ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
ᠬᠠᠷᠠᠴᠢᠨ ᠬᠣᠰᠢᠭᠤᠨ᠎ᠤ ᠯᠧᠢ ᠶᠢᠩᠽᠢ ᠲᠣᠰᠬᠣᠨ ᠄ ᠬᠥᠳᠡᠭᠡ ᠲᠣᠰᠬᠣᠨ᠎ᠤ ᠵᠢᠭᠤᠯᠴᠢᠯᠠᠯ ᠬᠥᠭᠵᠢᠶᠡᠨ᠎ᠲᠠᠢ ᠪᠣᠯᠪᠠ
ᠨᠡᠶ᠋ᠢᠲᠡᠯᠡᠭᠰᠡᠨ ᠴᠠᠭ᠄ 2022-04-06

      ᠰᠢᠨ᠎ᠡ  ᠰᠣᠷᠭᠣᠭ ᠬᠠᠷᠠᠴᠢᠨ ᠪᠣᠯ ᠡᠷᠡᠭᠦᠯ ᠰᠠᠷᠠᠭᠤᠯ ᠠᠮᠢ ᠠᠬᠤᠢ ᠵᠢᠨ ᠵᠤᠭ᠋ᠠᠴᠠᠯ᠃ ᠪᠦᠬᠦ ᠣᠷᠣᠨ ᠪᠦᠰᠡ ᠵᠢᠨ ᠵᠤᠭ᠋ᠠᠴᠠᠯ᠎ᠤᠨ ᠠᠬᠤᠢ ᠪᠠᠢ᠌ᠳᠠᠯ ᠳᠣᠣᠷ᠎ᠠ᠂ ᠬᠥᠳᠡᠭᠡ ᠲᠣᠰᠬᠣᠨ᠎ᠤ ᠵᠤᠭ᠋ᠠᠴᠠᠯ᠎ᠢ ᠬᠥᠭᠵᠢᠭᠦᠯᠬᠦ᠎ᠨᠢ ᠨᠢᠭᠡᠨᠲᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠬᠤ ᠴᠢᠬᠤᠯᠠ ᠭᠠᠷᠳᠠᠴᠠ ᠪᠣᠯᠵᠠᠢ᠃ ᠤᠯᠠᠭ᠋ᠠᠨᠬᠠᠳᠠ ᠬᠤᠳᠠ ᠵᠢᠨ ᠬᠠᠷᠠᠴᠢᠨ ᠬᠣᠰᠢᠭᠤᠨ᠎ᠤ ᠰᠢᠴᠢᠶᠤᠤ ᠪᠠᠯᠭ᠋ᠠᠰᠤ ᠵᠢᠨ ᠯᠧᠢ ᠶᠢᠩᠽᠢ ᠲᠣᠰᠬᠣᠨ ᠬᠡᠳᠦᠨ ᠵᠢᠯ᠎ᠤᠨ ᠬᠥᠭᠵᠢᠯᠲᠡ ᠵᠢ ᠥᠩᠭᠡᠷᠡᠭᠡᠭᠡᠳ᠂ ᠤᠤᠯ᠎ᠤᠨ ᠶᠠᠳᠠᠭᠤ ᠬᠦᠴᠢᠷᠳᠡᠯᠲᠡᠢ ᠲᠣᠰᠬᠣᠨ ᠪᠠᠢ᠌ᠭᠰᠠᠨ᠎ᠠᠴᠠ᠎ᠪᠠᠨ ᠬᠤᠯᠠ ᠣᠢ᠌ᠷ᠎ᠠ᠎ᠳᠠᠭᠠᠨ ᠠᠯᠳᠠᠷᠲᠠᠢ ᠵᠤᠭ᠋ᠠᠴᠠᠯ᠎ᠤᠨ ᠦᠵᠡᠮᠵᠢ ᠵᠢᠨ ᠣᠷᠣᠨ ᠪᠣᠯᠵᠠᠢ᠃

      ᠥᠩᠭᠡᠷᠡᠭᠰᠡᠨ᠎ᠤ  ᠯᠧᠢ ᠶᠢᠩᠽᠢ ᠲᠣᠰᠬᠣᠨ᠎ᠤ ᠠᠭᠤᠯᠠ ᠤᠯᠠᠨ ᠭᠠᠵᠠᠷ ᠴᠥᠭᠡᠨ᠂ ᠪᠤᠢ᠍ᠢ᠍ᠳᠠ ᠪᠥᠭᠯᠡᠭᠦᠦ᠂ ᠵᠠᠮ ᠬᠠᠷᠢᠯᠴᠠᠭ᠎ᠠ ᠪᠤᠢ᠍ᠢ᠍ᠳᠠ ᠪᠥᠭᠯᠡᠭᠦᠦ᠂ ᠶᠠᠳᠠᠭᠤ ᠬᠣᠴᠤᠷᠤᠩᠭᠤᠢ ᠪᠠᠢ᠌ᠵᠠᠢ᠃ ᠣᠢ᠌ᠷ᠎ᠠ ᠵᠢᠨ ᠵᠢᠯ᠎ᠳᠤ ᠯᠧᠢ ᠶᠢᠩᠽᠢ ᠲᠣᠰᠬᠣᠨ ᠬᠠᠷᠠᠴᠢᠨ ᠬᠣᠰᠢᠭᠤᠨ᠎ᠤ ᠨᠠᠮ᠎ᠤᠨ ᠬᠣᠷᠢᠶ᠎ᠠ ᠂ ᠬᠣᠰᠢᠭᠤᠨ᠎ᠤ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ ᠲᠤᠤᠷ᠎ᠠ᠂ ᠦᠵᠡᠰᠬᠦᠯᠡᠩᠲᠦ ᠰᠠᠢ᠌ᠬᠠᠨ ᠪᠠᠢ᠌ᠭ᠋ᠠᠯᠢ ᠵᠢᠨ ᠥᠩᠭᠡ ᠦᠵᠡᠮᠵᠢ ᠂ ᠭᠦᠨ ᠵᠤᠵᠠᠭ᠋ᠠᠨ ᠰᠣᠶᠣᠯ ᠢᠷᠭᠡᠨᠰᠢᠯ᠎ᠤᠨ ᠲᠡᠤᠬᠡ᠂ ᠡᠷᠬᠢᠮ ᠨᠠᠨᠳᠢᠨ ᠬᠤᠪᠢᠰᠬᠠᠯ᠎ᠤᠨ ᠰᠣᠶᠣᠯ ᠵᠡᠷᠭᠡ ᠲᠥᠷᠥᠯᠬᠢ ᠵᠢᠨ ᠨᠥᠬᠥᠴᠡᠯ ᠵᠶ᠋ᠡᠨ ᠭᠦᠢ᠍ᠴᠡᠳ ᠠᠰᠢᠭᠯᠠᠨ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠲᠠᠷᠢᠶᠠᠴᠢᠳ᠎ᠤᠨ ᠬᠥᠮᠥᠨ ᠳᠤᠮᠳᠠᠴᠢ ᠵᠢᠨ ᠵᠢᠯ᠎ᠤᠨ ᠣᠷᠣᠯᠭ᠎ᠠ ᠦᠷᠭᠦᠯᠵᠢᠯᠡᠨ ᠳᠠᠬᠢᠨ ᠵᠶ᠋ᠠᠷ ᠨᠡᠮᠡᠭᠳᠡᠵᠦ᠂ 2014 ᠣᠨ᠎ᠤ ᠡᠴᠦᠰ᠎ᠲᠤ 2950 ᠲᠥᠭᠥᠷᠢᠭ ᠬᠦᠷᠬᠦ ᠦᠭᠡᠢ ᠪᠠᠢ᠌ᠭᠰᠠᠨ ᠎ᠠᠴᠠ᠎ᠪᠠᠨ ᠨᠡᠮᠡᠭᠳᠡᠭᠡᠳ ᠬᠣᠶᠠᠷ ᠲᠦᠮᠡᠨ ᠲᠥᠭᠥᠷᠢᠭ᠎ᠢ ᠳᠠᠪᠠᠭᠰᠠᠨ ᠪᠠᠢ᠌ᠨ᠎ᠠ᠃ ᠥᠨᠥᠳᠥᠷ᠎ᠤᠨ ᠯᠧᠢ ᠶᠢᠩᠽᠢ ᠲᠣᠰᠬᠣᠨ᠂ ᠠᠵᠤ ᠦᠢ᠍ᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠬᠥᠳᠡᠭᠡ ᠲᠣᠰᠬᠣᠨ᠎ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠣᠯᠬᠤ ᠬᠠᠷᠠᠯᠲᠠ ᠲᠡᠰᠢ ᠤᠷᠤᠭᠰᠢᠯᠠᠵᠤ ᠪᠠᠢ᠌ᠨ᠎ᠠ᠃

      ᠠᠵᠤ  ᠦᠢ᠍ᠯᠡᠰ᠎ᠤᠨ ᠬᠥᠭᠵᠢᠯᠲᠡ ᠵᠢᠨ ᠰᠢᠨ᠎ᠡ ᠵᠠᠭᠪᠤᠷ ᠳᠠᠪᠠᠭᠤᠯᠢᠭ ᠵᠶ᠋ᠠᠨ ᠪᠠᠳᠠᠷᠠᠭᠤᠯᠵᠤ ᠵᠢᠭᠤᠯᠴᠢᠯᠠᠯ ᠡᠷᠭᠢᠯᠡᠨ᠎ᠡ

      ᠯᠧᠢ  ᠶᠢᠩᠽᠢ ᠲᠣᠰᠬᠣᠨ᠎ᠤ ᠠᠭᠤᠯᠠ ᠬᠥᠬᠡᠮᠳᠦᠭ᠂ ᠤᠰᠤ ᠲᠤᠩᠭ᠋ᠠᠯᠠᠭ᠂ ᠵᠢᠯᠠᠭ᠎ᠠ ᠭᠦᠨ᠂ ᠤᠢ ᠰᠢᠭᠤᠢ᠂ ᠦᠵᠡᠮᠵᠢ ᠰᠠᠢ᠌ᠬᠠᠨ᠂ ᠠᠷᠠᠳ᠎ᠤᠨ ᠵᠠᠩ ᠰᠤᠷᠲᠠᠯ ᠪᠣᠷᠣᠭᠵᠢᠭᠤᠨ᠂ ᠰᠣᠶᠣᠯ ᠢᠷᠭᠡᠨᠰᠢᠯ᠎ᠤᠨ ᠲᠡᠦᠬᠡ ᠭᠦᠨ ᠵᠤᠵᠠᠭ᠋ᠠᠨ᠂ ᠵᠤᠭ᠋ᠠᠴᠠᠯ᠎ᠤᠨ ᠰᠠᠭᠤᠷᠢ ᠡᠬᠢ ᠪᠠᠶᠠᠯᠢᠭ ᠨᠡᠯᠢᠶᠡᠳ ᠰᠠᠢ᠌ᠨ ᠪᠠᠢ᠌ᠳᠠᠭ᠃ ᠣᠢ᠌ᠷ᠎ᠠ ᠵᠢᠨ ᠵᠢᠯ᠎ᠳᠤ ᠂ ᠰᠢᠴᠢᠶᠤᠤ ᠪᠠᠯᠭ᠋ᠠᠰᠤᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠠᠴᠠ 《ᠰᠣᠶᠣᠯ + ᠵᠢᠭᠤᠯᠴᠢᠯᠠᠯ + ᠬᠥᠳᠡᠭᠡ ᠲᠣᠰᠬᠣᠨ + ᠣᠶ ᠰᠢᠭᠤᠢ ᠵᠢᠮᠢᠰ》᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠵᠠᠭᠪᠤᠷ᠎ᠢ ᠳᠤᠷᠠᠳᠴᠤ ᠂ ᠯᠧᠢ ᠶᠢᠩᠽᠢ ᠲᠣᠰᠬᠣᠨ᠎ᠤ ᠵᠤᠭ᠋ᠠᠴᠠᠯ ᠠᠮᠠᠷᠠᠯᠲᠠ ᠵᠢᠨ ᠲᠣᠭᠣᠷᠢᠭ᠎ᠢ ᠦᠨᠡᠨᠬᠦ ᠲᠥᠯᠥᠪᠵᠢᠭᠦᠯᠵᠦ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠡᠨ ᠴᠢᠩᠭ᠋ᠠᠷᠠᠭᠤᠯᠵᠤ ᠂ ᠡᠯᠪᠡᠭ ᠪᠠᠶᠠᠯᠢᠭ ᠠᠩᠬᠠᠨ᠎ᠤ ᠣᠶ ᠰᠢᠭᠤᠢ ᠂ ᠠᠭᠤᠯᠠᠨ ᠬᠤᠰᠢᠭ᠎ᠠ ᠵᠢᠨ ᠣᠶ ᠂ ᠵᠢᠮᠢᠰ᠎ᠤᠨ ᠮᠣᠳᠣ᠂ ᠭᠣᠷᠣᠬ᠎ᠠ ᠵᠢᠨ ᠤᠰᠤ᠂ ᠴᠡᠪᠡᠷ ᠲᠤᠩᠭ᠋ᠠᠯᠠᠭ ᠠᠭ᠋ᠠᠷ ᠂ ᠯᠢᠶᠣᠤ ᠤᠯᠤᠰ᠎ᠤᠨ ᠦᠶ᠎ᠡ ᠵᠢᠨ ᠶᠧ ᠯᠢᠦᠢ ᠼᠦᠩ᠎ᠤᠨ ᠣᠩᠭᠣᠨ᠎ᠤ ᠪᠠᠭᠤᠷᠢ᠂ ᠯᠤᠤᠰ᠎ᠤᠨ ᠰᠦᠮ᠎ᠡ ᠵᠡᠷᠭᠡ ᠵᠢᠭᠤᠯᠴᠢᠯᠠᠯ᠎ᠤᠨ ᠡᠬᠢ ᠪᠠᠶᠠᠯᠢᠭ ᠪᠣᠯᠣᠨ ᠪᠣᠷᠣᠭᠵᠢᠭᠤᠨ ᠠᠷᠠᠳ᠎ᠤᠨ ᠵᠠᠩ ᠳᠠᠳᠬᠠᠯ᠎ᠢ ᠠᠰᠢᠭᠯᠠᠨ᠂ ᠯᠧᠢ ᠶᠢᠩᠽᠢ ᠲᠣᠰᠬᠣᠨ᠎ᠢ ᠪᠠᠢ᠌ᠭ᠋ᠠᠯᠢ ᠵᠢᠨ ᠦᠵᠡᠮᠵᠢ ᠰᠣᠨᠢᠷᠬᠠᠬᠤ᠂ ᠣᠶ ᠰᠢᠭᠤᠢ ᠵᠢᠮᠢᠰ ᠲᠡᠭᠦᠬᠦ᠂ ᠨᠠᠷᠠᠲᠤ ᠦᠵᠡᠮᠵᠢ ᠵᠢᠨ ᠭᠠᠵᠠᠷ ᠲᠣᠭᠣᠷᠢᠨ ᠦᠵᠡᠬᠦ᠂ ᠢᠳᠡᠭᠡᠨ ᠤᠮᠳᠠᠭ᠋ᠠᠨ ᠵᠤᠭ᠎ᠠ ᠴᠡᠩᠭᠡᠯ᠎ᠢ ᠨᠢᠭᠡ ᠴᠣᠭᠴᠠᠵᠢᠭᠤᠯᠤᠭᠰᠠᠨ ᠰᠡᠯᠡᠭᠦᠴᠡᠯ ᠵᠢᠭᠤᠯᠴᠢᠯᠠᠯ ᠠᠮᠠᠷᠠᠯᠲᠠ ᠵᠢᠨ ᠣᠷᠣᠨ ᠪᠣᠯᠭ᠋ᠠᠨ ᠠᠯᠬᠤᠮ ᠠᠯᠬᠤᠮ ᠵᠶ᠋ᠠᠷ ᠪᠦᠲᠦᠭᠡᠨ ᠪᠠᠢ᠌ᠭᠤᠯᠤᠨ᠎ᠠ ᠃

