ ᠰᠢᠷᠡᠭᠡ》 ᠵᠢ ᠤᠯᠠᠨ ᠲᠦᠮᠡᠨ᠎ᠤ ᠭᠡᠷ᠎ᠲᠤ ᠪᠠᠢ᠌ᠷᠢᠯᠠᠭᠤᠯᠵᠤ᠂《ᠠᠵᠢᠯ᠎ᠤᠨ ᠬᠦᠰᠦᠨᠦᠭ》᠎ᠢ ᠲᠠᠷᠢᠶᠠᠨ ᠳᠤᠮᠳᠠ ᠵᠢᠭᠰᠠᠭ᠋ᠠᠵᠤ᠂ ᠲᠣᠰᠬᠣᠨ᠎ᠤ ᠺᠠᠳ᠋ᠷ᠎ᠲᠠᠢ ᠬᠠᠮᠲᠤᠪᠠᠷ ᠠᠢ᠌ᠯ ᠡᠷᠦᠬᠡ ᠳᠠᠷᠠᠭ᠋ᠠᠯᠠᠨ ᠲᠣᠰᠬᠣᠨ᠎ᠤ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠪᠠᠢ᠌ᠳᠠᠯ᠎ᠢ ᠣᠢ᠌ᠯᠠᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠵᠢᠨ ᠦᠨᠡᠨ ᠤᠳᠬ᠎ᠠ ᠵᠢ ᠲᠠᠢ᠌ᠯᠪᠤᠷᠢᠯᠠᠵᠠᠢ᠃
    《ᠸᠸᠨ ᠯᠦᠩ ᠢᠷᠡᠭᠰᠡᠨ᠎ᠤ ᠳᠠᠷᠠᠭ᠎ᠠ᠂ ᠮᠠᠨ᠎ᠤ ᠲᠣᠰᠬᠣᠨ᠎ᠳᠤ ᠲᠡᠭᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠭ᠋ᠠᠵᠠᠢ᠂ ᠲᠡᠷᠡ ᠠᠵᠢᠯ᠎ᠳᠠᠭᠠᠨ ᠪᠣᠳᠠᠲᠠᠢ ᠵᠢ ᠡᠷᠬᠢᠮᠯᠡᠵᠦ᠂ ᠦᠨᠡᠨ ᠰᠡᠳᠬᠢᠯ᠎ᠠᠴᠠ᠎ᠪᠠᠨ ᠤᠯᠠᠨ ᠲᠦᠮᠡᠨ᠎ᠳᠤ ᠦᠢ᠍ᠯᠡᠴᠢᠯᠡᠵᠦ ᠪᠠᠢ᠌ᠨ᠎ᠠ》᠃ ᠭᠡᠵᠦ ᠲᠣᠰᠬᠣᠨ᠎ᠤ ᠨᠠᠮ᠎ᠤᠨ ᠡᠭᠦᠷ᠎ᠤᠨ ᠱᠦᠵᠢ᠂ ᠲᠣᠰᠬᠣᠨ᠎ᠤ ᠠᠷᠠᠳ᠎ᠤᠨ ᠵᠥᠪᠯᠡᠯ᠎ᠤᠨ ᠡᠷᠬᠢᠯᠡᠭᠴᠢ ᠴᠢᠶᠣᠤ ᠢᠦᠢ ᠼᠦᠨ ᠬᠡᠯᠡᠪᠡ᠃
