ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠪᠠᠶᠠᠵᠢᠯ᠎ᠤᠨ ᠬᠣᠰᠢᠭᠤᠴᠢ】 ᠪᠠᠶᠠᠵᠢᠯ᠎ᠤᠨ 《ᠤᠷᠢᠬᠠᠨ ᠬᠠᠪᠤᠷ》 ᠵᠦᠭ ᠨᠢᠰᠪᠡ
ᠨᠡᠶ᠋ᠢᠲᠡᠯᠡᠭᠰᠡᠨ ᠴᠠᠭ᠄ 2022-03-09

    ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠪᠠᠯᠭ᠋ᠠᠰᠤᠲᠠᠢ ᠰᠢᠶᠠᠩ᠎ᠤᠨ ᠰᠠᠨ ᠾᠧ ᠲᠣᠰᠬᠣᠨ᠎ᠳᠤ ᠬᠦᠷᠬᠦ᠎ᠳᠤ᠂ ᠮᠤᠷᠤᠯᠵᠠᠭᠰᠠᠨ ᠠᠭᠤᠯᠠᠨ ᠵᠠᠮ ᠵᠶ᠋ᠠᠷ ᠨᠢᠭᠡᠨ ᠴᠣ᠌ ᠰᠢᠨ᠎ᠡ ᠦᠢ᠍ᠯᠡᠳᠪᠦᠷᠢ ᠵᠢᠨ ᠪᠠᠢ᠌ᠰᠢᠩ ᠴᠠᠰᠤ ᠮᠥᠰᠥ᠎ᠲᠠᠢ ᠠᠭᠤᠯᠠ ᠵᠢᠨ ᠪᠡᠯ᠎ᠳᠤ ᠰᠦᠨᠳᠡᠷᠯᠡᠵᠦ᠂ ᠬᠥᠮᠥᠰ᠎ᠤᠨ ᠠᠩᠬᠠᠷᠤᠯ᠎ᠢ ᠲᠠᠲᠠᠨ᠎ᠠ᠃ ᠳᠣᠲᠣᠭᠰᠢ᠎ᠪᠠᠨ ᠶᠠᠪᠤᠪᠠᠯ᠂ ᠨᠢᠰᠬᠦ ᠨᠤᠭᠤᠰᠤ ᠵᠢᠨ ᠡᠨᠳᠡ ᠲᠡᠨᠳᠡ ᠦᠭᠡᠢ ᠳᠤᠤᠭ᠋ᠠᠷᠬᠤ ᠳᠠᠭᠤᠨ᠎ᠢ ᠣᠯᠵᠤ ᠰᠣᠨᠣᠰᠤᠨ᠎ᠠ᠂ ᠬᠦᠷᠢᠶᠡᠨ ᠳᠣᠲᠣᠷ᠎ᠠ ᠬᠡᠳᠦᠨ ᠵᠠᠭᠤᠨ ᠨᠢᠰᠬᠦ ᠨᠤᠭᠤᠰᠤ᠂ ᠲᠣᠮᠣ ᠭᠠᠯᠠᠭᠤ᠂ ᠲᠡᠨᠦᠭᠦᠯ ᠲᠠᠬᠢᠶ᠎ᠠ ᠪᠦᠯᠦᠭ ᠪᠦᠯᠦᠭ ᠵᠶ᠋ᠡᠷ ᠠᠯᠬᠤᠯᠠᠨ᠎ᠠ᠃