      2014  ᠣᠨ᠎ᠳᠤ᠂ ᠯᠧᠢ ᠶᠢᠩᠽᠢ ᠲᠣᠰᠬᠣᠨ᠎ᠤ ᠨᠠᠮ᠎ᠤᠨ ᠡᠭᠦᠷ《ᠡᠬᠢ ᠪᠠᠶᠠᠯᠢᠭ᠎ᠢ ᠡᠳ᠋ ᠬᠥᠷᠥᠩᠭᠡ ᠪᠣᠯᠭ᠋ᠠᠨ ᠬᠤᠪᠢᠷᠠᠭᠤᠯᠬᠤ᠂ ᠪᠡᠯᠡ ᠮᠥᠩᠭᠥ ᠵᠢ ᠬᠤᠪᠢ ᠣᠷᠣᠭᠤᠯᠤᠯᠲᠠ ᠵᠢᠨ ᠮᠥᠩᠭᠥ ᠪᠣᠯᠭ᠋ᠠᠨ ᠬᠤᠪᠢᠷᠠᠭᠤᠯᠬᠤ᠂ ᠲᠠᠷᠢᠶᠠᠴᠢᠨ᠎ᠢ ᠬᠤᠪᠢ ᠣᠷᠣᠭᠤᠯᠤᠭᠴᠢ ᠪᠣᠯᠭ᠋ᠠᠨ ᠬᠤᠪᠢᠷᠠᠭᠤᠯᠬᠤ》《ᠭᠤᠷᠪᠠ ᠵᠢ ᠬᠤᠪᠢᠷᠠᠭᠤᠯᠬᠤ ᠥᠭᠡᠷᠡᠴᠢᠯᠡᠯᠲᠡ》ᠵᠢ ᠳᠤᠷᠠᠳᠴᠤ᠂ 《ᠡᠵᠡᠩᠨᠡᠯᠲᠡ ᠵᠢᠨ ᠭᠣᠣᠯ ᠴᠣᠭᠴᠠ + ᠲᠣᠰᠬᠣᠨ᠎ᠤ ᠬᠠᠮᠲᠤ ᠨᠡᠢ᠍ᠢ᠍ᠳᠡ + ᠲᠠᠷᠢᠶᠠᠴᠢᠨ ᠡᠷᠦᠭᠡ + ᠰᠠᠭᠤᠷᠢᠨ ᠭᠠᠵᠠᠷ》》᠎ᠤᠨ ᠡᠵᠡᠩᠨᠡᠯᠲᠡ ᠵᠢᠨ ᠵᠠᠭᠪᠤᠷ᠎ᠢ ᠰᠦᠪᠡᠭᠴᠢᠯᠡᠨ ᠪᠠᠢ᠌ᠭᠤᠯᠪᠠ᠃ ᠲᠣᠰᠬᠣᠨ᠎ᠤ 《ᠬᠣᠶᠠᠷ ᠵᠥᠪᠯᠡᠯ》》᠎ᠤᠨ ᠪᠠᠭ ᠲᠦᠷᠦᠭᠦᠯᠡᠨ ᠲᠠᠷᠢᠶᠠᠯᠠᠩ᠎ᠤᠨ ᠲᠣᠭᠣᠷᠢᠨ ᠦᠵᠡᠬᠦ ᠵᠤᠭ᠋ᠠᠴᠠᠯ᠎ᠤᠨ ᠬᠤᠷᠰᠢᠶ᠎ᠠ ᠵᠢ ᠪᠠᠢ᠌ᠭᠤᠯᠵᠤ᠂ ᠪᠦᠬᠦ ᠲᠣᠰᠬᠣᠨ᠎ᠤ 164 ᠡᠷᠦᠬᠡ ᠲᠣᠰᠬᠣᠨ᠎ᠤ ᠠᠷᠠᠳ᠎ᠢ ᠵᠣᠬᠢᠶᠠᠨ ᠪᠠᠢ᠌ᠭᠤᠯᠤᠨ ᠭᠠᠵᠠᠷ ᠰᠢᠷᠣᠢ᠎ᠪᠠᠷ ᠬᠤᠪᠢ ᠣᠷᠣᠭᠤᠯᠬᠤ ᠬᠡᠯᠪᠡᠷᠢ᠎ᠪᠠᠷ ᠬᠤᠷᠰᠢᠶ᠎ᠠ᠎ᠳᠤ ᠣᠷᠣᠭᠤᠯᠪᠠ᠃

      ᠨᠠᠮ᠎ᠤᠨ  ᠭᠡᠰᠢᠭᠦᠨ ᠲᠦᠷᠦᠭᠦᠯᠡᠨ 《  ᠨᠠᠢ᠍ᠮᠠᠯᠵᠢ ᠢᠳᠡᠨ᠎ᠡ 》 ᠃ ᠲᠤᠬᠠᠢ ᠵᠢᠨ ᠦᠶ᠎ᠡ᠎ᠳᠤ ᠲᠣᠰᠬᠣᠨ᠎ᠤ ᠠᠷᠠᠳ ᠲᠠᠷᠢᠶᠠᠴᠢᠨ ᠠᠢ᠌ᠯ᠎ᠤᠨ ᠵᠤᠭ᠋ᠠᠴᠠᠯ᠎ᠢ ᠡᠷᠬᠢᠯᠡᠨ᠎ᠡ ᠭᠡᠰᠡᠨ᠎ᠢ ᠰᠣᠨᠣᠰᠤᠭ᠋ᠠᠳ ᠪᠦᠷ ᠣᠢ᠌ᠯᠠᠭ᠋ᠠᠬᠤ ᠦᠭᠡᠢ ᠪᠠᠢ᠌ᠪᠠ᠂ ᠨᠢᠭᠡ ᠵᠢᠯ᠎ᠳᠤ ᠬᠡᠳᠦᠨ ᠤᠳᠠᠭ᠎ᠠ ᠬᠣᠭᠣᠯᠠᠨ ᠭᠡᠷ᠎ᠲᠤ ᠪᠠᠭᠤᠭᠰᠠᠨ ᠦᠭᠡᠢ ᠪᠠᠢ᠌ᠲᠠᠯ᠎ᠠ᠎ᠪᠠᠨ ᠲᠠᠷᠢᠶᠠᠴᠢᠨ ᠠᠢ᠌ᠯ᠎ᠤᠨ ᠵᠤᠭ᠋ᠠᠴᠠᠯ᠎ᠢ ᠶᠠᠭ᠋ᠠᠬᠢᠵᠤ ᠡᠷᠬᠢᠯᠡᠬᠦ ᠪᠤᠢ? ᠪᠠᠢ᠌ᠳᠠᠯ᠎ᠢ ᠠᠵᠢᠭᠯᠠᠬᠤ ᠂ ᠰᠡᠵᠢᠭᠯᠡᠬᠦ ᠂ ᠲᠥᠭᠡᠷᠢᠬᠦ ᠰᠡᠳᠬᠢᠯᠭᠡ ᠲᠣᠰᠬᠣᠨ᠎ᠳᠤ ᠳᠡᠯᠭᠡᠷᠡᠪᠡ ᠃ ᠲᠣᠰᠬᠣᠨ᠎ᠤ ᠨᠠᠮ᠎ᠤᠨ ᠡᠭᠦᠷ ᠲᠡᠷᠡ ᠳᠠᠷᠤᠢ᠎ᠳᠤᠨᠢ ᠲᠣᠭᠲᠠᠭ᠋ᠠᠯ ᠭᠠᠷᠭ᠋ᠠᠵᠤ᠂ ᠨᠠᠮ᠎ᠤᠨ ᠭᠡᠰᠢᠭᠦᠳ᠎ᠢ ᠲᠠᠢ᠍ᠢ᠍ᠴᠢᠯᠠᠨ ᠲᠦᠷᠦᠭᠦᠯᠡᠨ ᠬᠢᠵᠦ᠂ ᠵᠢᠱ᠌ᠢᠶ᠎ᠡ ᠦᠵᠡᠭᠦᠯᠦᠨ᠂ ᠣᠯᠣᠯᠴᠠᠬᠤ᠎ᠪᠠᠷ ᠲᠠᠮᠵᠢᠨ᠂ ᠡᠴᠦᠰ᠎ᠲᠡᠭᠡᠨ 6 ᠲᠠᠷᠢᠶᠠᠴᠢᠨ ᠠᠢ᠌ᠯ᠎ᠤᠨ ᠵᠤᠭ᠋ᠠᠴᠠᠯ᠎ᠢ ᠡᠬᠢᠯᠡᠭᠦᠯᠬᠦ᠎ᠪᠠᠷ ᠲᠣᠭᠲᠠᠪᠠ᠃

