ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
《ᠪᠢᠴᠢᠬᠠᠨ ᠲᠥᠪᠡᠳ ᠬᠠᠰᠢ 》᠎ᠨᠢ 《ᠲᠣᠮᠣ ᠶᠠᠪᠤᠳᠠᠯ 》 ᠪᠦᠲᠦᠭᠡᠪᠡ (ᠰᠢᠨ᠎ᠡ ᠠᠶᠠᠨ ᠵᠠᠮ᠎ᠳᠤ ᠭᠠᠪᠢᠶ᠎ᠠ ᠪᠠᠢ᠌ᠭᠤᠯᠵᠤ ᠰᠢᠨ᠎ᠡ ᠴᠠᠭ ᠦᠶ᠎ᠡ᠎ᠳᠤ ᠲᠤᠰᠠᠯᠠᠬᠤ ᠬᠠᠮᠲᠤᠷᠠᠯᠴᠠᠭ᠋ᠠᠨ᠎ᠤ ᠡᠮᠦᠨ᠎ᠡ ᠹᠷᠣᠨᠲ᠎ᠲᠤ ᠲᠣᠭᠣᠷᠢᠨ ᠪᠠᠢ᠌ᠴᠠᠭ᠋ᠠᠨ᠎ᠠ)
ᠨᠡᠶ᠋ᠢᠲᠡᠯᠡᠭᠰᠡᠨ ᠴᠠᠭ᠄ 2022-05-22

      2021 ᠣᠨ᠎ᠳᠤ᠂ ᠭᠠᠷ ᠬᠣᠯᠪᠣᠨ ᠬᠠᠮᠲᠤᠪᠠᠷ ᠠᠷᠪᠠᠨ ᠵᠢᠯ ᠤᠷᠤᠭᠰᠢᠯᠠᠭᠰᠠᠨ ᠰᠠᠢ᠌ᠨ ᠰᠠᠢ᠌ᠬᠠᠨ ᠰᠠᠭᠤᠷᠢᠨ ᠳᠡᠭᠡᠷ᠎ᠡ᠂ ᠪᠡᠭᠡᠵᠢᠩ ᠬᠤᠳᠠ ᠵᠢᠨ ᠳ᠋ᠠᠰᠢᠩ ᠲᠣᠭᠣᠷᠢᠭ ᠪᠣᠯᠣᠨ ᠤᠯᠠᠭ᠋ᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ᠎ᠬᠢᠨ ᠭᠦᠢ᠍ᠴᠡᠳ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠬᠦ᠎ᠪᠠᠷ ᠳᠠᠮᠵᠢᠭᠤᠯᠵᠤ᠂ ᠪᠡᠭᠡᠵᠢᠩ᠎ᠤᠨ ᠬᠣᠩ ᠹᠦ᠋ ᠪᠦᠯᠦᠭᠯᠡᠯ᠎ᠢ ᠣᠷᠣᠭᠤᠯᠤᠨ ᠲᠠᠷᠢᠶᠠᠯᠠᠩ᠎ᠤᠨ ᠤᠳᠤ ᠦᠶ᠎ᠡ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠪᠠᠢ᠌ᠭᠤᠯᠵᠤ᠂ 《ᠵᠢᠵᠢᠭᠭᠡᠨ ᠲᠥᠪᠡᠳ ᠬᠠᠰᠢ》 ᠵᠢᠨ ᠲᠣᠭᠣᠷᠢᠨ᠎ᠳᠤ 《ᠲᠣᠮᠣ ᠶᠠᠪᠤᠳᠠᠯ》 ᠎ᠢ ᠰᠠᠢ᠌ᠲᠤᠷ ᠪᠢᠴᠢᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ᠎ᠢ ᠰᠦᠪᠡᠭᠴᠢᠯᠡᠵᠦ ᠥᠭᠴᠡᠢ᠃