ᠲᠣᠰᠬᠣᠨ᠎ᠳᠤ ᠰᠠᠭᠤᠵᠤ ᠡᠬᠢᠯᠡᠮᠡᠭᠴᠡ᠂ ᠸᠠᠩ ᠸᠥ᠋ᠨ ᠯᠦᠩ ᠠᠯᠢ ᠲᠦᠷᠭᠡᠨ ᠵᠶ᠋ᠡᠷ ᠳᠦᠷᠢ᠎ᠪᠠᠨ ᠬᠤᠪᠢᠷᠠᠭᠤᠯᠵᠤ᠂ ᠰᠢᠨ᠎ᠡ ᠠᠵᠢᠯ᠎ᠤᠨ ᠪᠠᠢ᠌ᠷᠢ᠎ᠳᠤ ᠵᠣᠬᠢᠴᠠᠵᠤ᠂ ᠲᠣᠰᠬᠣᠨ᠎ᠤ ᠠᠷᠠᠳ᠎ᠲᠠᠢ ᠨᠢᠭᠡ ᠬᠠᠨᠵᠤᠨ ᠳᠡᠭᠡᠷ᠎ᠡ ᠰᠠᠭᠤᠵᠤ᠂ ᠬᠠᠮᠲᠤ ᠪᠠᠢ᠌ᠬᠤ ᠵᠢ ᠪᠤᠳᠤᠵᠤ᠂ ᠬᠠᠮᠲᠤ ᠠᠵᠢᠯᠯᠠᠬᠤ ᠵᠢ ᠪᠤᠳᠤᠵᠠᠢ᠃
    ᠲᠣᠰᠬᠣᠨ᠎ᠤ ᠬᠡᠰᠡᠭ ᠵᠠᠮ᠎ᠤᠨ ᠬᠡᠰᠡᠭ᠎ᠲᠤ ᠵᠠᠮ᠎ᠤᠨ ᠳ᠋ᠧᠩ ᠪᠠᠢ᠌ᠬᠤ ᠦᠭᠡᠢ᠂ ᠲᠣᠰᠬᠣᠨ᠎ᠤ ᠠᠷᠠᠳ ᠰᠥᠨᠢ᠎ᠪᠠᠷ ᠭᠠᠳᠠᠭᠰᠢ ᠭᠠᠷᠬᠤ᠎ᠳᠤ ᠲᠤᠩ ᠳᠥᠭᠥᠮ ᠦᠭᠡᠢ ᠪᠠᠢ᠌ᠬᠤ ᠵᠢ ᠣᠯᠵᠤ ᠮᠡᠳᠡᠭᠰᠡᠨ᠎ᠤ ᠳᠠᠷᠠᠭ᠎ᠠ᠂ ᠲᠡᠷᠡ ᠢᠳᠡᠪᠬᠢᠲᠡᠢ᠎ᠪᠠᠷ ᠵᠣᠬᠢᠴᠠᠭᠤᠯᠤᠨ 8 ᠲᠦᠮᠡᠨ ᠲᠥᠭᠥᠷᠢᠭ᠎ᠤᠨ ᠪᠡᠯᠡ ᠮᠥᠩᠭᠥ ᠴᠤᠭᠯᠠᠭᠤᠯᠵᠤ᠂ ᠲᠣᠰᠬᠣᠨ᠎ᠤ ᠳᠣᠲᠣᠷᠠᠬᠢ ᠪᠤᠢ ᠪᠦᠬᠦᠢ ᠵᠠᠮ᠎ᠤᠨ ᠳ᠋ᠧᠩ᠎ᠢ ᠤᠭᠰᠠᠷᠠᠵᠤ ᠰᠣᠯᠢᠪᠠ᠃ ᠣᠲᠣ ᠵᠢᠨ ᠪᠠᠢ᠌ᠭ᠎ᠠ ᠠᠵᠤ ᠦᠢ᠍ᠯᠡᠰ᠎ᠢ ᠪᠡᠬᠢᠵᠢᠭᠦᠯᠵᠦ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠬᠥᠭᠵᠢᠭᠦᠯᠬᠦ ᠵᠢᠨ ᠲᠥᠯᠥᠭᠡ᠂ ᠸᠠᠩ ᠸᠸᠨ ᠯᠦᠩ ᠲᠣᠰᠬᠣᠨ᠎ᠤ 《ᠬᠣᠶᠠᠷ ᠵᠥᠪᠯᠡᠯ》᠎ᠢ ᠳᠠᠭ᠋ᠠᠭᠤᠯᠤᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ᠂ 200 ᠮᠦ᠍ ᠴᠢᠴᠠᠷᠭ᠋ᠠᠨ᠎ᠠ ᠵᠢᠨ ᠴᠢᠬᠢ ᠪᠣᠢ᠌ᠵᠢᠭᠤᠯᠬᠤ ᠰᠠᠭᠤᠷᠢᠨ ᠭᠠᠵᠠᠷ᠎ᠢ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ ᠵᠢᠨ ᠬᠠᠮᠲᠤ ᠲᠣᠮᠢᠯᠠᠭᠰᠠᠨ ᠨᠢᠭᠡᠴᠡ ᠵᠢ ᠵᠣᠬᠢᠴᠠᠭᠤᠯᠤᠨ 15 ᠲᠦᠮᠡᠨ ᠲᠥᠭᠥᠷᠢᠭ᠎ᠤᠨ ᠪᠡᠯᠡ ᠮᠥᠩᠭᠥ ᠭᠠᠷᠭ᠋ᠠᠵᠤ᠂ ᠴᠢᠴᠠᠷᠭ᠋ᠠᠨ᠎ᠠ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃
    ᠸᠠᠩ ᠸᠸᠨ ᠯᠦᠩ ᠪᠣᠯᠣᠨ ᠲᠣᠰᠬᠣᠨ᠎ᠤ 《ᠬᠣᠶᠠᠷ ᠵᠥᠪᠯᠡᠯ》 ᠎ᠤᠨ ᠪᠠᠭ᠎ᠤᠨ ᠴᠥᠬᠥᠷᠡᠰᠢ ᠦᠭᠡᠢ ᠴᠢᠷᠮᠠᠢ᠌ᠯᠭ᠎ᠠ᠎ᠪᠠᠷ᠂ 2021 ᠣᠨ᠎ᠳᠤ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠣᠷᠣᠯᠭ᠎ᠠ 30 ᠲᠦᠮᠡᠨ ᠲᠥᠭᠥᠷᠢᠭ᠎ᠢ ᠳᠠᠪᠠᠵᠤ᠂ ᠳᠡᠭᠡᠷ᠎ᠡ ᠵᠢᠯ᠎ᠤᠨ᠎ᠬᠢ᠎ᠠᠴᠠ 10%᠎ᠪᠠᠷ ᠳᠡᠭᠡᠭᠰᠢᠯᠡᠵᠡᠢ᠃
《ᠮᠢᠨᠤ ᠦᠵᠡᠬᠦ᠎ᠪᠠᠷ ᠲᠣᠰᠬᠣᠨ᠎ᠳᠤ ᠰᠠᠭᠤᠬᠤ᠎ᠳᠤ ᠬᠠᠮᠤᠭ᠎ᠤᠨ ᠴᠢᠬᠤᠯᠠ᠎ᠨᠢ 〈ᠰᠡᠳᠬᠢᠯ᠎ᠳᠤ ᠰᠠᠭᠤᠬᠤ〉 ᠶᠠᠪᠤᠳᠠᠯ ᠪᠣᠯᠣᠨ᠎ᠠ᠂ 〈ᠪᠡᠶ᠎ᠡ᠎ᠪᠠᠷ ᠵᠶ᠋ᠡᠨ ᠣᠷᠣᠬᠤ〉᠎ᠳᠤ ᠨᠠᠩ ᠴᠤ᠌ 〈ᠰᠡᠳᠬᠢᠯ᠎ᠳᠤ ᠣᠷᠣᠬᠤ〉 ᠬᠡᠷᠡᠭᠲᠡᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠶᠠᠨ ᠨᠢᠭᠡᠨᠲᠡ ᠡᠬᠢᠯᠡᠪᠡ᠂ ᠲᠣᠰᠬᠣᠨ᠎ᠳᠤ ᠰᠠᠭᠤᠭ᠎ᠠ ᠺᠠᠳ᠋ᠷᠴᠤᠳ᠎ᠲᠤ ᠠᠪᠴᠤ ᠬᠡᠯᠡᠪᠡᠯ᠂ 〈ᠲᠣᠰᠬᠣᠨ᠎ᠳᠤ ᠰᠠᠭᠤᠬᠤ〉 ᠬᠡᠷᠡᠭᠲᠡᠢ᠎ᠪᠠᠷ ᠪᠠᠷᠠᠬᠤ ᠦᠭᠡᠢ ᠨᠠᠩ ᠴᠤ᠌ 〈ᠲᠣᠰᠬᠣᠨ᠎ᠳᠤ ᠰᠠᠭᠤᠬᠤ〉 ᠬᠡᠷᠡᠭᠲᠡᠢ᠂ ᠵᠣᠬᠢᠶᠠᠨ ᠪᠠᠢ᠌ᠭᠤᠯᠤᠯᠲᠠ ᠵᠢᠨ ᠢᠲᠡᠭᠡᠯ ᠪᠠ ᠣᠯᠠᠨ ᠲᠦᠮᠡᠨ᠎ᠤ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ ᠪᠠᠢ᠌ᠬᠤ ᠬᠡᠷᠡᠭᠲᠡᠢ》 ᠭᠡᠵᠦ ᠸᠠᠩ ᠸᠥ᠋ᠨ ᠯᠦᠩ ᠡᠷᠡᠰ ᠰᠢᠭᠤᠷᠬᠠᠢ᠎ᠪᠠᠷ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠪᠠᠶᠠᠵᠢᠯ᠎ᠤᠨ ᠬᠣᠰᠢᠭᠤᠴᠢ 】 ᠤᠶᠤᠨᠨᠠᠪᠴᠢ᠄ ᠡᠨᠡ ᠵᠢᠯ ᠢᠬᠡᠷ᠎ᠡ ᠬᠤᠷᠠᠭ᠎ᠠ ᠨᠠᠩ ᠣᠯᠠᠨ ᠪᠣᠯᠪᠠ
【ᠨᠢᠭᠡᠳᠦᠭᠡᠷ ᠱᠦᠵᠢ ᠵᠢᠨ ᠴᠣᠭ ᠵᠢᠪᠬᠤᠭ᠎ᠠ】 ᠠᠭᠤᠳᠠᠮ᠎ᠤᠨ ᠰᠢᠨ᠎ᠡ ᠵᠢᠯ᠎ᠤᠨ ᠪᠠᠷᠠᠯᠠᠯ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠾᠧ ᠯᠢ ᠫᠢᠩ᠄ ᠦᠬᠡᠷ ᠲᠡᠵᠢᠭᠡᠬᠦ 《ᠪᠠᠶᠠᠵᠢᠯ᠎ᠤᠨ ᠰᠤᠳᠤᠷ》᠎ᠢ ᠠᠮᠢᠳᠤᠯᠢᠭ ᠵᠶ᠋ᠠᠷ ᠤᠩᠰᠢᠨ᠎ᠠ
【ᠪᠠᠶᠠᠵᠢᠯ᠎ᠤᠨ ᠬᠣᠰᠢᠭᠤᠴᠢ】 ᠪᠠᠶᠠᠵᠢᠯ᠎ᠤᠨ 《ᠤᠷᠢᠬᠠᠨ ᠬᠠᠪᠤᠷ》 ᠵᠦᠭ ᠨᠢᠰᠪᠡ
【ᠦᠨᠳᠦᠰᠦᠨ ᠱᠠᠲᠤᠨ᠎ᠤ ᠴᠤᠭ ᠵᠢᠪᠬᠤᠭ᠎ᠠ】 ᠲᠣᠰᠬᠣᠨ᠎ᠤ ᠠᠷᠠᠳ《ᠦᠢ᠍ᠯᠡᠳᠬᠦᠨ᠎ᠤ ᠦᠷᠳᠡᠭ》᠎ᠲᠠᠢ ᠲᠣᠰᠬᠣᠨ᠎ᠤ ᠳᠦᠷᠰᠦ ᠪᠠᠢ᠌ᠳᠠᠯ᠎ᠨᠢ 《ᠥᠩᠭᠡ ᠵᠢᠰᠦ》᠎ᠪᠠᠷ ᠨᠡᠮᠡᠭᠳᠡᠵᠡᠢ
 
            