      《  ᠲᠠᠷᠢᠶᠠᠴᠢᠨ ᠠᠢ᠌ᠯ᠎ᠤᠨ ᠵᠤᠭ᠋ᠠᠴᠠᠯ᠎ᠢ ᠡᠷᠬᠢᠯᠡᠪᠡ᠂ ᠬᠡᠨ᠎ᠢ ᠭᠥᠯᠢᠶᠡᠨ ᠠᠪᠬᠤ ᠪᠤᠢ? ᠵᠢᠭᠤᠯᠴᠢᠯᠠᠭᠴᠢᠳ ᠬᠠᠮᠢᠭ᠎ᠠ᠎ᠠᠴᠠ ᠢᠷᠡᠪᠡ? ᠡᠭᠦᠨ᠎ᠳᠤ ᠤᠯᠠᠨ ᠵᠶ᠋ᠠᠷ ᠵᠶ᠋ᠠᠨ ᠬᠦᠴᠢᠷᠳᠡᠯ ᠲᠤᠯᠭ᠋ᠠᠷᠠᠪᠠ᠃ ᠵᠠᠷ ᠮᠡᠳᠡᠭᠡ ᠨᠡᠢ᠌ᠲᠡᠯᠡᠬᠦ ᠵᠣᠭᠣᠰ ᠦᠭᠡᠢ᠂ ᠨᠡᠩ ᠴᠤ᠌ ᠪᠣᠷᠤᠯᠠᠭᠤᠯᠭ᠎ᠠ ᠵᠢ ᠮᠡᠳᠡᠬᠦ ᠦᠭᠡᠢ᠂ ᠬᠥᠮᠥᠰ᠎ᠤᠨ ᠬᠦᠷᠢᠶᠡᠯᠡᠯ᠎ᠢ ᠨᠡᠮᠡᠭᠳᠡᠭᠦᠯᠬᠦ ᠵᠢᠨ ᠲᠥᠯᠥᠭᠡ᠂ ᠤᠯᠠᠭ᠋ᠠᠨᠬᠠᠳᠠ ᠬᠤᠲᠠ ᠵᠢᠨ ᠡᠯ᠎ᠡ ᠵᠠᠮ᠎ᠤᠨ ᠨᠡᠷᠡᠲᠦ ᠬᠥᠮᠥᠰ᠎ᠢ ᠤᠷᠢᠵᠤ ᠰᠦᠢ᠍ᠳᠬᠡᠯ ᠬᠤᠷᠢᠶᠠᠬᠤ ᠦᠭᠡᠢ᠎ᠪᠠᠷ ᠬᠣᠭᠣᠯᠠ ᠢᠳᠡᠭᠦᠯᠵᠦ᠂ ᠵᠤᠭ᠋ᠠᠴᠠᠭᠤᠯᠤᠨ ᠨᠠᠭ᠋ᠠᠳᠤᠭᠤᠯᠵᠤ᠂ ᠲᠡᠳᠡᠨ᠎ᠤ ᠬᠦᠷᠢᠶᠡᠨ᠎ᠳᠤ ᠲᠦᠰᠢᠭᠯᠡᠨ ᠪᠢᠳᠡᠨ᠎ᠳᠤ ᠰᠤᠷᠲᠠᠯᠴᠢᠯᠠᠨ ᠤᠬᠠᠭᠤᠯᠵᠤ ᠪᠠᠢ᠌ᠨ᠎ᠠ᠃ ᠡᠭᠦᠨ᠎ᠤ ᠵᠡᠷᠭᠡ᠎ᠳᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠠᠪᠰᠤᠷᠤᠯᠭ᠎ᠠ ᠳᠣᠣᠷ᠎ᠠ ᠂ ᠪᠢᠳᠡ ᠲᠤᠬᠠᠢ ᠵᠢᠨ ᠭᠠᠵᠠᠷ᠎ᠤᠨ ᠭᠡᠷᠡᠯ ᠵᠢᠷᠤᠭᠴᠢᠨ ᠂ ᠤᠷᠠᠨ ᠪᠢᠴᠢᠯᠭᠡᠲᠡᠨ ᠂ ᠠᠵᠤ ᠠᠬᠤᠢ᠌ᠯᠠᠯᠲᠠᠨ ᠎ᠢ ᠲᠣᠰᠬᠣᠨ᠎ᠳᠤ ᠤᠷᠢᠨ ᠠᠪᠴᠢᠷᠠᠵᠤ ᠵᠤᠭ᠋ᠠᠴᠠᠭᠤᠯᠤᠨ ᠂ ᠪᠡᠶ᠎ᠡ᠎ᠪᠠᠷ ᠵᠶ᠋ᠡᠨ ᠥᠩᠭᠡᠷᠡᠭᠦᠯᠵᠡᠢ ᠃ ᠣᠯᠠᠨ ᠵᠶ᠋ᠠᠷ ᠵᠶ᠋ᠠᠨ ᠢᠷᠡᠭᠰᠡᠨ᠎ᠤ ᠳᠠᠷᠠᠭ᠎ᠠ ᠡᠨᠳᠡᠬᠢ ᠥᠩᠭᠡ ᠦᠵᠡᠮᠵᠢ ᠰᠠᠢ᠌ᠬᠠᠨ ᠂ ᠠᠭᠤᠷ ᠠᠮᠢᠰᠬᠤᠯ ᠴᠡᠪᠡᠷ ᠲᠤᠩᠭ᠋ᠠᠯᠠᠭ ᠂ ᠬᠥᠳᠡᠭᠡ ᠨᠤᠲᠤᠭ᠎ᠤᠨ ᠠᠭᠤᠷ ᠠᠮᠢᠰᠬᠤᠯ ᠥᠳᠬᠡᠨ ᠵᠤᠵᠠᠭ᠋ᠠᠨ ᠭᠡᠵᠦ ᠪᠣᠳᠣᠭ᠋ᠠᠳ ᠂ ᠥᠪᠡᠷ ᠵᠶ᠋ᠡᠨ ᠤᠬᠠᠭᠤᠯᠵᠤ ᠂ ᠲᠥᠷᠥᠯ ᠰᠠᠳᠤᠨ ᠨᠠᠢ᠌ᠵᠠ ᠨᠥᠬᠥᠳ ᠵᠶ᠋ᠡᠨ ᠲᠠᠨᠢᠯᠴᠠᠭᠤᠯᠤᠨ ᠨᠠᠭ᠋ᠠᠳᠤᠭᠤᠯᠤᠭᠰᠠᠨ᠎ᠳᠤ ᠂ ᠬᠥᠮᠥᠰ᠎ᠤᠨ ᠬᠦᠷᠢᠶᠡᠯᠡᠯ᠎ᠢ ᠢᠩᠭᠢᠵᠦ ᠠᠭ᠋ᠠᠵᠢᠮ ᠵᠶ᠋ᠠᠷ ᠬᠤᠷᠠᠮᠳᠤᠭᠤᠯᠵᠠᠢ ᠃ ᠨᠢᠭᠡ ᠵᠢᠯ᠎ᠤᠨ ᠲᠤᠷᠰᠢ᠂ ᠡᠨᠡ 6 ᠲᠠᠷᠢᠶᠠᠴᠢᠨ ᠠᠢ᠌ᠯ᠎ᠤᠨ ᠬᠦᠷᠢᠶᠡᠯᠡᠩ᠎ᠳᠤ ᠴᠥᠮ ᠠᠰᠢᠭ ᠣᠯᠵᠠᠪᠤᠷᠢ᠎ᠲᠠᠢ ᠪᠣᠯᠪᠠ᠃ ᠦᠷ᠎ᠡ ᠠᠰᠢᠭ᠎ᠨᠢ ᠨᠡᠯᠢᠶᠡᠳ ᠰᠠᠢ᠌ᠨ ᠪᠠᠢ᠌ᠬᠤ ᠵᠢ ᠦᠵᠡᠭᠡᠳ᠂ ᠪᠤᠰᠤᠳ ᠲᠣᠰᠬᠣᠨ᠎ᠤ ᠠᠷᠠᠳ ᠴᠤ᠌ ᠲᠠᠷᠢᠶᠠᠴᠢᠨ ᠠᠢ᠌ᠯ᠎ᠤᠨ ᠵᠤᠭ᠋ᠠᠴᠠᠯ᠎ᠢ ᠳᠠᠭᠤᠷᠢᠶᠠᠨ ᠡᠷᠬᠢᠯᠡᠵᠥ᠂ ᠣᠳᠣᠬᠠᠨ᠎ᠳᠤ ᠯᠧᠢ ᠶᠢᠩᠽᠢ ᠲᠣᠰᠬᠣᠨ᠎ᠳᠤ ᠨᠡᠢ᠍ᠢ᠍ᠳᠡ 39 ᠲᠠᠷᠢᠶᠠᠴᠢᠨ ᠠᠢ᠌ᠯ᠎ᠤᠨ ᠵᠤᠭ᠋ᠠᠴᠠᠯ᠂ ᠠᠷᠠᠳ᠎ᠤᠨ ᠰᠠᠭᠤᠴᠠ ᠡᠷᠬᠢᠯᠡᠵᠥ᠂ ᠡᠷᠦᠭᠡ ᠪᠦᠷᠢ ᠵᠢᠨ ᠵᠢᠯ᠎ᠤᠨ ᠣᠷᠣᠯᠭ᠎ᠠ᠎ᠨᠢ 15 ᠲᠦᠮᠡᠨ ᠲᠥᠭᠥᠷᠢᠭ᠎ᠢ ᠳᠠᠪᠠᠵᠠᠢ》ᠭᠡᠵᠦ ᠯᠧᠢ ᠶᠢᠩᠽᠢ ᠲᠣᠰᠬᠣᠨ᠎ᠤ ᠨᠠᠮ᠎ᠤᠨ ᠡᠭᠦᠷ᠎ᠤᠨ ᠱᠦᠵᠢ᠂ ᠲᠣᠰᠬᠣᠨ᠎ᠤ ᠠᠷᠠᠳ᠎ᠤᠨ ᠵᠥᠪᠯᠡᠯ᠎ᠤᠨ ᠡᠷᠬᠢᠯᠡᠭᠴᠢ ᠵᠠᠩ ᠫᠢᠩ ᠲᠠᠨᠢᠯᠴᠠᠭᠤᠯᠪᠠ᠃

      ᠺᠣᠮᠫᠠᠨᠢ ᠵᠢᠨ  ᠡᠵᠡᠩᠨᠡᠯᠲᠡ 《  ᠲᠠᠷᠢᠶᠠᠴᠢᠨ ᠠᠢ᠌ᠯ᠎ᠤᠨ ᠵᠤᠭ᠋ᠠᠴᠠᠯ 》᠎ᠢ 《  ᠦᠵᠡᠮᠵᠢ ᠵᠢᠨ ᠣᠷᠣᠨ᠎ᠤ ᠬᠠᠯᠠᠮᠰᠢᠯ 》 ᠪᠣᠯᠭ᠋ᠠᠪᠠ

      《  ᠮᠠᠨ᠎ᠤ ᠲᠠᠷᠢᠶᠠᠴᠢᠨ ᠠᠢ᠌ᠯ᠎ᠤᠨ ᠵᠤᠭ᠋ᠠᠴᠠᠯ ᠪᠠᠰᠠ ᠨᠡᠯᠢᠶᠡᠳ ᠠᠩᠬ᠎ᠠ ᠵᠡᠷᠭᠡ ᠵᠢᠨ ᠣᠨᠴᠠᠯᠢᠭ᠎ᠲᠠᠢ ᠪᠠᠢ᠌ᠭᠰᠠᠭ᠋ᠠᠷ᠂ ᠲᠡᠶ᠋ᠢᠮᠦ ᠶᠡᠬᠡ ᠣᠨᠴᠠᠯᠢᠭ ᠦᠭᠡᠢ ᠪᠠᠢ᠌ᠭᠰᠠᠭ᠋ᠠᠷ᠂ ᠲᠡᠷᠡ ᠮᠥᠷᠲᠡᠭᠡᠨ ᠮᠠᠰᠢ ᠤᠯᠠᠨ ᠲᠣᠰᠬᠣᠨ᠎ᠤ ᠠᠷᠠᠳ ᠬᠢᠮᠳᠠ᠎ᠪᠠᠷ ᠥᠷᠢᠰᠦᠯᠳᠦᠵᠦ ᠡᠬᠢᠯᠡᠪᠡ᠂ ᠢᠩᠭᠢᠵᠦ ᠬᠥᠭᠵᠢᠪᠡᠯ᠂ ᠲᠠᠷᠢᠶᠠᠴᠢᠨ ᠠᠢ᠌ᠯ᠎ᠤᠨ ᠵᠤᠭ᠋ᠠᠴᠠᠯ᠎ᠤᠨ ᠠᠰᠢᠭ ᠬᠣᠨᠵᠢᠪᠤᠷᠢ ᠤᠯᠠᠮ᠎ᠠᠴᠠ ᠤᠯᠠᠮ ᠪᠠᠭ᠋ᠠᠰᠴᠤ᠂ ᠵᠤᠭ᠋ᠠᠴᠠᠭᠰᠠᠳ᠎ᠤᠨ ᠪᠦᠲᠦᠭᠡᠭᠳᠡᠬᠦᠨ ᠲᠠᠩ ᠴᠤᠯᠭᠤᠢ᠎ᠠᠴᠠ ᠪᠣᠯᠵᠤ ᠤᠯᠠᠮ᠎ᠠᠴᠠ ᠤᠯᠠᠮ ᠪᠠᠭ᠋ᠠᠰᠬᠤ ᠪᠣᠯᠣᠨ᠎ᠠ》᠃ ᠵᠠᠩ ᠫᠢᠩ᠎ᠤᠨ ᠦᠵᠡᠬᠦ᠎ᠪᠠᠷ ᠂ ᠵᠤᠭ᠋ᠠᠴᠠᠯ᠎ᠤᠨ ᠦᠢ᠍ᠯᠡᠰ᠎ᠢ ᠡᠷᠡᠭᠦᠯ ᠵᠶ᠋ᠡᠷ ᠦᠷᠭᠦᠯᠵᠢᠯᠡᠨ ᠬᠥᠭᠵᠢᠭᠦᠯᠬᠦ᠎ᠳᠤ ᠪᠠᠰᠠ ᠠᠷᠭ᠎ᠠ ᠪᠤᠳᠤᠬᠤ ᠬᠡᠷᠡᠭᠲᠡᠢ ᠃

