ᠬᠥᠳᠡᠭᠡ ᠲᠣᠰᠬᠣᠨ᠎ᠤ ᠪᠠᠶᠠᠵᠢᠭᠰᠠᠨ ᠡᠰᠡᠬᠦ ᠵᠢ ᠦᠵᠡᠬᠦ᠎ᠳᠤ ᠵᠠᠩᠭᠢᠯᠠᠭ᠎ᠠ᠎ᠨᠢ ᠺᠠᠳ᠋ᠷ᠎ᠢ ᠦᠵᠡᠨ᠎ᠡ᠃ ᠣᠢ᠌ᠷ᠎ᠠ ᠵᠢᠨ ᠵᠢᠯ᠎ᠠᠴᠠ᠂ ᠤᠳᠤᠭ᠎ᠤᠨ ᠡᠮᠦᠨᠡᠲᠦ ᠬᠣᠰᠢᠭᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠭᠣᠣᠯᠳᠠᠯᠭ᠎ᠠ᠎ᠲᠠᠢ ᠬᠦᠷᠢᠶ᠎ᠡ ᠪᠣᠯᠣᠨ ᠵᠠᠩᠭᠢᠯᠠᠭ᠎ᠠ ᠵᠢᠨ ᠭᠣᠭᠴᠣᠭ᠎ᠠ ᠵᠢ ᠪᠡᠬᠢᠵᠢᠭᠦᠯᠦᠨ ᠥᠷᠭᠡᠳᠬᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠯᠢᠳᠡᠭ ᠺᠠᠳ᠋ᠷ᠎ᠢ ᠤᠨᠢᠨ ᠳᠡᠭᠡᠷ᠎ᠡ᠎ᠨᠢ ᠰᠣᠩᠭᠣᠨ ᠲᠣᠰᠬᠣᠨ᠎ᠳᠤ ᠰᠠᠭᠤᠯᠭ᠋ᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠰᠢᠯᠭ᠋ᠠᠯᠲᠠ᠎ᠳᠤ ᠣᠷᠤᠯᠴᠠᠬᠤ》 ᠬᠠᠭᠤᠳᠠᠰᠤ ᠵᠢ ᠴᠢᠷᠮᠠᠢ᠌ᠨ ᠰᠠᠢ᠌ᠲᠤᠷ ᠬᠠᠷᠢᠭᠤᠯᠵᠠᠢ᠃
《ᠬᠤᠪᠢᠰᠬᠠᠯ᠎ᠤᠨ ᠬᠥᠳᠡᠯᠭᠡᠭᠦ ᠡᠨᠧᠷᠭᠢ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠲᠠᠢ᠍ᠢ᠍ᠴᠢᠨ ᠪᠡᠬᠢᠯᠡᠯᠲᠡ》 ᠵᠢ ᠪᠠᠢ᠌ᠭᠤᠯᠤᠨ ᠬᠦᠴᠦᠷᠬᠡᠭᠵᠢᠭᠦᠯᠦᠨ᠎ᠡ᠃ ᠵᠣᠬᠢᠶᠠᠨ ᠪᠠᠢ᠌ᠭᠤᠯᠤᠯᠲᠠ ᠬᠦᠴᠦᠷᠬᠡᠭᠵᠢᠪᠡᠯ ᠬᠥᠳᠡᠭᠡ ᠲᠣᠰᠬᠣᠨ ᠬᠦᠴᠦᠷᠬᠡᠭᠵᠢᠨ᠎ᠡ; ᠵᠣᠬᠢᠶᠠᠨ ᠪᠠᠢ᠌ᠭᠤᠯᠤᠯᠲᠠ ᠵᠢ ᠬᠥᠭᠵᠢᠭᠦᠯᠪᠡᠯ ᠬᠥᠳᠡᠭᠡ ᠲᠣᠰᠬᠣᠨ᠎ᠢ ᠬᠥᠭᠵᠢᠭᠦᠯᠦᠨ᠎ᠡ᠃ ᠣᠲᠣᠭ᠎ᠤᠨ ᠡᠮᠦᠨᠡᠲᠦ ᠬᠣᠰᠢᠭᠤᠨ᠎ᠤ ᠲᠣᠰᠬᠣᠨ᠎ᠳᠤ ᠰᠠᠭᠤᠭ᠎ᠠ ᠺᠠᠳ᠋ᠷᠴᠤᠳ ᠣᠲᠣᠭ᠎ᠤᠨ ᠡᠮᠦᠨᠡᠲᠦ ᠬᠣᠰᠢᠭᠤᠨ᠎ᠤ ᠣᠶᠤᠨᠲᠤ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ᠌ᠯᠡᠭᠰᠡᠨ ᠲᠤᠬᠠᠢ᠌ᠯᠠᠭᠰᠠᠨ ᠠᠵᠢᠯ᠎ᠤᠨ ᠲᠠᠪᠴᠠᠩ᠎ᠳᠤ ᠲᠦᠰᠢᠭᠯᠡᠨ ᠂ ᠨᠠᠮ᠎ᠤᠨ ᠭᠡᠰᠢᠭᠦᠨ ᠣᠯᠠᠨ ᠲᠦᠮᠡᠨ᠎ᠳᠤ ᠦᠢ᠍ᠯᠡᠴᠢᠯᠡᠬᠦ ᠠᠷᠭ᠎ᠠ ᠵᠠᠮ ᠵᠶ᠋ᠠᠨ ᠥᠷᠭᠡᠳᠬᠡᠨ᠎ᠡ ᠃ ᠭᠠᠴᠠᠭ᠎ᠠ ᠲᠣᠰᠬᠣᠨ᠎ᠤ 《 ᠬᠣᠶᠠᠷ ᠵᠥᠪᠯᠡᠯ 》᠎ᠤᠨ ᠪᠠᠭ᠎ᠢ ᠬᠠᠪᠰᠤᠷᠤᠨ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ᠎ᠤ ᠡᠩᠨᠡᠭᠡ ᠵᠢᠨ ᠪᠠᠢ᠌ᠭᠤᠯᠤᠯᠲᠠ ᠵᠢ ᠰᠠᠢ᠌ᠲᠤᠷ ᠬᠢᠵᠦ ᠂ 《 ᠭᠤᠷᠪᠠᠨ ᠬᠤᠷᠠᠯ ᠨᠢᠭᠡ ᠬᠢᠴᠢᠶᠡᠯ 》 ᠂ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠂ ᠨᠠᠮ᠎ᠤᠨ ᠭᠡᠰᠢᠭᠦᠨ᠎ᠤ ᠶᠠᠰᠤ ᠴᠢᠨᠠᠷ᠎ᠢ ᠠᠷᠠᠳᠴᠢᠯᠠᠯ ᠵᠶ᠋ᠠᠷ ᠦᠨᠡᠯᠡᠬᠦ ᠠᠵᠢᠯ᠎ᠢ ᠬᠠᠪᠰᠤᠷᠤᠨ ᠳᠡᠭᠡᠭᠰᠢᠯᠡᠭᠦᠯᠵᠦ ᠂ ᠭᠠᠴᠠᠭ᠎ᠠ ᠲᠣᠰᠬᠣᠨ᠎ᠤ ᠵᠢᠭᠰᠠᠭ᠋ᠠᠯ᠎ᠤᠨ ᠭᠠᠵᠠᠷ᠎ᠤᠨ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠵᠢᠯᠣᠭᠣᠳᠤᠨ ᠠᠬᠢᠭᠤᠯᠵᠤ ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃ ᠣᠳᠣᠬᠠᠨ᠎ᠳᠤ ᠂ ᠪᠥᠬᠥ ᠬᠣᠰᠢᠭᠤᠨ᠎ᠳᠤ ᠨᠡᠶ᠋ᠢᠲᠡ 68 ᠭᠠᠴᠠᠭ᠎ᠠ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠᠢ᠌ᠵᠤ ᠂ ᠡᠭᠦᠨ᠎ᠳᠤ 38 ᠨᠠᠮ᠎ᠤᠨ ᠵᠣᠬᠢᠶᠠᠨ ᠪᠠᠢ᠌ᠭᠤᠯᠤᠯᠲᠠ᠎ᠨᠢ 《 ᠬᠠᠮᠤᠭ᠎ᠤᠨ ᠬᠦᠴᠦᠷᠬᠡᠭ ᠨᠠᠮ᠎ᠤᠨ ᠡᠭᠦᠷ 》 ᠵᠶ᠋ᠡᠷ ᠦᠨᠡᠯᠡᠭᠳᠡᠵᠦ ᠂ 55.88%᠎ᠪᠠᠷ ᠦᠨᠡᠯᠡᠭᠳᠡᠵᠦ ᠂ 21 ᠨᠠᠮ᠎ᠤᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠴᠢᠭ᠋᠎ᠢ ᠪᠣᠶ ᠪᠣᠯᠭ᠋ᠠᠵᠤ ᠂ 84 ᠨᠠᠮ᠎ᠤᠨ ᠭᠡᠰᠢᠭᠦᠨ᠎ᠤ ᠭᠤᠤᠯᠳᠠᠯᠭ᠋ᠠᠳᠤ ᠡᠷᠦᠬᠡ ᠵᠢ ᠬᠥᠮᠥᠵᠢᠭᠦᠯᠦᠨ ᠂ 《 ᠬᠠᠮᠤᠭ᠎ᠤᠨ ᠬᠦᠴᠦᠷᠬᠡᠭ ᠨᠠᠮ᠎ᠤᠨ ᠡᠭᠦᠷ 》 ᠵᠶ᠋ᠡᠷ ᠬᠥᠲᠥᠯᠥᠨ ᠳᠠᠭ᠋ᠠᠭᠤᠯᠬᠤ ᠂ ᠨᠠᠮ᠎ᠤᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠴᠢᠭ᠋ ᠵᠶ᠋ᠠᠷ ᠳᠠᠢ᠌ᠴᠢᠯᠠᠬᠤ ᠂ ᠨᠠᠮ᠎ᠤᠨ ᠭᠡᠰᠢᠭᠦᠨ᠎ᠤ ᠭᠤᠤᠯᠳᠠᠯᠭ᠋ᠠᠳᠤ ᠡᠷᠦᠬᠡ᠎ᠪᠠᠷ ᠣᠯᠠᠨ ᠲᠦᠮᠡᠨ᠎ᠲᠠᠢ ᠬᠠᠷᠢᠯᠴᠠᠬᠤ ᠪᠠ ᠣᠯᠠᠨ ᠲᠦᠮᠡᠨ᠎ᠳᠤ ᠦᠢ᠍ᠯᠡᠴᠢᠯᠡᠬᠦ ᠰᠢᠨ᠎ᠡ ᠪᠠᠢ᠌ᠷᠢᠰᠢᠯ᠎ᠢ ᠪᠣᠶ ᠪᠣᠯᠭ᠋ᠠᠪᠠ ᠃