      ᠤᠯᠠᠭ᠋ᠠᠨᠴᠠᠪ᠎ᠤᠨ ᠬᠣᠩ ᠹᠦ᠋ ᠲᠠᠷᠢᠶᠠᠯᠠᠩ᠎ᠤᠨ ᠣᠲᠣ ᠦᠶ᠎ᠡ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠶᠡᠷᠦᠩᠬᠡᠢ ᠲᠥᠯᠦᠪᠵᠢᠭᠦᠯᠭᠡ ᠵᠢᠨ ᠡᠵᠡᠯᠡᠬᠦ ᠲᠠᠯᠠᠪᠠᠶ᠎ᠨᠢ 4000 ᠭᠠᠷᠤᠢ ᠮᠦ᠍ ᠪᠠᠢ᠌ᠵᠤ᠂ 60 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠂ 5 –7 ᠵᠢᠯ᠎ᠤᠨ ᠬᠤᠭᠤᠴᠠᠭ᠎ᠠ ᠵᠢ ᠠᠰᠢᠭᠯᠠᠨ ᠣᠲᠣ ᠦᠶ᠎ᠡ ᠵᠢᠨ ᠲᠠᠷᠢᠶᠠᠯᠠᠩ᠂ ᠺᠠᠩ ᠶᠠᠩ ᠰᠣᠶᠣᠯ᠎ᠤᠨ ᠵᠢᠭᠤᠯᠴᠢᠯᠠᠯ ᠵᠶ᠋ᠠᠷ ᠭᠣᠣᠯ ᠪᠣᠯᠭ᠋ᠠᠭᠰᠠᠨ ᠣᠳᠣᠬᠢᠴᠢᠯᠠᠭᠰᠠᠨ ᠶᠡᠷᠦᠩᠬᠡᠢ᠌ᠯᠡᠭᠰᠡᠨ ᠴᠢᠨᠠᠷᠲᠠᠢ ᠬᠦᠷᠢᠶᠡᠯᠡᠩ ᠲᠣᠭᠣᠷᠢᠭ᠎ᠢ ᠪᠦᠲᠦᠭᠡᠨ ᠪᠠᠢ᠌ᠭᠤᠯᠤᠨ᠎ᠠ᠃ ᠲᠥᠷᠥᠯ ᠵᠦᠢ᠍ᠯ᠎ᠨᠢ ᠪᠣᠬᠢᠷᠳᠤᠯ ᠦᠭᠡᠢ ᠬᠥᠭᠵᠢᠯᠲᠡ ᠂ ᠴᠢᠨᠠᠷ ᠰᠠᠢ᠌ᠲᠠᠢ ᠬᠥᠭᠵᠢᠯᠲᠡ᠂ ᠠᠭᠤᠰᠤᠯᠴᠠᠨ ᠬᠥᠭᠵᠢᠬᠦ ᠪᠠ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠣᠯᠭ᠋ᠠᠵᠤ ᠂ ᠠᠵᠤ ᠦᠢ᠍ᠯᠡᠳᠪᠦᠷᠢᠵᠢᠯᠲᠡ ᠂ ᠬᠣᠲᠠᠴᠢᠯᠠᠯᠲᠠ᠂ ᠲᠠᠷᠢᠶᠠᠯᠠᠩ᠎ᠤᠨ ᠣᠳᠣᠬᠢᠴᠢᠯᠠᠯᠲᠠ ᠪᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠬᠥᠳᠡᠯᠭᠡᠭᠦᠷ ᠪᠣᠯᠭ᠋ᠠᠵᠤ᠂ 《ᠠᠵᠤ ᠦᠢ᠍ᠯᠡᠳᠪᠦᠷᠢ ᠲᠠᠷᠢᠶᠠᠯᠠᠩ᠎ᠤᠨ ᠣᠷᠴᠢᠯ + ᠤᠳᠤ ᠦᠶ᠎ᠡ ᠵᠢᠨ ᠲᠠᠷᠢᠶᠠᠯᠠᠩ + ᠰᠣᠶᠣᠯ᠎ᠤᠨ ᠵᠤᠭ᠋ᠠᠴᠠᠯ ᠡᠷᠡᠭᠦᠯ ᠬᠠᠮᠠᠭ᠋ᠠᠯᠠᠯ ᠰᠤᠪᠢᠯᠠᠯᠲᠠ + ᠣᠶᠤᠨᠴᠢ ᠤᠶᠤᠨ ᠤᠬᠠᠭ᠋ᠠᠨ》 ᠎ᠢ ᠠᠭᠤᠰᠤᠯᠴᠠᠭᠤᠯᠤᠨ ᠰᠢᠨ᠎ᠡ ᠵᠢ ᠡᠭᠦᠳᠬᠦ ᠬᠥᠭᠵᠢᠯᠲᠡ ᠵᠢᠨ ᠳᠠᠭ᠋ᠠᠭᠤᠯᠤᠭᠴᠢ ᠵᠢ ᠪᠤᠢ ᠪᠣᠯᠭ᠋ᠠᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠤᠰ᠎ᠤᠨ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠪᠡᠯᠡᠳᠬᠡᠮᠵᠢᠳᠦ ᠵᠢᠮᠢᠰ ᠨᠣᠭᠣᠭ᠎ᠠ᠂ ᠰᠣᠶᠣᠯ᠎ᠤᠨ ᠵᠤᠭ᠋ᠠᠴᠠᠯ ᠡᠷᠡᠭᠦᠯ ᠬᠠᠮᠠᠭ᠋ᠠᠯᠠᠯ ᠰᠤᠪᠢᠯᠠᠯᠲᠠ᠂ ᠣᠶᠤᠨᠲᠤ ᠲᠠᠷᠢᠶᠠᠯᠠᠩ ᠵᠡᠷᠭᠡ ᠠᠵᠤ ᠦᠢ᠍ᠯᠡᠰ᠎ᠤᠨ ᠪᠦᠯᠦᠭᠵᠢᠯ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠵᠤ ᠲᠠᠢ᠍ᠢ᠍ᠴᠢᠯᠠᠨ᠎ᠠ ᠃
      ᠲᠤᠰ ᠲᠥᠷᠥᠯ ᠵᠦᠢ᠍ᠯ᠎ᠨᠢ ᠳᠡᠯᠡᠬᠡᠢ ᠵᠢᠨ ᠲᠡᠷᠢᠭᠦᠨ᠎ᠤ ᠬᠣᠯᠠᠨᠳ᠋᠎ᠤᠨ ᠣᠳᠣᠬᠢᠴᠢᠯᠠᠭᠰᠠᠨ ᠣᠶᠤᠨᠲᠤ ᠬᠦᠯᠡᠮᠵᠢ ᠵᠢᠨ ᠲᠠᠷᠢᠮᠠᠯ᠎ᠤᠨ ᠵᠠᠭᠪᠤᠷ᠎ᠢ ᠣᠷᠣᠭᠤᠯᠤᠨ ᠠᠪᠴᠢᠷᠠᠵᠤ᠂ ᠰᠢᠷᠣᠢ ᠦᠭᠡᠢ᠎ᠪᠠᠷ ᠳᠠᠷᠢᠵᠤ ᠤᠷᠭᠤᠭᠤᠯᠬᠤ ᠵᠠᠭᠪᠤᠷ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠂ ᠰᠢᠮ᠎ᠡ ᠲᠡᠵᠢᠭᠡᠯ᠎ᠤᠨ ᠰᠢᠩᠭᠡᠨ᠎ᠤ ᠨᠠᠷᠢᠯᠢᠭ ᠣᠨᠣᠴᠠᠲᠠᠢ ᠬᠠᠮᠢᠶᠠᠷᠤᠯᠲᠠ ᠵᠢᠨ ᠵᠠᠭᠪᠤᠷ᠂ CO2᠎ᠤᠨ ᠬᠡᠢ ᠵᠢ ᠨᠥᠬᠥᠪᠦᠷᠢᠯᠡᠵᠦ ᠤᠨᠠᠯᠲᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ᠂ ᠳᠡᠭᠡᠭᠰᠢᠯᠡᠬᠦ ᠳᠣᠷᠣᠭᠰᠢᠯᠠᠬᠤ ᠳᠤᠯᠠᠭ᠋ᠠᠨ᠎ᠤ ᠰᠢᠰᠲ᠋ᠧᠮ᠂ ᠨᠠᠷᠠ ᠬᠠᠯᠬᠠᠯᠠᠬᠤ ᠰᠢᠰᠲ᠋ᠧᠮ᠂ ᠠᠮᠢᠳᠤ ᠪᠣᠳᠠᠰ᠎ᠤᠨ ᠰᠡᠷᠭᠡᠢ᠌ᠯᠡᠯᠲᠡ ᠵᠡᠷᠭᠡ᠎ᠪᠠᠷ ᠳᠡᠮᠵᠢᠨ ᠲᠥᠪᠡᠳ ᠬᠠᠰᠢ ᠵᠢᠨ ᠤᠷᠭᠤᠯᠲᠠ ᠵᠢᠨ ᠬᠠᠮᠤᠭ᠎ᠤᠨ ᠰᠠᠢ᠌ᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃ ᠥᠨᠳᠥᠷ ᠤᠨᠠᠯᠲᠠ᠎ᠲᠠᠢ ᠂ ᠥᠨᠳᠥᠷ ᠦᠷ᠎ᠡ ᠠᠰᠢᠭ᠎ᠲᠠᠢ᠂ ᠴᠢᠨᠠᠷ ᠰᠠᠢ᠌ᠲᠠᠢ᠂ ᠠᠮᠤᠷ ᠲᠦᠪᠰᠢᠨ ᠲᠠᠷᠢᠶᠠᠯᠠᠩ᠎ᠤᠨ ᠰᠠᠢ᠌ᠨ ᠣᠷᠴᠢᠯ᠎ᠤᠨ ᠰᠢᠰᠲ᠋ᠧᠮ᠎ᠢ ᠪᠦᠷᠢᠯᠳᠦᠭᠦᠯᠵᠦ᠂ ᠭᠠᠷᠤᠯᠲᠠ᠎ᠨᠢ ᠤᠯᠠᠮᠵᠢᠯᠠᠯᠲᠤ ᠨᠡᠷᠡᠨ᠎ᠤ ᠬᠡᠷᠡᠯ᠎ᠤᠨ ᠬᠦᠯᠡᠮᠵᠢ ᠵᠢᠨ 6 ᠎ᠠᠴᠠ 8 ᠳᠠᠬᠢᠨ ᠬᠦᠷᠴᠦ᠂ ᠪᠣᠶ ᠪᠦᠬᠦᠢ ᠦᠢ᠍ᠯᠡᠳᠪᠦᠷᠢᠯᠡᠯ᠎ᠤᠨ ᠭᠣᠭᠴᠣᠭ᠎ᠠ᠎ᠨᠢ ᠴᠥᠮ ᠡᠸᠦ᠋ᠷᠦᠫᠡ ᠵᠢᠨ ᠬᠣᠯᠪᠣᠭ᠋ᠠᠨ᠎ᠤ ᠦᠢ᠍ᠯᠡᠳᠪᠦᠷᠢᠯᠡᠯ᠎ᠤᠨ ᠪᠠᠷᠢᠮᠵᠢᠶ᠎ᠠ Global G.A.P. ᠭᠡᠷᠡᠴᠢᠯᠡᠯ᠎ᠳᠤ ᠬᠦᠷᠴᠦ᠂ ᠲᠠᠷᠢᠶᠠᠨ ᠭᠠᠵᠠᠷ ᠎ᠠᠴᠠ ᠬᠣᠭᠣᠯᠠᠨ ᠰᠢᠷᠡᠭᠡᠨ᠎ᠳᠤ ᠬᠦᠷᠬᠦ ᠪᠥᠬᠥ ᠶᠠᠪᠤᠴᠠ ᠵᠢ ᠮᠥᠷᠳᠡᠵᠦ ᠪᠣᠯᠣᠨ᠎ᠠ᠃ ᠤᠯᠠᠭ᠋ᠠᠨᠴᠠᠪ᠎ᠤᠨ ᠪᠠᠢ᠌ᠭ᠋ᠠᠯᠢ ᠵᠢᠨ ᠨᠥᠬᠥᠴᠡᠯ᠎ᠲᠠᠢ ᠤᠶᠠᠯᠳᠤᠭᠤᠯᠤᠨ᠂ ᠠᠵᠤ ᠦᠢ᠍ᠯᠡᠰ᠎ᠤᠨ ᠬᠦᠷᠢᠶᠡᠯᠡᠩ᠎ᠤᠨ᠎ᠬᠢᠨ 《ᠲᠣᠮᠣ ᠬᠡᠯᠪᠡᠷᠢ ᠵᠢᠨ ᠲᠥᠪᠡᠳ ᠬᠠᠰᠢ ᠵᠢᠨ ᠦᠢ᠍ᠯᠡᠳᠪᠦᠷᠢᠵᠢᠭᠰᠡᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ》᠎ᠢ ᠪᠠᠶ᠋ᠢᠭᠤᠯᠬᠤ᠎ᠪᠠᠷ ᠴᠢᠷᠮᠠᠢ᠌ᠵᠤ᠂ ᠦᠢ᠍ᠯᠡᠳᠪᠦᠷᠢᠯᠡᠯ᠎ᠤᠨ ᠶᠠᠪᠤᠴᠠ᠎ᠳᠠᠬᠢ ᠨᠡᠭᠦᠷᠡᠰᠦᠲᠥ᠋ᠷᠥᠭᠴᠢ ᠪᠠᠭ᠎ᠠ᠂ ᠣᠷᠴᠢᠨ ᠠᠬᠤᠢ ᠵᠢ ᠬᠠᠮᠠᠭ᠋ᠠᠯᠠᠬᠤ᠂ ᠪᠣᠬᠢᠷᠳᠤᠯ ᠦᠭᠡᠢ ᠪᠠᠢ᠌ᠬᠤ ᠵᠢ ᠪᠡᠶᠡᠯᠡᠭᠦᠯᠦᠨ᠂ ᠬᠡᠷᠡᠭᠯᠡᠭᠴᠢᠳ᠎ᠲᠤ ᠠᠮᠤᠷ ᠲᠦᠪᠰᠢᠨ᠂ ᠴᠡᠪᠡᠷ᠂ ᠴᠢᠨᠠᠷ ᠰᠠᠢ᠌ᠲᠠᠢ ᠲᠦᠭᠦᠬᠡᠢ ᠵᠢᠮᠢᠰ ᠢᠳᠡᠰᠢᠨ ᠨᠣᠭᠣᠭ᠎ᠠ ᠵᠢᠨ ᠪᠦᠲᠦᠭᠡᠭᠳᠡᠬᠦᠨ᠎ᠢ ᠲᠠᠰᠤᠷᠠᠯᠲᠠ ᠦᠭᠡᠢ ᠬᠠᠩᠭ᠋ᠠᠵᠤ ᠪᠠᠢ᠌ᠨ᠎ᠠ ᠃
      ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠠᠵᠤ ᠦᠢ᠍ᠯᠡᠰ᠎ᠤᠨ ᠬᠦᠷᠢᠶᠡᠯᠡᠩ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠨᠢ ᠣᠳᠣᠬᠢᠴᠢᠯᠠᠭᠰᠠᠨ ᠣᠶᠤᠨᠲᠤ ᠬᠦᠯᠡᠮᠵᠢ ᠵᠢᠴᠢ ᠡᠳ᠋ᠰᠢᠭᠦᠯᠵᠦ ᠪᠣᠯᠪᠠᠰᠤᠷᠠᠭᠤᠯᠬᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠥᠮᠥᠷᠭᠡᠯᠡᠬᠦ ᠣᠷᠣᠨ᠎ᠢ 30 ᠲᠦᠮᠡᠨ ᠲᠡᠭᠰᠢ ᠳᠥᠷᠪᠡᠯᠵᠢᠨ ᠮᠸᠲᠷ ᠪᠦᠲᠦᠭᠡᠨ ᠪᠠᠢ᠌ᠭᠤᠯᠵᠤ᠂ ᠶᠡᠷᠦᠩᠬᠡᠢ ᠲᠠᠯᠠᠪᠠᠢ᠎ᠨᠢ 1000 ᠮᠦ᠍ ᠪᠠᠢ᠌ᠵᠤ᠂ ᠪᠡᠯᠡ ᠣᠷᠣᠭᠤᠯᠤᠯᠲᠠ ᠵᠢᠨ ᠶᠡᠷᠦᠩᠬᠡᠢ ᠬᠡᠮᠵᠢᠶ᠎ᠡ᠎ᠨᠢ ᠪᠠᠷᠤᠭ 8 ᠳ᠋ᠦᠩᠰᠢᠭᠤᠷ ᠲᠥᠭᠥᠷᠢᠭ᠎ᠲᠤ ᠬᠦᠷᠴᠡᠢ᠃ ᠵᠢᠮᠢᠰ ᠨᠣᠭᠣᠭ᠎ᠠ ᠳᠠᠷᠢᠬᠤ ᠲᠠᠯ᠎ᠠ᠎ᠪᠠᠷ᠂ ᠲᠥᠷᠥᠯ ᠵᠦᠢ᠍ᠯ᠎ᠳᠤ ᠨᠢᠭᠡᠨᠲᠡ 25 ᠲᠦᠮᠡᠨ ᠬᠠᠪᠲᠠᠭ᠋ᠠᠢ ᠳᠥᠷᠪᠡᠯᠵᠢᠨ ᠮᠧᠲᠷ᠎ᠤᠨ ᠲᠥᠪᠡᠳ ᠬᠠᠰᠢ ᠵᠢᠨ ᠴᠢᠬᠢ ᠵᠢ ᠲᠣᠭᠲᠠᠭ᠋ᠠᠨ ᠳᠠᠷᠢᠬᠤ ᠨᠢᠭᠡᠳᠦᠭᠡᠷ ᠬᠤᠭᠤᠴᠠᠭ᠋ᠠᠨ᠎ᠤ ᠠᠵᠢᠯ᠎ᠢ ᠪᠡᠶᠡᠯᠡᠭᠦᠯᠵᠦ᠂ ᠲᠣᠰ ᠵᠢᠯ᠎ᠤᠨ 12 ᠰᠠᠷ᠎ᠠ ᠵᠢᠨ ᠳᠤᠮᠳᠠᠴᠢ᠎ᠪᠠᠷ ᠵᠢᠮᠢᠰ ᠭᠠᠷᠬᠤ᠎ᠪᠠᠷ ᠲᠥᠯᠥᠪᠯᠡᠵᠦ ᠪᠣᠶ᠂ ᠵᠢᠱ᠌ᠢᠯᠲᠡ᠎ᠪᠠᠷ ᠵᠢᠯ᠎ᠤᠨ ᠭᠠᠷᠤᠯᠲᠠ 1.2 ᠲᠦᠮᠡᠨ ᠲᠣᠨ᠎ᠳᠤ ᠬᠦᠷᠴᠦ᠂ ᠦᠢ᠍ᠯᠡᠳᠬᠦᠨ᠎ᠤ ᠥᠷᠲᠡᠭ᠎ᠨᠢ ᠪᠠᠷᠤᠭ 3 ᠳ᠋ᠦᠩᠰᠢᠭᠤᠷ ᠲᠥᠭᠥᠷᠢᠭ᠎ᠲᠤ ᠬᠦᠷᠴᠦ᠂ ᠡᠷᠬᠢᠨ ᠲᠣᠭᠣᠷᠢᠨ᠎ᠤ 2000 ᠭᠠᠷᠤᠢ ᠠᠵᠢᠯ᠎ᠤᠨ ᠪᠠᠢ᠌ᠷᠢ ᠵᠢ ᠳᠠᠶ᠋ᠢᠴᠢᠯᠠᠨ᠎ᠠ᠃ ᠪᠦᠲᠦᠭᠡᠭᠳᠡᠬᠦᠨ᠎ᠤ ᠪᠣᠷᠤᠯᠠᠭᠤᠯᠭ᠎ᠠ ᠵᠢᠨ ᠲᠠᠯ᠎ᠠ᠎ᠪᠠᠷ᠂ ᠬᠣᠩ ᠹᠦ᠋ ᠲᠠᠷᠢᠶᠠᠯᠠᠩ᠎ᠤᠨ ᠬᠤᠷᠠᠮᠳᠤᠯᠭ᠎ᠠ ᠵᠢᠨ ᠠᠷᠭ᠎ᠠ ᠵᠠᠮ ᠵᠢᠴᠢ ᠨᠠᠷᠠᠲᠤ ᠲᠡᠮᠳᠡᠭ᠎ᠤᠨ ᠳᠠᠪᠠᠭᠤᠯᠢᠭ᠎ᠢ ᠠᠰᠢᠭᠯᠠᠨ᠂ ᠱᠠᠨ ᠮᠦ᠍᠂ ᠮᠠᠢ ᠳ᠋ᠧ ᠯᠦᠩ᠂ ᠵᠢᠶᠠ ᠯᠧ ᠹᠦ᠋᠂ ᠬᠠᠢ ᠮᠠ ᠰᠢᠶᠠᠨ ᠱᠧᠩ᠂ ᠦ᠋ ᠮᠧᠶ ᠵᠡᠷᠭᠡ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠲᠥᠯᠥᠪᠯᠡᠭᠡ᠎ᠠᠴᠠ ᠳᠠᠪᠠᠭᠰᠠᠨ ᠰᠢᠨ᠎ᠡ ᠰᠣᠷᠭᠣᠭ ᠲᠠᠸᠠᠷ ᠬᠤᠳᠠᠯᠳᠤᠨ ᠠᠪᠬᠤ ᠬᠡᠯᠲᠡᠰ ᠰᠠᠭᠤᠷᠢᠨ ᠭᠠᠵᠠᠷ᠎ᠲᠤ ᠢᠷᠡᠵᠦ ᠪᠠᠢ᠌ᠴᠠᠭ᠋ᠠᠨ ᠦᠵᠡᠵᠦ᠂ ᠨᠢᠭᠡᠳᠦᠭᠡᠷ ᠬᠤᠭᠤᠴᠠᠭ᠋ᠠᠨ᠎ᠤ ᠭᠠᠷᠤᠯᠲᠠ ᠵᠢᠨ ᠬᠡᠮᠵᠢᠶ᠎ᠡ ᠵᠢ ᠨᠢᠭᠡᠨᠲᠡ ᠪᠦᠬᠦᠨ᠎ᠢ ᠵᠠᠬᠢᠶᠠᠯᠠᠨ ᠠᠪᠤᠭᠰᠠᠨ ᠪᠠᠢ᠌ᠨ᠎ᠠ᠃ ᠡᠭᠦᠨ᠎ᠳᠤ᠂ ᠵᠢᠶᠠ ᠯᠧ ᠹᠦ᠋ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ᠎ᠲᠠᠢ 《  ᠲᠥᠮᠥᠰᠥ ᠰᠢᠭᠤᠳ ᠮᠠᠯᠲᠠᠬᠤ ᠰᠠᠭᠤᠷᠢᠨ ᠭᠠᠵᠠᠷ》᠎ᠤᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠬᠤ ᠰᠠᠨᠠᠭ᠎ᠠ᠎ᠲᠠᠢ ᠪᠠᠢ᠌ᠨ᠎ᠠ᠂ ᠢᠷᠡᠭᠡᠳᠦᠢ᠎ᠳᠤ ᠬᠣᠩ ᠹᠦ᠋ ᠲᠠᠷᠢᠶᠠᠯᠠᠩ᠎ᠤᠨ ᠵᠠᠬ᠎ᠠ ᠳᠡᠯᠭᠡᠭᠦᠷ᠎ᠤᠨ ᠳᠠᠢ᠌ᠴᠢᠯᠠᠬᠤ ᠦᠢ᠍ᠯᠡᠳᠦᠯ ᠵᠶ᠋ᠡᠷ ᠳᠠᠮᠵᠢᠭᠤᠯᠤᠨ ᠂ ᠲᠤᠬᠠᠢ ᠵᠢᠨ ᠭᠠᠵᠠᠷ᠎ᠤᠨ ᠨᠠᠩ ᠣᠯᠠᠨ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ ᠬᠢᠭᠡᠳ ᠨᠠᠷᠠᠲᠤ ᠲᠡᠮᠳᠡᠭᠲᠦ ᠬᠤᠳᠠᠯᠳᠤᠭ᠋ᠠᠨ᠎ᠤ ᠬᠡᠲᠦ ᠳᠡᠯᠭᠡᠭᠦᠷ᠎ᠢ ᠳᠠᠶ᠋ᠢᠴᠢᠯᠠᠨ ᠵᠠᠬᠢᠶᠠᠯᠠᠭ᠎ᠠ ᠵᠢᠨ ᠴᠢᠨᠠᠷᠲᠠᠢ ᠰᠢᠭᠤᠳ ᠮᠠᠯᠲᠠᠬᠤ ᠵᠠᠭᠪᠤᠷ᠎ᠲᠠᠢ ᠪᠣᠯᠭ᠋ᠠᠬᠤ ᠪᠣᠯᠣᠨ᠎ᠠ᠃