      2017  ᠣᠨ᠎ᠳᠤ᠂ ᠤᠯᠠᠭ᠋ᠠᠨᠬᠠᠳᠠ ᠬᠤᠳᠠ ᠵᠢᠨ ᠵᠤᠭ᠋ᠠᠴᠠᠯ᠎ᠤᠨ ᠬᠥᠭᠵᠢᠯᠲᠡ ᠵᠢᠨ ᠵᠥᠪᠯᠡᠯ ᠪᠣᠯᠣᠨ ᠬᠠᠷᠠᠴᠢᠨ ᠬᠣᠰᠢᠭᠤᠨ᠎ᠤ ᠨᠠᠮ᠎ᠤᠨ ᠬᠣᠷᠢᠶ᠎ᠠ᠂ ᠬᠣᠰᠢᠭᠤᠨ᠎ᠤ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠳᠣᠣᠷ᠎ᠠ᠂ ᠯᠧᠢ ᠶᠢᠩᠽᠢ ᠲᠣᠰᠬᠣᠨ᠎ᠳᠤ ᠰᠠᠢ᠌ᠨ ᠵᠣᠴᠢᠨ ᠯᠧᠢ ᠶᠢᠩᠽᠢ ᠰᠣᠶᠣᠯ ᠵᠤᠭ᠋ᠠᠴᠠᠯ᠎ᠤᠨ ᠬᠥᠭᠵᠢᠯᠲᠡ ᠵᠢᠨ ᠺᠣᠮᠫᠠᠨᠢ ᠪᠠᠢ᠌ᠭᠤᠯᠵᠤ᠂ ᠺᠣᠮᠫᠠᠨᠢ ᠵᠢᠨ ᠡᠵᠡᠩᠨᠡᠯᠲᠡ ᠵᠢᠨ ᠵᠠᠭᠪᠤᠷ ᠵᠶ᠋ᠠᠷ ᠪᠦᠬᠦ ᠲᠣᠰᠬᠣᠨ᠎ᠤ ᠵᠤᠭ᠋ᠠᠴᠠᠯ᠎ᠤᠨ ᠬᠥᠭᠵᠢᠯᠲᠡ ᠵᠢ ᠵᠢᠷᠤᠮᠵᠢᠭᠤᠯᠵᠠᠢ᠃ ᠵᠤᠭ᠋ᠠᠴᠠᠯ᠎ᠢ ᠬᠥᠭᠵᠢᠭᠦᠯᠬᠦ᠎ᠳᠤ ᠠᠰᠢᠭ ᠭᠥᠷᠳᠡᠭᠰᠡᠨ ᠲᠣᠰᠬᠣᠨ᠎ᠤ ᠠᠷᠠᠳ ᠡᠨᠡ ᠤᠳᠠᠭ᠎ᠠ ᠮᠠᠰᠢ ᠢᠳᠡᠪᠬᠢᠲᠡᠢ᠎ᠪᠠᠷ ᠪᠡᠯᠡ ᠮᠥᠩᠭᠥ᠂ ᠭᠠᠵᠠᠷ ᠰᠢᠷᠣᠢ ᠵᠡᠷᠭᠡ ᠬᠡᠯᠪᠡᠷᠢ᠎ᠪᠠᠷ ᠬᠤᠪᠢ ᠣᠷᠣᠭᠤᠯᠵᠠᠢ᠃ ᠵᠢᠯ᠎ᠤᠨ ᠡᠴᠦᠰ ᠪᠣᠯᠬᠤ᠎ᠳᠤ ᠂ ᠪᠥᠬᠥ ᠲᠣᠰᠬᠣᠨ᠎ᠤ 1200 ᠮᠦ᠍ ᠲᠠᠷᠢᠶᠠᠨ ᠭᠠᠵᠠᠷ᠎ᠲᠤ ᠴᠥᠮ ᠬᠤᠪᠢ ᠣᠷᠣᠭᠤᠯᠬᠤ ᠵᠢ ᠪᠡᠶᠡᠯᠡᠭᠦᠯᠵᠦ ᠂ ᠬᠤᠪᠢ ᠣᠷᠣᠭᠤᠯᠤᠭᠰᠠᠨ ᠪᠡᠯᠡ ᠮᠥᠩᠭᠥ 300 ᠭᠠᠷᠤᠢ ᠲᠦᠮᠡᠨ ᠲᠥᠭᠥᠷᠢᠭ᠎ᠲᠤ ᠬᠥᠷᠪᠡ ᠃ ᠬᠥᠳᠡᠭᠡ ᠲᠣᠰᠬᠣᠨ᠎ᠤ ᠵᠤᠭ᠋ᠠᠴᠠᠯ᠎ᠤᠨ ᠦᠢ᠍ᠯᠡᠰ᠎ᠤᠨ ᠬᠥᠭᠵᠢᠯᠲᠡ ᠵᠢᠨ ᠰᠡᠯᠭᠦᠬᠦ ᠬᠦᠴᠦᠨ᠎ᠢ ᠴᠢᠩᠭ᠋ᠠᠳᠬᠠᠬᠤ ᠵᠢᠨ ᠲᠥᠯᠥᠭᠡ᠂ ᠯᠧᠢ ᠶᠢᠩᠽᠢ ᠲᠣᠰᠬᠣᠨ᠎ᠤ᠎ᠬᠢᠨ ᠵᠤᠭ᠋ᠠᠴᠠᠯ᠎ᠤᠨ ᠦᠢ᠍ᠯᠡᠰ᠎ᠤᠨ ᠡᠵᠡᠩᠨᠡᠯᠲᠡ ᠵᠢᠨ ᠠᠷᠭ᠎ᠠ ᠬᠡᠯᠪᠡᠷᠢ ᠵᠢ ᠵᠢᠷᠤᠮᠵᠢᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨᠴᠢ ᠡᠵᠡᠩᠨᠡᠯᠲᠡ ᠬᠠᠮᠢᠶᠠᠷᠤᠯᠲᠠ ᠵᠢ ᠬᠡᠷᠡᠭᠵᠢᠭᠦᠯᠬᠦ ᠵᠢᠨ ᠬᠠᠮᠲᠤ ᠲᠣᠰᠬᠣᠨ᠎ᠤ ᠠᠷᠠᠳ᠎ᠢ ᠵᠣᠬᠢᠶᠠᠨ ᠪᠠᠢ᠌ᠭᠤᠯᠤᠨ ᠠᠷᠠᠳ᠎ᠤᠨ ᠣᠷᠣᠨ ᠰᠠᠭᠤᠴᠠ ᠵᠢ ᠥᠭᠡᠷᠡᠴᠢᠯᠡᠵᠦ᠂ ᠵᠤᠭ᠋ᠠᠴᠠᠭᠰᠠᠳ᠎ᠤᠨ ᠭᠠᠷ ᠵᠶ᠋ᠠᠷ ᠡᠪᠡᠰᠦᠨ ᠮᠠᠯᠠᠭ᠋ᠠᠢ᠂ ᠮᠣᠳᠣᠨ ᠠᠵᠢᠯ᠎ᠤᠨ ᠦᠢ᠍ᠯᠡᠰ᠂ ᠸᠠᠭ᠋ᠠᠷ᠎ᠤᠨ ᠤᠷᠠᠯᠢᠭ᠂ ᠪᠤᠷᠴᠠᠭ᠎ᠤᠨ ᠪᠤᠤᠰᠠ ᠂ ᠳ᠋ᠧᠦᠹᠦ᠋ ᠬᠢᠬᠦ ᠵᠡᠷᠭᠡ ᠪᠡᠶᠡᠴᠢᠯᠡᠨ ᠣᠢ᠌ᠯᠠᠭ᠋ᠠᠬᠤ ᠲᠦᠷᠦᠯ ᠵᠦᠢ᠍ᠯ᠎ᠢ ᠵᠡᠷᠭᠡᠪᠡᠷ ᠲᠥᠯᠥᠪᠯᠡᠵᠦ᠂ ᠵᠤᠭ᠋ᠠᠴᠠᠯ᠎ᠤᠨ ᠪᠡᠶᠡᠴᠢᠯᠡᠨ ᠣᠢ᠌ᠯᠠᠭ᠋ᠠᠬᠤ ᠰᠣᠨᠢᠷᠬᠠᠯᠳᠤ ᠴᠢᠨᠠᠷ᠎ᠢ ᠨᠡᠮᠡᠭᠳᠡᠭᠦᠯᠵᠦ᠂ ᠠᠵᠤ ᠦᠢ᠍ᠯᠡᠰ᠎ᠤᠨ ᠬᠥᠭᠵᠢᠯᠲᠡ ᠵᠢᠨ ᠳᠤᠲᠠᠭᠤᠳᠠᠯ᠎ᠢ ᠨᠥᠬᠥᠪᠦᠷᠢᠯᠡᠵᠡᠢ᠃

      《  ᠬᠥᠳᠡᠭᠡ  ᠲᠣᠰᠬᠣᠨ᠎ᠤ ᠵᠢᠭᠤᠯᠴᠢᠯᠠᠯ + 》 ᠵᠠᠭᠪᠤᠷ ᠵᠶ᠋ᠠᠷ ᠵᠢᠭᠤᠯᠴᠢᠯᠠᠯ᠎ᠤᠨ ᠦᠨᠦᠷ ᠠᠮᠲᠠ ᠵᠢ ᠳᠡᠭᠡᠭᠰᠢᠯᠡᠭᠦᠯᠦᠨ᠎ᠡ

      ᠯᠧᠢ  ᠶᠢᠩᠽᠢ ᠲᠣᠰᠬᠣᠨ᠎ᠤ᠎ᠬᠢᠨ ᠳᠥᠷᠪᠡ《ᠬᠥᠳᠡᠭᠡ ᠲᠣᠰᠬᠣᠨ᠎ᠤ ᠵᠤᠭ᠋ᠠᠴᠠᠯ +》ᠢᠨᠵᠧᠨᠧᠷᠢᠩ᠎ᠢ ᠬᠡᠷᠡᠭᠵᠢᠭᠦᠯᠬᠦ ᠵᠢ ᠪᠠᠷᠢᠮᠲᠠᠯᠠᠪᠠ᠃ 《ᠬᠥᠳᠡᠭᠡ ᠲᠣᠰᠬᠣᠨ᠎ᠤ ᠵᠤᠭ᠋ᠠᠴᠠᠯ + ᠨᠠᠮ᠎ᠤᠨ ᠪᠠᠢ᠌ᠭᠤᠯᠤᠯᠲᠠ》ᠵᠢᠨ ᠲᠠᠯ᠎ᠠ᠎ᠪᠠᠷ᠂ ᠡᠷᠳᠡᠮᠲᠡᠨ ᠮᠡᠷᠭᠡᠳ᠎ᠠᠴᠠ᠎ᠲᠠᠭᠠᠨ ᠰᠤᠷᠤᠯᠴᠠᠬᠤ ᠨᠤᠲᠤᠭ᠎ᠤᠨ ᠮᠡᠷᠭᠡᠳ᠎ᠤᠨ ᠣᠷᠳᠣᠨ᠂ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》ᠰᠣᠶᠣᠯ᠎ᠤᠨ ᠠᠭᠤᠳᠠᠮ ᠲᠠᠯᠠᠪᠠᠢ᠂ 《8 · 1》 ᠴᠡᠴᠡᠷᠯᠢᠭ ᠵᠡᠷᠭᠡ ᠬᠤᠪᠢᠰᠬᠠᠯ᠎ᠤᠨ ᠳᠤᠷᠠᠰᠬᠠᠯᠲᠤ ᠵᠤᠭ᠋ᠠᠴᠠᠯ᠎ᠤᠨ ᠺᠠᠷᠲ ᠴᠣᠬᠢᠬᠤ ᠭᠠᠵᠠᠷ᠎ᠢ ᠪᠠᠢ᠌ᠭᠤᠯᠤᠭᠰᠠᠨ ᠪᠥᠭᠡᠳ ᠬᠤᠪᠢᠰᠬᠠᠯ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠲᠥᠪ᠎ᠢ ᠭᠤᠶᠤᠴᠢᠯᠠᠨ ᠪᠠᠢ᠌ᠭᠤᠯᠵᠤ᠂ ᠡᠯ᠎ᠡ ᠲᠦᠷᠦᠯ᠎ᠤᠨ ᠡᠬᠢ ᠪᠠᠶᠠᠯᠢᠭ᠎ᠢ ᠢᠳᠡᠪᠬᠢᠲᠡᠢ ᠠᠰᠢᠭᠯᠠᠨ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠢ ᠥᠷᠨᠢᠭᠦᠯᠪᠡ; 《  ᠬᠥᠳᠡᠭᠡ ᠲᠣᠰᠬᠣᠨ᠎ᠤ ᠵᠢᠭᠤᠯᠴᠢᠯᠠᠯ + ᠰᠣᠶᠣᠯ 》᠎ᠤᠨ ᠲᠠᠯ᠎ᠠ᠎ᠪᠠᠷ ᠂ ᠵᠢᠯ ᠪᠦᠷᠢ ᠲᠣᠭᠲᠠᠭᠰᠠᠨ ᠬᠤᠭᠤᠴᠠᠭ᠎ᠠ᠎ᠲᠠᠢ᠎ᠪᠠᠷ ᠯᠤ