《 ᠣᠯᠠᠨ ᠡᠰᠢᠲᠦ ᠬᠥᠳᠡᠯᠭᠡᠭᠦᠷ 》᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠬᠠᠮᠲᠤ ᠵᠢᠨ ᠠᠵᠤ ᠠᠬᠤᠢ ᠵᠢ ᠪᠤᠵᠠᠭ᠋ᠠᠢ᠌ᠷᠠᠭᠤᠯᠤᠨ᠎ᠠ ᠃ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠬᠤ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠲᠦᠯᠬᠢᠨ ᠠᠬᠢᠭᠤᠯᠵᠤ ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠵᠢᠨ 《 ᠬᠥᠳᠡᠯᠭᠡᠭᠦᠷ 》 ᠮᠥᠨ ᠃ ᠣᠲᠣᠭ᠎ᠤᠨ ᠡᠮᠦᠨᠡᠲᠦ ᠬᠣᠰᠢᠭᠤᠨ᠎ᠤ ᠲᠣᠰᠬᠣᠨ᠎ᠳᠤ ᠰᠠᠭᠤᠭ᠎ᠠ ᠺᠠᠳ᠋ᠷᠴᠤᠳ ᠠᠷᠠᠳ᠎ᠢ ᠪᠠᠶᠠᠵᠢᠭᠤᠯᠤᠨ ᠣᠷᠣᠯᠭ᠎ᠠ ᠵᠢ ᠨᠡᠮᠡᠭᠳᠡᠭᠦᠯᠬᠦ ᠲᠤᠯᠭ᠋ᠠᠭᠤᠷᠢ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ ᠂ ᠳᠠᠷᠢᠬᠤ ᠂ ᠲᠡᠵᠢᠭᠡᠬᠦ ᠂ ᠨᠡᠮᠡᠬᠦ ᠂ ᠪᠣᠷᠣᠯᠠᠭᠤᠯᠬᠤ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠢ ᠲᠦᠷᠭᠡᠳᠬᠡᠪᠡ ᠃ ᠭᠠᠴᠠᠭ᠎ᠠ ᠲᠣᠰᠬᠣᠨ᠎ᠤ ᠪᠣᠳᠠᠲᠠᠢ ᠪᠠᠢ᠌ᠳᠠᠯ᠎ᠢ ᠦᠨᠳᠦᠰᠦᠯᠡᠨ ᠂ ᠭᠠᠵᠠᠷ ᠣᠷᠣᠨ᠎ᠤ ᠣᠨᠴᠠᠯᠢᠭ᠎ᠲᠠᠢ᠎ᠪᠠᠨ ᠤᠶᠠᠯᠳᠤᠭᠤᠯᠤᠨ ᠂ ᠰᠡᠳᠬᠢᠬᠦᠢ ᠵᠢᠨ ᠵᠠᠭᠪᠤᠷ᠎ᠲᠤ ᠰᠢᠨ᠎ᠡ ᠵᠢ ᠡᠭᠦᠳᠴᠦ ᠂ ᠬᠠᠮᠲᠤ ᠵᠢᠨ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠰᠡᠳᠬᠢᠮᠵᠢ ᠵᠢ ᠰᠦᠪᠡᠭᠴᠢᠯᠡᠵᠦ ᠂ ᠬᠠᠷᠠᠯᠲᠠ ᠵᠢᠨ ᠨᠠᠷᠢᠨ ᠬᠠᠭᠤᠳᠠᠰᠤ ᠵᠢ ᠨᠠᠷᠢᠯᠢᠭ ᠣᠨᠣᠴᠠᠲᠠᠢ᠎ᠪᠠᠷ ᠪᠠᠶ᠋ᠢᠭᠤᠯᠬᠤ ᠬᠡᠷᠡᠭᠲᠡᠢ ᠃ ᠭᠠᠴᠠᠭ᠎ᠠ ᠲᠣᠰᠬᠣᠨ᠎ᠢ ᠬᠠᠪᠰᠤᠷᠤᠨ ᠰᠤᠯᠠ ᠪᠠᠢ᠌ᠬᠤ ᠭᠠᠵᠠᠷ ᠰᠢᠷᠣᠢ ᠂ ᠰᠤᠯᠠ ᠪᠠᠢ᠌ᠬᠤ ᠠᠳᠠᠯ ᠦᠢ᠍ᠯᠡᠰ ᠴᠣᠭᠴᠠᠯᠠᠬᠤ ᠬᠦᠷᠢᠶᠡᠯᠡᠩ ᠵᠡᠷᠭᠡ ᠰᠤᠯᠠ ᠪᠠᠢ᠌ᠬᠤ ᠡᠳ᠋ ᠬᠥᠷᠥᠩᠭᠡ ᠵᠢ ᠠᠮᠢᠯᠠᠭᠤᠯᠵᠤ ᠂ 《 ᠨᠣᠢ᠌ᠷᠮᠣᠭᠯᠠᠬᠤ ᠡᠬᠢ ᠪᠠᠶᠠᠯᠢᠭ 》᠎ᠢ ᠬᠥᠷᠥᠩᠭᠡ ᠵᠢᠨ ᠪᠡᠯᠡ ᠮᠥᠩᠭᠥ ᠪᠣᠯᠭ᠋ᠠᠨ ᠬᠤᠪᠢᠷᠠᠭᠤᠯᠵᠤ ᠂ ᠬᠠᠮᠲᠤ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ ᠃ ᠡᠯ᠎ᠡ ᠭᠠᠴᠠᠭ᠎ᠠ ᠲᠣᠰᠬᠣᠨ᠎ᠤ ᠬᠣᠯᠪᠤᠭ᠋ᠠᠯᠠᠨ ᠪᠠᠢ᠌ᠭᠤᠯᠤᠨ ᠬᠥᠭᠵᠢᠭᠦᠯᠬᠦ ᠵᠢ ᠬᠥᠲᠥᠯᠥᠨ ᠵᠢᠯᠤᠭᠣᠳᠴᠤ ᠂ 《 ᠴᠢᠰᠤ ᠪᠦᠲᠦᠭᠡᠬᠦ 》 ᠴᠢᠳᠠᠮᠵᠢ ᠵᠢ ᠴᠢᠩᠭ᠋ᠠᠷᠠᠭᠤᠯᠤᠨ᠎ᠠ ᠃ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠂ ᠠᠮᠢ ᠠᠬᠤᠢ ᠵᠢᠨ ᠣᠷᠴᠢᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠂ ᠪᠡᠯᠡᠳᠭᠡᠮᠵᠢᠳᠤ ᠲᠠᠷᠢᠶᠠᠯᠠᠩ ᠵᠡᠷᠭᠡ ᠲᠠᠯ᠎ᠠ᠎ᠳᠤ ᠦᠢ᠍ᠯᠡᠴᠢᠯᠡᠬᠦ ᠲᠣᠭᠣᠷᠢᠨ᠎ᠳᠤ ᠂ ᠨᠢᠰᠦᠭᠡ ᠭᠠᠵᠠᠷ ᠂ ᠨᠡᠢ᠌ᠯᠡᠮᠡᠯ ᠭᠠᠵᠠᠷ ᠵᠡᠷᠭᠡ ᠵᠠᠭᠪᠤᠷ ᠵᠶ᠋ᠠᠷ ᠳᠡᠮᠵᠢᠨ ᠂ ᠤᠯᠵᠤᠤᠴᠢ ᠪᠠᠯᠭ᠋ᠠᠰᠤᠨ᠎ᠤ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠬᠣᠯᠪᠣᠭ᠋ᠠᠲᠤ ᠴᠣᠭᠴᠠ ᠂ ᠱᠠᠩᠬᠠᠢ ᠵᠢᠨ ᠮᠢᠶᠣᠣ ᠪᠠᠯᠭ᠋ᠠᠰᠤᠨ᠎ᠤ ᠲᠣᠰᠬᠣᠨ᠎ᠤ ᠨᠢᠭᠡᠳᠦᠯ᠎ᠤᠨ ᠬᠣᠯᠪᠤᠭ᠋ᠠᠯᠠᠨ ᠪᠠᠢ᠌ᠭᠤᠯᠤᠭᠰᠠᠨ ᠠᠵᠤ ᠦᠢ᠍ᠯᠡᠰ᠎ᠤᠨ ᠶᠡᠷᠦᠩᠬᠡᠢ᠌ᠯᠡᠭᠰᠡᠨ ᠴᠣᠭᠴᠠ ᠂ ᠠᠩᠰᠤ ᠪᠠᠯᠭ᠋ᠠᠰᠤᠨ᠎ᠤ ᠥᠨᠳᠥᠷ ᠪᠠᠷᠢᠮᠵᠢᠶᠠᠲᠤ ᠠᠯᠠᠰᠢᠨ ᠬᠣᠨᠢ ᠲᠡᠵᠢᠭᠡᠨ ᠦᠷᠡᠵᠢᠭᠦᠯᠬᠦ ᠬᠣᠯᠪᠣᠭ᠋ᠠᠲᠤ ᠴᠣᠭᠴᠠ ᠂ ᠴᠧᠩ ᠴᠤᠸᠠᠨ ᠪᠠᠯᠭ᠋ᠠᠰᠤᠨ᠎ᠤ 《 ᠨᠢᠰᠦᠭᠡ ᠭᠠᠵᠠᠷ 》᠎ᠤᠨ ᠨᠡᠢ᠌ᠯᠡᠮᠡᠯ ᠴᠣᠭᠴᠠ ᠵᠢ ᠪᠣᠶ ᠪᠣᠯᠭ᠋ᠠᠪᠠ ᠃ 2021 ᠣᠨ᠎ᠳᠤ ᠂ ᠪᠥᠬᠥ ᠬᠣᠰᠢᠭᠤᠨ᠎ᠤ 68 ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠪᠦᠬᠦᠨ ᠵᠶ᠋ᠡᠷ ᠵᠶ᠋ᠡᠨ 10 ᠲᠦᠮᠡᠨ ᠲᠥᠭᠥᠷᠢᠭ᠎ᠠᠴᠠ ᠳᠡᠭᠡᠭᠰᠢ ᠪᠣᠯᠵᠤ ᠂ ᠳᠡᠭᠡᠷ᠎ᠡ ᠨᠢᠭᠡ ᠵᠢᠯ᠎ᠤᠨ᠎ᠬᠢ᠎ᠠᠴᠠ 16%᠎ᠪᠠᠷ ᠨᠡᠮᠡᠭᠳᠡᠨ ᠂ ᠪᠥᠬᠥ ᠬᠣᠰᠢᠭᠤᠨ᠎ᠤ ᠮᠠᠯᠴᠢᠨ ᠲᠠᠷᠢᠶᠠᠴᠢᠨ᠎ᠤ ᠬᠥᠮᠥᠨ ᠪᠦᠷᠢ ᠵᠢᠨ ᠳᠤᠮᠳᠠᠴᠢ ᠴᠡᠪᠡᠷ ᠣᠷᠣᠯᠭ᠎ᠠ 2 ᠲᠦᠮᠡᠨ ᠲᠥᠭᠥᠷᠢᠭ᠎ᠠᠴᠠ ᠳᠡᠭᠡᠭᠰᠢ ᠪᠣᠯᠪᠠ ᠃
《 ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠨᠡᠢ᠌ᠯᠡᠯ ᠬᠦᠴᠦᠨ 》᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠡᠨᠧᠷᠭᠢ ᠣᠯᠭᠣᠵᠤ ᠬᠡᠷᠡᠭᠯᠡᠭᠡ ᠵᠢ ᠬᠠᠪᠰᠤᠷᠤᠨ ᠲᠡᠳᠬᠦᠪᠡ ᠃ ᠬᠡᠷᠡᠭᠯᠡᠭᠡ᠎ᠪᠠᠷ ᠬᠠᠪᠰᠤᠷᠤᠨ ᠲᠡᠳᠬᠦᠬᠦ᠎ᠳᠤ᠂ ᠨᠢᠭᠡ ᠲᠠᠯ᠎ᠠ᠎ᠨᠢ ᠬᠥᠳᠡᠭᠡ ᠲᠣᠰᠬᠣᠨ᠎ᠲᠠᠢ ᠬᠣᠯᠪᠣᠭᠳᠠᠵᠤ᠂ ᠨᠦᠭᠦᠭᠡ ᠲᠠᠯ᠎ᠠ᠎ᠨᠢ ᠥᠷᠭᠡᠨ ᠠᠭᠤᠳᠠᠮ ᠵᠠᠬ᠎ᠠ ᠳᠡᠯᠭᠡᠭᠦᠷ᠎ᠲᠠᠢ ᠬᠣᠯᠪᠣᠭᠳᠠᠵᠤ᠂ ᠮᠠᠯᠴᠢᠨ ᠲᠠᠷᠢᠶᠠᠴᠢᠨ᠎ᠢ ᠬᠠᠪᠰᠤᠷᠤᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠵᠤ᠂ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠪᠠᠷ ᠪᠠᠷᠠᠬᠤ ᠦᠭᠡᠢ ᠪᠠᠰᠠ ᠲᠡᠷᠢᠭᠦᠨ᠎ᠤ᠎ᠬᠢ᠎ᠨᠢ ᠬᠣᠴᠤᠷᠤᠩᠭᠤᠢ ᠵᠢ ᠳᠠᠭ᠋ᠠᠭᠤᠯᠵᠤ᠂ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ᠎ᠪᠠᠷ ᠭᠠᠷ ᠬᠣᠯᠪᠣᠨ ᠤᠷᠤᠭᠰᠢᠯᠠᠵᠤ ᠪᠣᠯᠣᠨ᠎ᠠ᠃ ᠣᠲᠣᠭ᠎ᠤᠨ ᠡᠮᠦᠨᠡᠲᠦ ᠬᠣᠰᠢᠭᠤᠨ᠎ᠤ ᠲᠣᠰᠬᠣᠨ᠎ᠳᠤ ᠰᠠᠭᠤᠭ᠎ᠠ ᠺᠠᠳ᠋ᠷᠴᠤᠳ 《ᠤᠯᠠᠮᠵᠢᠯᠠᠬᠤ ᠬᠠᠪᠰᠤᠷᠬᠤ ᠳᠠᠭ᠋ᠠᠭᠤᠯᠬᠤ》 ᠦᠢ᠍ᠯᠡᠳᠦᠯ ᠵᠶ᠋ᠡᠨ ᠢᠳᠡᠪᠬᠢᠲᠡᠢ ᠪᠠᠳᠠᠷᠠᠭᠤᠯᠵᠤ ᠂ ᠣᠯᠠᠨ ᠲᠦᠮᠡᠨ᠎ᠤ ᠬᠦᠰᠡᠵᠦ ᠪᠠᠢ᠌ᠭ᠎ᠠ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠮᠠᠯᠵᠢᠬᠤ ᠲᠠᠷᠢᠶᠠᠯᠠᠬᠤ ᠡᠷᠦᠬᠡ ᠵᠢ ᠬᠠᠪᠰᠤᠷᠤᠨ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠵᠢ ᠪᠡᠶᠡᠯᠡᠭᠦᠯᠵᠦ ᠂ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠤᠯᠲᠠ ᠵᠢᠨ 《ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠵᠤ ᠂ ᠨᠢᠭᠡ ᠲᠣᠰᠬᠣᠨ ᠨᠢᠭᠡ ᠦᠢ᠍ᠯᠡᠳᠬᠦᠨ》᠎ᠤ ᠵᠠᠷᠴᠢᠮ ᠶᠣᠰᠣᠭ᠋ᠠᠷ ᠬᠥᠭᠵᠢᠯᠲᠡ ᠵᠢᠨ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠵᠦ ᠂ ᠣᠨᠴᠠᠯᠢᠭᠲᠤ ᠠᠵᠤ ᠦᠢ᠍ᠯᠡᠰ᠎ᠢ ᠶᠡᠬᠡᠪᠡᠷ ᠪᠣᠢ᠌ᠵᠢᠭᠤᠯᠵᠤ ᠂ ᠣᠲᠣᠭ᠎ᠤᠨ ᠡᠮᠦᠨᠡᠲᠦ ᠬᠣᠰᠢᠭᠤᠨ᠎ᠤ ᠬᠣᠨᠢᠨ ᠮᠢᠬ᠎ᠠ ᠂ ᠴᠧᠩ ᠴᠤᠸᠠᠨ ᠭᠠᠴᠠᠭ᠎ᠠ ᠵᠢᠨ ᠳᠦᠭᠦᠷᠡᠩ ᠳᠣᠬᠢᠭᠤᠷ ᠲᠤᠯᠤᠭ᠋ᠠᠨ ᠣᠲᠣ ᠲᠤᠭᠤᠷ ᠂ ᠥᠨᠳᠥᠷ ᠲᠦᠯᠬᠢᠭᠡᠨ᠎ᠤ ᠬᠥᠪᠡᠭᠡᠨ᠎ᠳᠠᠬᠢ ᠬᠥᠮᠥᠨ᠎ᠤ ᠠᠮᠢᠳᠤᠷᠠᠯ᠎ᠤᠨ ᠵᠢᠮᠢᠰ ᠂ ᠸᠠᠩ ᠵᠧᠨ ᠵᠢᠩ ᠠᠭᠤᠷᠬᠠᠢ ᠵᠢᠨ ᠪᠤᠯᠠᠭ ᠤᠰᠤ ᠂ ᠮᠠᠯ ᠠᠵᠤ ᠠᠬᠤᠢ ᠪᠠ ᠲᠠᠷᠢᠶᠠᠨ᠎ᠤ ᠴᠠᠭ᠋ᠠᠨ ᠢᠳᠡᠭᠡᠨ᠎ᠤ ᠵᠦᠢ᠍ᠯ ᠂ ᠲᠠᠮᠪᠤᠳ᠋ ᠤᠯᠠᠭ᠋ᠠᠨ ᠠᠷᠢᠬᠢ ᠂ ᠦᠳᠦᠸᠸ ᠤᠯᠠᠭ᠋ᠠᠨ ᠠᠷᠢᠬᠢ ᠂ ᠫᠷᠦᠸᠠᠰ ᠲᠥᠪᠡᠳ ᠬᠠᠰᠢ ᠵᠡᠷᠭᠡ 40 ᠭᠠᠷᠤᠢ ᠵᠦᠢ᠍ᠯ᠎ᠤᠨ ᠨᠡᠢ᠌ᠲᠡᠯᠢᠭ ᠭᠠᠵᠠᠷ᠎ᠤᠨ ᠪᠠᠷᠢᠮᠵᠢᠶᠠᠲᠤ ᠪᠦᠲᠦᠭᠡᠭᠳᠡᠬᠦᠨ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠬᠤ ᠵᠢᠨ ᠬᠠᠮᠲᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠳᠠᠪᠠᠭᠤᠯᠢᠭ᠎ᠢ ᠠᠰᠢᠭᠯᠠᠨ ᠂ ᠰᠦᠯᠵᠢᠶᠡᠨ ᠳᠡᠭᠡᠷ᠎ᠡ ᠰᠢᠭᠤᠳ ᠨᠠᠪᠲᠠᠷᠡᠭᠦᠯᠵᠦ ᠪᠠᠷᠠᠭ᠎ᠠ ᠠᠪᠴᠢᠷᠠᠨ ᠂ ᠲᠠᠩ ᠲᠠᠯᠠᠪᠤᠷ᠎ᠤᠨ ᠪᠣᠷᠤᠯᠠᠭᠤᠯᠭ᠎ᠠ ᠵᠢᠨ ᠨᠣᠷᠮ᠎ᠠ᠎ᠨᠢ 8 ᠲᠦᠮᠡ ᠭᠠᠷᠤᠢ ᠲᠥᠭᠥᠷᠢᠭ᠎ᠲᠤ ᠬᠥᠷᠪᠡ ᠃ ᠬᠣᠲᠠ ᠵᠢᠨ ᠰᠢᠭᠤᠳ ᠬᠠᠷᠢᠶ᠎ᠠ ᠲᠦᠷᠦᠭᠦᠯᠡᠨ ᠳᠠᠭ᠋ᠠᠭ᠋ᠠᠴᠢᠯᠠᠭᠰᠠᠨ ᠰᠠᠯᠠᠭ᠎ᠠ ᠮᠥᠴᠢᠷ᠎ᠤᠨ ᠨᠢᠭᠡᠳᠦᠭᠡᠷ ᠱᠦᠵᠢ ᠬᠣᠰᠢᠭᠤᠴᠢ ᠵᠢᠱ᠌ᠢᠶᠡᠴᠢ ᠵᠢᠨ ᠦᠢ᠍ᠯᠡᠳᠦᠯ ᠵᠶ᠋ᠡᠨ ᠪᠠᠳᠠᠷᠠᠭᠤᠯᠵᠤ ᠂ ᠣᠲᠣᠭ᠎ᠤᠨ ᠡᠮᠦᠨᠡᠲᠦ ᠬᠣᠰᠢᠭᠤᠨ᠎ᠤ ᠠᠵᠤ ᠠᠬᠤᠢ᠌ᠯᠠᠯ ᠪᠠ ᠣᠷᠣᠨ ᠨᠤᠲᠤᠭ ᠬᠦᠴᠦ᠎ᠪᠠᠨ ᠬᠠᠮᠲᠤᠳᠬᠠᠨ ᠬᠡᠷᠡᠭᠯᠡᠭᠡ ᠵᠢ ᠬᠠᠪᠰᠤᠷᠤᠨ ᠲᠡᠳᠬᠦᠬᠦ ᠭᠡᠷ᠎ᠡ ᠲᠣᠭᠲᠠᠬᠤ ᠰᠠᠨᠠᠮᠵᠢ ᠵᠢᠨ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨᠯᠤᠭᠠ ᠵᠢᠨ ᠭᠦᠨᠵᠡᠭᠡᠢ ᠰᠣᠯᠢᠯᠴᠠᠭ᠎ᠠ᠎ᠪᠠᠨ ᠴᠢᠩᠭ᠋ᠠᠳᠬᠠᠵᠤ ᠂ ᠬᠡᠷᠡᠭᠯᠡᠭᠡ ᠵᠢ ᠬᠠᠪᠰᠤᠷᠤᠨ ᠲᠡᠳᠬᠦᠬᠦ ᠰᠢᠨ᠎ᠡ ᠵᠠᠭᠪᠤᠷ ᠂ ᠰᠢᠨ᠎ᠡ ᠠᠷᠭ᠎ᠠ ᠵᠢ ᠬᠠᠢ᠌ᠨ ᠰᠦᠪᠡᠭᠴᠢᠯᠡᠨ᠎ᠡ ᠃ ᠲᠣᠰᠬᠣᠨ᠎ᠳᠤ ᠰᠠᠭᠤᠭ᠎ᠠ ᠪᠦᠬᠦ ᠺᠠᠳ᠋ᠷ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠵᠤ ᠂ ᠮᠠᠯᠴᠢᠨ ᠲᠠᠷᠢᠶᠠᠴᠢᠨ ᠡᠷᠦᠬᠡ ᠵᠢ 《ᠳᠠᠢ᠍ᠢ᠍ᠴᠢᠯᠠᠵᠤ》 ᠪᠠᠢ᠌ᠭ᠋ᠠᠳ ᠬᠡᠷᠡᠭᠯᠡᠭᠡ᠎ᠪᠠᠷ ᠠᠵᠤ ᠦᠢ᠍ᠯᠡᠰ᠎ᠤᠨ ᠳᠡᠰ ᠳᠡᠪᠰᠢᠬᠦ ᠵᠢ ᠠᠬᠢᠭᠤᠯᠬᠤ᠂ ᠠᠵᠤ ᠦᠢ᠍ᠯᠡᠰ᠎ᠤᠨ ᠳᠡᠰ ᠳᠡᠪᠰᠢᠬᠦ᠎ᠪᠠᠷ ᠬᠡᠷᠡᠭᠯᠡᠭᠡ ᠵᠢ ᠳᠠᠢ᠌ᠴᠢᠯᠠᠬᠤ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠵᠡᠢ᠃
《ᠠᠷᠠᠳ᠎ᠤᠨ ᠲᠥᠯᠥᠭᠡ ᠰᠡᠳᠬᠢᠯ ᠲᠠᠯᠪᠢᠬᠤ》》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠪᠡ᠃ ᠠᠷᠠᠳ ᠢᠷᠭᠡᠳ᠎ᠤᠨ ᠰᠠᠨᠠᠭ᠋ᠠᠰᠢᠷᠠᠵᠤ ᠪᠠᠢ᠌ᠭ᠎ᠠ ᠵᠦᠢ᠍ᠯ᠎ᠢ ᠪᠢᠳᠡ ᠵᠠᠪᠠᠯ ᠪᠣᠳᠣᠯᠬᠢᠯᠠᠨ᠎ᠠ; ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠪᠢᠳᠡ ᠵᠠᠪᠠᠯ ᠭᠦᠢ᠍ᠴᠡᠳᠬᠡᠨ᠎ᠡ᠃ ᠤᠳᠤᠭ᠎ᠤᠨ ᠡᠮᠦᠨᠡᠲᠦ ᠬᠣᠰᠢᠭᠤᠨ᠎ᠤ ᠲᠣᠰᠬᠣᠨ᠎ᠳᠤ ᠰᠠᠭᠤᠭ᠎ᠠ ᠺᠠᠳ᠋ᠷᠴᠤᠳ《ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》ᠬᠠᠷᠠᠯᠲᠠ ᠵᠢᠨ ᠲᠣᠭᠣᠷᠢᠨ᠎ᠳᠤ᠂ ᠤᠯᠠᠨ ᠲᠦᠮᠡᠨ᠎ᠤ《ᠪᠠᠴᠢᠮᠳᠠᠬᠤ᠎ᠠᠴᠠ ᠵᠣᠪᠠᠬᠤ》ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠠᠭ ᠢᠮᠠᠭᠲᠠ ᠠᠷᠠᠳ ᠤᠯᠠᠨ᠎ᠢ ᠰᠡᠳᠬᠢᠯ᠎ᠳᠡᠭᠡᠨ ᠪᠤᠳᠤᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠤᠯᠠᠨ ᠲᠦᠮᠡᠨ᠎ᠳᠤ ᠦᠢ᠍ᠯᠡᠴᠢᠯᠡᠬᠦ 《ᠬᠠᠮᠤᠭ ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠵᠡᠢ᠃ ᠭᠠᠴᠠᠭ᠎ᠠ ᠲᠣᠰᠬᠣᠨ᠎ᠤ ᠡᠶᠡᠳᠡᠭᠦᠯᠬᠦ ᠠᠵᠢᠯ᠎ᠳᠤ ᠰᠠᠨᠠᠭ᠋ᠠᠴᠢᠯᠠᠭ᠎ᠠ ᠠᠴᠠ᠎ᠪᠠᠨ ᠣᠷᠣᠯᠴᠠᠵᠤ ᠂ ᠣᠯᠠᠨ ᠲᠦᠮᠡᠨ᠎ᠤ ᠵᠥᠷᠢᠴᠡᠯ ᠵᠢᠭᠤᠷᠠᠯᠳᠤᠭ᠋ᠠᠨ᠎ᠢ ᠡᠶᠡᠳᠡᠭᠦᠯᠦᠭᠴᠢ ᠵᠢ ᠴᠢᠷᠮᠠᠢ᠌ᠨ ᠰᠠᠢ᠌ᠲᠤᠷ ᠬᠢᠬᠦ ᠬᠡᠷᠡᠭᠲᠡᠢ ᠃ ᠭᠠᠵᠠᠷ ᠰᠢᠷᠣᠢ ᠂ ᠣᠶ ᠮᠣᠳᠣᠨ᠎ᠤ ᠡᠷᠬᠡ ᠂ ᠬᠥᠷᠰᠢ ᠵᠡᠷᠭᠡᠯᠡᠳᠡᠭᠡ ᠵᠢᠨ ᠬᠠᠷᠢᠴᠠᠭ᠎ᠠ ᠵᠡᠷᠭᠡ ᠵᠥᠷᠢᠴᠡᠯ ᠵᠢᠭᠤᠷᠠᠯᠳᠤᠭ᠋ᠠᠨ᠎ᠳᠤ ᠴᠢᠭᠯᠡᠭᠦᠯᠦᠨ ᠂ ᠵᠥᠷᠢᠴᠡᠯ ᠵᠢᠭᠤᠷᠠᠯᠳᠤᠭ᠋ᠠᠨ᠎ᠢ ᠡᠶᠡᠳᠡᠭᠦᠯᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠡᠷᠦᠬᠡ᠎ᠳᠤ ᠬᠦᠷᠴᠦ ᠵᠣᠬᠢᠴᠠᠭᠤᠯᠤᠨ ᠠᠷᠢᠯᠭ᠋ᠠᠬᠤ ᠠᠵᠢᠯ᠎ᠢ ᠥᠷᠨᠢᠭᠦᠯᠦᠨ᠎ᠡ᠃ ᠡᠯ᠎ᠡ ᠲᠠᠯ᠎ᠠ ᠵᠢᠨ᠎ᠬᠢᠨ᠎ᠤ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠵᠤ ᠂ ᠪᠡᠯᠡ ᠮᠥᠩᠭᠥ ᠴᠤᠭᠯᠠᠭᠤᠯᠤᠨ ᠭᠠᠴᠠᠭ᠎ᠠ ᠲᠣᠰᠬᠣᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠬᠡᠷᠡᠭᠲᠡᠢ ᠃ ᠲᠠᠪᠤᠨ ᠪᠠᠲᠤᠯᠠᠭ᠋ᠠᠲᠤ ᠡᠷᠦᠬᠡ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠡᠷᠦᠬᠡ᠂ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠡᠷᠭᠡ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠭᠣᠣᠯᠳᠠᠯᠭ᠎ᠠ᠎ᠲᠠᠢ ᠡᠲᠡᠭᠡᠳ᠎ᠢ ᠭᠣᠣᠯᠳᠠᠯᠭ᠎ᠠ᠎ᠲᠠᠢ ᠰᠤᠷᠪᠤᠯᠵᠢᠯᠠᠨ ᠲᠣᠬᠣᠨᠢᠭᠤᠯᠵᠤ᠂ ᠲᠡᠳᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠳᠤ ᠰᠢᠨᠵᠢᠯᠡᠬᠦ ᠤᠬᠠᠭ᠋ᠠᠨᠴᠢ᠎ᠪᠠᠷ ᠬᠠᠪᠰᠤᠷᠤᠨ ᠲᠡᠳᠬᠦᠬᠦ᠎ᠳᠤ ᠰᠠᠭᠤᠷᠢ ᠵᠢ ᠰᠠᠢ᠌ᠲᠤᠷ ᠲᠠᠯᠪᠢᠬᠤ ᠬᠡᠷᠡᠭᠲᠡᠢ᠃ ᠰᠤᠷᠭ᠋ᠠᠨ ᠬᠥᠮᠦᠵᠢᠯ᠂ ᠠᠵᠢᠯ ᠣᠯᠭᠣᠯᠲᠠ᠂ ᠡᠮ ᠡᠮᠨᠡᠯᠭᠡ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ᠎ᠢ ᠬᠠᠪᠰᠤᠷᠤᠨ ᠵᠣᠬᠢᠴᠠᠭᠤᠯᠵᠤ ᠪᠠᠢ᠌ᠭ᠋ᠠᠳ ᠰᠤᠷᠭ᠋ᠠᠭᠤᠯᠢ᠎ᠳᠤ ᠣᠷᠣᠬᠤ᠂ ᠠᠵᠢᠯ ᠣᠯᠬᠤ᠂ ᠡᠪᠡᠳᠴᠢᠨ ᠦᠵᠡᠭᠦᠯᠬᠦ᠂ ᠤᠰᠤ ᠤᠤᠭᠤᠬᠤ ᠵᠡᠷᠭᠡ ᠤᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ᠌ ᠨᠡᠮᠡᠭᠳᠡᠭᠦᠯᠦᠨ᠎ᠡ᠃ 2021 ᠣᠨ᠎ᠳᠤ ᠂ ᠨᠡᠶ᠋ᠢᠲᠡ 2000 ᠭᠠᠷᠤᠢ ᠬᠥᠮᠥᠨ ᠤᠳᠠᠭ᠎ᠠ ᠦᠨᠳᠦᠰᠦᠨ ᠱᠠᠲᠤᠨ᠎ᠳᠤ ᠪᠠᠭᠤᠵᠤ ᠂ 300 ᠭᠠᠷᠤᠢ ᠭᠣᠣᠯᠳᠠᠯᠭ᠎ᠠ᠎ᠲᠠᠢ ᠡᠷᠦᠬᠡ ᠵᠢ ᠰᠤᠷᠪᠤᠯᠵᠢᠯᠠᠨ ᠲᠣᠬᠣᠨᠢᠭᠤᠯᠵᠤ ᠂ ᠠᠷᠠᠳ᠎ᠤᠨ ᠲᠥᠯᠥᠭᠡ 150 ᠭᠠᠷᠤᠢ ᠪᠣᠳᠠᠲᠠᠢ ᠠᠵᠢᠯ ᠬᠢᠵᠦ ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 96% ᠪᠠᠢ᠌ᠵᠤ ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ 100%᠎ᠳᠤ ᠬᠥᠷᠪᠡ ᠃