ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
ᠦᠶᠤᠸᠠᠨ ᠰᠢᠶᠠᠨ ᠄ ᠲᠠᠷᠢᠶᠠᠯᠠᠩ ᠠᠵᠤ ᠠᠬᠤᠢ᠌ᠯᠠᠯ᠎ᠤᠨ 《ᠬᠣᠯᠪᠣᠭ᠎ᠠ 》᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠪᠣᠶ
ᠨᠡᠶ᠋ᠢᠲᠡᠯᠡᠭᠰᠡᠨ ᠴᠠᠭ᠄ 2022-08-17

      ᠬᠥᠳᠡᠭᠡ  ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠪᠤᠴᠠ᠎ᠳᠤ᠂ ᠪᠠᠶᠠᠨᠨᠠᠭᠤᠷ ᠬᠤᠳᠠ ᠵᠢᠨ ᠦᠶᠤᠸᠠᠨ ᠰᠢᠶᠠᠨ᠎ᠤ᠎ᠬᠢᠨ ᠬᠥᠳᠡᠭᠡ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠬᠥᠭᠵᠢᠯᠲᠡ ᠵᠢᠨ ᠠᠯᠬᠤᠴᠠ᠎ᠪᠠᠨ ᠲᠦᠷᠭᠡᠳᠬᠡᠵᠦ᠂ ᠲᠤᠬᠠᠢ ᠵᠢᠨ ᠭᠠᠵᠠᠷ᠎ᠤᠨ ᠬᠥᠭᠵᠢᠯᠲᠡ᠎ᠳᠤ ᠲᠣᠬᠢᠷᠠᠬᠤ ᠬᠥᠳᠡᠭᠡ ᠠᠵᠤ ᠠᠬᠤᠢ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ᠂ ᠬᠥᠳᠡᠭᠡ ᠠᠵᠤ ᠠᠬᠤᠢ ᠠᠵᠤ ᠠᠬᠤᠢ᠌ᠯᠠᠯ᠎ᠢ ᠵᠣᠯᠭ᠋ᠠᠭᠤᠯᠬᠤ᠂ ᠠᠰᠢᠭ ᠲᠤᠰᠠ᠎ᠪᠠᠨ ᠬᠣᠯᠪᠣᠬᠤ ᠲᠣᠭᠲᠠᠴᠠ ᠵᠢ ᠢᠳᠡᠪᠬᠢᠲᠡᠢ ᠰᠦᠪᠡᠭᠴᠢᠯᠡᠵᠦ᠂《ᠠᠵᠤ ᠠᠬᠤᠢ᠌ᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ》 ᠵᠢᠨ ᠡᠵᠡᠩᠨᠡᠯᠲᠡ ᠵᠢᠨ ᠵᠠᠭᠪᠤᠷ ᠵᠶ᠋ᠠᠷ ᠳᠠᠮᠵᠢᠭᠤᠯᠵᠤ᠂ ᠠᠵᠤ ᠠᠬᠤᠢ᠌ᠯᠠᠯ ᠪᠣᠯᠣᠨ ᠲᠠᠷᠢᠶᠠᠴᠢᠳ᠎ᠢ ᠪᠦᠯᠬᠦᠮᠳᠡᠭᠦᠯᠦᠨ ᠳᠤᠯᠠᠭ᠋ᠠᠴᠠᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠵᠢ ᠠᠬᠢᠭᠤᠯᠪᠠ᠃

      ᠦᠶᠤᠸᠠᠨ  ᠰᠢᠶᠠᠨ᠎ᠤ ᠰᠢᠨ ᠬᠦᠩ ᠵᠦᠩ ᠪᠠᠯᠭ᠋ᠠᠰᠤᠨ᠎ᠤ ᠭᠤᠸᠠᠩ ᠮᠢᠩ ᠲᠣᠰᠬᠣᠨ᠎ᠤ ᠭᠤᠷᠪᠠᠳᠤᠭ᠋ᠠᠷ ᠳᠤᠭᠤᠢ᠌ᠯᠠᠩ᠎ᠤᠨ ᠵᠠᠭᠤᠨ ᠮᠦ᠍ ᠰᠢᠬᠢᠷᠯᠢᠭ ᠰᠢᠯᠦᠬᠡᠢ ᠡᠷᠳᠡᠨᠢ ᠰᠢᠰᠢ ᠵᠢ ᠵᠠᠯᠭ᠋ᠠᠯᠳᠤᠭᠤᠯᠤᠨ ᠲᠠᠷᠢᠬᠤ ᠰᠠᠭᠤᠷᠢᠨ᠎ᠳᠤ᠂ ᠬᠡᠰᠡᠭ ᠬᠡᠰᠡᠭ ᠰᠢᠬᠢᠷᠯᠢᠭ ᠰᠢᠯᠦᠬᠡᠢ ᠡᠷᠳᠡᠨᠢ ᠰᠢᠰᠢ ᠵᠢ ᠲᠡᠭᠦᠵᠦ ᠬᠤᠷᠢᠶᠠᠬᠤ ᠬᠤᠭᠤᠴᠠᠭ᠎ᠠ᠎ᠪᠠᠨ ᠡᠬᠢᠯᠡᠭᠦᠯᠵᠦ᠂ ᠡᠷᠳᠡᠨᠢ ᠰᠢᠰᠢ ᠵᠢ ᠬᠠᠳᠤᠵᠤ ᠬᠤᠷᠢᠶᠠᠬᠤ ᠲᠣᠮᠣ ᠬᠡᠯᠪᠡᠷᠢ ᠵᠢᠨ ᠮᠠᠰᠢᠨ ᠲᠠᠷᠢᠶᠠᠨ᠎ᠳᠤ ᠠᠵᠢᠯᠯᠠᠬᠤ᠎ᠳᠤ᠂ ᠲᠠᠷᠢᠶᠠᠴᠢᠨ ᠯᠢ ᠯᠠᠨ ᠠᠵᠢᠯᠴᠢᠳ ᠵᠶ᠋ᠠᠨ ᠳᠠᠭ᠋ᠠᠭᠤᠯᠵᠤ᠂ ᠡᠷᠳᠡᠨᠢ ᠰᠢᠰᠢ ᠵᠢᠨ ᠲᠠᠷᠢᠶ᠎ᠠ᠎ᠪᠠᠨ ᠲᠡᠭᠰᠢᠯᠡᠨ ᠲᠡᠷᠭᠡᠨ᠎ᠳᠤ ᠲᠡᠭᠡᠭᠡᠵᠦ ᠶᠠᠭ᠋ᠠᠷᠠᠯᠳᠤᠨ᠎ᠠ᠃ ᠠᠮᠲᠠᠲᠤ ᠰᠢᠯᠦᠬᠡᠢ ᠡᠷᠳᠡᠨᠢ ᠰᠢᠰᠢ ᠡᠯᠪᠡᠭ ᠬᠤᠷᠢᠶᠠᠯᠲᠠ ᠣᠯᠵᠤ ᠂ ᠯᠢ ᠯᠠᠨ᠎ᠢ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠠᠢ ᠃ ᠯᠢ ᠯᠠᠨ᠄《ᠮᠢᠨᠤ ᠳᠠᠷᠢᠭᠰᠠᠨ 53 ᠮᠦ᠍ ᠰᠢᠬᠢᠷᠯᠢᠭ ᠰᠢᠯᠦᠬᠡᠢ ᠡᠷᠳᠡᠨᠢ ᠰᠢᠰᠢ ᠪᠦᠬᠦᠨ ᠵᠶ᠋ᠡᠷ ᠵᠶ᠋ᠡᠨ ᠳ᠋ᠡ ᠹᠸᠩ ᠠᠮᠤ ᠪᠤᠳᠠᠭ᠎ᠠ᠎ᠲᠠᠢ ᠵᠠᠬᠢᠶᠠᠯᠠᠭ᠎ᠠ ᠵᠢᠨ ᠭᠡᠷ᠎ᠡ ᠲᠣᠭᠲᠠᠵᠠᠢ᠂ ᠡᠨᠡ ᠵᠢᠯ᠎ᠤᠨ ᠭᠠᠷᠤᠯᠲᠠ ᠥᠨᠳᠥᠷ᠂ ᠮᠦ᠍ ᠪᠦᠷᠢ ᠵᠢᠨ ᠦᠢ᠍ᠯᠡᠳᠪᠦᠷᠢᠯᠡᠯ᠎ᠤᠨ ᠴᠢᠳᠠᠪᠤᠷᠢ 3500 ᠵᠢᠩ ᠣᠷᠴᠢᠮ ᠬᠦᠷᠴᠦ᠂ ᠪᠣᠷᠤᠯᠠᠭᠤᠯᠭ᠎ᠠ ᠵᠢᠨ ᠵᠠᠮ᠎ᠳᠤ ᠨᠡᠩ ᠵᠣᠪᠠᠬᠤ ᠬᠡᠷᠡᠭ ᠦᠭᠡᠢ᠂ ᠠᠵᠤ ᠠᠬᠤᠢ᠌ᠯᠠᠯ᠎ᠠᠴᠠ 《ᠲᠣᠭ᠋ᠠᠴᠠᠭ᠎ᠠ ᠬᠢᠵᠦ》᠂ ᠮᠠᠨ᠎ᠤ ᠲᠠᠷᠢᠶᠠᠴᠢᠳ ᠴᠠᠭ ᠪᠠ ᠬᠦᠴᠦᠨ᠎ᠳᠤ ᠠᠷᠪᠢᠲᠠᠢ᠂ ᠮᠦ᠍ ᠪᠦᠷᠢ ᠵᠢᠨ ᠴᠡᠪᠡᠷ ᠣᠷᠣᠯᠭ᠎ᠠ᠎ᠨᠢ 2400 ᠲᠥᠭᠥᠷᠢᠭ᠎ᠠᠴᠠ 2700 ᠲᠥᠭᠥᠷᠢᠭ᠎ᠲᠤ ᠬᠦᠷᠴᠦ᠂ ᠦᠷ᠎ᠡ ᠠᠰᠢᠭ᠎ᠨᠢ ᠮᠠᠰᠢ ᠰᠠᠢ᠌ᠨ ᠶᠤᠮ》ᠭᠡᠵᠦ ᠬᠡᠯᠡᠪᠡ᠃

      ᠦᠶᠤᠸᠠᠨ  ᠰᠢᠶᠠᠨ 2003 ᠣᠨ᠎ᠠᠴᠠ ᠡᠬᠢᠯᠡᠨ ᠰᠢᠬᠢᠷᠯᠢᠭ ᠰᠢᠯᠦᠬᠡᠢ ᠡᠷᠳᠡᠨᠢ ᠰᠢᠰᠢ ᠳᠠᠷᠢᠭᠰᠠᠨ᠎ᠨᠢ ᠡᠯᠪᠡᠭ ᠪᠠᠶᠠᠯᠢᠭ ᠲᠠᠷᠢᠮᠠᠯ᠎ᠤᠨ ᠲᠤᠷᠰᠢᠯᠭ᠎ᠠ᠎ᠲᠠᠢ ᠶᠤᠮ᠂ ᠭᠡᠪᠡᠴᠦ ᠪᠣᠯᠪᠠᠰᠤᠷᠠᠭᠤᠯᠬᠤ ᠠᠵᠤ ᠠᠬᠤᠢ᠌ᠯᠠᠯ ᠴᠥᠭᠡᠨ ᠮᠥᠷᠲᠡᠭᠡᠨ ᠮᠡᠷᠭᠡᠵᠢᠯ ᠬᠣᠴᠤᠷᠤᠩᠭᠤᠢ᠂ ᠪᠣᠷᠤᠯᠠᠭᠤᠯᠭ᠎ᠠ ᠵᠢᠨ ᠠᠷᠭ᠎ᠠ ᠵᠠᠮ᠎ᠨᠢ ᠰᠠᠭ᠋ᠠᠳ ᠦᠭᠡᠢ᠂ ᠪᠣᠷᠤᠯᠠᠭᠤᠯᠭ᠎ᠠ ᠵᠢᠨ ᠬᠡᠮᠵᠢᠶ᠎ᠡ᠎ᠨᠢ ᠪᠠᠲᠤᠯᠠᠭ᠎ᠠ᠎ᠲᠠᠢ ᠪᠢᠰᠢ᠂ ᠲᠠᠷᠢᠶᠠᠴᠢᠳ᠎ᠤᠨ ᠲᠠᠷᠢᠮᠠᠯ᠎ᠤᠨ ᠢᠳᠡᠪᠬᠢᠵᠢᠯ ᠳᠣᠣᠷ᠎ᠠ᠂ ᠲᠠᠷᠢᠮᠠᠯ᠎ᠤᠨ ᠲᠠᠯᠠᠪᠠᠢ᠎ᠨᠢ 100 ᠮᠦ᠍ ᠬᠦᠷᠬᠦ ᠦᠭᠡᠢ ᠪᠠᠢ᠌ᠨ᠎ᠠ᠃ ᠲᠠᠷᠢᠶᠠᠯᠠᠩ᠎ᠤᠨ ᠴᠢᠨᠠᠷ ᠰᠠᠢ᠌ᠲᠠᠢ ᠬᠥᠭᠵᠢᠯᠲᠡ ᠵᠢᠨ ᠠᠯᠬᠤᠴᠠ ᠵᠢᠨ ᠲᠦᠷᠭᠡᠳᠬᠦ ᠵᠢ ᠳᠠᠭ᠋ᠠᠯᠳᠤᠨ᠂ ᠦᠶᠤᠸᠠᠨ ᠰᠢᠶᠠᠨ ᠶᠡᠬᠡ᠎ᠪᠠᠷ ᠡᠪᠳᠡᠭᠳᠡᠨ ᠶᠡᠬᠡ᠎ᠪᠠᠷ ᠪᠠᠢ᠌ᠭᠤᠯᠤᠭᠳᠠᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠵᠤ᠂ ᠲᠠᠷᠢᠶᠠᠯᠠᠩ᠎ᠤᠨ ᠬᠥᠭᠵᠢᠯᠲᠡ ᠵᠢᠨ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ 《ᠵᠠᠬᠢᠶᠠᠯᠠᠭ᠎ᠠ ᠵᠢᠨ ᠲᠠᠷᠢᠶᠠᠯᠠᠩ》 ᠎ᠢ ᠶᠡᠬᠡᠪᠡᠷ ᠳᠡᠯᠭᠡᠷᠡᠭᠦᠯᠬᠦ᠎ᠪᠠᠷ ᠳᠠᠮᠵᠢᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ ᠵᠢᠷᠤᠮᠵᠢᠭᠤᠯᠤᠨ ᠬᠠᠮᠢᠶᠠᠷᠬᠤ᠂ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠂ ᠲᠦᠷᠦᠯ ᠲᠡᠮᠳᠡᠭᠵᠢᠭᠦᠯᠦᠨ ᠡᠵᠡᠩᠨᠡᠬᠦ᠂ ᠬᠡᠪᠴᠢᠶᠡᠵᠢᠭᠦᠯᠦᠨ ᠬᠤᠳᠠᠯᠳᠤᠨ ᠠᠪᠴᠤ ᠪᠣᠷᠣᠯᠠᠭᠤᠯᠬᠤ ᠵᠢ ᠬᠡᠷᠡᠭᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠨᠡᠮᠡᠭᠳᠡᠭᠦᠯᠵᠦ ᠣᠷᠣᠯᠭ᠎ᠠ ᠵᠢ ᠨᠡᠮᠡᠭᠳᠡᠭᠦᠯᠬᠦ ᠵᠢ ᠪᠡᠶᠡᠯᠡᠭᠦᠯᠵᠡᠢ᠃ ᠡᠨᠡ ᠵᠢᠯ ᠦᠶᠤᠸᠠᠨ ᠰᠢᠶᠠᠨ᠎ᠤ ᠲᠠᠷᠢᠶᠠᠴᠢᠨ ᠡᠷᠦᠬᠡ ᠠᠵᠤ ᠠᠬᠤᠢ᠌ᠯᠠᠯ᠎ᠲᠠᠢ 2 ᠲᠦᠮᠡ ᠭᠠᠷᠤᠢ ᠮᠦ᠍ ᠰᠢᠬᠢᠷᠯᠢᠭ ᠰᠢᠯᠦᠬᠡᠢ ᠡᠷᠳᠡᠨᠢ ᠰᠢᠰᠢ ᠵᠢᠨ ᠵᠠᠬᠢᠶᠠᠯᠠᠭ᠎ᠠ ᠵᠢᠨ ᠬᠠᠭᠤᠳᠠᠰᠤ ᠲᠣᠭᠲᠠᠭ᠋ᠠᠵᠤ ᠂ ᠵᠠᠰᠠᠭ᠎ᠤᠨ ᠣᠷᠳᠣᠨ ᠪᠣᠯᠣᠨ ᠠᠵᠤ ᠠᠬᠤᠢ᠌ᠯᠠᠯ᠎ᠠᠴᠠ ᠵᠠᠬᠢᠶᠠᠯᠠᠭ᠎ᠠ ᠵᠢᠨ ᠲᠠᠷᠢᠶᠠᠴᠢᠨ ᠡᠷᠦᠬᠡ᠎ᠳᠤ ᠦᠷ᠎ᠡ ᠂ ᠣᠷᠭ᠋ᠠᠨᠢᠭ ᠪᠣᠷᠳᠣᠭᠤᠷ ᠂ ᠮᠡᠷᠭᠡᠵᠢᠯ᠎ᠤᠨ ᠵᠢᠯᠣᠭᠣᠳᠤᠯᠭ᠎ᠠ ᠵᠡᠷᠭᠡ 《  ᠬᠡᠯᠬᠢᠶ᠎ᠡ ᠦᠢ᠍ᠯᠡᠴᠢᠯᠡᠭᠡ 》 ᠬᠠᠩᠭ᠋ᠠᠬᠤ ᠵᠢᠨ ᠬᠠᠮᠲᠤ ᠨᠠᠭ᠋ᠠᠲᠤ ᠵᠠᠬ᠎ᠠ ᠵᠢᠨ ᠬᠠᠮᠠᠭ᠋ᠠᠯᠠᠯᠲᠠ ᠵᠢᠨ ᠦᠨ᠎ᠡ᠎ᠪᠠᠷ ᠮᠦ᠍ ᠪᠦᠷᠢ 2250 ᠲᠥᠭᠥᠷᠢᠭ ᠭᠠᠷᠭ᠋ᠠᠵᠤ ᠂ ᠲᠠᠷᠢᠶᠠᠴᠢᠳ᠎ᠢ ᠵᠠᠬ᠎ᠠ ᠳᠡᠯᠭᠡᠭᠦᠷ᠎ᠤᠨ ᠲᠦᠭᠰᠢᠭᠦᠷᠢ᠎ᠠᠴᠠ ᠵᠠᠢ᠌ᠯᠠᠭᠤᠯᠤᠨ ᠂ ᠲᠠᠷᠢᠶᠠᠴᠢᠳ᠎ᠤᠨ ᠠᠰᠢᠭ ᠲᠤᠰᠠ ᠵᠢ ᠪᠠᠲᠤᠯᠠᠵᠤ ᠂ ᠲᠠᠷᠢᠶᠠᠴᠢᠳ᠎ᠤᠨ ᠳᠠᠷᠢᠬᠤ ᠢᠳᠡᠪᠬᠢᠵᠢᠯ᠎ᠢ ᠳᠡᠭᠡᠭᠰᠢᠯᠡᠭᠦᠯᠪᠡ ᠃ ᠠᠵᠤ ᠠᠬᠤᠢ᠌ᠯᠠᠯ᠎ᠤᠨ᠎ᠬᠢᠨ ᠪᠠᠰᠠ ᠮᠦ᠍ ᠪᠦᠷᠢ 1300 ᠲᠥᠭᠥᠷᠢᠭ᠎ᠤᠨ ᠦᠨ᠎ᠡ᠎ᠪᠠᠷ ᠲᠤᠬᠠᠢ ᠵᠢᠨ ᠭᠠᠵᠠᠷ᠎ᠤᠨ ᠲᠠᠷᠢᠶᠠᠴᠢᠳ᠎ᠤᠨ 5500 ᠮᠦ᠍ ᠭᠠᠵᠠᠷ ᠰᠢᠷᠣᠢ ᠵᠢ ᠰᠢᠯᠵᠢᠭᠦᠯᠦᠨ ᠥᠭᠴᠦ ᠰᠢᠬᠢᠷᠯᠢᠭ ᠰᠢᠯᠦᠬᠡᠢ ᠡᠷᠳᠡᠨᠢ ᠰᠢᠰᠢ ᠳᠠᠷᠢᠵᠠᠢ᠃ ᠣᠢ᠌ᠷ᠎ᠠ ᠬᠠᠪᠢ᠎ᠳᠠᠭᠠᠨ ᠲᠠᠷᠢᠬᠤ᠂ ᠣᠢ᠌ᠷ᠎ᠠ ᠬᠠᠪᠢ᠎ᠳᠠᠭᠠᠨ ᠦᠢ᠍ᠯᠡᠳᠪᠦᠷᠢ ᠪᠠᠶ᠋ᠢᠭᠤᠯᠬᠤ ᠵᠢ ᠰᠣᠩᠭᠣᠵᠤ᠂ ᠰᠢᠬᠢᠷ ᠰᠢᠵᠢᠩ ᠡᠷᠳᠡᠨᠢ ᠰᠢᠰᠢ ᠦᠢ᠍ᠯᠡᠳᠪᠦᠷᠢᠯᠡᠵᠦ ᠡᠳ᠋ᠰᠢᠭᠦᠯᠬᠦ 5 ᠰᠠᠭᠤᠷᠢᠨ ᠭᠠᠵᠠᠷ᠎ᠢ ᠦᠶᠤᠸᠠᠨ᠎ᠳᠤ ᠨᠠᠢ᠌ᠳᠠᠪᠤᠷᠢᠵᠢᠭᠤᠯᠵᠤ᠂ ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠡᠵᠡᠩᠨᠡᠯᠲᠡ ᠵᠢᠨ ᠵᠠᠭᠪᠤᠷ᠎ᠢ ᠪᠦᠷᠢᠯᠳᠦᠭᠦᠯᠪᠡ᠃ ᠰᠢᠬᠢᠷᠯᠢᠭ ᠰᠢᠯᠦᠬᠡᠢ ᠡᠷᠳᠡᠨᠢ ᠰᠢᠰᠢ ᠵᠢᠨ ᠰᠢᠨ᠎ᠡ ᠰᠣᠷᠭᠣᠭ ᠂ ᠠᠮᠲᠠᠲᠠᠢ ᠪᠠᠢ᠌ᠬᠤ ᠵᠢ ᠪᠠᠲᠤᠯᠠᠬᠤ ᠵᠢᠨ ᠲᠥᠯᠥᠭᠡ ᠂ ᠲᠠᠷᠢᠶᠠᠴᠢᠨ ᠡᠷᠦᠬᠡ ᠵᠢᠨ ᠳᠠᠷᠢᠭᠰᠠᠨ ᠰᠢᠬᠢᠷᠯᠢᠭ ᠰᠢᠯᠦᠬᠡᠢ ᠡᠷᠳᠡᠨᠢ ᠰᠢᠰᠢ ᠪᠣᠯᠪᠠᠰᠤᠷᠠᠭᠰᠠᠨ᠎ᠤ ᠳᠠᠷᠠᠭ᠎ᠠ ᠂ ᠲᠡᠭᠦᠵᠦ ᠣᠯᠣᠭᠰᠠᠨ ᠠᠵᠤ ᠠᠬᠤᠢ᠌ᠯᠠᠯ᠎ᠤᠨ ᠡᠳ᠋ᠰᠢᠭᠦᠯᠦᠨ ᠰᠢᠢ᠍ᠳᠪᠦᠷᠢᠯᠡᠬᠦ᠎ᠳᠤ ᠴᠥᠮ 1 ᠴᠠᠭ᠎ᠤᠨ ᠳᠣᠲᠣᠷ᠎ᠠ ᠰᠢᠨ᠎ᠡ ᠰᠣᠷᠭᠣᠭ᠎ᠢ ᠣᠨᠢᠰᠤᠯᠠᠬᠤ ᠤᠷᠠᠯᠠᠯ᠎ᠢ ᠬᠡᠷᠡᠭᠯᠡᠵᠦ ᠂ ᠬᠠᠮᠤᠭ᠎ᠤᠨ ᠣᠬᠣᠷ ᠬᠤᠭᠤᠴᠠᠭ᠋ᠠᠨ᠎ᠳᠤ ᠦᠢ᠍ᠯᠡᠳᠪᠦᠷᠢᠯᠡᠵᠦ ᠪᠣᠯᠪᠠᠰᠤᠷᠠᠭᠤᠯᠬᠤ ᠪᠠ ᠪᠣᠭᠣᠳᠠᠯᠯᠠᠨ᠎ᠠ ᠃