      ᠥᠨᠥᠳᠥᠷ᠎ᠤᠨ  ᠯᠧᠢ ᠶᠢᠩᠽᠢ ᠲᠣᠰᠬᠣᠨ ᠶᠠᠭ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠦᠴᠦᠲᠦ ᠲᠤᠷᠤᠨ᠎ᠠ ᠵᠢᠨ ᠰᠠᠯᠬᠢᠨ᠎ᠤ ᠡᠷᠴᠢᠨ ᠳᠡᠭᠡᠷ᠎ᠡ᠂ ᠥᠩᠭᠡᠷᠡᠭᠰᠡᠨ᠎ᠤ 《ᠵᠢᠵᠢᠭ ᠠᠭᠤᠯᠠᠨ ᠲᠣᠰᠬᠣᠨ》᠎ᠠᠴᠠ 《ᠬᠠᠯᠠᠭᠤᠨ ᠦᠵᠡᠮᠵᠢ ᠵᠢᠨ ᠣᠷᠣᠨ》ᠪᠣᠯᠤᠭᠰᠠᠨ ᠪᠥᠭᠡᠳ ᠤᠷᠢᠳ ᠬᠣᠵᠢᠳ ᠪᠦᠬᠦ ᠤᠯᠤᠰ᠎ᠤᠨ ᠪᠣᠯᠪᠠᠰᠤᠨ ᠲᠣᠰᠬᠣᠨ᠂ ᠪᠦᠬᠦ ᠤᠯᠤᠰ᠎ᠤᠨ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠪᠠᠲᠤᠯᠠᠪᠤᠷᠢ ᠵᠢᠨ ᠦᠨᠳᠦᠰᠦᠨ ᠵᠢᠱ᠌ᠢᠶ᠎ᠡ ᠦᠵᠡᠭᠦᠯᠬᠦ ᠲᠣᠰᠬᠣᠨ᠂ ᠪᠦᠬᠦ ᠤᠯᠤᠰ᠎ᠤᠨ ᠬᠥᠳᠡᠭᠡ ᠲᠣᠰᠬᠣᠨ᠎ᠤ ᠵᠤᠭ᠋ᠠᠴᠠᠯ᠎ᠤᠨ ᠭᠣᠣᠯᠳᠠᠯᠭ᠎ᠠ᠎ᠲᠠᠢ ᠲᠣᠰᠬᠣᠨ ᠵᠡᠷᠭᠡ ᠵᠢᠷᠭᠤᠭ᠋ᠠᠨ ᠤᠯᠤᠰ᠎ᠤᠨ ᠳᠡᠰ᠎ᠤᠨ ᠢᠷᠠᠭᠤ ᠠᠯᠳᠠᠷ᠎ᠢ ᠬᠦᠷᠲᠡᠵᠡᠢ᠃ ᠳᠠᠷᠠᠭ᠋ᠠᠴᠢ ᠵᠢᠨ ᠠᠯᠬᠤᠮ᠎ᠳᠤ᠂ ᠯᠧᠢ ᠶᠢᠩᠽᠢ ᠲᠣᠰᠬᠣᠨ ᠠᠵᠤ ᠦᠢ᠍ᠯᠡᠰ᠎ᠤᠨ ᠬᠥᠭᠵᠢᠯᠲᠡ᠎ᠪᠠᠷ ᠰᠠᠭᠤᠷᠢ ᠪᠣᠯᠭ᠋ᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠬᠠᠷᠠᠭ᠎ᠠ᠎ᠪᠠᠨ ᠴᠢᠨᠠᠭᠰᠢᠳᠠ ᠥᠷᠭᠡᠳᠬᠡᠵᠦ᠂ ᠠᠮᠢ ᠠᠬᠤᠢ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠬᠠᠷᠠᠯᠲᠠ ᠵᠢ ᠬᠠᠷᠠᠭ᠋ᠠᠯᠠᠵᠤ᠂ ᠬᠥᠳᠡᠭᠡ ᠲᠣᠰᠬᠣᠨ᠎ᠤ ᠵᠠᠩ ᠰᠤᠷᠲᠠᠯ᠎ᠤᠨ ᠪᠣᠯᠪᠠᠰᠤᠨ᠎ᠤ ᠲᠦᠪᠰᠢᠨ᠎ᠢ ᠳᠡᠭᠡᠭᠰᠢᠯᠡᠭᠦᠯᠵᠦ᠂ ᠪᠦᠲᠦᠮᠵᠢᠲᠡᠢ ᠵᠠᠰᠠᠯᠲᠠ ᠵᠢᠨ ᠠᠯᠬᠤᠴᠠ᠎ᠪᠠᠨ ᠲᠦᠷᠭᠡᠳᠬᠡᠵᠦ᠂ ᠠᠮᠢᠳᠤᠷᠠᠯ᠎ᠤᠨ ᠴᠢᠨᠡᠭᠡᠯᠢᠭᠵᠢᠯ᠎ᠤᠨ ᠰᠠᠭᠤᠷᠢ᠎ᠪᠠᠨ ᠪᠡᠬᠢᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠦᠷᠯᠢᠭ ᠰᠠᠢ᠌ᠬᠠᠨ ᠵᠢᠷᠤᠭ᠎ᠢ ᠦᠷᠭᠦᠯᠵᠢᠯᠡᠨ ᠵᠢᠷᠤᠭᠯᠠᠨ᠎ᠠ᠃

 

 

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠪᠢᠴᠢᠬᠠᠨ ᠲᠥᠪᠡᠳ ᠬᠠᠰᠢ 》᠎ᠨᠢ 《ᠲᠣᠮᠣ ᠶᠠᠪᠤᠳᠠᠯ 》 ᠪᠦᠲᠦᠭᠡᠪᠡ (ᠰᠢᠨ᠎ᠡ ᠠᠶᠠᠨ ᠵᠠᠮ᠎ᠳᠤ ᠭᠠᠪᠢᠶ᠎ᠠ ᠪᠠᠢ᠌ᠭᠤᠯᠵᠤ ᠰᠢᠨ᠎ᠡ ᠴᠠᠭ ᠦᠶ᠎ᠡ᠎ᠳᠤ ᠲᠤᠰᠠᠯᠠᠬᠤ ᠬᠠᠮᠲᠤᠷᠠᠯᠴᠠᠭ᠋ᠠᠨ᠎ᠤ ᠡᠮᠦᠨ᠎ᠡ ᠹᠷᠣᠨᠲ᠎ᠲᠤ ᠲᠣᠭᠣᠷᠢᠨ ᠪᠠᠢ᠌ᠴᠠᠭ᠋ᠠᠨ᠎ᠠ)
ᠦᠶᠤᠸᠠᠨ ᠰᠢᠶᠠᠨ ᠄ ᠲᠠᠷᠢᠶᠠᠯᠠᠩ ᠠᠵᠤ ᠠᠬᠤᠢ᠌ᠯᠠᠯ᠎ᠤᠨ 《ᠬᠣᠯᠪᠣᠭ᠎ᠠ 》᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠪᠣᠶ
ᠠᠲᠠᠷᠰᠢᠭᠤᠯᠤᠭᠰᠠᠨ ᠭᠠᠵᠠᠷ᠎ᠲᠤ 《ᠭᠡᠷᠡᠯ ᠰᠠᠴᠤᠷᠠᠭᠰᠠᠨ》 ᠰᠠᠢ᠌ᠬᠠᠨ ᠦᠵᠡᠮᠵᠢ᠎ᠲᠠᠢ
ᠡᠯᠡᠰᠦᠷᠬᠡᠭ ᠭᠠᠵᠠᠷ᠎ᠢ ᠨᠣᠭᠣᠭ᠋ᠠᠨ ᠪᠦᠷᠢᠳᠦ ᠪᠣᠯᠭ᠋ᠠᠵᠤ ᠲᠥᠮᠥᠰᠥ ᠵᠢ 《ᠠᠯᠲᠠᠨ ᠮᠥᠩᠭᠥ 》 ᠪᠣᠯᠭ᠋ᠠᠪᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠦᠵᠡᠰᠬᠦᠯᠡᠩᠲᠦ ᠰᠠᠢ᠌ᠬᠠᠨ ᠬᠤᠳᠠ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦ ᠨᠡᠮᠡᠷᠢᠯᠡᠨ᠎ᠡ
 
            