ᠬᠦᠷ᠂ ᠬᠦᠷ ᠁ ᠮᠠᠰᠢᠨ᠎ᠤ ᠬᠦᠷᠴᠢᠭᠢᠨᠡᠬᠦ ᠲᠠᠭᠤᠨ᠎ᠤ ᠳᠤᠮᠳᠠ᠂ ᠬᠡᠰᠡᠭ ᠬᠡᠰᠡᠭ ᠦᠬᠦᠮᠡᠯ ᠮᠣᠳᠣ ᠪᠠ ᠬᠠᠶᠠᠭᠳᠠᠮᠠᠯ ᠮᠣᠳᠣ᠎ᠪᠠᠷ ᠬᠡᠮᠬᠡᠷᠡᠭᠡᠳ ᠪᠦᠲᠦᠭᠰᠡᠨ ᠠᠮᠢᠳᠤ ᠪᠣᠳᠠᠰ᠎ᠤᠨ ᠮᠠᠰ᠎ᠤᠨ ᠲᠦᠭᠦᠬᠡᠢ ᠡᠳ᠋᠎ᠢ ᠰᠢᠭᠰᠢᠨ ᠰᠣᠩᠭᠣᠬᠤ᠂ ᠬᠡᠮᠬᠡᠯᠬᠦ᠂ ᠰᠢᠷᠣᠢ ᠠᠷᠢᠯᠭ᠋ᠠᠬᠤ᠂ ᠳᠠᠷᠤᠬᠤ ᠵᠡᠷᠭᠡ ᠶᠠᠪᠤᠴᠠ᠎ᠪᠠᠷ ᠳᠡᠮᠵᠢᠨ᠂ ᠠᠮᠢᠳᠤ ᠪᠣᠳᠠᠰ᠎ᠤᠨ ᠮᠠᠰ᠎ᠤᠨ ᠲᠦᠯᠡᠰᠢ ᠵᠢᠨ ᠮᠥᠬᠥᠯᠢᠭ ᠪᠣᠯᠵᠤ ᠬᠤᠪᠢᠷᠠᠵᠠᠢ᠃ ᠡᠨᠡ ᠬᠦ᠌ 《ᠬᠠᠶᠠᠭᠳᠠᠮᠠᠯ᠎ᠢ ᠡᠷᠳᠡᠨᠢ ᠪᠣᠯᠭ᠋ᠠᠬᠤ》 ᠶᠠᠪᠤᠴᠠ ᠵᠢ ᠡᠳᠦᠷ ᠪᠦᠷᠢ ᠣᠷᠳᠣᠰ ᠬᠣᠲᠠ ᠵᠢᠨ ᠳᠠᠯᠠᠳ ᠬᠣᠰᠢᠭᠤᠨ᠎ᠤ ᠡᠩᠬᠡᠪᠸᠢ ᠪᠠᠯᠭ᠋ᠠᠰᠤᠨ᠎ᠤ ᠤᠯᠠᠭ᠋ᠠᠨ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠲᠥᠷᠥᠯ ᠵᠦᠢ᠍ᠯ — ᠤᠯᠠᠭ᠋ᠠᠨ᠎ᠤ ᠠᠮᠢᠳᠤ ᠪᠣᠳᠠᠰ᠎ᠤᠨ ᠮᠠᠰ᠎ᠤᠨ ᠮᠥᠬᠥᠯᠢᠭ ᠪᠣᠯᠪᠠᠰᠤᠷᠠᠭᠤᠯᠬᠤ ᠦᠢ᠍ᠯᠡᠳᠪᠦᠷᠢ᠎ᠳᠤ ᠲᠣᠭᠯᠠᠳᠠᠭ᠃
《ᠥᠩᠭᠡᠷᠡᠭᠰᠡᠨ᠎ᠳᠤ᠂ ᠲᠣᠰᠬᠣᠨ᠎ᠤ ᠡᠰᠢ ᠰᠦᠷᠡᠯ ᠢ ᠰᠢᠢ᠍ᠳᠪᠦᠷᠢᠯᠡᠬᠦ ᠵᠢᠨ ᠠᠷᠭ᠎ᠠ ᠦᠭᠡᠢ ᠪᠠᠢ᠌ᠪᠠ᠂ ᠪᠠᠰᠠ ᠵᠠᠷᠢᠮ ᠬᠤᠪᠠᠬᠠᠢ᠌ᠷᠠᠵᠤ ᠦᠬᠦᠭᠰᠡᠨ ᠮᠣᠳᠣ᠂ ᠬᠠᠶᠠᠭᠳᠠᠮᠠᠯ ᠮᠣᠳᠣ ᠵᠢ ᠳᠤᠷ᠎ᠠ᠎ᠪᠠᠷ ᠵᠶ᠋ᠠᠨ ᠣᠪᠣᠭ᠋ᠠᠯᠠᠨ ᠲᠠᠯᠪᠢᠵᠤ᠂ ᠲᠣᠰᠬᠣᠨ᠎ᠤ ᠳᠦᠷᠰᠦ ᠪᠠᠢ᠌ᠳᠠᠯ ᠢ ᠨᠥᠯᠥᠭᠡᠯᠡᠵᠦ ᠪᠠᠢ᠌ᠪᠠ》᠃ ᠤᠯᠠᠭ᠋ᠠᠨ ᠲᠣᠰᠬᠣᠨ᠎ᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠯᠢᠦ ᠶᠠ ᠯᠧᠦ᠄《ᠤᠳᠤ ᠰᠠᠢ᠌ᠨ ᠪᠣᠯᠣᠯ᠎ᠠ᠂ ᠦᠢ᠍ᠯᠡᠳᠪᠦᠷᠢ᠎ᠨᠢ ᠠᠵᠤ ᠠᠬᠤᠢ ᠵᠢᠨ ᠣᠷᠣᠯᠭ᠎ᠠ ᠵᠢ ᠠᠪᠴᠢᠷᠠᠭᠰᠠᠨ ᠵᠶ᠋ᠠᠷ ᠪᠠᠷᠠᠬᠤ ᠦᠭᠡᠢ ᠪᠠᠰᠠ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠳᠤ ᠬᠦᠴᠦ᠎ᠪᠠᠨ ᠡᠷᠭᠦᠪᠡ᠂ ᠴᠠᠭ᠋ᠠᠨ ᠰᠠᠷ᠎ᠠ᠎ᠠᠴᠠ ᠬᠣᠢ᠌ᠰᠢ᠂ ᠪᠣᠯᠪᠠᠰᠤᠷᠠᠭᠤᠯᠬᠤ ᠦᠢ᠍ᠯᠡᠳᠪᠦᠷᠢ ᠵᠢᠩᠬᠢᠨᠢ᠎ᠪᠠᠷ ᠦᠢ᠍ᠯᠡᠳᠪᠦᠷᠢᠯᠡᠯ᠎ᠳᠤ ᠣᠷᠣᠵᠤ᠂ ᠣᠳᠣᠬᠠᠨ᠎ᠳᠤ ᠨᠢᠭᠡᠨᠲᠡ 100 ᠭᠠᠷᠤᠢ ᠲᠣᠨ ᠠᠮᠢᠳᠤ ᠪᠣᠳᠠᠰ᠎ᠤᠨ ᠮᠠᠰ᠎ᠤᠨ ᠲᠦᠯᠡᠰᠢ ᠵᠢᠨ ᠮᠥᠬᠥᠯᠢᠭ᠎ᠢ ᠪᠣᠷᠣᠯᠠᠭᠤᠯᠵᠤ᠂ ᠲᠣᠨ ᠪᠦᠷᠢ ᠵᠢᠨ ᠦᠨᠡᠨ᠎ᠢ 1000 ᠲᠥᠭᠥᠷᠢᠭ ᠣᠷᠴᠢᠮ ᠪᠠᠢ᠌ᠨ᠎ᠠ》 ᠭᠡᠵᠦ ᠬᠡᠯᠡᠪᠡ᠃
2021 ᠣᠨ᠎ᠳᠤ᠂ ᠯᠢᠦ ᠶᠠ ᠯᠧᠦ ᠲᠣᠰᠬᠣᠨ᠎ᠤ 《ᠬᠣᠶᠠᠷ ᠵᠥᠪᠯᠡᠯ》᠎ᠤᠨ ᠪᠠᠭ᠎ᠤᠨ ᠪᠦᠷᠢᠯᠳᠦᠭᠦᠨ᠎ᠲᠠᠢ ᠬᠠᠮᠲᠤ᠎ᠪᠠᠷ ᠴᠢᠷᠮᠠᠢ᠌ᠵᠤ᠂ ᠤᠯᠠᠨ ᠲᠠᠯ᠎ᠠ᠎ᠪᠠᠷ ᠵᠣᠬᠢᠴᠠᠭᠤᠯᠤᠨ ᠠᠵᠤ ᠦᠢ᠍ᠯᠡᠰ᠎ᠤᠨ ᠬᠥᠭᠵᠢᠯᠲᠡ ᠵᠢᠨ ᠲᠦᠷᠦᠯ ᠵᠦᠢ᠍ᠯ᠎ᠤᠨ ᠪᠡᠯᠡ ᠮᠥᠩᠭᠥ 397 ᠲᠦᠮᠡᠨ ᠲᠥᠭᠥᠷᠢᠭ᠎ᠢ ᠲᠡᠮᠡᠴᠡᠨ ᠣᠯᠵᠤ ᠤᠯᠠᠭ᠋ᠠᠨ᠎ᠤ ᠠᠮᠢᠳᠤ ᠪᠣᠳᠠᠰ᠎ᠤᠨ ᠮᠠᠰ᠎ᠤᠨ ᠮᠥᠬᠥᠯᠢᠭ ᠪᠣᠯᠪᠠᠰᠤᠷᠠᠭᠤᠯᠬᠤ ᠦᠢ᠍ᠯᠡᠳᠪᠦᠷᠢ ᠵᠢ ᠪᠠᠢ᠌ᠭᠤᠯᠪᠠ᠃ ᠡᠰᠢ ᠰᠦᠷᠡᠯ᠂ ᠬᠠᠶᠠᠭᠳᠠᠮᠠᠯ ᠮᠣᠳᠣ ᠵᠡᠷᠭᠡ ᠵᠢ ᠠᠯᠢ ᠤᠯᠠᠨ ᠠᠵᠢᠯ᠎ᠤᠨ ᠳᠠᠷᠠᠭ᠋ᠠᠯᠠᠯ ᠵᠶ᠋ᠠᠷ ᠳᠠᠮᠵᠢᠵᠤ᠂ ᠠᠮᠢᠳᠤ ᠪᠣᠳᠠᠰ᠎ᠤᠨ ᠲᠦᠯᠡᠰᠢ ᠵᠢᠨ ᠮᠥᠬᠥᠯᠢᠭ ᠪᠣᠯᠭ᠋ᠠᠭᠰᠠᠨ᠎ᠤ ᠲᠠᠷᠠᠭ᠎ᠠ ᠴᠠᠬᠢᠯᠭ᠋ᠠᠨ᠎ᠤ ᠦᠢ᠍ᠯᠡᠳᠪᠦᠷᠢ᠂ ᠡᠮ᠎ᠤᠨ ᠦᠢ᠍ᠯᠡᠳᠪᠦᠷᠢ ᠪᠠ ᠢᠳᠡᠭᠡᠨ᠎ᠤ ᠦᠢ᠍ᠯᠡᠳᠪᠦᠷᠢ᠎ᠳᠤ ᠬᠠᠩᠭ᠋ᠠᠵᠤ᠂ ᠭᠠᠷᠤᠯᠲᠠ ᠵᠢᠨ ᠬᠡᠮᠵᠢᠶ᠎ᠡ᠎ᠨᠢ ᠴᠠᠭ ᠪᠦᠷᠢ᠎ᠳᠤ 3 ᠲᠣᠨ ᠣᠷᠴᠢᠮ ᠪᠠᠢ᠌ᠳᠠᠭ᠃ ᠲᠣᠰ ᠲᠥᠷᠥᠯ ᠵᠦᠢ᠍ᠯ᠎ᠨᠢ ᠵᠢᠯ ᠪᠦᠷᠢ ᠲᠣᠰᠬᠣᠨ᠎ᠤ ᠬᠠᠮᠲᠤ ᠨᠡᠶ᠋ᠢᠲᠡ᠎ᠳᠤ 