      ᠲᠠᠷᠢᠶᠠᠯᠠᠩ᠎ᠤᠨ  ᠲᠣᠮᠣ ᠰᠢᠶᠠᠨ ᠪᠣᠯᠤᠭᠰᠠᠨ᠎ᠤ ᠬᠤᠪᠢ᠎ᠳᠤ ᠂ ᠡᠨᠡ ᠵᠢᠯ ᠦᠶᠤᠸᠠᠨ ᠰᠢᠶᠠᠨ ᠪᠠᠰᠠ ᠲᠥᠪᠡᠳ ᠬᠠᠰᠢ ᠂ ᠨᠡᠷᠡᠨ ᠬᠤᠸᠠᠷ ᠂ ᠬᠦᠢ᠍ᠲᠡᠨ ᠰᠡᠷᠢᠭᠦᠨ ᠢᠳᠡᠰᠢᠨ ᠨᠣᠭᠣᠭ᠎ᠠ ᠵᠡᠷᠭᠡ 《  ᠵᠠᠬᠢᠶᠠᠯᠠᠭ᠎ᠠ ᠵᠢᠨ ᠲᠠᠷᠢᠮᠠᠯ 》᠎ᠢ ᠶᠡᠬᠡ᠎ᠪᠠᠷ ᠳᠡᠯᠭᠡᠷᠡᠭᠦᠯᠬᠦ᠎ᠪᠠᠷ ᠳᠠᠮᠵᠢᠭᠤᠯᠤᠨ ᠣᠨᠴᠠᠯᠢᠭᠲᠤ ᠠᠵᠤ ᠦᠢ᠍ᠯᠡᠰ᠎ᠢ ᠬᠦᠴᠦᠯᠡᠨ ᠬᠥᠭᠵᠢᠭᠦᠯᠵᠦ ᠂ ᠲᠠᠷᠢᠶᠠᠴᠢᠨ ᠡᠷᠦᠬᠡ ᠬᠢᠭᠡᠳ ᠠᠵᠤ ᠠᠬᠤᠢ᠌ᠯᠠᠯ᠎ᠢ ᠥᠨᠳᠥᠷ ᠪᠦᠲᠦᠮᠵᠢᠲᠡᠶ ᠠᠰᠢᠭ ᠲᠤᠰᠠ ᠵᠢᠨ ᠬᠣᠯᠪᠣᠯᠳᠤᠯ᠎ᠤᠨ ᠲᠣᠭᠲᠠᠴᠠ ᠵᠢ ᠪᠠᠢ᠌ᠭᠤᠯᠵᠤ ᠂ ᠦᠶᠤᠸᠠᠨ ᠰᠢᠶᠠᠨ᠎ᠤ ᠥᠷᠭᠡᠨ ᠣᠯᠠᠨ ᠲᠠᠷᠢᠶᠠᠴᠢᠨ ᠡᠷᠦᠬᠡ ᠵᠢ ᠳᠠᠶ᠋ᠢᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠵᠠᠢ ᠃

 

 

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠲᠠᠷᠰᠢᠭᠤᠯᠤᠭᠰᠠᠨ ᠭᠠᠵᠠᠷ᠎ᠲᠤ 《ᠭᠡᠷᠡᠯ ᠰᠠᠴᠤᠷᠠᠭᠰᠠᠨ》 ᠰᠠᠢ᠌ᠬᠠᠨ ᠦᠵᠡᠮᠵᠢ᠎ᠲᠠᠢ
ᠡᠯᠡᠰᠦᠷᠬᠡᠭ ᠭᠠᠵᠠᠷ᠎ᠢ ᠨᠣᠭᠣᠭ᠋ᠠᠨ ᠪᠦᠷᠢᠳᠦ ᠪᠣᠯᠭ᠋ᠠᠵᠤ ᠲᠥᠮᠥᠰᠥ ᠵᠢ 《ᠠᠯᠲᠠᠨ ᠮᠥᠩᠭᠥ 》 ᠪᠣᠯᠭ᠋ᠠᠪᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠦᠵᠡᠰᠬᠦᠯᠡᠩᠲᠦ ᠰᠠᠢ᠌ᠬᠠᠨ ᠬᠤᠳᠠ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦ ᠨᠡᠮᠡᠷᠢᠯᠡᠨ᠎ᠡ
 
            