      ᠵᠢᠱ᠌ᠢᠯᠲᠡ᠎ᠪᠠᠷ 2025 ᠣᠨ ᠪᠣᠯᠬᠤ᠎ᠳᠤ ᠂ ᠠᠵᠤ ᠦᠢ᠍ᠯᠡᠰ᠎ᠤᠨ ᠬᠦᠷᠢᠶᠡᠯᠡᠩ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ ᠵᠢᠴᠢ ᠡᠷᠬᠢᠨ ᠲᠣᠭᠣᠷᠢᠨ᠎ᠤ ᠣᠲᠣ ᠦᠶ᠎ᠡ ᠵᠢᠨ ᠲᠠᠷᠢᠶᠠᠯᠠᠩ᠎ᠲᠠᠢ ᠬᠣᠯᠪᠣᠭᠳᠠᠬᠤ ᠠᠵᠤ ᠦᠢ᠍ᠯᠡᠰ᠎ᠤᠨ ᠦᠢ᠍ᠯᠡᠳᠬᠦᠨ᠎ᠤ ᠶᠡᠷᠦᠩᠬᠡᠢ ᠥᠷᠲᠡᠭ᠎ᠢ 30 ᠳ᠋ᠦᠩᠰᠢᠭᠤᠷ ᠲᠥᠭᠥᠷᠢᠭ᠎ᠠᠴᠠ ᠳᠠᠪᠠᠭᠤᠯᠵᠤ ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠤᠨ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠤᠰᠤᠳ ᠡᠯ᠎ᠡ ᠬᠦᠷᠢᠶᠡᠯᠡᠩ ᠲᠣᠭᠣᠷᠢᠭ᠎ᠯᠤᠭ᠎ᠠ ᠵᠢᠨ ᠡᠷᠡᠭᠦᠯᠵᠢᠯ ᠰᠤᠪᠢᠯᠠᠯᠲᠠ ᠂ ᠵᠢᠭᠤᠯᠴᠢᠯᠠᠯ ᠂ ᠰᠡᠯᠡᠭᠦᠴᠡᠯ ᠂ ᠰᠣᠶᠣᠯ ᠵᠡᠷᠭᠡ ᠲᠠᠯ᠎ᠠ ᠵᠢᠨ ᠬᠠᠮᠲᠤᠷᠠᠯᠴᠠᠭ᠎ᠠ ᠵᠢ ᠢᠯᠡᠳᠲᠡ ᠴᠢᠩᠭ᠋ᠠᠳᠬᠠᠵᠤ ᠂ ᠴᠢᠳᠠᠮᠵᠢᠲᠤ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ ᠃
      ᠲᠣᠰ ᠲᠥᠷᠥᠯ ᠵᠦᠢ᠍ᠯ᠎ᠢ ᠪᠦᠷᠢᠮᠦᠰᠦᠨ ᠪᠠᠢ᠌ᠭᠤᠯᠤᠭᠰᠠᠨ᠎ᠤ ᠳᠠᠷᠠᠭ᠎ᠠ ᠂ ᠨᠡᠢ᠌ᠰᠯᠡᠯ᠎ᠳᠤ ᠦᠢ᠍ᠯᠡᠴᠢᠯᠡᠬᠦ 《  ᠲᠥᠪ ᠲᠣᠭᠣᠭ᠋ᠠᠨ ᠭᠡᠷ 》 ᠵᠢᠴᠢ ᠠᠶᠤᠯᠭᠦᠢ ᠵᠢᠮᠢᠰ ᠢᠳᠡᠰᠢᠨ ᠨᠣᠭᠣᠭ᠎ᠠ ᠵᠢᠨ ᠢᠳᠡᠭᠡᠨ᠎ᠤ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠰᠠᠭᠤᠷᠢᠨ ᠭᠠᠵᠠᠷ᠎ᠤᠨ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠦᠨ᠎ᠡ ᠃ ᠡᠭᠦᠨ᠎ᠤ ᠬᠠᠮᠲᠤ᠂ ᠬᠤᠳᠠ ᠬᠥᠳᠡᠭᠡ ᠵᠢᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠨᠡᠮᠡᠭᠳᠡᠭᠦᠯᠵᠦ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠲᠦᠯᠬᠢᠨ ᠠᠬᠢᠭᠤᠯᠵᠤ᠂ ᠬᠤᠳᠠ ᠬᠥᠳᠡᠭᠡ ᠵᠢᠨ ᠠᠭᠤᠰᠤᠯᠳᠤᠨ ᠨᠢᠭᠡ ᠴᠣᠭᠴᠠᠵᠢᠭᠰᠠᠨ ᠬᠥᠭᠵᠢᠯᠲᠡ ᠵᠢ ᠠᠬᠢᠭᠤᠯᠤᠨ᠎ᠠ᠃ ᠡᠭᠦᠨ᠎ᠠᠴᠠ ᠭᠠᠳᠠᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ ᠵᠶ᠋ᠡᠷ ᠳᠠᠮᠵᠢᠭᠤᠯᠤᠨ᠂ ᠰᠢᠨ᠎ᠡ ᠮᠠᠶᠢᠭ᠎ᠤᠨ ᠲᠠᠷᠢᠶᠠᠴᠢᠳ᠎ᠢ ᠬᠥᠮᠥᠵᠢᠭᠦᠯᠵᠦ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠴᠢᠳᠠᠪᠤᠷᠢ ᠵᠢ ᠳᠡᠭᠡᠭᠰᠢᠯᠡᠭᠦᠯᠵᠦ᠂ ᠣᠷᠣᠨ ᠪᠦᠰᠡ ᠵᠢᠨ ᠲᠠᠷᠢᠶᠠᠯᠠᠩ᠎ᠤᠨ ᠪᠦᠬᠦᠯᠢ ᠴᠣᠭᠴᠠ ᠵᠢᠨ ᠬᠡᠪ ᠴᠢᠨᠠᠷ ᠪᠠ ᠬᠥᠭᠵᠢᠯᠲᠡ ᠵᠢᠨ ᠰᠡᠯᠭᠦᠬᠦ ᠬᠦᠴᠦᠨ᠎ᠢ ᠳᠡᠭᠡᠭᠰᠢᠯᠡᠭᠦᠯᠬᠦ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠪᠠᠲᠤᠯᠠᠭ᠎ᠠ ᠬᠠᠩᠭ᠋ᠠᠵᠤ᠂ ᠠᠷᠠᠳ ᠢᠷᠭᠡᠳ᠎ᠢ ᠪᠠᠶᠠᠵᠢᠭᠤᠯᠬᠤ᠂ ᠠᠵᠤ ᠦᠢ᠍ᠯᠡᠰ᠎ᠢ ᠬᠥᠭᠵᠢᠭᠦᠯᠬᠦ᠂ ᠠᠮᠢ ᠠᠬᠤᠢ ᠵᠢ ᠭᠤᠶᠤ ᠰᠠᠢ᠌ᠬᠠᠨ ᠪᠣᠯᠭ᠋ᠠᠬᠤ ᠵᠢᠨ ᠨᠢᠭᠡᠳᠦᠯ᠎ᠢ ᠪᠡᠶᠡᠯᠡᠭᠦᠯᠦᠨ᠎ᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
 
            