20 ᠲᠦᠮᠡᠨ ᠲᠥᠭᠥᠷᠢᠭ᠎ᠤᠨ ᠠᠰᠢᠭ ᠣᠷᠣᠯᠭ᠎ᠠ ᠠᠪᠴᠢᠷᠠᠵᠤ ᠪᠣᠯᠬᠤ ᠪᠥᠭᠡᠳ ᠪᠠᠰᠠ 6 ᠲᠣᠰᠬᠣᠨ᠎ᠤ ᠠᠷᠠᠳ᠎ᠢ ᠳᠠᠶ᠋ᠢᠴᠢᠯᠠᠨ ᠭᠡᠷ᠎ᠤᠨ ᠡᠭᠦᠳᠡᠨ᠎ᠳᠤᠨᠢ ᠠᠵᠢᠯ ᠣᠯᠭᠣᠨ᠎ᠠ᠃
ᠲᠣᠰᠬᠣᠨ᠎ᠤ ᠠᠷᠠᠳ ᠪᠠᠶᠠᠵᠢᠭᠰᠠᠨ ᠴᠤ᠌ ᠲᠣᠰᠬᠣᠨ᠎ᠤ ᠭᠤᠶᠤ ᠰᠠᠢ᠌ᠬᠠᠨ ᠪᠠᠢ᠌ᠬᠤ ᠬᠡᠷᠡᠭᠲᠡᠢ᠃ ᠡᠳᠦᠭᠡ᠂ ᠤᠯᠠᠭ᠋ᠠᠨ ᠲᠣᠰᠬᠣᠨ᠎ᠳᠤ ᠬᠦᠷᠬᠦ᠎ᠳᠤ᠂ ᠴᠡᠪᠡᠷ ᠴᠡᠮᠴᠡᠭᠡᠷ ᠵᠡᠭᠡᠯᠢ ᠭᠤᠳᠤᠮᠵᠢ᠂ ᠴᠡᠪᠡᠷ ᠴᠡᠮᠴᠡᠭᠡᠷ ᠬᠦᠷᠢᠶ᠎ᠡ ᠬᠠᠰᠢᠶ᠎ᠠ ᠵᠢ ᠬᠠᠷᠠᠵᠤ᠂ ᠠᠢ᠌ᠯ ᠪᠣᠯᠭ᠋ᠠᠨ ᠡᠪᠡᠰᠦ ᠲᠦᠯᠡᠭᠡ ᠣᠪᠣᠭ᠋ᠠᠯᠠᠵᠤ᠂ ᠭᠡᠷ᠎ᠤᠨ ᠵᠢᠭᠦᠷᠲᠡᠨ᠎ᠢ ᠲᠦᠷᠦᠯ ᠬᠤᠪᠢᠶᠠᠨ ᠬᠠᠰᠢᠶᠠᠯᠠᠨ ᠲᠡᠵᠢᠭᠡᠵᠦ᠂ ᠴᠡᠪᠡᠷ ᠪᠣᠷᠣᠭᠵᠢᠭᠤᠨ ᠲᠠᠷᠢᠶᠠᠴᠢᠨ ᠠᠢ᠌ᠯ᠎ᠤᠨ ᠪᠠᠢ᠌ᠭ᠋ᠠᠯᠢ ᠵᠢᠨ ᠦᠵᠡᠮᠵᠢ ᠵᠢ ᠬᠠᠷᠠᠨ᠎ᠠ᠃
ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢ ᠠᠬᠢᠭᠤᠯᠬᠤ ᠵᠢᠨ ᠲᠥᠯᠥᠭᠡ᠂ ᠤᠯᠠᠭ᠋ᠠᠨᠲᠣᠰᠬᠣᠨ 《ᠤᠯᠠᠭ᠋ᠠᠨᠮᠸᠢ ᠵᠢᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠥᠯ》᠎ᠢ ᠲᠣᠭᠲᠠᠭ᠋ᠠᠵᠤ᠂ 《ᠤᠯᠠᠭ᠋ᠠᠨᠮᠸᠢ ᠵᠢᠨ ᠡᠷᠦᠬᠡ》 ᠪᠣᠯᠣᠨ 《ᠤᠯᠠᠭ᠋ᠠᠨᠮᠸᠢ ᠵᠢᠨ》 ᠤᠯᠠᠭ᠋ᠠᠨ ᠬᠠᠷ᠎ᠠ ᠰᠠᠮᠪᠠᠷ᠎ᠠ ᠵᠢ ᠪᠠᠢ᠌ᠭᠤᠯᠵᠤ᠂ ᠲᠣᠰᠬᠣᠨ᠎ᠤ ᠠᠷᠠᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠦᠵᠡᠯ ᠰᠠᠨᠠᠭ᠎ᠠ ᠲᠠᠨᠢᠯᠲᠠ ᠵᠢ᠎ᠨᠢ ᠳᠡᠭᠡᠭᠰᠢᠯᠡᠭᠦᠯᠵᠦ᠂ ᠲᠡᠳᠡᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠳᠤ ᠢᠳᠡᠪᠬᠢᠲᠡᠢ ᠣᠷᠤᠯᠴᠠᠬᠤ ᠵᠢ ᠵᠣᠷᠢᠭᠵᠢᠭᠤᠯᠵᠠᠢ᠃ 《ᠨᠢᠭᠡ ᠰᠠᠷ᠎ᠠ᠎ᠳᠤ ᠨᠢᠭᠡ ᠲᠣᠭᠣᠷᠢᠨ ᠪᠠᠢ᠌ᠴᠠᠭ᠋ᠠᠬᠤ᠂ ᠨᠢᠭᠡ ᠤᠯᠠᠷᠢᠯ᠎ᠳᠤ ᠨᠢᠭᠡ ᠰᠣᠯᠢᠬᠤ᠂ ᠨᠢᠭᠡ ᠵᠢᠯ᠎ᠳᠤ ᠨᠢᠭᠡ ᠱᠠᠩᠨᠠᠵᠤ ᠲᠣᠷᠭ᠋ᠠᠬᠤ》 ᠠᠵᠢᠯ᠎ᠤᠨ ᠶᠠᠪᠤᠴᠠ᠎ᠪᠠᠷ ᠳᠠᠮᠵᠢᠭᠤᠯᠤᠨ᠂ ᠰᠦᠯᠵᠢᠶᠡᠨ᠎ᠤ ᠠᠵᠢᠯᠲᠠᠨ ᠰᠠᠷ᠎ᠠ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠰᠬᠣᠨ᠎ᠤ ᠠᠷᠠᠳ᠎ᠤᠨ ᠡᠭᠦᠳᠡᠨ ᠡᠮᠦᠨ᠎ᠡ᠂ ᠭᠡᠷ ᠳᠣᠲᠣᠷ᠎ᠠ᠂ ᠬᠦᠷᠢᠶ᠎ᠡ ᠬᠠᠰᠢᠶ᠎ᠠ ᠵᠢ ᠠᠳᠠᠯᠢᠳᠬᠠᠨ ᠰᠢᠯᠭ᠋ᠠᠷᠠᠭᠤᠯᠵᠤ ᠵᠠᠷᠯᠠᠨ ᠨᠡᠢ᠌ᠲᠡᠯᠡᠵᠦ᠂ ᠲᠣᠰᠬᠣᠨ᠎ᠤ ᠠᠷᠠᠳ 《ᠤᠯᠠᠭ᠋ᠠᠨ ᠮᠧᠶ ᠶᠤᠸᠠᠢ》᠎ᠪᠠᠷ ᠳᠠᠮᠵᠢᠭᠤᠯᠤᠨ ᠬᠤᠪᠢ ᠬᠤᠷᠠᠮᠳᠤᠭᠤᠯᠵᠤ ᠬᠡᠲᠦ ᠳᠡᠯᠭᠡᠭᠦᠷ᠎ᠤᠨ ᠡᠳ᠋ ᠪᠣᠳᠠᠰ᠎ᠢ ᠰᠣᠯᠢᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠣᠶ ᠪᠣᠯᠭ᠋ᠠᠵᠤ ᠪᠣᠯᠣᠨ᠎ᠠ᠃
ᠲᠣᠰᠬᠣᠨ᠎ᠤ ᠬᠤᠪᠢᠷᠠᠯᠲᠠ ᠵᠢᠨ ᠲᠤᠬᠠᠢ ᠶᠠᠷᠢᠬᠤ᠎ᠳᠤ᠂ ᠲᠣᠰᠬᠣᠨ᠎ᠤ ᠠᠷᠠᠳ᠎ᠤᠨ ᠦᠭᠡ ᠶᠠᠷᠢᠶᠠᠨ᠎ᠳᠤ ᠪᠠᠶᠠᠷ ᠪᠠᠬᠠᠳᠤᠯᠲᠠᠢ ᠰᠠᠨᠠᠭᠳᠠᠨ᠎ᠠ᠃ 《ᠪᠢᠳᠡ ᠬᠣᠶᠠᠭᠤᠯᠠ ᠡᠳᠦᠷ ᠪᠦᠷᠢ ᠭᠡᠷ᠎ᠤᠨ ᠳᠣᠲᠣᠨ᠎ᠠ ᠭᠠᠳᠠᠨ᠎ᠠ᠂ ᠭᠡᠷ᠎ᠤᠨ ᠠᠷᠤ ᠬᠣᠢ᠌ᠨ᠎ᠠ᠂ ᠬᠠᠰᠢᠶ᠎ᠠ ᠭᠡᠷ᠎ᠤᠨ ᠡᠷᠭᠢᠨ ᠲᠣᠭᠣᠷᠢᠨ᠎ᠤ ᠠᠷᠢᠭᠤᠨ ᠴᠡᠪᠡᠷ ᠢ ᠴᠥᠮ ᠨᠢᠭᠡ ᠤᠳᠠᠭ᠎ᠠ ᠴᠡᠪᠡᠷᠯᠡᠵᠦ᠂ ᠴᠡᠪᠡᠷ ᠴᠡᠮᠴᠡᠭᠡᠷ ᠬᠦᠷᠢᠶ᠎ᠡ ᠵᠢ ᠬᠠᠷᠠᠬᠤ᠎ᠳᠤ ᠦᠨᠡᠬᠡᠷ ᠪᠠᠶᠠᠷ ᠲᠠᠢ ᠪᠠᠢ᠌ᠨ᠎ᠠ᠃ ᠬᠡᠰᠡᠭ ᠬᠤᠭᠤᠴᠠᠭ᠋ᠠᠨ᠎ᠤ ᠴᠢᠷᠮᠠᠢ᠌ᠯᠭ᠎ᠠ᠎ᠪᠠᠷ ᠳᠡᠮᠵᠢᠨ᠂ ᠠᠷᠢᠭᠤᠨ ᠴᠡᠪᠡᠷ ᠢ ᠴᠡᠪᠡᠷᠯᠡᠬᠦ᠎ᠨᠢ ᠮᠠᠨ᠎ᠤ 〈ᠵᠠᠪᠠᠯ ᠰᠤᠷᠬᠤ ᠬᠢᠴᠢᠶᠡᠯ〉 ᠪᠣᠯᠵᠤ᠂ ᠣᠷᠴᠢᠨ ᠲᠣᠭᠣᠷᠢᠨ ᠰᠠᠢ᠌ᠵᠢᠷᠠᠪᠠᠯ᠂ ᠪᠢᠳᠡᠨ᠎ᠤ ᠰᠡᠳᠬᠢᠯ ᠰᠠᠨᠠᠭ᠎ᠠ ᠪᠠᠰᠠ ᠠᠭᠤᠵᠢᠷᠠᠨ᠎ᠠ 》 ᠭᠡᠵᠦ ᠬᠡᠯᠡᠪᠡ᠃ ᠊ᠠ᠋ᠠᠷᠠᠣᠠᠤᠨ ᠡᠳᠦᠷ᠎ᠤᠨ ᠴᠢᠷᠮᠠᠢ᠌ᠯᠭ᠎ᠠ ᠪᠠᠷ ᠳᠡᠮᠵᠢᠨ ᠠᠷᠢᠭᠤᠨ ᠴᠡᠪᠡᠷ ᠢ ᠴᠡᠪᠡᠷᠯᠡᠬᠦ᠎ᠨᠢ ᠪᠢᠳᠡᠨ᠎ᠤ 〈ᠵᠠᠪᠠᠯ ᠰᠤᠷᠬᠤ ᠬᠢᠴᠢᠶᠡᠯ〉 ᠪᠣᠯᠵᠤ᠂ ᠣᠷᠴᠢᠨ ᠲᠣᠭᠣᠷᠢᠨ ᠰᠠᠢ᠌ᠵᠢᠷᠠᠪᠠᠯ ᠪᠢᠳᠡᠨ᠎ᠤ ᠰᠡᠳᠬᠢᠯ ᠰᠠᠨᠠᠭ᠎ᠠ ᠪᠠᠰᠠ ᠠᠭᠤᠵᠢᠷᠠᠨ᠎ᠠ 》 ᠭᠡᠵᠦ ᠬᠡᠯᠡᠪᠡ᠃ ᠊ᠠ᠋ᠠᠷᠠᠣᠠᠤᠨ ᠡᠳᠦᠷ᠎ᠤᠨ ᠴᠢᠷᠮᠠᠢ᠌ᠯᠭ᠎ᠠ ᠪᠠᠷ ᠳᠡᠮᠵᠢᠨ ᠠᠷᠢᠭᠤᠨ ᠴᠡᠪᠡᠷ ᠢ ᠴᠡᠪᠡᠷᠯᠡᠬᠦ᠎ᠨᠢ ᠮᠠᠨ᠎ᠤ 〈ᠵᠠᠪᠠᠯ ᠰᠤᠷᠬᠤ ᠬᠢᠴᠢᠶᠡᠯ ᠪᠣᠯᠣᠨ᠎ᠠ᠃ ᠤᠯᠠᠭ᠋ᠠᠨ ᠲᠣᠰᠬᠣᠨ᠎ᠤ ᠰᠢᠨ ᠱᠧᠩ ᠬᠣᠶᠠᠳᠤᠭ᠋ᠠᠷ ᠬᠣᠷᠢᠶ᠎ᠠ ᠵᠢᠨ ᠯᠢᠦ ᠸᠠᠨ ᠹᠦ᠋ ᠴᠡᠪᠡᠷ ᠬᠦᠷᠢᠶ᠎ᠡ᠎ᠪᠠᠨ ᠵᠢᠭ᠋ᠠᠬᠤ ᠵᠢᠨ ᠳᠠᠭ᠋ᠠᠤ ᠪᠠᠶᠠᠷᠲᠠᠢ᠎ᠪᠠᠷ ᠶᠠᠷᠢᠨ᠎ᠠ᠃
ᠣᠢ᠌ᠷ᠎ᠠ ᠵᠢᠨ ᠵᠢᠯ᠎ᠠᠴᠠ᠂ ᠤᠯᠠᠭ᠋ᠠᠨ ᠲᠣᠰᠬᠣᠨ ᠨᠠᠷᠢᠨ ᠨᠢᠮᠪᠠᠢ ᠵᠣᠬᠢᠶᠠᠨ ᠪᠠᠶ᠋ᠢᠭᠤᠯᠬᠤ᠂ ᠤᠯᠠᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠬᠦ᠎ᠪᠠᠷ ᠳᠠᠮᠵᠢᠭᠤᠯᠵᠤ᠂ ᠠᠵᠤ ᠦᠢ᠍ᠯᠡᠰ᠎ᠤᠨ ᠬᠥᠭᠵᠢᠯᠲᠡ᠎ᠪᠠᠷ ᠲᠤᠯᠭ᠋ᠠᠭᠤᠷᠢᠯᠠᠯ ᠪᠣᠯᠭ᠋ᠠᠵᠤ᠂ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠪᠠᠷ ᠭᠠᠷᠳᠠᠴᠠ ᠪᠣᠯᠭ᠋ᠠᠵᠤ᠂ ᠲᠣᠰᠬᠣᠨ᠎ᠤ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠢᠳᠡᠪᠬᠢᠲᠡᠢ ᠨᠡᠮᠡᠭᠳᠡᠭᠦᠯᠵᠦ᠂ ᠬᠥᠳᠡᠭᠡ ᠲᠣᠰᠬᠣᠨ᠎ᠤ ᠳᠦᠷᠰᠦ ᠪᠠᠢ᠌ᠳᠠᠯ᠎ᠢ ᠰᠠᠢ᠌ᠵᠢᠷᠠᠭᠤᠯᠵᠤ᠂ ᠵᠣᠯ ᠵᠢᠷᠭ᠋ᠠᠯᠲᠤ ᠣᠷᠣᠰᠢᠨ ᠰᠠᠭᠤᠬᠤ᠎ᠳᠤ ᠲᠣᠬᠢᠷᠠᠮᠵᠢᠲᠠᠢ ᠲᠣᠰᠬᠣᠨ᠎ᠢ ᠴᠣᠭᠴᠠᠯᠠᠨ ᠪᠠᠢ᠌ᠭᠤᠯᠵᠠᠢ᠃ ᠣᠳᠣᠬᠠᠨ᠎ᠳᠤ᠂ ᠲᠤᠰ ᠲᠣᠰᠬᠣᠨ ᠨᠢᠭᠡᠨᠲᠡ ᠲᠤᠯᠭ᠋ᠠᠭᠤᠷᠢᠯᠠᠬᠤ ᠴᠢᠨᠠᠷᠲᠠᠢ ᠠᠵᠤ ᠦᠢ᠍ᠯᠡᠰ᠎ᠢ ᠠᠮᠵᠢᠯᠲᠠ᠎ᠲᠠᠢ ᠪᠠᠢ᠌ᠭᠤᠯᠵᠤ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠣᠷᠣᠯᠭ᠎ᠠ ᠡᠩ ᠲᠡᠷᠢᠭᠦᠨ᠎ᠳᠤ ᠵᠢᠯ ᠪᠦᠷᠢ 20 ᠲᠦᠮᠡᠨ ᠲᠥᠭᠥᠷᠢᠭ᠎ᠢ ᠳᠠᠪᠠᠵᠤ᠂ ᠬᠥᠳᠡᠭᠡ ᠲᠣᠰᠬᠣᠨ᠎ᠤ《ᠦᠢ᠍ᠯᠡᠳᠬᠦᠨ᠎ᠤ ᠦᠷᠳᠡᠭ》 ᠪᠠ 《ᠥᠩᠭᠡ ᠵᠢᠰᠦ》 ᠵᠢ ᠬᠠᠷᠢᠯᠴᠠᠨ ᠲᠤᠪᠤᠢ᠍ᠢ᠍ᠯᠭ᠋ᠠᠪᠠ᠃