    ᠥᠪᠡᠷ᠎ᠤᠨ ᠲᠡᠵᠢᠭᠡᠨ ᠦᠷᠡᠵᠢᠭᠦᠯᠦᠭᠰᠡᠨ 《ᠪᠠᠶᠠᠵᠢᠭᠰᠠᠨ ᠨᠤᠭᠤᠰᠤ》᠎ᠪᠠᠨ ᠳᠤᠷᠠᠳᠬᠤ᠎ᠳᠤ᠂ ᠭᠦᠸᠧ ᠬᠣᠩ ᠫᠢᠩ ᠨᠢᠭᠡ ᠯᠡ ᠳᠣᠣᠷ᠎ᠠ ᠦᠭᠡ᠎ᠪᠠᠨ ᠳᠡᠯᠭᠡᠪᠡ᠃ ᠭᠠᠳᠠᠨ᠎ᠠ ᠣᠯᠠᠨ ᠵᠢᠯ ᠬᠦᠴᠦ ᠶᠠᠪᠤᠭᠰᠠᠨ ᠭᠦᠸᠧ ᠬᠣᠩ ᠫᠢᠩ 2014 ᠣᠨ᠎ᠳᠤ ᠨᠤᠲᠤᠭ᠎ᠲᠠᠭᠠᠨ ᠪᠤᠴᠠᠵᠤ ᠦᠢ᠍ᠯᠡᠰ ᠴᠣᠭᠴᠠᠯᠠᠭᠰᠠᠨ ᠪᠥᠭᠡᠳ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠶᠤᠸᠠᠨ ᠪᠧᠨ ᠲᠡᠵᠢᠭᠡᠨ ᠦᠷᠡᠵᠢᠭᠦᠯᠬᠦ ᠲᠤᠰᠬᠠᠢ ᠬᠣᠷᠰᠢᠶ᠎ᠠ ᠵᠢ ᠪᠠᠢ᠌ᠭᠤᠯᠪᠠ᠃ ᠬᠤᠷᠰᠢᠶ᠎ᠠ ᠪᠠᠢ᠌ᠭᠤᠯᠤᠭᠳᠠᠭᠰᠠᠨ ᠡᠬᠢᠨ᠎ᠤ ᠦᠶ᠎ᠡ᠎ᠳᠤ ᠬᠤᠷᠠᠮᠳᠤᠯᠠᠭᠤᠯᠤᠭᠰᠠᠨ ᠲᠡᠵᠢᠭᠡᠨ ᠦᠷᠡᠵᠢᠭᠦᠯᠬᠦ ᠲᠤᠷᠰᠢᠯᠭ᠎ᠠ᠎ᠪᠠᠷ ᠵᠶ᠋ᠠᠨ ᠨᠡᠯᠢᠶᠡᠳ ᠰᠠᠢ᠌ᠨ ᠣᠷᠣᠯᠭ᠎ᠠ᠎ᠲᠠᠢ ᠪᠠᠢ᠌ᠵᠠᠢ᠃ ᠬᠤᠷᠰᠢᠶ᠎ᠠ ᠵᠢ ᠬᠡᠷᠬᠢᠨ ᠨᠡᠩ ᠰᠠᠢ᠌ᠨ ᠬᠥᠭᠵᠢᠭᠦᠯᠵᠦ᠂ ᠣᠷᠣᠯᠭ᠎ᠠ ᠵᠢ᠎ᠨᠢ ᠤᠯᠠᠮ ᠨᠢᠭᠡ ᠠᠯᠬᠤᠮ ᠨᠡᠮᠡᠭᠳᠡᠭᠦᠯᠬᠦ᠎ᠨᠢ ᠲᠡᠭᠦᠨ᠎ᠤ ᠡᠮᠦᠨ᠎ᠡ ᠲᠠᠯᠪᠢᠭᠳᠠᠵᠤ ᠪᠠᠢ᠌ᠭ᠎ᠠ ᠴᠢᠬᠤᠯᠠ ᠠᠰᠠᠭᠤᠳᠠᠯ ᠪᠣᠯᠪᠠ᠃ 2018 ᠣᠨ᠎ᠤ ᠨᠢᠭᠡ ᠡᠳᠦᠷ᠂ ᠭᠦᠸᠧ ᠬᠣᠩ ᠫᠢᠩ ᠨᠢᠭᠡ ᠵᠦᠢ᠍ᠯ᠎ᠤᠨ ᠰᠢᠨ᠎ᠡ ᠡᠭᠦᠯᠳᠡᠷ — ᠨᠢᠰᠬᠦ ᠨᠤᠭᠤᠰᠤ ᠵᠢ ᠢᠯᠡᠷᠡᠭᠦᠯᠪᠡ᠂ ᠲᠡᠷᠡ ᠨᠢᠰᠬᠦ ᠨᠤᠭᠤᠰᠤ ᠵᠢᠨ ᠨᠢᠰᠬᠦ᠎ᠨᠢ ᠬᠣᠯᠠ ᠤᠴᠢᠷ᠎ᠠᠴᠠ ᠥᠭᠡᠬᠦ ᠪᠠᠭ᠎ᠠ᠂ ᠤᠭᠤᠷᠠᠭ᠎ᠤᠨ ᠠᠭᠤᠯᠤᠭᠳᠠᠴᠠ ᠥᠨᠳᠥᠷ ᠪᠠᠢ᠌ᠵᠤ᠂ ᠴᠥᠭᠡᠨ ᠪᠤᠰᠤ ᠬᠥᠮᠥᠰ᠎ᠤᠨ ᠪᠠᠬᠠᠷᠬᠠᠯ᠎ᠢ ᠲᠠᠲᠠᠵᠤ ᠪᠠᠢ᠌ᠬᠤ ᠵᠢ ᠣᠯᠵᠤ ᠮᠡᠳᠡᠪᠡ᠃ ᠭᠦᠸᠧ ᠬᠣᠩ ᠫᠢᠩ ᠲᠤᠷᠰᠢᠵᠤ ᠦᠵᠡᠬᠦ ᠪᠤᠳᠤᠯ ᠵᠶ᠋ᠠᠨ ᠡᠪᠦᠷᠯᠡᠨ 20 ᠨᠢᠰᠬᠦ ᠨᠤᠭᠤᠰᠤ ᠲᠤᠷᠰᠢᠨ ᠲᠡᠵᠢᠭᠡᠵᠦ᠂ ᠪᠣᠷᠣᠯᠠᠭᠤᠯᠤᠯᠲᠠ᠎ᠳᠤ ᠭᠠᠷᠤᠭᠰᠠᠨ᠎ᠤ ᠳᠠᠷᠠᠭ᠎ᠠ ᠲᠥᠷᠥᠯ ᠰᠠᠳᠤᠨ ᠨᠠᠢ᠌ᠵᠠ ᠨᠥᠬᠥᠳ᠎ᠤᠨ ᠵᠶ᠋ᠡᠨ ᠵᠥᠪᠰᠢᠶᠡᠷᠡᠯ᠎ᠢ ᠣᠯᠵᠠᠢ᠂ ᠡᠨᠡ᠎ᠨᠢ ᠲᠡᠭᠦᠨ᠎ᠤ ᠥᠷᠭᠡᠨ ᠬᠡᠪᠴᠢᠶ᠎ᠡ᠎ᠪᠠᠷ ᠨᠢᠰᠬᠦ ᠨᠤᠭᠤᠰᠤ ᠲᠡᠵᠢᠭᠡᠨ ᠦᠷᠡᠵᠢᠭᠦᠯᠬᠦ ᠪᠣᠳᠣᠯ ᠵᠶ᠋ᠠᠨ ᠤᠯᠠᠮ ᠪᠠᠲᠤᠳᠬᠠᠵᠠᠢ᠃ ᠬᠣᠶᠠᠷ ᠵᠢᠯ᠎ᠤᠨ ᠴᠢᠷᠮᠠᠢ᠌ᠯᠭ᠎ᠠ᠎ᠪᠠᠷ᠂ ᠭᠦᠸᠧ ᠬᠣᠩ ᠫᠢᠩ᠎ᠤᠨ ᠬᠤᠷᠰᠢᠶ᠎ᠠ ᠨᠢᠭᠡᠨᠲᠡ ᠥᠨᠳᠡᠭᠡ ᠰᠣᠩᠭᠣᠬᠤ᠂ ᠨᠡᠪᠴᠢᠭᠦᠯᠬᠦ᠂ ᠲᠡᠵᠢᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠬᠡᠯᠬᠢᠶ᠎ᠡ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠦ᠂ ᠵᠥᠪᠬᠡᠨ 2021 ᠣᠨ᠎ᠳᠤ ᠬᠤᠷᠰᠢᠶ᠎ᠠ ᠵᠢᠨ ᠣᠷᠣᠯᠭ᠎ᠠ 100 ᠭᠠᠷᠤᠢ ᠲᠦᠮᠡᠨ ᠲᠥᠭᠥᠷᠢᠭ᠎ᠲᠤ ᠬᠦᠷᠴᠡᠢ᠃
    ᠨᠢᠭᠡ ᠬᠥᠮᠥᠨ ᠪᠠᠶᠠᠵᠢᠭᠰᠠᠨ᠎ᠳᠤ ᠲᠣᠭ᠋ᠠᠴᠠᠭᠳᠠᠬᠤ ᠦᠭᠡᠢ᠂ ᠨᠢᠰᠬᠦ ᠨᠤᠭᠤᠰᠤ ᠵᠢ ᠠᠮᠵᠢᠯᠲᠠ᠎ᠲᠠᠢ ᠲᠡᠵᠢᠭᠡᠨ ᠦᠷᠡᠵᠢᠭᠦᠯᠦᠭᠰᠡᠨ᠎ᠨᠢ ᠭᠦᠸᠧ ᠬᠣᠩ ᠫᠢᠩ᠎ᠤᠨ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢ ᠳᠠᠭ᠋ᠠᠭᠤᠯᠤᠨ ᠣᠷᠣᠯᠭ᠎ᠠ᠎ᠪᠠᠨ ᠨᠡᠮᠡᠭᠳᠡᠭᠦᠯᠬᠦ ᠵᠣᠷᠢᠭ᠎ᠢ ᠪᠠᠲᠤᠳᠬᠠᠪᠠ᠃ ᠲᠡᠷᠡ ᠨᠤᠭᠤᠰᠤ ᠵᠢᠭᠡᠯᠡᠵᠦ ᠨᠤᠭᠤᠰᠤ ᠪᠤᠴᠠᠭ᠋ᠠᠬᠤ ᠵᠠᠭᠪᠤᠷ᠎ᠢ ᠬᠡᠷᠡᠭᠯᠡᠵᠦ᠂ ᠶᠠᠳᠠᠭᠤ᠎ᠠᠴᠠ ᠠᠩᠭᠢᠵᠢᠷᠠᠭᠰᠠᠨ ᠡᠷᠦᠭᠡ᠎ᠳᠤ ᠨᠤᠭᠤᠰᠤᠨ᠎ᠤ ᠴᠤᠷᠪᠠᠭ᠎ᠠ ᠵᠢ ᠦᠨ᠎ᠡ ᠲᠥᠯᠥᠪᠦᠷᠢ ᠦᠭᠡᠢ᠎ᠪᠠᠷ ᠲᠦᠭᠡᠭᠡᠵᠦ᠂ ᠲᠡᠵᠢᠭᠡᠨ ᠠᠷᠠᠴᠢᠯᠠᠬᠤ ᠶᠠᠪᠤᠴᠠ᠎ᠳᠤ ᠮᠡᠷᠭᠡᠵᠢᠯ᠎ᠤᠨ ᠵᠢᠯᠣᠭᠣᠳᠤᠯᠭ᠎ᠠ ᠬᠠᠩᠭ᠋ᠠᠭᠰᠠᠨ ᠵᠶ᠋ᠠᠷ ᠪᠠᠷᠠᠬᠤ ᠦᠭᠡᠢ ᠪᠠᠰᠠ ᠰᠡᠭᠦᠯᠴᠢ ᠵᠢᠨ ᠬᠤᠭᠤᠴᠠᠭ᠋ᠠᠨ᠎ᠳᠤ ᠪᠣᠷᠤᠯᠠᠭᠤᠯᠭ᠎ᠠ᠎ᠳᠤ ᠬᠠᠪᠰᠤᠷᠴᠤ᠂ ᠴᠥᠭᠡᠨ ᠪᠤᠰᠤ ᠶᠠᠳᠠᠭᠤ᠎ᠠᠴᠠ ᠠᠩᠭᠢᠵᠢᠷᠠᠭᠰᠠᠨ ᠡᠷᠦᠭᠡ᠎ᠳᠤ ᠠᠰᠢᠭ ᠬᠦᠷᠲᠡᠭᠡᠭᠰᠡᠨ ᠪᠠᠢ᠌ᠨ᠎ᠠ᠃
    ᠲᠡᠭᠦᠨ᠎ᠤ ᠳᠠᠭ᠋ᠠᠭᠤᠯᠭ᠎ᠠ᠎ᠪᠠᠷ ᠤᠯᠠᠮ᠎ᠠᠴᠠ ᠤᠯᠠᠮ ᠤᠯᠠᠨ ᠬᠥᠮᠥᠨ ᠲᠡᠵᠢᠭᠡᠨ ᠦᠷᠡᠵᠢᠭᠦᠯᠬᠦ ᠡᠩᠨᠡᠭᠡᠨ᠎ᠳᠤ ᠣᠷᠣᠭᠰᠠᠨ ᠪᠠᠢ᠌ᠨ᠎ᠠ᠃ 《2021 ᠣᠨ᠎ᠳᠤ᠂ ᠮᠠᠨ᠎ᠤ ᠭᠡᠷ᠎ᠤᠨ᠎ᠬᠢᠨ ᠨᠢᠰᠬᠦ ᠨᠤᠭᠤᠰᠤ ᠲᠡᠵᠢᠭᠡᠨ ᠦᠷᠡᠵᠢᠭᠦᠯᠦᠭᠰᠡᠨ᠎ᠠᠴᠠ ᠪᠣᠯᠵᠤ᠂ ᠣᠷᠣᠯᠭ᠎ᠠ᠎ᠨᠢ ᠪᠠᠷᠤᠭ 2 ᠲᠦᠮᠡᠨ ᠲᠥᠭᠥᠷᠢᠭ ᠨᠡᠮᠡᠭᠳᠡᠭᠰᠡᠨ ᠪᠠᠢ᠌ᠨ᠎ᠠ》᠃ ᠭᠡᠵᠦ ᠴᠠᠷᠰᠥᠨ ᠪᠠᠯᠭ᠋ᠠᠰᠤᠨ᠎ᠤ ᠴᠠᠷᠰᠥᠨ ᠭᠠᠴᠠᠭ᠋ᠠᠨ᠎ᠤ ᠠᠷᠠᠳ ᠵᠤᠤ ᠬᠣᠩ ᠵᠢᠶᠦ᠋ᠨ ᠬᠡᠯᠡᠪᠡ᠃ ᠭᠦᠸᠧ ᠬᠣᠩ ᠫᠢᠩ 2021 ᠣᠨ᠎ᠤ ᠡᠬᠢ᠎ᠪᠠᠷ ᠲᠡᠭᠦᠨ᠎ᠳᠤ 300 ᠴᠤᠷᠪᠠᠭ᠎ᠠ ᠨᠤᠭᠤᠰᠤ ᠬᠠᠩᠭ᠋ᠠᠵᠤ᠂ ᠵᠢᠯ᠎ᠤᠨ ᠡᠴᠦᠰ᠎ᠲᠤ ᠵᠢᠩ ᠪᠦᠷᠢ᠎ᠳᠡᠭᠡᠨ 8 ᠲᠥᠭᠥᠷᠢᠭ᠎ᠤᠨ ᠦᠨ᠎ᠡ᠎ᠪᠠᠷ ᠬᠣᠷᠢᠶᠠᠨ ᠠᠪᠴᠢᠷᠠᠪᠠ᠂ ᠡᠨᠡ᠎ᠨᠢ ᠵᠤᠤ ᠬᠣᠩ ᠵᠢᠶᠦ᠋ᠨ᠎ᠤ ᠨᠢᠭᠡ ᠭᠡᠷ᠎ᠤᠨ᠎ᠬᠢᠨ᠎ᠤ ᠣᠷᠣᠯᠭ᠎ᠠ ᠵᠢ ᠨᠡᠮᠡᠭᠳᠡᠭᠦᠯᠵᠡᠢ᠃
    ᠵᠣᠣ ᠬᠣᠩ ᠵᠢᠶᠦ᠋ᠨ ᠪᠣᠯ ᠣᠨᠴᠠᠭ᠋ᠠᠶ ᠵᠢᠱ᠌ᠢᠶ᠎ᠡ ᠪᠢᠰᠢ᠂ ᠡᠨᠡ ᠬᠡᠳᠦᠨ ᠵᠢᠯ᠎ᠳᠤ ᠭᠦᠸᠧ ᠬᠣᠩ ᠫᠢᠩ ᠨᠡᠶ᠋ᠢᠲᠡ 700 ᠰᠢᠬᠠᠮ ᠡᠷᠦᠬᠡ ᠲᠣᠰᠬᠣᠨ᠎ᠤ ᠠᠷᠠᠳ᠎ᠢ ᠳᠠᠶ᠋ᠢᠴᠢᠯᠠᠨ ᠨᠢᠰᠬᠦ ᠨᠤᠭᠤᠰᠤ ᠲᠡᠵᠢᠭᠡᠨ ᠦᠷᠡᠵᠢᠭᠦᠯᠵᠦ᠂ ᠡᠷᠦᠬᠡ ᠪᠦᠷᠢ ᠵᠢᠨ ᠳᠤᠮᠳᠠᠴᠢ ᠣᠷᠣᠯᠭ᠎ᠠ᠎ᠨᠢ 1000 ᠲᠥᠭᠥᠷᠢᠭ᠎ᠠᠴᠠ ᠳᠡᠭᠡᠭᠰᠢ ᠪᠠᠢ᠌ᠵᠤ᠂ ᠠᠯᠢᠳ᠋ᠸᠷ ᠰᠤᠮᠤ᠂ ᠳ᠋ᠠ ᠱ᠌ᠢ ᠵᠠᠢ ᠪᠠᠯᠭ᠋ᠠᠰᠤ᠂ ᠬᠦᠶ ᠯᠢᠦ ᠾᠧ ᠪᠠᠯᠭ᠋ᠠᠰᠤ᠂ ᠴᠠᠷᠰᠸᠨ ᠪᠠᠯᠭ᠋ᠠᠰᠤ ᠵᠡᠷᠭᠡ ᠣᠯᠠᠨ ᠰᠢᠶᠠᠩ ᠪᠠᠯᠭ᠋ᠠᠰᠤ ᠵᠢ ᠬᠠᠮᠤᠷᠴᠠᠢ᠃
    《ᠡᠨᠡ ᠵᠢᠯ ᠮᠠᠨ᠎ᠤ ᠬᠤᠷᠰᠢᠶ᠎ᠠ ᠵᠢᠨ᠎ᠬᠢᠨ ᠲᠠᠪᠤᠨ ᠦᠨᠦᠷᠲᠦ ᠥᠨᠳᠡᠭᠡ ᠦᠢ᠍ᠯᠡᠳᠬᠦ ᠮᠠᠰᠢᠨ᠎ᠢ ᠨᠡᠮᠡᠭᠳᠡᠭᠦᠯᠵᠦ᠂ ᠶᠡᠬᠡ ᠬᠡᠪᠴᠢᠶ᠎ᠡ᠎ᠪᠠᠷ ᠲᠠᠪᠤᠨ ᠦᠨᠦᠷᠲᠦ ᠥᠨᠳᠡᠭᠡ ᠦᠢ᠍ᠯᠡᠳᠪᠦᠷᠢᠯᠡᠵᠦ᠂ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠬᠠᠩᠭ᠋ᠠᠬᠤ ᠵᠢᠨ ᠬᠠᠮᠲᠤ ᠪᠢᠳᠡ ᠨᠡᠩ ᠤᠯᠠᠨ ᠲᠣᠰᠬᠣᠨ᠎ᠤ ᠠᠷᠠᠳ᠎ᠢ ᠳᠠᠢ᠍ᠢ᠍ᠴᠢᠯᠠᠨ ᠪᠠᠶᠠᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ》᠃ ᠭᠡᠵᠦ ᠭᠦᠸᠧ ᠬᠣᠩ ᠫᠢᠩ ᠢᠲᠡᠭᠡᠯ ᠳᠦᠭᠦᠷᠡᠩ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠦᠨᠳᠦᠰᠦᠨ ᠱᠠᠲᠤᠨ᠎ᠤ ᠴᠤᠭ ᠵᠢᠪᠬᠤᠭ᠎ᠠ】 ᠲᠣᠰᠬᠣᠨ᠎ᠤ ᠠᠷᠠᠳ《ᠦᠢ᠍ᠯᠡᠳᠬᠦᠨ᠎ᠤ ᠦᠷᠳᠡᠭ》᠎ᠲᠠᠢ ᠲᠣᠰᠬᠣᠨ᠎ᠤ ᠳᠦᠷᠰᠦ ᠪᠠᠢ᠌ᠳᠠᠯ᠎ᠨᠢ 《ᠥᠩᠭᠡ ᠵᠢᠰᠦ》᠎ᠪᠠᠷ ᠨᠡᠮᠡᠭᠳᠡᠵᠡᠢ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠸᠠᠩ ᠲᠢᠩ ᠴᠢᠨ ᠮᠠᠰᠢ 《ᠠᠵᠢᠯᠴᠢ》
【ᠦᠨᠳᠦᠰᠦᠨ ᠱᠠᠲᠤᠨ᠎ᠤ ᠴᠣᠭ ᠵᠢᠪᠬᠤᠭ᠎ᠠ 】 ᠯᠢ ᠭᠦᠸᠧ ᠴᠢᠨ ᠄ ᠨᠤᠲᠤᠭ ᠤᠰᠤ᠎ᠪᠠᠨ ᠨᠠᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠥᠲᠥᠭᠡᠨ ᠪᠠᠶ᠋ᠢᠭᠤᠯᠤᠨ᠎ᠠ
【ᠪᠠᠶᠠᠵᠢᠯ᠎ᠤᠨ ᠬᠣᠰᠢᠭᠤᠴᠢ 】 ᠲᠡᠳᠡ ᠬᠠᠭᠤᠴᠢᠨ ᠭᠠᠷ ᠤᠷᠠᠯᠠᠯ ᠵᠶ᠋ᠠᠷ ᠵᠶ᠋ᠠᠨ ᠰᠤᠯᠠ ᠵᠠᠷᠤᠬᠤ ᠵᠣᠭᠣᠰ ᠣᠯᠵᠠᠢ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ 】 ᠦᠨᠳᠦᠰᠦᠨ ᠱᠠᠲᠤᠨ᠎ᠳᠤ ᠦᠨᠳᠦᠰᠦᠯᠡᠵᠦ ᠤᠬ ᠰᠠᠨᠠᠭ᠎ᠠ᠎ᠪᠠᠨ ᠦᠢ᠍ᠯᠡᠳᠦᠯᠭᠡᠵᠢᠭᠦᠯᠵᠦ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠬᠥᠳᠡᠭᠡ ᠲᠣᠰᠬᠣᠨ᠎ᠤ᠎ᠬᠢᠨ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠎ᠡ
 
            