︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠬᠦᠳᠬᠦ ᠬᠢᠭᠡᠳ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/24
ᠡᠯ᠎ᠡ ᠠᠶᠢᠮᠠᠭ ᠬᠤᠲᠠ ᠶᠢᠨ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ᠄      ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠬᠦᠳᠤᠨ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠶᠢᠨ ᠲᠥᠯᠥᠭᠡ᠂ ᠤᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠬᠦᠳᠬᠦ ᠪᠠ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ        2020 ᠣᠨ ᠤ 6 ᠰᠠᠷ᠎ᠠ ᠶᠢᠨ 8 ᠤ ᠡᠳᠦᠷ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠶᠢᠲᠡ ᠶᠢᠨ        ᠠᠰᠠᠷᠠᠮᠵᠢ ᠶᠢᠨ ᠠᠵᠢᠯ ᠤᠨ ᠪᠠᠶᠢᠷᠢ ᠶᠢ ᠡᠬᠦᠳᠬᠦ ᠪᠠ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠᠨᠢᠭᠡᠳᠦᠭᠡᠷ ᠪᠦᠯᠦᠭ ᠶᠡᠷᠦᠩᠬᠡᠶ ᠲᠦᠷᠢᠮ       ᠨᠢᠭᠡᠳᠦᠭᠡᠷ ᠵᠦᠢᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠡᠬᠦᠳᠤᠨ ᠬᠠᠮᠢᠶᠠᠷᠬᠤ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠮᠤᠩᠭᠤᠯ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠠᠯᠪᠠᠨ ᠬᠡᠷ ︹ 2020 ︺ 50 ᠳ᠋ᠤᠭᠠᠷ ᠲᠣᠭᠠᠲᠤ︶ ᠪᠠ ︽2019 ᠣᠨ ᠤ ᠲᠠᠩᠰᠠᠯᠠᠵᠤ ᠺᠠᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠮᠢ ᠠᠬᠤᠶ ᠶᠢᠨ ᠣᠶ ᠬᠠᠮᠠᠭᠠᠯᠠᠭᠴᠢ ᠶᠢ ᠰᠢᠯᠢᠵᠤ ᠤᠷᠢᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠬᠡᠷ ᠤᠨ ᠮᠡᠳᠡᠭᠳᠡᠯ︾ ︵ᠥᠪᠥᠷ ᠮᠤᠩᠭᠤᠯ ᠣᠶ ᠰᠢᠭᠤᠶ ᠨᠤᠳᠤᠭ ᠪᠡᠯᠴᠢᠭᠡᠷ ᠠᠴᠠ ᠲᠤᠭᠳᠠᠭᠠᠵᠤ ᠲᠠᠷᠬᠠᠭᠠᠭᠰᠠᠨ ︹ 2019 ︺ 294 ᠳ᠋ᠦᠭᠡᠷ ᠲᠣᠭᠠᠲᠤ︶ ᠢ ᠦᠨᠳᠦᠰᠦᠯᠡᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠣᠯᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠪᠠᠬᠢᠵᠢᠭᠦᠯᠵᠦ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠣᠯ ︽ᠨᠤᠲᠤᠭ ᠠᠴᠠ ᠪᠠᠨ ᠰᠠᠯᠬᠤ ᠶᠢᠨ ᠠᠷᠭ᠎ᠠ ᠥᠬᠡᠶ᠂ ᠲᠡᠳᠬᠦᠬᠦ ᠠᠵᠢᠯ ᠥᠬᠡᠶ᠂ ᠶᠠᠳᠠᠭᠤ ᠠᠴᠠ ᠠᠩᠭᠢᠵᠢᠷᠠᠬᠤ ᠴᠢᠳᠠᠯ ᠥᠬᠡᠶ︾ ᠮᠥᠷᠲᠡᠭᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠡᠭᠦᠷᠭᠡᠯᠡᠵᠦ ᠳᠡᠶᠢᠯᠬᠦ ᠠᠵᠢᠯ ᠲᠠᠢ ᠪᠥᠭᠡᠳ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠠᠭᠠᠨ ᠠᠵᠢᠯ ᠣᠯᠤᠭᠰᠠᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠲᠥᠪᠬᠢᠨᠡᠭᠦᠯᠬᠦ ᠪᠠᠷ ᠭᠤᠤᠯ ᠵᠣᠷᠢᠯᠭ᠎ᠠ ᠪᠣᠯᠤᠨ᠎ᠠ᠃ ᠨᠡᠶᠢᠭᠡᠮ ᠳᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠰᠢᠭ ᠤᠯᠵᠠᠪᠤᠷᠢ ᠶᠢᠨ ᠪᠤᠰᠤ ᠴᠢᠨᠠᠷᠲᠠᠶ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠬᠠᠩᠭᠠᠬᠤ ᠬᠡᠷᠡᠭᠲᠡᠶ᠃ᠬᠤᠶᠠᠳᠤᠭᠠᠷ ᠪᠦᠯᠦᠭ ᠠᠵᠢᠯ ᠤᠨ ᠪᠠᠶᠢᠷᠢ ᠶᠢ ᠡᠬᠦᠳᠬᠦ       ᠭᠤᠷᠪᠠᠳᠤᠭᠠᠷ ᠵᠦᠢᠯ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠥᠷᠥ ᠶᠢᠨ ᠪᠣᠳᠣᠯᠭ᠎ᠠ ᠶᠢᠨ ᠶᠡᠷᠦᠩᠬᠡᠶ ᠱᠠᠭᠠᠷᠳᠠᠯᠭ᠎ᠠ ᠶᠢ ᠵᠢᠷᠤᠮᠯᠠᠭᠰᠠᠨ ᠤᠷᠢᠲᠠᠯ ᠳᠣᠣᠷ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠵᠢᠯ ᠤᠨ ᠪᠠᠶᠢᠷᠢ ᠭᠠᠷᠭᠠᠨ᠎ᠠ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ︽ᠬᠡᠷᠡᠭᠴᠡᠭᠡ ᠪᠠᠷ ᠨᠢ ᠠᠵᠢᠯ ᠤᠨ ᠪᠠᠶᠢᠷᠢ ᠭᠠᠷᠭᠠᠬᠤ᠂ ᠵᠣᠬᠢᠰᠲᠠᠶ ᠨᠡᠭᠡᠭᠡᠬᠦ᠂ ᠬᠥᠮᠦᠨ ᠤ ᠪᠠᠶᠢᠷᠢ ᠬᠠᠷᠢᠯᠴᠠᠨ ᠲᠣᠬᠢᠷᠠᠬᠤ᠂ ᠨᠢᠭᠡ ᠬᠥᠮᠦᠨ ᠨᠢᠭᠡ ᠠᠵᠢᠯ ᠤᠨ ᠪᠠᠶᠢᠷᠢ ᠶᠢ ᠲᠣᠬᠢᠷᠠᠭᠤᠯᠬᠤ︾ ᠵᠠᠷᠴᠢᠮ ᠢ ᠵᠢᠷᠤᠮᠯᠠᠨ᠎ᠠ᠃ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠶᠠᠪᠤᠳᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠶᠢᠴᠠᠭᠠᠵᠤ ᠤᠢᠢᠯᠠᠭᠠᠭᠰᠠᠨ ᠤ ᠰᠠᠭᠤᠷᠢᠨ ᠳᠡᠭᠡᠷ᠎ᠡ᠂ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠰᠠᠯᠠᠭ᠎ᠠ ᠮᠥᠴᠢᠷ ᠲᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠠᠰᠢᠬᠯᠠᠬᠤ ᠲᠥᠯᠥᠪᠯᠡᠭᠡ ᠳᠤᠷᠠᠳᠴᠤ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠭᠰᠠᠨ ᠤ ᠳᠠᠷᠠᠭ᠎ᠠ ᠳᠣᠷᠣᠭᠰᠢ ᠪᠠᠭᠤᠯᠭᠠᠵᠤ ᠬᠡᠷᠡᠭᠵᠢᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠬᠤᠰᠢᠭᠤ ᠰᠢᠶᠠᠨ ᠤ ᠪᠠᠭᠤᠯᠭᠠᠭᠰᠠᠨ ᠲᠥᠯᠥᠪᠯᠡᠭᠡ ᠶᠢ ᠦᠨᠳᠦᠰᠦᠯᠡᠨ᠂ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠪᠣᠳᠠᠲᠠᠶ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠠᠰᠢᠬᠯᠠᠬᠤ ᠬᠡᠷᠡᠭᠲᠡᠶ᠃       ᠳᠥᠷᠪᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠲᠥᠷᠥᠯ ᠬᠡᠯᠪᠡᠷᠢ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠣᠷᠳᠣ ᠬᠤᠭᠤᠴᠠᠭᠠᠨ ᠤ ᠴᠢᠨᠠᠷᠳᠠᠢ ᠪᠠ ᠲᠦᠷ ᠴᠠᠭ ᠤᠨ ᠴᠢᠨᠠᠷᠲᠠᠶ ᠠᠵᠢᠯ ᠤᠨ ᠪᠠᠶᠢᠷᠢ ᠪᠠᠭᠲᠠᠨ᠎ᠠ᠂ ᠶᠡᠷᠦ ᠳᠡᠭᠡᠨ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ᠂ ᠬᠤᠭ ᠨᠣᠪᠰᠢ ᠶᠢ ᠲᠡᠭᠡᠭᠡᠪᠤᠷᠢᠯᠡᠨ ᠴᠡᠪᠡᠷᠯᠡᠬᠦ᠂ ᠨᠡᠶᠢᠭᠡᠮ ᠤᠨ ᠠᠮᠤᠷ ᠲᠦᠪᠰᠢᠨ ᠢ ᠬᠠᠮᠵᠢᠯᠴᠠᠨ ᠬᠠᠮᠢᠶᠠᠷᠬᠤ᠂ ᠬᠥᠳᠡᠭᠡ ᠲᠣᠰᠬᠤᠨ ᠤ ᠵᠠᠮ ᠢ ᠬᠠᠮᠠᠭᠠᠯᠠᠬᠤ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ᠂ ᠨᠠᠰᠤᠵᠢᠯ ᠤᠨ ᠠᠰᠠᠷᠠᠮᠵᠢ ᠪᠠ ᠰᠤᠪᠢᠯᠠᠯᠲᠠ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠷᠠᠭᠠᠯᠵᠠᠨ ᠬᠠᠮᠢᠶᠠᠷᠬᠤ᠂ ᠮᠡᠳᠡᠭᠡ ᠵᠠᠩᠭᠢ ᠶᠢᠨ ᠤᠬᠠᠭᠤᠯᠭ᠎ᠠ ᠵᠡᠷᠭᠡ ᠶᠢ ᠲᠣᠬᠢᠷᠠᠭᠤᠯᠤᠨ᠎ᠠ᠃ ᠡᠯ᠎ᠡ ᠭᠠᠵᠠᠷ ᠤᠨ ᠬᠢᠨ ᠴᠦ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠴᠡᠭᠡ ᠪᠠᠨ ᠦᠨᠳᠦᠰᠦᠯᠡᠨ ᠪᠤᠰᠤᠳ ᠲᠥᠷᠥᠯ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠬᠦᠳᠴᠤ ᠪᠣᠯᠤᠨ᠎ᠠ᠃ᠭᠤᠷᠪᠠᠳᠤᠭᠠᠷ ᠪᠦᠯᠦᠭ ᠠᠵᠢᠯᠴᠢᠨ ᠢ ᠰᠤᠩᠭᠤᠵᠤ ᠤᠷᠢᠬᠤ       ᠲᠠᠪᠤᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠬᠡᠯᠪᠠᠶᠢᠯᠭᠡᠬᠦ ᠳᠦᠷᠢᠮ ᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠶᠠᠳᠠᠭᠤ ᠬᠦᠴᠢᠷᠳᠠᠯᠳᠠᠢ ᠭᠡᠷ ᠪᠦᠯᠢ ᠶᠢᠨ ᠠᠵᠢᠯ ᠣᠯᠬᠤ ᠬᠦᠰᠡᠯ ᠲᠠᠢ᠂ ᠠᠵᠢᠯ ᠣᠯᠬᠤ ᠴᠢᠳᠠᠪᠤᠷᠢ ᠦᠭᠡᠶ᠂ ᠡᠵᠡᠩᠨᠡᠯᠳᠠ ᠬᠢᠬᠦ ᠪᠠ ᠦᠢᠯᠡᠰ ᠪᠣᠰᠬᠠᠬᠤ ᠴᠢᠳᠠᠪᠤᠷᠢ ᠦᠭᠡᠶ ᠬᠠᠤᠯᠢ ᠳᠤ ᠲᠣᠭᠲᠠᠭᠠᠭᠰᠠᠨ ᠬᠥᠳᠡᠯᠮᠦᠷᠢᠯᠡᠬᠦ ᠨᠠᠰᠤ ᠶᠢᠨ ᠳᠣᠲᠣᠷ᠎ᠠ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠡᠩ ᠲᠡᠷᠢᠭᠦᠨ ᠳᠤ ᠲᠥᠪᠬᠢᠨᠡᠭᠦᠯᠦᠨ᠎ᠡ᠃ ᠡᠭᠦᠨ ᠳᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠬᠦ ᠮᠥᠷᠲᠡᠭᠡᠨ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠡᠭᠦᠷᠭᠡᠯᠡᠵᠦ ᠳᠠᠶᠢᠯᠬᠦ ᠬᠥᠳᠡᠯᠮᠦᠷᠢᠯᠡᠬᠦ ᠬᠦᠴᠤᠨ ᠪᠠᠭᠤᠷᠠᠢ ᠶᠠᠳᠠᠭᠤ ᠬᠦᠴᠢᠷᠳᠡᠯᠲᠡᠶ ᠬᠥᠮᠦᠨ ᠠᠮᠠ᠂ ᠬᠥᠳᠡᠯᠮᠦᠷᠢᠯᠡᠬᠦ ᠴᠢᠳᠠᠪᠤᠷᠢ ᠦᠭᠡᠢ ︵ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ︶ ᠪᠣᠯ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠵᠤ ᠪᠣᠯᠬᠤ ᠦᠭᠡᠢ᠃ ᠡᠯ᠎ᠡ ᠭᠠᠵᠠᠷ ᠤᠨ ᠬᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠮᠦᠷᠢᠯᠡᠬᠦ ᠴᠢᠳᠠᠪᠤᠷᠢ ᠶᠢᠨ ᠪᠠᠶᠢᠳᠠᠯ ᠢ ᠦᠨᠳᠦᠰᠦᠯᠡᠨ᠂ ᠬᠠᠤᠯᠢ ᠳᠤ ᠲᠣᠭᠲᠠᠭᠠᠭᠰᠠᠨ ᠬᠥᠳᠡᠯᠮᠦᠷᠢᠯᠡᠬᠦ ᠨᠠᠰᠤ ᠵᠢᠯ ᠠᠴᠠ ᠬᠡᠲᠦᠷᠡᠭᠰᠡᠨ ᠪᠠᠶᠢᠪᠠᠯ᠂ ᠰᠢᠶᠠᠩ ᠪᠠᠯᠭᠠᠰᠤ᠂ ᠲᠣᠰᠬᠤᠨ᠂ ᠳᠤᠭᠤᠶᠢᠯᠠᠩ ᠭᠤᠷᠪᠠᠨ ᠱᠠᠲᠤᠨ ᠤ ᠬᠢᠨᠠᠨ ᠲᠣᠭᠲᠠᠭᠠᠯᠲᠠ ᠪᠠᠷ ᠳᠠᠮᠵᠢᠨ᠂ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠡᠭᠦᠷᠭᠡᠯᠡᠵᠦ ᠳᠡᠶᠢᠯᠦᠭᠰᠡᠨ ᠪᠠᠶᠢᠪᠠᠯ᠂ ᠨᠠᠰᠤ ᠵᠢᠯ ᠢ ᠪᠦᠬᠦᠯᠢ 70 ᠨᠠᠰᠤ ᠬᠦᠷᠲᠡᠯ᠎ᠡ ᠠᠭᠤᠵᠢᠭᠤ ᠲᠠᠯᠪᠢᠵᠤ ᠪᠣᠯᠤᠨ᠎ᠠ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠪᠠᠷ ᠨᠡᠭᠡᠭᠡᠨ ᠬᠥᠭᠵᠢᠭᠦᠯᠦᠭᠰᠡᠨ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︶᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠨᠢᠭᠡ ᠬᠥᠮᠦᠨ ᠤᠯᠠᠨ ᠠᠵᠢᠯ ᠤᠨ ᠪᠠᠶᠢᠷᠢ᠂ ᠨᠢᠭᠡ ᠠᠵᠢᠯ ᠤᠨ ᠪᠠᠶᠢᠷᠢ ᠤᠯᠠᠨ ᠬᠥᠮᠦᠨ ᠲᠣᠬᠢᠷᠠᠭᠤᠯᠵᠤ ᠪᠣᠯᠬᠤ ᠦᠭᠡᠢ᠃       ᠵᠢᠷᠭᠤᠳᠤᠭᠠᠷ ᠵᠦᠢᠯ ᠬᠤᠤᠰ ᠴᠢᠭᠯᠡᠯ ᠢᠶᠠᠷ ᠰᠣᠩᠭᠤᠬᠤ ᠲᠦᠷᠢᠮ ᠢ ᠪᠠᠶᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠲᠣᠰᠬᠤᠨ ᠤ ᠠᠷᠠᠳ ᠤᠨ ᠬᠤᠷᠠᠯ᠂ ᠵᠠᠷ ᠨᠠᠭᠠᠵᠤ ᠨᠡᠶᠢᠲᠡᠯᠡᠬᠦ᠂ ᠡᠷᠦᠬᠡ ᠳᠤ ᠣᠷᠣᠵᠤ ᠤᠬᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠳᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠤᠬᠠᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠴᠠᠭ ᠲᠤᠬᠠᠶ ᠳᠤᠨᠢ ᠲᠠᠨᠢᠯᠴᠠᠭᠤᠯᠬᠤ ᠬᠡᠷᠡᠭᠲᠡᠶ᠃ ᠶᠠᠳᠠᠭᠤ ᠬᠦᠴᠢᠷᠳᠡᠯᠲᠡᠶ ᠡᠷᠦᠬᠡ ᠪᠠᠶᠢᠳᠠᠯ ᠢ ᠮᠡᠳᠡᠵᠦ᠂ ᠰᠠᠶᠢᠨ ᠲᠤᠷ᠎ᠠ ᠠᠴᠠ ᠪᠠᠨ ᠪᠠᠶᠢᠬᠤ ᠰᠠᠭᠤᠷᠢᠨ ᠳᠡᠭᠡᠷ᠎ᠡ᠂ ᠭᠤᠶᠤᠴᠢᠯᠠᠯ ᠳᠤᠷᠠᠳᠴᠤ᠂ ᠭᠠᠴᠠᠭ᠎ᠠ ᠲᠣᠰᠬᠤᠨ ᠤ ᠬᠤᠶᠠᠷ ᠵᠥᠪᠯᠡᠯ ᠠᠴᠠ ᠬᠢᠨᠠᠨ ᠪᠠᠶᠢᠴᠠᠭᠠᠬᠤ᠂ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢᠶᠠᠷ ᠦᠨᠡᠯᠡᠨ ᠶᠠᠷᠢᠯᠴᠠᠬᠤ᠂ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ᠂ ᠰᠤᠮᠤ ᠰᠢᠶᠠᠩ ᠪᠠᠯᠭᠠᠰᠤ ᠶᠢ ᠬᠢᠨᠠᠨ ᠬᠠᠷᠭᠤᠭᠤᠯᠬᠤ᠂ ᠰᠤᠮᠤ ᠰᠢᠶᠠᠩ ᠤᠨ ᠱᠠᠲᠤᠨ ᠳᠤ ᠢᠯᠡ ᠨᠡᠶᠢᠲᠡᠯᠡᠬᠦ᠂ ᠬᠤᠰᠢᠭᠤ ᠰᠢᠶᠠᠨ ᠤ ᠱᠠᠲᠤᠨ ᠳᠤ ᠳᠠᠩᠰᠠᠯᠠᠬᠤ ᠵᠡᠷᠭᠡ ᠳᠡᠰ ᠳᠠᠷᠠᠭᠠᠯᠠᠯ ᠢᠶᠠᠷ ᠠᠵᠢᠯ ᠤᠨ ᠪᠠᠶᠢᠷᠢ ᠳᠤ ᠭᠠᠷᠬᠤ ᠬᠥᠮᠦᠰ ᠢ ᠲᠣᠭᠲᠠᠭᠠᠨ᠎ᠠ᠃ ᠠᠵᠢᠯ ᠤᠨ ᠪᠠᠶᠢᠷᠢ ᠳᠤ ᠭᠠᠷᠤᠭᠰᠠᠨ ᠬᠥᠮᠦᠰ ᠬᠤᠪᠢᠷᠠᠯᠲᠠ ᠭᠠᠷᠬᠤ ᠦᠶ᠎ᠡ ᠳᠤ᠂ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠢ ᠰᠢᠭᠤᠶ ᠨᠤᠳᠤᠭ ᠪᠡᠯᠴᠢᠭᠡᠷ᠂ ᠡᠳ᠋ ᠤᠨ ᠵᠠᠰᠠᠭ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠳᠡᠰ ᠳᠠᠷᠠᠭᠠᠯᠠᠯ ᠶᠣᠰᠣᠭᠠᠷ ᠳᠤᠲᠠᠭᠤ ᠪᠠᠨ ᠨᠥᠬᠦᠪᠥᠷᠢᠯᠡᠬᠦ ᠬᠡᠷᠡᠭᠲᠡᠶ᠃ᠳᠥᠷᠪᠡᠳᠦᠭᠡᠷ ᠪᠦᠯᠦᠭ ᠠᠵᠢᠯ ᠤᠨ ᠪᠠᠶᠢᠷᠢ ᠶᠢᠨ ᠬᠠᠮᠢᠶᠠᠷᠤᠯᠲᠠ      ᠳᠣᠯᠣᠳᠤᠭᠠᠷ ᠵᠦᠢᠯ ᠬᠥᠳᠡᠯᠮᠦᠷᠢᠯᠡᠭᠰᠡᠨ ᠬᠢᠷᠢ ᠪᠠᠷ ᠬᠥᠯᠥᠰᠥ ᠣᠯᠭᠤᠮᠵᠢ ᠲᠣᠭᠲᠠᠭᠠᠬᠤ ᠲᠦᠷᠢᠮ ᠢ ᠪᠠᠶᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠡᠯ᠎ᠡ ᠠᠵᠢᠯ ᠤᠨ ᠪᠠᠶᠢᠷᠢ ᠶᠢᠨ ᠪᠣᠳᠠᠲᠠᠶ ᠲᠤᠰᠢᠶᠠᠯ ᠬᠠᠷᠢᠭᠤᠴᠠᠯᠭ᠎ᠠ᠂ ᠠᠵᠢᠯ ᠤᠨ ᠡᠭᠦᠷᠭᠡ ᠶᠢ ᠲᠣᠭᠲᠠᠭᠠᠵᠤ᠂ ᠰᠤᠮᠤ ᠰᠢᠶᠠᠩ ᠪᠠᠯᠭᠠᠰᠤ ᠨᠢ ᠲᠣᠰ ᠭᠠᠵᠠᠷ ᠤᠨ ᠠᠵᠢᠯ ᠤᠨ ᠪᠠᠶᠢᠷᠢ ᠶᠢᠨ ᠲᠥᠯᠥᠪᠯᠡᠭᠡ᠂ ᠠᠵᠢᠯ ᠤᠨ ᠪᠠᠶᠢᠷᠢ ᠳᠤ ᠭᠠᠷᠤᠭᠰᠠᠨ ᠬᠥᠮᠦᠰ᠂ ᠨᠥᠬᠦᠪᠥᠷᠢ ᠶᠢᠨ ᠪᠠᠷᠢᠮᠵᠢᠶ᠎ᠠ ᠶᠢ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠶᠢ ᠲᠡᠳᠬᠦᠬᠦ ᠨᠡᠭᠡᠭᠡᠯᠳᠠ ᠵᠡᠷᠭᠡ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠬᠤᠰᠢᠭᠤ ᠰᠢᠶᠠᠨ ᠤ ᠬᠠᠮᠢᠶ᠎ᠠ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠩᠬ᠎ᠠ ᠬᠢᠨᠠᠭᠰᠠᠨ ᠤ ᠳᠠᠷᠠᠭ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠨ᠎ᠠ᠃ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠪᠠᠶᠢᠷᠢ ᠶᠢᠨ ᠡᠭᠦᠷᠭᠡ᠂ ᠬᠥᠳᠡᠯᠮᠦᠷᠢᠯᠡᠬᠦ ᠴᠠᠭ᠂ ᠬᠥᠳᠡᠯᠮᠦᠷᠢᠯᠡᠬᠦ ᠡᠷᠴᠢᠮ ᠵᠡᠷᠭᠡ ᠬᠦᠴᠦᠨ ᠵᠦᠢᠯ ᠢ ᠦᠨᠳᠦᠰᠦᠯᠡᠨ ᠡᠯ᠎ᠡ ᠠᠵᠢᠯ ᠤᠨ ᠪᠠᠶᠢᠷᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠨᠥᠬᠦᠪᠥᠷᠢ ᠶᠢᠨ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠬᠤᠲᠠ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠶᠢᠨ ᠬᠢᠷᠢ ᠬᠡᠮᠵᠢᠶ᠎ᠡ ᠠᠴᠠ ᠥᠨᠳᠥᠷ ᠪᠠᠶᠢᠯᠭᠠᠵᠤ ᠪᠣᠯᠬᠤ ᠦᠭᠡᠶ᠃ ᠡᠭᠦᠨ ᠤ ᠬᠠᠮᠲᠤ ᠪᠠᠶᠢᠳᠠᠯ ᠢ ᠦᠵᠡᠵᠦ ᠪᠠᠶᠢᠭᠠᠳ ᠲᠥᠪᠬᠢᠨᠡᠭᠦᠯᠬᠦ ᠬᠥᠮᠦᠰ ᠲᠤ ᠰᠠᠨᠠᠭᠠᠨ ᠳᠤ ᠦᠭᠡᠢ ᠰᠢᠷᠬᠠᠲᠤᠯ ᠤᠨ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠭᠦᠨ᠎ᠡ᠃ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠬᠡᠷᠡᠭᠰᠡᠬᠦ ᠨᠥᠬᠦᠪᠥᠷᠢ ᠪᠡᠯᠡ ᠮᠥᠩᠭᠦ ᠶᠢ ᠠᠵᠢᠯ ᠣᠯᠭᠤᠬᠤ ᠨᠥᠬᠦᠪᠥᠷᠢ ᠪᠡᠯᠡ ᠮᠥᠩᠭᠦ᠂ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠨᠥᠬᠦᠪᠥᠷᠢ ᠪᠡᠯᠡ ᠮᠥᠩᠭᠦ᠂ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠲᠣᠰᠬᠤᠨ ᠤ ᠬᠠᠮᠲᠤ ᠶᠢᠨ ᠠᠵᠤ ᠠᠬᠤᠶ ︵ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠪᠡᠯᠡ ᠮᠥᠩᠭᠦ ᠪᠠᠭᠲᠠᠨ᠎ᠠ︶ ᠵᠡᠷᠭᠡ ᠠᠴᠠ ᠭᠠᠷᠭᠠᠨ᠎ᠠ᠃ ︽ᠪᠦᠷᠢᠨ ᠴᠢᠳᠠᠮᠵᠢᠳᠤ ᠺᠠᠷᠲ︾᠂ ᠨᠡᠶᠢᠭᠡᠮ ᠤᠨ ᠳᠠᠭᠠᠳᠬᠠᠯ ᠤᠨ ᠺᠠᠷᠲ ᠪᠤᠶᠤ ᠪᠠᠩᠬᠢ ᠶᠢᠨ ᠺᠠᠷᠲ ᠢᠶᠠᠷ ᠳᠠᠮᠵᠢᠭᠤᠯᠤᠨ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠲᠤ ᠬᠥᠳᠡᠯᠮᠦᠷᠢ ᠦᠢᠯᠡᠴᠢᠯᠡᠭᠡᠨ ᠤ ᠬᠠᠷᠠᠮᠵᠢ ᠣᠯᠭᠤᠨ᠎ᠠ᠃       ᠨᠠᠶ᠋ᠮᠠᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠪᠡᠯᠡ ᠮᠥᠩᠭᠦ ᠶᠢᠨ ᠠᠷᠭ᠎ᠠ ᠵᠠᠮ ᠶᠣᠰᠣᠭᠠᠷ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠨᠡᠭᠡᠭᠡᠨ ᠠᠰᠢᠬᠯᠠᠯᠳᠠ ᠬᠠᠮᠢᠶᠠᠷᠤᠯᠲᠠ ᠶᠢ ᠲᠤᠰ ᠲᠤᠰ ᠬᠠᠷᠢᠭᠤᠴᠠᠵᠤ᠂ ᠪᠣᠳᠠᠲᠠᠶ ᠡᠳᠦᠷ ᠲᠤᠲᠤᠮ ᠤᠨ ᠬᠠᠮᠢᠶᠠᠷᠤᠯᠲᠠ ᠶᠢ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ᠎ᠠ᠃        ᠶᠢᠰᠦᠳᠦᠭᠡᠷ ᠵᠦᠢᠯ ᠵᠥᠪᠳᠡᠯᠴᠡᠨ ᠦᠢᠯᠡᠴᠢᠯᠡᠬᠦ ᠳᠦᠷᠢᠮ ᠢ ᠪᠠᠶᠢᠭᠤᠯᠤᠨ᠎ᠠ᠃ ᠰᠤᠮᠤ ᠰᠢᠶᠠᠩ ᠪᠠᠯᠭᠠᠰᠤ ᠪᠤᠶᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠨᠢ ᠠᠵᠢᠯ ᠤᠨ ᠪᠠᠶᠢᠷᠢ ᠳᠤ ᠭᠠᠷᠬᠤ ᠬᠥᠮᠦᠰ ᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠡᠭᠦᠷᠭᠡ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠡᠭᠦᠷᠭᠡ ᠬᠥᠳᠡᠯᠮᠦᠷᠢ ᠶᠢᠨ ᠬᠥᠯᠥᠰᠥ ᠣᠯᠭᠤᠮᠵᠢ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠢᠭᠡ ᠵᠢᠯ ᠳᠤ ᠨᠢᠭᠡ ᠤᠳᠠᠭ᠎ᠠ ᠬᠡᠯᠡᠯᠴᠡᠭᠡᠷ ᠲᠣᠭᠲᠠᠨ᠎ᠠ᠃ ᠬᠢᠨᠠᠨ ᠰᠢᠯᠭᠠᠭᠠᠳ ᠬᠢᠷᠢ ᠲᠡᠩᠴᠡᠭᠰᠡᠨ᠂ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠵᠦ ᠳᠡᠶᠢᠯᠬᠦ ᠴᠢᠳᠠᠪᠤᠷᠢ ᠲᠠᠢ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠲᠠᠰ ᠳᠠᠷᠠᠭᠠᠯᠠᠯ ᠶᠣᠰᠣᠭᠠᠷ ᠦᠷᠭᠦᠯᠵᠢᠯᠡᠨ ᠤᠷᠢᠨ ᠬᠡᠷᠡᠭᠯᠡᠵᠦ ᠪᠣᠯᠤᠨ᠎ᠠ᠃       ᠠᠷᠪᠠᠳᠤᠭᠠᠷ ᠵᠦᠢᠯ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠤᠯᠪᠠᠰᠤᠷᠠᠯ ᠤᠨ ᠳᠦᠷᠢᠮ ᠢ ᠪᠠᠶᠢᠭᠤᠯᠤᠨ᠎ᠠ᠃ ᠠᠵᠢᠯ ᠤᠨ ᠪᠠᠶᠢᠷᠢ ᠳᠤ ᠭᠠᠷᠤᠭᠰᠠᠨ ᠬᠥᠮᠦᠰ ᠲᠠᠢ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠡᠯ᠎ᠡ ᠰᠤᠮᠤ ᠰᠢᠶᠠᠩ ᠪᠠᠯᠭᠠᠰᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠤᠯᠪᠠᠰᠤᠷᠠᠯ ᠢ ᠵᠣᠬᠢᠶᠠᠨ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠲᠥᠷᠥ ᠶᠢᠨ ᠪᠣᠳᠣᠯᠭ᠎ᠠ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠶᠢᠨ ᠮᠡᠳᠡᠯᠭᠡ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ ᠵᠡᠷᠭᠡ ᠠᠭᠤᠯᠭ᠎ᠠ ᠶᠢᠨ ᠲᠤᠭᠤᠷᠢᠨ ᠳᠤ ᠭᠤᠤᠯᠳᠠᠯᠭ᠎ᠠ ᠲᠠᠢ ᠪᠤᠯᠪᠠᠰᠤᠷᠠᠯ ᠬᠦᠷᠳᠡᠭᠡᠵᠤ᠂ ᠠᠵᠢᠯ ᠤᠨ ᠪᠠᠶᠢᠷᠢ ᠳᠤ ᠤᠷᠤᠭᠰᠢᠲᠠᠶ ᠭᠠᠷᠬᠤ ᠶᠢ ᠦᠨᠡᠨ ᠬᠦ ᠪᠠᠲᠤᠯᠠᠨ᠎ᠠ᠃       ᠠᠷᠪᠠᠨ ᠨᠢᠭᠡᠳᠦᠭᠡᠷ ᠵᠦᠢᠯ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳᠦᠷᠢᠮ ᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠮᠡᠳᠡᠭᠡ ᠵᠠᠩᠭᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠰᠢᠭᠤ ᠰᠢᠶᠠᠨ ᠢᠶᠠᠷ ᠨᠢᠭᠡᠴᠢ ᠪᠣᠯᠭᠠᠨ ᠠᠵᠢᠯ ᠤᠨ ᠪᠠᠶᠢᠷᠢ ᠨᠢᠭᠡᠪᠦᠷᠢ ᠶᠢᠨ ᠮᠡᠳᠡᠭᠡ ᠵᠠᠩᠭᠢ ᠶᠢ ᠱᠠᠭᠠᠷᠳᠠᠯᠭ᠎ᠠ ᠶᠣᠰᠣᠭᠠᠷ ᠶᠠᠳᠠᠭᠤ ᠶᠢ ᠲᠡᠳᠬᠦᠬᠦ ᠨᠡᠭᠡᠭᠡᠯᠳᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠤᠨ᠎ᠠ᠃ᠲᠠᠪᠤᠳᠤᠭᠠᠷ ᠪᠦᠯᠦᠭ ᠪᠠᠲᠤᠯᠠᠭ᠎ᠠ ᠶᠢᠨ ᠬᠠᠮᠢᠶᠠᠷᠤᠯᠲᠠ       ᠠᠷᠪᠠᠨ ᠬᠤᠶᠠᠳᠤᠭᠠᠷ ᠵᠦᠢᠯ ᠡᠭᠦᠷᠭᠡ ᠬᠠᠷᠢᠭᠤᠴᠠᠯᠭ᠎ᠠ ᠶᠢ ᠢᠯᠡ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠡᠯ᠎ᠡ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠤᠯᠤᠩ ᠳᠤ ᠲᠣᠰ ᠭᠠᠵᠠᠷ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠠᠵᠢᠯ ᠤᠨ ᠪᠠᠶᠢᠷᠢ ᠳᠤ ᠭᠠᠷᠤᠭᠰᠠᠨ ᠬᠥᠮᠦᠰ ᠤᠨ ᠣᠪᠣᠭ ᠨᠡᠷ᠎ᠡ᠂ ᠬᠥᠳᠡᠯᠮᠦᠷᠢ ᠦᠢᠯᠡᠴᠢᠯᠡᠭᠡᠨ ᠤ ᠬᠠᠷᠠᠮᠵᠢ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠪᠠᠶᠢᠳᠠᠯ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠳᠠᠰᠤ ᠵᠡᠷᠭᠡ ᠠᠭᠤᠯᠭ᠎ᠠ ᠶᠢ ᠢᠯᠡ ᠪᠣᠯᠭᠠᠵᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃       ᠠᠷᠪᠠᠨ ᠭᠤᠷᠪᠠᠳᠤᠭᠠᠷ ᠵᠦᠢᠯ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ︽ᠬᠡᠨ ᠬᠥᠮᠦᠨ ᠬᠡᠷᠡᠭᠯᠡᠪᠡᠯ ᠲᠡᠷᠡ ᠬᠠᠮᠢᠶᠠᠷᠬᠤ︾ ᠵᠠᠷᠴᠢᠮ ᠶᠣᠰᠣᠭᠠᠷ᠂ ᠠᠵᠢᠯ ᠤᠨ ᠪᠠᠶᠢᠷᠢ ᠳᠤ ᠪᠠᠶᠢᠭ᠎ᠠ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠨᠤᠭᠤᠳ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠪᠠᠶᠢᠭ᠎ᠠ ᠬᠥᠮᠦᠰ ᠤᠨ ᠠᠵᠢᠯ ᠤᠨ ᠪᠠᠶᠢᠷᠢ ᠳᠤ ᠪᠠᠶᠢᠭ᠎ᠠ ᠪᠠᠶᠢᠳᠠᠯ᠂ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠭᠡᠷᠡᠭᠳᠡᠢ᠃ ᠲᠣᠰᠬᠤᠨ ᠤ ᠬᠤᠶᠠᠷ ᠵᠥᠪᠯᠡᠯ ᠨᠢ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠦᠰ ᠤᠨ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠠᠵᠢᠯ ᠳᠤ ᠭᠠᠷᠬᠤ ᠶᠢ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠦᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠤ᠂ ᠵᠣᠬᠢᠴᠠᠩᠭᠤᠶ ᠬᠠᠮᠢᠶᠠᠷᠤᠯᠲᠠ ᠶᠢᠨ ᠳᠦᠷᠢᠮ ᠪᠣᠯᠤᠨ ᠬᠢᠨᠠᠨ ᠰᠢᠯᠭᠠᠵᠤ ᠱᠠᠩᠨᠠᠬᠤ ᠲᠣᠷᠭᠠᠬᠤ ᠠᠷᠭ᠎ᠠ ᠶᠢ ᠲᠣᠭᠲᠠᠭᠠᠵᠤ᠂ ᠬᠢᠨᠠᠨ ᠰᠢᠯᠭᠠᠭᠰᠠᠨ ᠪᠠᠶᠢᠳᠠᠯ ᠢ ᠱᠠᠩᠨᠠᠵᠤ ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠴᠢᠨ ᠳᠤ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠨᠢ ᠳᠡᠰ ᠳᠠᠷᠠᠭᠠᠯᠠᠯ ᠤᠨ ᠶᠣᠰᠣᠭᠠᠷ ᠬᠥᠳᠡᠯᠮᠦᠷᠢ ᠦᠢᠯᠡᠴᠢᠯᠡᠭᠡᠨ ᠤ ᠭᠡᠷ᠎ᠡ ᠪᠠᠨ ᠬᠦᠴᠦᠨ ᠦᠭᠡᠢ ᠪᠣᠯᠭᠠᠬᠤ ᠶᠢᠨ ᠬᠠᠮᠲᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠶᠢ ᠲᠡᠳᠬᠦᠬᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ᠂ ᠠᠵᠢᠯ ᠤᠨ ᠪᠠᠶᠢᠷᠢ ᠶᠢᠨ ᠨᠥᠬᠦᠪᠥᠷᠢ ᠣᠯᠭᠤᠬᠤ ᠶᠢ ᠵᠣᠭᠰᠣᠭᠠᠨ᠎ᠠ᠃      1. ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠰᠠᠶᠢᠨ ᠳᠤᠷ᠎ᠠ ᠠᠴᠠ ᠪᠠᠨ ᠬᠥᠳᠡᠯᠮᠦᠷᠢ ᠶᠢᠨ ᠭᠡᠷ᠎ᠡ ᠪᠤᠶᠤ ᠬᠥᠳᠡᠯᠮᠦᠷᠢ ᠦᠢᠯᠡᠴᠢᠯᠡᠭᠡᠨ ᠤ ᠬᠡᠯᠡᠯᠴᠡᠭᠡᠷ ᠢ ᠬᠦᠴᠤᠨ ᠦᠭᠡᠢ ᠪᠤᠯᠭᠠᠬᠤ ᠪᠠᠷ ᠭᠤᠶᠤᠴᠢᠯᠠᠭᠰᠠᠨ︔      2. ᠪᠤᠰᠤᠳ ᠠᠷᠭ᠎ᠠ ᠵᠠᠮ ᠢᠶᠠᠷ ᠨᠢᠭᠡᠨᠲᠡ ᠠᠵᠢᠯ ᠣᠯᠤᠭᠰᠠᠨ︔      3. ᠦᠬᠦᠭᠰᠡᠨ︔      4. ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠵᠦ ᠳᠡᠶᠢᠯᠬᠦ ᠥᠬᠡᠶ︔      5. ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠦᠷᠢᠮ ᠠᠴᠠ ᠬᠦᠨᠳᠦ ᠨᠣᠴᠢᠲᠠᠶ ᠵᠥᠷᠢᠴᠡᠭᠰᠡᠨ︔      6. ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ︔      7. ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠠᠴᠠ ᠪᠣᠯᠵᠣ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠪᠠᠭᠠᠰᠬᠠᠬᠤ ᠪᠤᠶᠤ ᠬᠦᠴᠦᠨ ᠥᠬᠡᠶ ᠪᠣᠯᠭᠠᠬᠤ ᠴᠢᠬᠤᠯᠠᠲᠠᠶ ᠪᠣᠯᠤᠭᠰᠠᠨ︔      8. ᠦᠷᠭᠦᠯᠵᠢᠯᠡᠨ ᠠᠵᠢᠯᠯᠠᠬᠤ ᠳᠤ ᠲᠣᠬᠢᠷᠠᠮᠵᠢ ᠦᠭᠡᠢ ᠬᠠᠤᠯᠢ ᠪᠠᠷ ᠲᠣᠭᠲᠠᠭᠠᠭᠰᠠᠨ ᠪᠤᠰᠤᠳ ᠪᠠᠶᠢᠳᠠᠯ᠃      ᠡᠯ᠎ᠡ ᠭᠠᠵᠠᠷ ᠤᠨ ᠬᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ ᠪᠠᠨ ᠰᠢᠨᠠᠴᠢᠯᠠᠵᠤ᠂ ᠤᠯᠠᠨ ᠲᠦᠮᠡᠨ ᠤ ᠦᠨᠡᠯᠡᠯᠲᠡ᠂ ᠬᠤᠪᠢ ᠬᠤᠷᠠᠮᠳᠤᠭᠤᠯᠤᠨ ᠬᠠᠮᠢᠶᠠᠷᠬᠤ ᠲᠣᠭᠲᠠᠴᠠ ᠶᠢ ᠣᠷᠣᠭᠤᠯᠤᠨ ᠠᠪᠴᠢᠷᠠᠵᠤ᠂ ᠢᠷᠠᠭᠤ ᠠᠯᠳᠠᠷᠲᠤ ᠲᠦᠷᠦᠭᠳᠡᠯ ᠲᠠᠢ ᠪᠤᠯᠭᠠᠨ᠎ᠠ᠃       ᠠᠷᠪᠠᠨ ᠳᠥᠷᠪᠡᠳᠦᠭᠡᠷ ᠵᠦᠢᠯ ᠱᠠᠯᠠᠪᠳᠠᠭᠤᠯᠤᠨ ᠪᠠᠶᠢᠴᠠᠭᠠᠬᠤ ᠳᠦᠷᠢᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠶᠢ ᠲᠡᠳᠬᠦᠬᠦ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠶᠣᠰᠣᠭᠠᠷ ᠠᠵᠢᠯ ᠤᠨ ᠪᠠᠶᠢᠷᠢ ᠲᠤᠬᠢᠷᠠᠭᠤᠯᠤᠭᠰᠠᠨ ᠦᠭᠡᠢ᠂ ᠲᠣᠭᠲᠠᠭᠠᠯ ᠠᠴᠠ ᠵᠥᠷᠢᠴᠡᠨ ᠰᠢᠯᠢᠵᠤ ᠤᠷᠢᠬᠤ᠂ ᠨᠥᠬᠦᠪᠥᠷᠢ ᠠᠪᠴᠤ ᠪᠠᠶᠢᠳᠠᠯ᠎ᠠ ᠪᠠᠨ ᠠᠵᠢᠯ ᠤᠨ ᠪᠠᠶᠢᠷᠢ ᠳᠤ ᠭᠠᠷᠬᠤ ᠦᠭᠡᠢ᠂ ᠬᠥᠮᠦᠨ ᠡᠷᠢᠵᠦ ᠠᠵᠢᠯ ᠤᠨ ᠪᠠᠶᠢᠷᠢ ᠶᠢ ᠣᠷᠣᠯᠠᠬᠤ ᠵᠡᠷᠭᠡ ᠠᠰᠠᠭᠤᠳᠠᠯ ᠢ ᠴᠠᠭ ᠲᠤᠬᠠᠶ ᠳᠤᠨᠢ ᠢᠯᠡᠷᠡᠬᠦᠯᠤᠨ ᠵᠠᠯᠠᠭᠤᠷᠠᠭᠤᠯᠬᠤ ᠭᠡᠷᠡᠭᠳᠡᠢ᠃ ᠬᠤᠰᠢᠭᠤ ᠰᠢᠶᠠᠨ ᠤ ᠡᠳ᠋ ᠤᠨ ᠵᠠᠰᠠᠭ ᠬᠢᠨᠠᠨ ᠪᠣᠳᠣᠬᠤ ᠰᠠᠯᠠᠭ᠎ᠠ ᠮᠥᠴᠢᠷ ᠤᠨ ᠬᠢᠨ ᠨᠡᠶᠢᠳᠠ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠨᠥᠬᠦᠪᠥᠷᠢ ᠥᠭᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠪᠠᠶᠢᠷᠢ ᠶᠢᠨ ᠨᠥᠬᠦᠪᠥᠷᠢ ᠶᠢ ᠬᠤᠳᠠᠯ ᠢᠶᠠᠷ ᠮᠡᠳᠡᠭᠦᠯᠦᠭᠰᠡᠨ᠂ ᠬᠠᠭᠤᠷᠮᠠᠭᠯᠠᠨ ᠠᠪᠤᠭᠰᠠᠨ ᠂ ᠮᠡᠬᠡᠯᠡᠨ ᠠᠪᠤᠭᠰᠠᠨ ᠨᠢᠭᠡᠴᠢ ᠪᠠ ᠬᠤᠪᠢ ᠬᠥᠮᠦᠨ ᠢ ᠪᠠᠶᠢᠴᠠᠭᠠᠵᠤ ᠢᠯᠡᠷᠡᠬᠦᠯᠦᠭᠰᠡᠨ ᠲᠠᠷᠤᠢ ᠳᠤᠨᠢ ᠨᠥᠬᠦᠪᠥᠷᠢ ᠮᠥᠩᠭᠦ ᠶᠢ ᠨᠡᠬᠡᠮᠵᠢᠯᠡᠨ ᠠᠪᠴᠢᠷᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ       ᠠᠷᠪᠠᠨ ᠲᠠᠪᠤᠳᠤᠭᠠᠷ ᠵᠦᠢᠯ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢ ᠰᠤᠩᠭᠤᠵᠤ ᠤᠷᠢᠬᠤ ᠬᠠᠮᠢᠶᠠᠷᠤᠯᠲᠠ ᠶᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠬᠡᠷ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠬᠡᠷ ᠤᠨ ᠶᠡᠷᠦᠩᠬᠡᠶᠢᠯᠡᠭᠰᠡᠨ ᠵᠤᠷᠭᠠᠨ ᠤ ᠪᠠᠭᠤᠯᠭᠠᠭᠰᠠᠨ ︽ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠷᠭ᠎ᠠ︾ ︵ᠠᠯᠪᠠᠨ ᠬᠡᠷ ᠲᠣᠭᠲᠠᠭᠠᠯ ᠥᠰᠥᠭ ︹ 2019 ︺ 114 ᠳ᠋ᠥᠭᠡᠷ ᠲᠣᠭᠠᠲᠤ︶ ᠪᠠᠷ ᠬᠡᠷᠡᠭᠵᠢᠭᠦᠯᠦᠨ᠎ᠡ᠃       ᠠᠷᠪᠠᠨ ᠵᠢᠷᠭᠤᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠳᠠᠭᠠᠯᠳᠤᠭᠤᠯᠤᠯ᠄       ︽ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠴᠢᠯᠡᠭᠡᠨ ᠤ ᠭᠡᠯᠡᠯᠴᠡᠭᠡᠷ︾ ︵ᠯᠠᠪᠯᠠᠯᠲᠠ ᠪᠤᠯᠭᠠᠬᠤ ᠭᠡᠯᠪᠠᠷᠢ ᠮᠠᠶ᠋ᠢᠭ︶       ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠴᠢᠯᠡᠭᠡᠨ ᠤ ᠬᠡᠯᠡᠯᠴᠡᠭᠡᠷ ︵ᠯᠠᠪᠯᠠᠯᠲᠠ ᠪᠤᠯᠭᠠᠬᠤ ᠭᠡᠯᠪᠡᠷᠢ ᠮᠠᠶ᠋ᠢᠭ︶       ᠬᠥᠬᠡ᠄ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ / ᠭᠠᠴᠠᠭᠠᠨ ᠤ ᠠᠷᠠᠳ ᠤᠨ ᠵᠥᠪᠯᠡᠯ ︵ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ︶        ᠬᠥᠬᠡᠭᠴᠢᠨ᠄ ᠪᠡᠶ᠎ᠡ ᠶᠢᠨ ᠦᠨᠡᠮᠯᠡᠯ ᠤᠨ ᠨᠣᠮᠧᠷ᠄        ᠤᠲᠠᠰᠤᠨ ᠨᠣᠮᠧᠷ᠄        ᠬᠥᠬᠡ ᠬᠥᠬᠡᠭᠴᠢᠨ ᠬᠤᠶᠠᠷ ᠡᠲᠡᠭᠡᠳ ᠡᠷᠬᠡ ᠲᠡᠭᠰᠢ ᠰᠠᠶᠢᠨ ᠳᠤᠷ᠎ᠠ ᠠᠴᠠ ᠪᠠᠨ ᠪᠠᠶᠢᠵᠤ᠂ ᠵᠥᠪᠳᠡᠯᠴᠡᠭᠡᠳ ᠰᠠᠨᠠᠯ ᠨᠢᠭᠡᠳᠦᠭᠰᠡᠨ ᠰᠠᠭᠤᠷᠢᠨ ᠳᠡᠭᠡᠷ᠎ᠡ᠂ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠢᠯᠡᠴᠢᠯᠡᠭᠡᠨ ᠤ ᠬᠡᠯᠡᠯᠴᠡᠭᠡᠷ ᠢ ᠰᠠᠶᠢᠨ ᠳᠤᠷ᠎ᠠ ᠠᠴᠠ ᠪᠠᠨ ᠲᠣᠭᠲᠠᠵᠤ᠂ ᠲᠣᠰ ᠭᠡᠯᠡᠯᠴᠡᠭᠡᠷ ᠲᠤ ᠵᠢᠭᠰᠠᠭᠠᠭᠰᠠᠨ ᠵᠦᠢᠯ ᠵᠤᠷᠪᠤᠰ ᠢ ᠬᠠᠮᠲᠤ ᠪᠠᠷ ᠵᠢᠷᠤᠮᠯᠠᠬᠤ ᠬᠡᠷᠡᠭᠲᠡᠶ᠃       ᠨᠢᠭᠡᠳᠦᠭᠡᠷ ᠵᠦᠢᠯ ᠦᠢᠯᠡᠴᠢᠯᠡᠭᠡᠨ ᠤ ᠭᠡᠯᠡᠯᠴᠡᠭᠡᠷ ᠤᠨ ᠬᠤᠭᠤᠴᠠᠭ᠎ᠠ       ᠲᠤᠰ ᠦᠢᠯᠡᠴᠢᠯᠡᠭᠡᠨ ᠤ ᠭᠡᠯᠡᠯᠴᠡᠭᠡᠷ ᠨᠢ ᠣᠨ ᠤ ᠰᠠᠷ᠎ᠠ ᠶᠢᠨ ᠡᠳᠦᠷ ᠠᠴᠠ ᠣᠨ ᠤ ᠰᠠᠷ᠎ᠠ ᠶᠢᠨ ᠡᠳᠦᠷ ᠪᠣᠯᠲᠠᠯ᠎ᠠ᠂ ᠬᠤᠭᠤᠴᠠᠭ᠎ᠠ ᠨᠢ ᠣᠨ ᠤ ᠰᠠᠷ᠎ᠠ ᠪᠣᠯᠤᠨ᠎ᠠ᠃       ᠬᠤᠶᠠᠳᠤᠭᠠᠷ ᠵᠦᠢᠯ ᠦᠢᠯᠡᠴᠢᠯᠡᠬᠦ ᠠᠭᠤᠯᠭ᠎ᠠ ᠪᠠ ᠦᠢᠯᠡᠴᠢᠯᠡᠬᠦ ᠭᠠᠵᠠᠷ       1. ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠦᠭᠡ ᠡᠳᠡᠭᠡᠳ ᠨᠢ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠦᠨᠳᠦᠰᠦᠯᠡᠨ᠂ ᠬᠥᠬᠡᠭᠴᠢᠨ ᠲᠠᠯ᠎ᠠ ᠶᠢ ᠠᠵᠢᠯ ᠤᠨ ᠪᠠᠶᠢᠷᠢ ᠳᠤ ᠲᠣᠬᠢᠷᠠᠭᠤᠯᠪᠠ᠂ ᠭᠤᠣᠯ ᠠᠵᠢᠯ ᠤᠨ ᠠᠭᠤᠯᠭ᠎ᠠ ᠨᠢ᠄ ᠬᠥᠬᠡ ᠡᠳᠡᠭᠡᠳ ᠨᠢ ᠦᠨᠡᠨ ᠬᠦ ᠠᠵᠢᠯ ᠤᠨ ᠬᠡᠷᠡᠭᠴᠡᠭᠡ ᠠᠴᠠ ᠪᠣᠯᠵᠤ ᠬᠥᠬᠡᠭᠴᠢᠨ ᠡᠳᠡᠭᠡᠳ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠬᠤᠪᠢᠷᠠᠭᠤᠯᠵᠤ ᠪᠣᠯᠤᠨ᠎ᠠ᠂ ᠭᠡᠪᠡᠴᠦ ᠬᠥᠬᠡᠭᠴᠢᠨ ᠡᠳᠡᠭᠡᠳ ᠲᠠᠢ ᠵᠥᠪᠳᠡᠯᠴᠡᠵᠦ ᠪᠠᠶᠢᠭᠠᠳ ᠬᠤᠪᠢᠷᠠᠭᠤᠯᠬᠤ ᠬᠡᠯᠡᠯᠴᠡᠭᠡᠷ ᠢ ᠨᠥᠬᠦᠵᠦ ᠲᠣᠭᠲᠠᠬᠤ ᠬᠡᠷᠡᠭᠲᠡᠶ᠃       2. ᠬᠥᠬᠡᠭᠴᠢᠨ ᠡᠳᠡᠭᠡᠳ ᠤᠨ ᠦᠢᠯᠡᠴᠢᠯᠡᠬᠦ ᠭᠠᠵᠠᠷ ᠨᠢ᠃       ᠭᠤᠷᠪᠠᠳᠤᠭᠠᠷ ᠵᠦᠢᠯ ᠦᠢᠯᠡᠴᠢᠯᠡᠬᠦ ᠴᠠᠭ       ᠬᠥᠬᠡᠭᠴᠢᠨ ᠡᠳᠡᠭᠡᠳ ᠨᠢ ᠪᠦᠬᠦᠯᠢ ᠡᠳᠦᠷ ᠤᠨ ᠳᠦᠷᠢᠮᠲᠦ ︵ᠪᠦᠬᠦᠯᠢ ᠡᠳᠦᠷ ᠤᠨ ᠳᠦᠷᠢᠮᠲᠦ ᠪᠤᠰᠤ ᠴᠠᠭ︶ ᠦᠢᠯᠡᠴᠢᠯᠡᠭᠡᠨ ᠤ ᠳᠦᠷᠢᠮ ᠢ ᠬᠡᠷᠡᠭᠵᠢᠭᠦᠯᠵᠦ᠂ ᠪᠣᠳᠠᠲᠠᠶ ᠦᠢᠯᠡᠴᠢᠯᠡᠭᠡᠨ ᠤ ᠲᠦᠷᠢᠮ ᠢ ᠬᠦᠬᠡ ᠡᠳᠡᠭᠡᠳ ᠨᠢ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠦᠨᠳᠦᠰᠦᠯᠡᠨ ᠲᠣᠬᠢᠷᠠᠭᠤᠯᠤᠨ᠎ᠠ᠂ ᠬᠥᠬᠡᠭᠴᠢᠨ ᠡᠳᠡᠭᠡᠳ ᠨᠢ ᠳᠠᠭᠠᠬᠤ ᠬᠡᠷᠡᠭᠲᠡᠶ᠃ ᠬᠥᠬᠡᠭᠴᠢᠨ ᠡᠳᠡᠭᠡᠳ ᠨᠢ ᠦᠢᠯᠡᠴᠢᠯᠡᠭᠡᠨ ᠤ ᠵᠦᠢᠯᠡᠰ ᠢ ᠪᠡᠶᠡᠯᠡᠭᠦᠯᠦᠭᠰᠡᠨ ᠤ ᠲᠠᠷᠠᠭ᠎ᠠ᠂ ᠪᠤᠰᠤᠳ ᠴᠠᠭ ᠲᠤ ᠪᠤᠰᠤᠳ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠶᠢ ᠥᠪᠡᠰᠦᠪᠡᠨ ᠲᠣᠬᠢᠷᠠᠭᠤᠯᠤᠨ᠎ᠠ᠃       ᠳᠥᠷᠪᠡᠳᠦᠭᠡᠷ ᠵᠦᠢᠯ ᠦᠢᠯᠡᠴᠢᠯᠡᠭᠡᠨ ᠤ ᠨᠥᠬᠦᠪᠥᠷᠢ       ᠬᠥᠬᠡ ᠡᠳᠡᠭᠡᠳ ᠨᠢ ᠠᠵᠢᠯ ᠤᠨ ᠬᠡᠮᠵᠢᠶ᠎ᠡ ᠪᠠᠷ ᠦᠢᠯᠡᠴᠢᠯᠡᠭᠡᠨ ᠤ ᠨᠥᠬᠦᠪᠥᠷᠢ ᠶᠢ ᠪᠣᠳᠣᠵᠤ᠂ ᠬᠥᠬᠡᠭᠴᠢᠨ ᠡᠳᠡᠭᠡᠳ ᠨᠢ ᠦᠢᠯᠡᠴᠢᠯᠡᠭᠡᠨ ᠤ ᠵᠦᠢᠯᠡᠰ ᠢ ᠪᠡᠶᠡᠯᠡᠭᠦᠯᠦᠭᠰᠡᠨ ᠪᠠᠶᠢᠪᠠᠯ᠂ ᠬᠦᠬᠡ ᠡᠳᠡᠭᠡᠳ ᠨᠢ ᠰᠠᠷ᠎ᠠ ᠪᠦᠷᠢ ᠨᠢᠭᠡ ᠤᠳᠠᠭ᠎ᠠ ᠥᠭᠭᠦᠨ᠎ᠡ᠂ ᠰᠠᠷ᠎ᠠ ᠪᠦᠷᠢ ᠲᠥᠭᠦᠷᠢᠭ ᠥᠭᠭᠦᠨ᠎ᠡ ︵ᠬᠡᠷᠪᠡ ᠲᠣᠬᠢᠷᠠᠭᠤᠯᠤᠯᠲᠠ ᠲᠠᠢ ᠪᠣᠯ ᠰᠢᠨ᠎ᠡ ᠪᠠᠷᠢᠮᠵᠢᠶ᠎ᠠ ᠪᠠᠷ ᠨᠥᠬᠦᠵᠦ ᠬᠠᠩᠭᠠᠨ᠎ᠠ︶᠃ ᠬᠡᠯᠡᠯᠴᠡᠭᠡᠷ ᠤᠨ ᠬᠤᠭᠤᠴᠠᠭᠠᠨ ᠳᠤ᠂ ᠬᠡᠷᠪᠡ ᠬᠥᠬᠡᠭᠴᠢᠨ ᠡᠳᠡᠭᠡᠳ ᠨᠢ ᠲᠤᠰ ᠪᠡᠶ᠎ᠡ ᠶᠢᠨ ᠰᠢᠯᠲᠠᠭᠠᠨ ᠠᠴᠠ ᠪᠤᠯᠵᠤ ᠠᠵᠢᠯ ᠤᠨ ᠪᠠᠶᠢᠷᠢ ᠶᠢᠨ ᠠᠵᠢᠯ ᠢ ᠦᠷᠭᠦᠯᠵᠢᠯᠡᠨ ᠬᠢᠬᠦ ᠳᠤᠷ᠎ᠠ ᠦᠭᠡᠢ ᠪᠠᠶᠢᠪᠠᠯ᠂ ᠬᠦᠬᠡ ᠡᠳᠡᠭᠡᠳ ᠲᠤ ᠬᠡᠯᠡᠯᠴᠡᠭᠡᠷ ᠢ ᠬᠦᠴᠦᠨ ᠦᠭᠡᠢ ᠪᠣᠯᠭᠠᠬᠤ ᠭᠤᠶᠤᠴᠢᠯᠠᠯ ᠭᠠᠷᠭᠠᠵᠤ ᠪᠣᠯᠤᠨ᠎ᠠ᠃ ᠬᠥᠬᠡ ᠬᠥᠬᠡᠭᠴᠢᠨ ᠬᠤᠶᠠᠷ ᠡᠳᠡᠭᠡᠳ ᠢᠶᠠᠷ ᠢᠶᠠᠨ ᠲᠣᠭᠲᠠᠭᠠᠯ ᠶᠣᠰᠣᠭᠠᠷ ᠬᠡᠯᠡᠯᠴᠡᠭᠡᠷ ᠢ ᠴᠤᠴᠠᠯᠪᠠ᠃       ᠬᠥᠬᠡ ᠡᠳᠡᠭᠡᠳ ᠤᠨ ︵ᠲᠥᠯᠥᠭᠡᠯᠡᠭᠴᠢ︶ ᠭᠠᠷ ᠤᠨ ᠦᠰᠦᠭ ᠵᠢᠷᠤᠬᠤ ︵ᠲᠠᠮᠠᠭ᠎ᠠ ᠳᠠᠷᠤᠬᠤ︶᠄ ᠣᠨ ᠰᠠᠷ᠎ᠠ ᠡᠳᠦᠷ       ᠬᠥᠬᠡᠭᠴᠢᠨ ᠡᠳᠡᠭᠡᠳ ᠤᠨ ᠭᠠᠷ ᠤᠨ ᠦᠰᠦᠭ ︵ᠲᠠᠮᠠᠭ᠎ᠠ︶᠄ ᠣᠨ ᠤ ᠰᠠᠷ᠎ᠠ ᠶᠢᠨ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号