ᠣᠩᠨᠢᠭᠤᠳ ᠬᠣᠰᠢᠭᠤ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ ᠣᠨ᠎ᠤ ᠬᠢᠨᠠᠨ ᠰᠢᠯᠭ᠋ᠠᠬᠤ ᠠᠵᠢᠯ᠎ᠤᠨ ᠪᠥᠬᠥ ᠲᠠᠯ᠎ᠠ ᠵᠢᠨ ᠴᠢᠨᠠᠷ ᠂ ᠨᠠᠷᠢᠯᠢᠭ ᠣᠨᠣᠴᠠᠲᠠᠢ ᠴᠢᠨᠠᠷ ᠂ ᠤᠳᠤᠷᠢᠳᠤᠮᠵᠢ ᠵᠢᠨ ᠴᠢᠨᠠᠷ᠎ᠢ ᠲᠣᠪᠤᠢ᠌ᠯᠭ᠋ᠠᠨ᠂ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠬᠡᠮᠵᠢᠶᠡᠵᠢᠭᠦᠯᠬᠦ᠂ ᠬᠢᠨᠠᠨ ᠰᠢᠯᠭ᠋ᠠᠬᠤ ᠲᠠᠰ ᠳᠠᠷᠠᠭ᠋ᠠᠯᠠᠯ᠎ᠢ ᠨᠠᠷᠢᠯᠢᠭᠵᠢᠭᠤᠯᠬᠤ ᠪᠠ ᠦᠷ᠎ᠡ ᠳ᠋ᠦᠩ᠎ᠢ ᠴᠢᠩᠭ᠋ᠠᠷᠠᠭᠤᠯᠬᠤ ᠵᠢ ᠬᠡᠷᠡᠭᠯᠡᠬᠦ ᠲᠠᠯ᠎ᠠ᠎ᠪᠠᠷ ᠬᠦᠴᠦ ᠲᠠᠯᠪᠢᠵᠤ᠂ ᠬᠢᠨᠠᠨ ᠰᠢᠯᠭ᠋ᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠬᠦ᠎ᠪᠠᠷ ᠢᠯᠡ ᠲᠣᠳᠣ ᠤᠳᠤᠷᠢᠳᠤᠮᠵᠢ ᠪᠣᠯᠭ᠋ᠠᠬᠤ ᠵᠢ ᠪᠣᠶ ᠪᠣᠯᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ ᠬᠥᠳᠡᠯᠭᠡᠭᠦ ᠬᠦᠴᠦᠨ᠎ᠤ ᠠᠮᠢᠵᠢᠷᠠᠯ᠎ᠤᠨ ᠬᠦᠴᠦᠨ᠎ᠢ ᠪᠥᠬᠥ ᠲᠠᠯ᠎ᠠ᠎ᠪᠠᠷ ᠬᠥᠭᠵᠢᠭᠡᠨ᠎ᠡ ᠃
《 ᠭᠦᠢ᠍ᠴᠡᠳᠬᠡᠯ ᠲᠣᠭ᠎ᠠ ᠵᠢᠨ ᠪᠣᠭᠣᠮᠲᠠ 》 ᠵᠢ ᠰᠠᠢ᠌ᠲᠤᠷ ᠠᠳᠬᠤᠵᠤ ᠂ ᠨᠠᠷᠢᠯᠢᠭ ᠣᠨᠣᠴᠠᠲᠠᠢ᠎ᠪᠠᠷ ᠬᠢᠨᠠᠨ ᠰᠢᠯᠭ᠋ᠠᠨ᠎ᠠ ᠃ 《ᠣᠩᠨᠢᠭᠤᠳ ᠬᠣᠰᠢᠭᠤᠨ᠎ᠤ 2021 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠰᠬᠣᠨ᠎ᠳᠤ ᠰᠠᠭᠤᠭ᠎ᠠ ᠺᠠᠳ᠋ᠷᠴᠤᠳ᠎ᠢ ᠬᠢᠨᠠᠨ ᠰᠢᠯᠭ᠋ᠠᠬᠤ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ ᠂ ᠬᠣᠰᠢᠭᠤᠨ᠎ᠤ ᠨᠠᠮ᠎ᠤᠨ ᠬᠣᠷᠢᠶ᠎ᠠ᠂ ᠬᠣᠰᠢᠭᠤᠨ᠎ᠤ ᠵᠠᠰᠠᠭ᠎ᠤᠨ ᠣᠷᠳᠣᠨ᠎ᠤ ᠭᠣᠣᠯ ᠠᠵᠢᠯ ᠪᠠ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠨ ᠬᠦᠴᠦᠷᠬᠡᠭᠵᠢᠭᠦᠯᠬᠦ ᠵᠢᠨ ᠲᠣᠭᠣᠷᠢᠨ᠎ᠳᠤ᠂ ᠲᠣᠰᠬᠣᠨ᠎ᠢ ᠬᠦᠴᠦᠷᠬᠡᠭᠵᠢᠭᠦᠯᠦᠨ ᠠᠷᠠᠳ᠎ᠢ ᠪᠠᠶᠠᠵᠢᠭᠤᠯᠬᠤ ᠂ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ᠂ ᠠᠷᠠᠳ᠎ᠤᠨ ᠲᠥᠯᠥᠭᠡ ᠤᠴᠢᠷ ᠶᠠᠪᠤᠳᠠᠯ ᠪᠦᠲᠦᠭᠡᠬᠦ᠎ᠳᠤ ᠦᠢ᠍ᠯᠡᠴᠢᠯᠡᠬᠦ ᠵᠡᠷᠭᠡ ᠳᠥᠷᠪᠡᠨ ᠲᠠᠯ᠎ᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠲᠣᠭᠣᠷᠢᠨ᠎ᠳᠤ᠂ ᠬᠢᠨᠠᠨ ᠰᠢᠯᠭ᠋ᠠᠬᠤ ᠭᠦᠢ᠍ᠴᠡᠳᠬᠡᠬᠦ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠤᠬᠠᠭᠤᠯᠵᠤ ᠲᠤᠤᠱᠯᠠᠭᠤᠯᠤᠭᠰᠠᠨ ᠪᠠᠢ᠌ᠳᠠᠯ᠎ᠢ ᠨᠠᠷᠢᠯᠢᠭᠵᠢᠭᠤᠯᠤᠨ ᠬᠣᠰᠢᠭᠤᠨ ᠨᠠᠮ᠎ᠤᠨ ᠬᠣᠷᠢᠶ᠎ᠠ ᠂ ᠬᠣᠰᠢᠭᠤᠨ ᠵᠠᠰᠠᠭ᠎ᠤᠨ ᠣᠷᠳᠣᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠵᠤ ᠪᠠᠢ᠌ᠭ᠎ᠠ ᠪᠠᠢ᠌ᠳᠠᠯ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠂ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ ᠪᠠᠢ᠌ᠭ᠎ᠠ ᠪᠠᠢ᠌ᠳᠠᠯ ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠵᠣᠬᠢᠶᠠᠨ ᠪᠠᠶ᠋ᠢᠭᠤᠯᠬᠤ ᠬᠦᠴᠦᠨ᠎ᠢ ᠳᠡᠭᠡᠭᠰᠢᠯᠡᠭᠦᠯᠵᠦ ᠪᠠᠢ᠌ᠭ᠎ᠠ ᠪᠠᠢ᠌ᠳᠠᠯ ᠂ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠵᠤ ᠪᠠᠢ᠌ᠭ᠎ᠠ ᠪᠠᠢ᠌ᠳᠠᠯ ᠵᠡᠷᠭᠡ 18 ᠵᠦᠢ᠍ᠯ᠎ᠤᠨ ᠪᠣᠳᠠᠲᠠᠢ ᠭᠦᠢ᠍ᠴᠡᠳᠬᠡᠯ ᠲᠣᠭ᠎ᠠ ᠵᠢ ᠯᠠᠪᠳᠠᠭᠤᠨ ᠪᠠᠲᠤᠲᠠᠢ ᠰᠠᠢ᠌ᠲᠤᠷ ᠬᠢᠵᠦ ᠂ ᠪᠥᠬᠥ ᠬᠣᠰᠢᠭᠤᠨ᠎ᠤ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ 466 ᠺᠠᠳ᠋ᠷ᠎ᠲᠤ ᠬᠥᠮᠥᠨ ᠳᠠᠷᠠᠭ᠋ᠠᠯᠠᠨ ᠬᠤᠪᠢ ᠥᠭᠴᠦ ᠂ ᠲᠣᠰᠬᠣᠨ᠎ᠳᠤ ᠰᠠᠭᠤᠭ᠎ᠠ ᠺᠠᠳ᠋ᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ ᠢ ᠪᠤᠰᠤᠳᠴᠢ ᠂ ᠦᠨᠡᠨ ᠪᠣᠳᠠᠲᠠᠢ ᠂ ᠨᠠᠷᠢᠯᠢᠭ ᠣᠨᠣᠴᠠᠲᠠᠢ᠎ᠪᠠᠷ ᠬᠢᠨᠠᠨ ᠰᠢᠯᠭ᠋ᠠᠬᠤ᠎ᠪᠠᠷ ᠴᠢᠷᠮᠠᠢ᠌ᠵᠤ ᠂ ᠬᠢᠨᠠᠨ ᠰᠢᠯᠭ᠋ᠠᠯᠲᠠ ᠵᠢᠨ 《 ᠳᠣᠬᠢᠭᠤᠷ 》᠎ᠤᠨ ᠰᠠᠯᠬᠢᠨ᠎ᠤ ᠴᠢᠭᠯᠡᠯ᠎ᠤᠨ ᠦᠢ᠍ᠯᠡᠳᠦᠯ ᠢ ᠦᠨᠡᠨᠬᠦ ᠪᠠᠳᠠᠷᠠᠭᠤᠯᠤᠨ᠎ᠠ ᠃
《 ᠲᠠᠰ ᠳᠠᠷᠠᠭ᠋ᠠᠯᠠᠯ᠎ᠤᠨ ᠪᠣᠭᠣᠮᠲᠠ 》 ᠵᠢ ᠰᠠᠢ᠌ᠲᠤᠷ ᠠᠳᠬᠤᠵᠤ ᠂ ᠣᠯᠠᠨ ᠭᠣ᠋