ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠵᠦ ᠶᠠᠳᠠᠭᠤ ᠠᠴᠠ  ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠤᠯᠬᠤ ᠳᠤ ᠬᠦᠴᠦᠨ ᠨᠡᠮᠡᠷᠢᠯᠡᠬᠦ ᠲᠤᠬᠠᠶ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2020/12/24
ᠡᠯ᠎ᠠ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠢ ᠳᠤ᠄      ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠤᠯᠬᠤ ᠳᠤ ᠬᠦᠴᠦᠨ ᠨᠡᠮᠡᠷᠢᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠤ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠲᠠᠷᠬᠠᠭᠠᠭᠰᠠᠨ ︹ 2018 ︺ 129 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠬᠦᠨ ᠪᠠ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠤᠰ ᠪᠡᠶ᠎ᠠ ᠳᠡᠭᠡᠨ ᠲᠦᠰᠢᠭᠯᠡᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠢᠳᠡᠪᠬᠢᠵᠢᠯ ᠢ ᠳᠠᠶᠢᠴᠢᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠳᠤ ᠳᠣᠤᠷᠠᠬᠢ ᠮᠡᠲᠦ ᠰᠠᠨᠠᠯ ᠢ ᠳᠤᠷᠠᠳᠪᠠ᠃ ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠶ ᠪᠠᠶᠢᠷᠢᠰᠢᠯᠠᠭᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠵᠣᠬᠢᠴᠠᠭᠤᠯᠤᠨ ᠠᠬᠢᠭᠤᠯᠬᠤ ᠲᠤᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠤᠰ ᠬᠡᠲᠦ ᠶᠢᠨ ᠬᠥᠭᠵᠢᠯᠲᠡ ᠶᠢ ᠠᠬᠢᠭᠤᠯᠬᠤ ᠪᠠᠷ ᠭᠤᠤᠯᠯᠠᠭᠤᠯᠤᠨ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠲᠣᠭᠲᠠᠴᠠ ᠳᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠬᠦ ᠨᠡᠶᠢᠭᠡᠮ ᠤᠨ ᠬᠢᠨ ᠤ ᠭᠡᠷᠡᠭᠯᠡᠭᠡ ᠪᠠᠷ ᠶᠠᠳᠠᠭᠤ ᠶᠢ ᠲᠡᠳᠬᠦᠬᠦ ᠢᠳᠡᠪᠬᠢᠵᠢᠯ ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠤᠯᠲᠠ ᠶᠢᠨ ᠠᠷᠭ᠎ᠠ ᠵᠠᠮ ᠢ ᠥᠷᠭᠡᠳᠬᠡᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠬᠢᠷᠢ ᠲᠦᠪᠰᠢᠨ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠲᠦᠷᠭᠡᠨ ᠬᠥᠭᠵᠢᠯᠲᠡ ᠶᠢ ᠴᠢᠷᠮᠠᠶᠢᠨ ᠠᠬᠢᠭᠤᠯᠵᠤ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡᠨ ᠤ ᠡᠯ᠎ᠡ ᠭᠤᠭᠴᠤᠭ᠎ᠠ ᠳᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠬᠢᠵᠠᠭᠠᠷᠯᠠᠵᠤ ᠪᠠᠶᠢᠭ᠎ᠠ ᠬᠦᠴᠢᠷᠳᠠᠯ ᠲᠦᠪᠡᠭᠳᠡᠯ ᠪᠣᠯᠤᠨ ᠲᠦᠭᠵᠢᠷᠡᠯ ᠢ ᠨᠡᠪᠲᠡᠷᠡᠭᠦᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠭᠦᠨ ᠪᠠ ᠦᠢᠯᠡᠴᠢᠯᠡᠭᠡ ᠶᠢ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠠᠭᠤᠰᠤᠯᠴᠠᠭᠤᠯᠬᠤ ᠶᠢ ᠠᠬᠢᠭᠤᠯᠬᠤ ᠭᠡᠷᠡᠭᠳᠡᠢ᠃ 2020 ᠣᠨ ᠪᠣᠯᠬᠤ ᠳᠤ᠂ ᠪᠦᠬᠦ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠲᠠ᠂ ᠲᠣᠭᠤᠷᠢᠭ︶ ᠢᠯᠠᠩᠭᠤᠶ᠎ᠠ ᠣᠨᠴᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠤᠨ ᠣᠨᠴᠠ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠠᠭᠤᠷᠢ ᠲᠦᠬᠦᠭᠡᠷᠤᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠳᠡ ᠲᠡᠭᠡᠭᠰᠢᠯᠡᠬᠦᠯᠤᠨ᠂ ᠬᠡᠷᠡᠭᠯᠡᠭᠡ ᠶᠢ ᠪᠠᠲᠤᠯᠠᠵᠤ ᠶᠠᠳᠠᠭᠤ ᠶᠢ ᠲᠡᠳᠬᠦᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠭᠡᠷᠡᠭᠳᠡᠢ︔ ᠶᠠᠳᠠᠭᠤ ᠬᠦᠴᠢᠷᠳᠡᠯᠲᠡᠢ ᠭᠠᠵᠠᠷ ᠣᠷᠣᠨ ᠦᠷᠭᠦᠯᠵᠢᠯᠡᠨ ᠬᠥᠭᠵᠢᠬᠦᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠭᠡᠷᠡᠭᠵᠢᠬᠦᠯᠤᠯᠳᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠭᠡᠷᠡᠭᠳᠡᠢ᠃ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠨᠡᠶᠢᠭᠡᠮ ᠤᠨ ᠬᠤᠳᠠᠯᠳᠤᠨ ᠠᠪᠬᠤ ᠠᠵᠢᠯᠯᠠᠭ᠎ᠠ ᠶᠢ ᠥᠷᠭᠡᠨ ᠲᠡᠯᠭᠡᠷ ᠥᠷᠨᠢᠭᠦᠯᠦᠨ᠎ᠡ      1 . ᠡᠯ᠎ᠡ ᠱᠠᠲᠤᠨ ᠤ ᠪᠠᠶᠢᠭᠤᠯᠭ᠎ᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠶᠢ ᠵᠣᠬᠢᠶᠠᠨ ᠪᠠᠶᠢᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠲᠦᠷᠦᠭᠦᠯᠡᠨ ᠣᠷᠣᠯᠴᠠᠭᠤᠯᠤᠨ᠎ᠠ᠃ ᠬᠠᠪᠰᠤᠷᠤᠨ ᠲᠡᠳᠬᠦᠬᠦ ᠶᠢ ᠬᠦᠯᠢᠶᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠪᠰᠤᠷᠤᠨ ᠲᠡᠳᠬᠦᠬᠦ ᠨᠢᠭᠡᠴᠢ ᠶᠢᠨ ᠬᠡᠷᠡᠭᠯᠡᠭᠡᠨ ᠤ ᠰᠠᠨᠠᠮᠵᠢ ᠶᠢ ᠣᠶᠢᠯᠠᠭᠠᠨ᠂ ᠬᠠᠪᠰᠤᠷᠤᠨ ᠲᠡᠳᠬᠦᠬᠦᠯᠬᠦ ᠡᠲᠡᠭᠡᠳ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠢ ᠬᠥᠭᠵᠢᠭᠦᠯᠵᠦ᠂ ᠬᠠᠪᠰᠤᠷᠤᠨ ᠲᠡᠳᠬᠦᠬᠦ ᠨᠢᠭᠡᠴᠢ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠨᠳᠤᠯᠭᠠᠳᠤ ᠴᠢᠨᠠᠷᠲᠠᠶ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠨᠢᠭᠡᠴᠢ ᠡᠷᠭᠡᠪᠰᠢ ᠬᠠᠪᠰᠤᠷᠤᠨ ᠲᠠᠳᠬᠦᠬᠦ ᠡᠳᠡᠭᠡᠳ ᠤᠨ ᠢᠶᠠᠨ ᠤᠢᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠬᠦᠨᠵᠡᠭᠡᠢ ᠤᠢᠢᠯᠠᠭᠠᠵᠤ᠂ ︽ᠬᠤᠳᠠᠯᠳᠤᠨ ᠠᠪᠬᠤ ᠪᠠᠷ ᠬᠠᠪᠰᠤᠷᠤᠨ ᠲᠠᠳᠬᠦᠬᠦ ᠶᠢ ᠣᠷᠣᠯᠠᠭᠤᠯᠬᠤ᠂ ᠬᠤᠳᠠᠯᠳᠤᠨ ᠠᠪᠬᠤ ᠪᠠᠷ ᠬᠠᠨᠳᠢᠪᠯᠡᠬᠤ ᠶᠢ ᠣᠷᠣᠯᠠᠭᠤᠯᠬᠤ︾ ᠠᠷᠭ᠎ᠠ ᠬᠡᠯᠪᠡᠷᠢ ᠶᠢ ᠠᠪᠴᠤ᠂ ᠬᠠᠪᠰᠤᠷᠤᠨ ᠲᠡᠳᠬᠦᠬᠦ ᠡᠲᠡᠭᠡᠳ ᠯᠦᠭᠡ ᠦᠷᠭᠦᠯᠵᠢᠯᠡᠨ ᠲᠣᠭᠲᠠᠪᠤᠷᠢᠲᠠᠶ ᠬᠤᠳᠠᠯᠳᠤᠨ ᠠᠪᠬᠤ ᠪᠠ ᠪᠣᠷᠣᠯᠠᠭᠤᠯᠬᠤ ᠬᠠᠮᠳᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠬᠤᠲᠠ ᠶᠢᠨ ᠡᠮᠴᠢᠯᠡᠭᠡ ᠵᠢᠴᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯᠴᠢᠨ ᠤ ᠡᠪᠯᠡᠯ ᠵᠡᠷᠭᠡ ᠶᠢᠨ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠠᠳᠠᠯᠢ ᠨᠥᠬᠦᠴᠡᠯ ᠳᠣᠣᠷ᠎ᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠬᠦᠨ ᠢ ᠤᠷᠢᠳᠠᠪᠠᠷ ᠬᠤᠳᠠᠯᠳᠤᠨ ᠠᠪᠤᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠴᠢᠯᠡᠭᠡᠨ ᠤ ᠠᠵᠢᠯᠴᠢᠨ ᠢ ᠤᠷᠢᠨ ᠬᠡᠷᠡᠭᠯᠡᠵᠦ᠂ ᠺᠠᠳ᠋ᠷ ᠠᠵᠢᠯᠲᠠᠨ ᠠᠵᠢᠯᠴᠢᠨ ᠤ ᠥᠪᠡᠰᠦᠪᠡᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠭᠦᠨ ᠬᠤᠳᠠᠯᠳᠤᠨ ᠠᠪᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠢᠶᠠᠷ ᠵᠢᠭᠤᠯᠴᠢᠯᠠᠬᠤ ᠶᠢ ᠬᠥᠲᠥᠯᠥᠨ ᠵᠢᠯᠣᠭᠤᠳᠴᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠢᠶᠠᠷ ᠠᠵᠢᠯᠴᠢᠨ ᠤ ᠡᠪᠯᠡᠯ ᠤᠨ ᠠᠵᠢᠯᠯᠠᠭ᠎ᠠ ᠥᠷᠨᠢᠭᠦᠯᠬᠦ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠳᠤ ᠰᠢᠭᠤᠳ ᠬᠠᠩᠭᠠᠨ ᠰᠢᠭᠤᠳ ᠪᠣᠷᠣᠯᠠᠭᠤᠯᠤᠨ ᠬᠤᠭᠤᠯᠠᠨ ᠭᠡᠷ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠭᠦᠨ ᠪᠠ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ᠎ᠡ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠵᠡᠷᠭᠡ ᠦᠪᠡᠷᠳᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠳᠠᠭᠤ ᠶᠢ ᠲᠡᠳᠬᠦᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠬᠡᠯᠲᠡᠰ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠠᠴᠠ ᠥᠮᠴᠢᠯᠡᠯᠲᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠲᠣᠪᠴᠢᠶ᠎ᠠ ᠵᠡᠷᠭᠡ᠂ ᠡᠯ᠎ᠠ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶      2 . ᠪᠡᠭᠡᠵᠢᠩ ᠦᠪᠤᠷ ᠮᠤᠩᠭᠤᠯ ᠤᠨ ᠭᠡᠷᠡᠭᠯᠡᠭᠡ ᠪᠠᠷ ᠶᠠᠳᠠᠭᠤ ᠶᠢᠨ ᠲᠠᠳᠬᠦᠬᠦ ᠬᠠᠮᠵᠢᠯᠴᠠᠭᠠᠨ ᠤ ᠲᠤᠭᠳᠠᠴᠠ ᠶᠢ ᠪᠠᠶᠢᠭᠤᠯᠤᠨ᠎ᠠ᠃ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠪᠡᠭᠡᠵᠢᠩ ᠬᠤᠲᠠ ᠯᠤᠭ᠎ᠠ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ ᠥᠷᠨᠢᠭᠦᠯᠬᠦ᠂ ᠬᠥᠳᠡᠯᠮᠦᠷᠢ ᠬᠦᠴᠤᠨ ᠤ ᠭᠠᠷᠭᠠᠯᠳᠠ ᠶᠢ ᠨᠡᠮᠡᠭᠳᠡᠭᠦᠯᠬᠦ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠢ ᠲᠠᠲᠠᠵᠤ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠣᠴᠢᠭᠤᠯᠤᠨ ᠶᠠᠳᠠᠭᠤ ᠶᠢ ᠲᠡᠳᠬᠦᠬᠦ  ᠦᠢᠯᠡᠳᠪᠦᠷᠢ ᠶᠢᠨ ᠲᠠᠰᠤᠭ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠬᠠᠪᠰᠤᠷᠤᠨ ᠠᠵᠢᠯ ᠣᠯᠭᠤᠯᠲᠠ ᠶᠢ ᠨᠢ ᠨᠡᠮᠡᠭᠳᠡᠭᠦᠯᠦᠨ᠎ᠡ᠃ ᠪᠡᠭᠡᠵᠢᠩ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠪᠤᠷᠤᠯᠠᠭᠤᠬᠤ ᠵᠠᠬ᠎ᠠ ᠳᠡᠯᠭᠡᠭᠦᠷ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠯᠦᠭᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠤ ᠤᠷᠲᠤ ᠬᠤᠭᠤᠴᠠᠭᠠᠨ ᠤ ᠲᠣᠭᠲᠠᠭᠤᠨ ᠬᠠᠩᠭᠠᠨ ᠪᠣᠷᠣᠯᠠᠭᠤᠯᠬᠤ ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠢᠳᠡᠪᠬᠢᠲᠡᠶ ᠰᠦᠪᠡᠭᠴᠢᠯᠡᠬᠦ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠪᠡᠭᠡᠵᠢᠩ ᠬᠤᠲᠠ ᠶᠢᠨ ᠬᠠᠪᠰᠤᠷᠤᠨ ᠲᠡᠳᠬᠦᠬᠦ ᠳᠤ ᠲᠦᠰᠢᠭᠯᠡᠨ᠂ ᠲᠠᠷᠢᠶᠠᠯᠠᠩ ᠮᠠᠯ ᠠᠵᠤ ᠠᠬᠤᠶ ᠡᠳ᠋ᠰᠢᠭᠦᠯᠬᠦ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠬᠤ ᠪᠠ ᠬᠦᠭᠵᠢᠬᠦᠯᠵᠤ᠂ ᠲᠠᠷᠢᠶᠠᠯᠠᠩ ᠪᠦᠳᠦᠭᠡᠭᠳᠠᠬᠦᠨ ᠮᠠᠯ ᠤᠨ ᠠᠰᠢᠭ ᠰᠢᠮ᠎ᠡ ᠶᠢᠨ ᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠤᠨᠳᠤᠤᠰᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ᠂ ᠡᠯ᠎ᠠ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶᠃      3 . ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠣᠷᠣᠯᠴᠠᠭᠤᠯᠤᠨ᠎ᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠤᠬᠠᠭᠤᠯᠭ᠎ᠠ ᠶᠢᠨ ᠰᠠᠨᠠᠭᠠᠴᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠴᠢ ᠬᠤᠯᠪᠣᠭᠳᠠᠯ ᠪᠠ ᠦᠢᠯᠡᠳᠦᠯ ᠢ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠢ ᠬᠥᠲᠥᠯᠦᠨ ᠵᠢᠯᠣᠭᠤᠳᠴᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠢᠳᠡᠪᠬᠢᠲᠡᠶ ᠣᠷᠣᠯᠴᠠᠭᠤᠯᠤᠨ᠎ᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠳᠤ ᠣᠷᠣᠭᠤᠯᠵᠤ᠂ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ ᠶᠢ ᠵᠣᠷᠢᠭᠵᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠭᠦᠨ ᠤ ᠬᠡᠷᠡᠭᠯᠡᠭᠡ ᠶᠢ ᠥᠷᠭᠡᠳᠬᠡᠨ᠎ᠡ᠃ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ᠂ ᠨᠢᠭᠦᠯᠡᠰᠦᠩᠭᠦᠶ ᠶᠢᠨ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠶᠢᠨ ᠬᠥᠮᠦᠰ ᠵᠡᠷᠭᠡ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠣᠷᠣᠯᠴᠠᠭᠤᠯᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ᠂ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ      ︵ᠬᠤᠶᠠᠷ︶ ᠭᠦᠢᠯᠭᠡᠭᠡ ᠪᠠ ᠪᠣᠷᠣᠯᠠᠭᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠦᠨ᠎ᠡ      4. ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠪᠠᠷᠠᠭ᠎ᠠ ᠶᠢᠨ ᠭᠦᠢᠯᠭᠡᠭᠡᠨ ᠤ ᠲᠣᠤᠷ ᠴᠡᠭ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠡᠳ᠋ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠭᠦᠢᠯᠭᠡᠭᠡᠨ ᠤ ᠵᠠᠮ ᠢ ᠰᠠᠭᠠᠳ ᠦᠭᠡᠢ ᠨᠡᠪᠲᠡᠷᠡᠭᠦᠯᠵᠦ᠂ ᠭᠠᠷᠤᠯᠲᠠ ᠶᠢᠨ ᠣᠷᠣᠨ ᠠᠴᠠ ᠬᠡᠷᠡᠭᠯᠡᠭᠡᠨ ᠬᠦᠷᠲᠡᠯᠡᠬᠢ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠠᠬᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ᠂ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠨ ᠣᠷᠳᠣᠨ ᠬᠠᠷᠢᠭᠤᠴᠠᠨ᠎ᠠ︶      5. ᠦᠢᠯᠡᠳᠭᠦᠨ ᠤ ᠪᠣᠷᠣᠯᠠᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶᠡᠲᠦ ᠬᠡᠲᠦ ᠳᠡᠯᠭᠡᠭᠦᠷ ᠵᠡᠷᠭᠡ ᠭᠦᠢᠯᠭᠡᠭᠡᠨ ᠤ ᠠᠵᠤ ᠠᠬᠤᠶᠢᠯᠠᠯ ᠬᠢᠭᠡᠳ ᠶᠠᠳᠠᠭᠤ ᠬᠦᠴᠢᠷᠳᠡᠯᠲᠡᠢ ᠭᠠᠵᠠᠷ ᠣᠷᠣᠨ ᠯᠤᠭ᠎ᠠ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ᠂ ᠤᠷᠲᠤ ᠬᠤᠭᠤᠴᠠᠭᠠᠨ ᠤ ᠲᠣᠭᠲᠠᠪᠤᠷᠢᠲᠠᠶ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠠᠷᠢᠴᠠᠭ᠎ᠠ ᠶᠢ ᠪᠠᠶᠢᠭᠤᠯᠤᠨ᠎ᠠ᠃ ︽ᠠᠵᠤ ᠠᠬᠤᠶᠢᠯᠠᠯ + ᠶᠠᠳᠠᠭᠤ ᠬᠦᠴᠢᠷᠳᠡᠯᠲᠡᠶ ᠡᠷᠦᠬᠡ︾ ᠶᠢᠨ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠢ ᠬᠤᠳᠠᠯᠳᠤᠨ ᠠᠪᠴᠤ ᠬᠠᠳᠠᠭᠠᠯᠠᠬᠤ᠂ ᠡᠳ᠋ᠰᠢᠭᠦᠯᠬᠦ ᠠᠵᠤ ᠠᠬᠤᠢᠢᠯᠠᠯ ᠪᠠ ᠲᠤᠰᠬᠠᠶ ᠬᠤᠷᠰᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠬᠢᠭᠡᠳ ᠮᠠᠯᠵᠢᠬᠤ ᠲᠠᠷᠢᠶᠠᠯᠠᠬᠤ ᠡᠷᠦᠬᠡ ᠯᠦᠭᠡ ᠵᠠᠬᠢᠶᠠᠯᠠᠭ᠎ᠠ ᠶᠢᠨ ᠦᠢᠯᠡᠳᠪᠦᠷᠢᠯᠡᠯ ᠥᠷᠨᠢᠭᠦᠯᠬᠦ ᠶᠢ ᠵᠣᠷᠢᠭᠵᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠠᠰᠢᠬᠯᠠᠨ ᠣᠨᠴᠠᠯᠢᠭᠲᠤ ᠲᠠᠷᠢᠶᠠᠯᠠᠩ ᠪᠦᠳᠦᠭᠡᠭᠳᠡᠬᠦᠨ ᠮᠠᠯ ᠤᠨ ᠠᠰᠢᠭ ᠰᠢᠮ᠎ᠡ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ᠂ ᠵᠢᠭᠤᠯᠴᠢᠯᠠᠯ ᠤᠨ ᠳᠤᠷᠠᠰᠬᠠᠯ ᠤᠨ ᠵᠦᠢᠯᠡᠰ ᠵᠡᠷᠭᠡ ᠦᠢᠯᠡᠳᠭᠦᠨ ᠤ ᠶᠠᠳᠠᠭᠤ ᠶᠢ ᠲᠡᠳᠬᠦᠬᠦ ᠲᠤᠰᠬᠠᠶ ᠬᠤᠳᠠᠯᠳᠤᠬᠤ ᠲᠠᠪᠴᠠᠩ ᠪᠠᠶᠢᠭᠤᠯᠬᠤ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ ᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠪᠦᠳᠦᠭᠡᠭᠳᠡᠬᠦᠨ ᠤ ᠦᠵᠡᠬᠦᠯᠭᠡ᠂ ᠲᠠᠷᠢᠶᠠᠯᠠᠩ ᠠᠷᠠᠯᠵᠢᠶᠠᠨ ᠤ ᠴᠤᠭᠯᠠᠭᠠᠨ᠂ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠤᠰᠬᠠᠶ ᠲᠣᠭᠤᠷᠢᠭ ᠲᠤᠬᠢᠷᠠᠭᠤᠯᠤᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠭᠦᠨ ᠢ ᠲᠥᠪᠯᠡᠷᠡᠭᠦᠯᠦᠨ ᠲᠠᠨᠢᠯᠴᠠᠭᠤᠯᠬᠤ᠂ ᠳᠡᠯᠭᠡᠨ ᠦᠵᠡᠭᠦᠯᠬᠦ᠂ ᠪᠣᠷᠣᠯᠠᠭᠤᠯᠬᠤ ᠬᠡᠷᠡᠭᠲᠡᠶ᠃ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ ᠲᠠᠸᠠᠷ ᠢ ᠶᠡᠭᠡ ᠪᠠᠷ ᠨᠡᠭᠡᠭᠡᠨ ᠬᠥᠭᠵᠢᠭᠦᠯᠵᠦ᠂ ᠦᠵᠡᠮᠵᠢ ᠶᠢᠨ ᠣᠷᠣᠨ᠂ ᠵᠢᠭᠤᠯᠴᠢᠯᠠᠭᠴᠢᠳ ᠤᠨ ᠲᠥᠪᠯᠡᠷᠡᠭᠦᠯᠦᠨ ᠲᠠᠷᠬᠠᠭᠠᠬᠤ ᠲᠥᠪ᠂ ᠵᠣᠴᠢᠳ ᠤᠨ ᠪᠠᠭᠤᠳᠠᠯ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠵᠢᠭᠤᠯᠴᠢᠯᠠᠯ ᠤᠨ ᠲᠠᠸᠠᠷ ᠪᠣᠷᠣᠯᠠᠭᠤᠯᠬᠤ ᠲᠤᠰᠬᠠᠶ ᠲᠣᠭᠤᠷᠢᠭ ᠭᠠᠷᠭᠠᠵᠤ ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠ ᠭᠠᠷ ᠤᠷᠠᠯᠠᠯ ᠤᠨ ᠪᠦᠲᠦᠭᠡᠭᠳᠡᠬᠦᠨ ᠢ ᠲᠥᠪᠯᠡᠷᠡᠭᠦᠯᠦᠨ ᠪᠣᠷᠣᠯᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠵᠡᠷᠭᠡ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      6 . ᠭᠦᠢᠯᠭᠡᠭᠡᠨ ᠤ ᠦᠢᠯᠡᠴᠢᠯᠡᠭᠡᠨ ᠤ ᠲᠣᠤᠷ ᠴᠢᠭ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ᠂ ᠢᠯᠡᠭᠡᠨ ᠬᠦᠷᠭᠡᠬᠦ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠠᠷᠢᠶᠠᠯᠠᠩ ᠪᠦᠳᠦᠭᠡᠭᠳᠡᠬᠦ ᠮᠠᠯ ᠤᠨ ᠠᠰᠢᠭ ᠰᠢᠮ᠎ᠡ ᠶᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠨᠢᠭᠡ ᠪᠦᠯᠦᠭ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠬᠥᠮᠥᠷᠭᠡᠯᠡᠬᠦ᠂ ᠢᠯᠭᠠᠬᠤ᠂ ᠪᠣᠭᠤᠳᠠᠯᠯᠠᠬᠤ᠂ ᠠᠩᠬ᠎ᠠ ᠡᠳ᠋ᠰᠢᠭᠦᠯᠬᠦ᠂ ᠲᠡᠭᠡᠭᠡᠪᠦᠷᠢᠯᠡᠬᠦ ᠵᠡᠷᠭᠡ ᠭᠤᠭᠴᠤᠭ᠎ᠠ ᠶᠢᠨ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠤᠳᠠᠨ ᠤ ᠢᠯᠡᠭᠡᠯᠲᠡ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠯᠲᠡ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ᠂ ᠬᠦᠢᠲᠡᠨ ᠬᠡᠯᠬᠢᠶᠡᠲᠦ ᠲᠡᠭᠡᠭᠡᠪᠦᠷᠢ ᠵᠡᠷᠭᠡ ᠮᠠᠯᠵᠢᠬᠤ ᠲᠠᠷᠢᠶᠠᠯᠠᠬᠤ ᠣᠷᠣᠨ ᠤ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠎ᠠ᠃ ᠬᠤᠰᠢᠭᠤ ᠰᠢᠶᠠᠨ ᠤ ᠱᠠᠲᠤᠨ ᠤ ᠬᠥᠮᠥᠷᠭᠡᠯᠡᠨ ᠬᠠᠳᠠᠭᠠᠯᠠᠬᠤ ᠲᠤᠬᠢᠷᠠᠭᠤᠯᠤᠨ ᠬᠦᠷᠭᠡᠬᠦ ᠲᠥᠪ᠂ ᠰᠤᠮᠤ ᠰᠢᠶᠠᠩ ᠪᠠᠯᠭᠠᠰᠤ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠥᠷᠲᠡᠭᠡ᠂ ᠭᠠᠴᠠᠭ᠎ᠠ ᠲᠣᠰᠬᠤᠨ ᠤ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠡᠭ᠂ ᠮᠠᠯᠵᠢᠬᠤ ᠲᠠᠷᠢᠶᠠᠯᠠᠬᠤ ᠣᠷᠣᠨ ᠤ ᠡᠳ᠋ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠳᠠ ᠶᠢᠨ ᠴᠡᠭ ᠵᠡᠷᠭᠡ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠳ᠋ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠡᠭᠦᠰᠬᠡᠯ ᠤᠨ ᠲᠣᠤᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠶᠠᠨᠴᠢᠳ ᠤᠨ ᠵᠦᠭᠡᠭᠡᠪᠤᠷᠢ᠂ ᠡᠳ᠋ ᠪᠠᠷᠠᠭᠠᠨ ᠤ ᠬᠦᠢᠯᠭᠡᠭᠡ ᠪᠠᠷᠠᠭ᠎ᠠ ᠶᠢᠨ᠂ ᠰᠢᠤᠳᠠᠨ ᠤ ᠶᠠᠪᠤᠳᠠᠯ᠂ ᠬᠠᠩᠭᠠᠨ ᠪᠣᠷᠣᠯᠠᠭᠤᠯᠬᠤ ᠵᠡᠷᠭᠡ ᠦᠢᠯᠡᠴᠢᠯᠡᠭᠡᠨ ᠤ ᠴᠢᠳᠠᠮᠵᠢ ᠲᠠᠢ ᠨᠢᠭᠡ ᠪᠦᠯᠦᠭ ︽ᠣᠯᠠᠨ ᠥᠷᠲᠡᠭᠡ ᠶᠢᠨ ᠨᠡᠶᠢᠯᠡᠭᠦᠯᠦᠨ ᠨᠢᠭᠡ ᠪᠣᠯᠭᠠᠭᠰᠠᠨ︾ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ ᠶᠢ ᠪᠦᠲᠦᠭᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ᠂ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠭᠤᠷᠪᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ        7. ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠪᠠᠷᠢᠮᠵᠢᠶᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠨᠢᠭᠡ ᠪᠦᠯᠦᠭ ᠣᠨᠴᠠᠯᠢᠭᠲᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠠᠷᠢᠮᠵᠢᠶᠠᠵᠢᠭᠤᠯᠤᠭᠰᠠᠨ  ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠡᠳᠬᠦᠨ ᠪᠠᠶᠢᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠶ ᠶᠢᠨ ᠢᠯᠡᠷᠭᠡᠶᠢᠯᠡᠯᠳᠤ ᠲᠠᠮᠳᠡᠭ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠮᠵᠢᠶᠠᠵᠢᠭᠤᠯᠤᠭᠰᠠᠨ  ᠦᠢᠯᠡᠳᠪᠦᠷᠢᠯᠡᠯ ᠢ ᠥᠷᠨᠢᠭᠦᠯᠦᠨ᠎ᠡ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠶ ᠶᠢ ᠬᠢᠵᠠᠭᠠᠷᠯᠠᠬᠤ ᠵᠢᠷᠤᠮᠵᠢᠯ ᠪᠠ ᠮᠡᠷᠭᠡᠵᠢᠯ ᠤᠨ ᠳᠦᠷᠢᠮ ᠢ ᠶᠡᠭᠡ ᠪᠠᠷ ᠳᠡᠯᠭᠡᠷᠡᠭᠦᠯᠵᠦ᠂ ᠤᠯᠤᠰ ᠠᠴᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠭᠦ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠣᠨᠴᠠᠯᠢᠭᠲᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠯᠳᠠ ᠶᠢᠨ ᠬᠡᠪᠴᠢᠶ᠎ᠡ ᠶᠢ ᠥᠷᠭᠡᠳᠬᠡᠨ᠎ᠡ᠃ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠮᠡᠷᠭᠡᠵᠢᠯ ᠤᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠥᠷᠳᠡᠬᠦ ᠰᠢᠰᠲ᠋ᠧᠮ ᠤᠨ ᠪᠠᠶᠢᠭᠤᠯᠤᠯᠲᠠ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠭᠡ ᠵᠡᠷᠭᠡ ᠪᠣᠯᠪᠠᠰᠤᠷᠠᠯ ᠢ ᠡᠷᠬᠢᠯᠡᠬᠦ ᠳᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠣᠯᠪᠠᠰᠤᠷᠠᠯ ᠳᠤ ᠣᠷᠣᠯᠴᠠᠬᠤ ᠲᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠢᠨᠵᠢᠯᠡᠬᠦ ᠤᠬᠠᠭᠠᠨ ᠲᠸᠡᠭᠨᠢᠭ ᠮᠡᠷᠭᠡᠵᠢᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ᠂ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶       8. ᠣᠨᠴᠠᠯᠢᠭᠲᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠭᠡᠪᠴᠢᠶᠠᠵᠢᠬᠦᠯᠬᠦ ᠠᠵᠤ ᠦᠢᠯᠡᠰᠵᠢᠬᠦᠯᠬᠦ ᠬᠥᠭᠵᠢᠯᠲᠡ ᠶᠢ ᠶᠡᠭᠡ ᠪᠠᠷ ᠲᠦᠯᠬᠢᠨ ᠠᠬᠢᠭᠤᠯᠤᠨ᠎ᠠ᠃ ᠨᠢᠭᠡ ᠪᠦᠯᠦᠭ ᠬᠡᠪᠴᠢᠶᠡᠵᠢᠭᠰᠡᠨ ᠦᠢᠯᠡᠳᠪᠦᠷᠢᠯᠡᠯ ᠤᠨ ᠳᠠᠯᠳᠠ ᠬᠦᠴᠦᠨ ᠲᠠᠢ ᠣᠨᠴᠠᠯᠢᠭᠲᠤ ᠲᠠᠷᠢᠶᠠᠯᠠᠩ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠭᠦᠨᠵᠡᠭᠡᠶ ᠠᠭᠤᠳᠠᠯᠵᠤ᠂ ᠠᠵᠤ ᠦᠶ᠋ᠯᠡᠰ ᠤᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬᠢᠶᠠᠯᠠᠭ᠎ᠠ ᠶᠢᠨ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠬᠡᠪᠴᠢᠶᠡᠵᠢᠭᠰᠡᠨ  ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠠᠩᠬ᠎ᠠ ᠪᠣᠯᠪᠠᠰᠤᠷᠠᠭᠤᠯᠤᠯᠲᠠ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠠᠶᠢᠯᠭᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠲᠠᠷᠢᠶᠠᠴᠢᠨ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠤᠰᠬᠠᠶ ᠠᠵᠢᠯ ᠤᠨ ᠬᠤᠷᠰᠢᠶ᠎ᠠ ᠪᠣᠯᠤᠨ ᠲᠠᠷᠢᠶᠠᠯᠠᠩ ᠳᠤ ᠬᠤᠯᠪᠣᠭᠳᠠᠬᠤ ᠳᠤᠮᠳᠠ ᠵᠢᠵᠢᠭ ᠠᠵᠤ ᠠᠬᠤᠶᠢᠯᠠᠯ ᠤᠨ ᠬᠠᠳᠠᠭᠠᠯᠠᠬᠤ ᠵᠣᠭᠤᠷᠢ᠂ ᠰᠠᠯᠬᠢ ᠨᠡᠪᠲᠡᠷᠡᠭᠦᠯᠬᠦ ᠬᠥᠮᠥᠷᠭᠡ᠂ ᠬᠦᠢᠲᠡᠨ ᠬᠠᠳᠠᠭᠠᠯᠠᠬᠤ ᠬᠥᠮᠥᠷᠭᠡ ᠪᠣᠯᠤᠨ ᠬᠠᠲᠠᠭᠠᠭᠰᠠᠨ ᠭᠡᠷ ᠪᠠᠶᠢᠰᠢᠩ ᠵᠡᠷᠭᠡ ᠭᠠᠷᠤᠯᠲᠠ ᠶᠢᠨ ᠣᠷᠣᠨ ᠤ ᠠᠩᠬ᠎ᠠ ᠪᠣᠯᠪᠠᠰᠤᠷᠠᠭᠤᠯᠬᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠶᠢ ᠳᠡᠮᠵᠢᠬᠦ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠥᠮᠥᠰᠥ᠂ ᠵᠢᠮᠢᠰ ᠨᠣᠭᠤᠭ᠎ᠠ᠂ ᠢᠳᠡᠭᠡᠨ ᠤ ᠮᠥᠭᠦ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠡᠯᠳᠡᠪ ᠠᠮᠤ ᠪᠤᠷᠴᠠᠭ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠡᠳ᠋ᠰᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠬᠠᠳᠠᠭᠠᠯᠠᠬᠤ ᠨᠥᠬᠦᠴᠡᠯ ᠢ ᠰᠠᠶᠢᠵᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ       9. ᠣᠨᠴᠠᠯᠢᠭᠲᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠥᠷᠥᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠠᠯᠢᠭᠲᠤ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠢ ᠪᠤᠯᠭᠠᠬᠤ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠥᠷᠥᠯ ᠲᠡᠮᠳᠡᠭ ᠢ ᠪᠤᠶᠢᠵᠢᠭᠤᠯᠬᠤ᠂ ᠮᠠᠭᠠᠳᠯᠠᠨ ᠲᠣᠭᠲᠠᠭᠠᠬᠤ ᠵᠡᠷᠭᠡ ᠠᠵᠢᠯ ᠳᠤ ᠳᠡᠮᠵᠢᠯᠭᠡ ᠦᠵᠡᠭᠦᠯᠬᠦ ᠶᠢ ᠴᠢᠩᠭᠠᠷᠠᠭᠤᠯᠤᠨ᠎ᠠ᠃ ᠣᠨᠴᠠᠯᠢᠭᠲᠤ ᠪᠦᠲᠦᠭᠡᠭᠳᠡᠬᠦᠨ ᠤ ᠳᠠᠪᠠᠭᠤᠯᠢᠭ ᠣᠷᠣᠨ ᠳᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠠᠬᠤᠶᠢᠯᠠᠯ ᠤᠨ ᠲᠥᠷᠥᠯ ᠲᠡᠮᠳᠡᠭ ᠢ ᠬᠥᠭᠵᠢᠭᠦᠯᠬᠦ ᠶᠢ ᠵᠣᠷᠢᠭᠵᠢᠭᠤᠯᠤᠨ ᠳᠠᠮᠵᠢᠨ᠎ᠠ᠃ ᠲᠥᠷᠥᠯ ᠲᠡᠮᠳᠡᠭ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠪᠣᠯᠪᠠᠰᠤᠷᠠᠯ ᠤᠨ ᠠᠭᠤᠯᠭ᠎ᠠ᠂ ᠪᠣᠯᠪᠠᠰᠤᠷᠠᠯ ᠳᠤ ᠣᠷᠣᠯᠴᠠᠭᠰᠠᠳ ᠤᠨ ᠭᠦᠢᠴᠡᠳᠭᠡᠬᠦ ᠲᠤᠭ᠎ᠠ ᠵᠡᠷᠭᠡ ᠲᠠᠯ᠎ᠠ ᠪᠠᠷ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠠᠶᠢᠯᠭᠡᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠥᠷᠥᠯ ᠲᠡᠮᠳᠡᠭ ᠢ ᠤᠬᠠᠭᠤᠯᠬᠤ ᠪᠠ ᠲᠠᠨᠢᠯᠴᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠨᠴᠠᠯᠢᠭᠲᠤ ᠦᠢᠯᠡᠳᠭᠦᠨ ᠤ ᠨᠠᠷᠠᠲᠤ ᠲᠥᠷᠥᠯ ᠲᠡᠮᠳᠡᠭ ᠢ ᠬᠥᠭᠵᠢᠭᠦᠯᠬᠦ ᠳᠠᠪᠠᠭᠤᠯᠢᠭ ᠢ ᠥᠷᠭᠡᠨ ᠢᠶᠠᠷ ᠤᠬᠠᠭᠤᠯᠤᠨ᠎ᠠ᠃ ︽ᠶᠠᠰᠤ ᠴᠢᠨᠠᠷ ᠤᠨ ᠰᠠᠷ᠎ᠠ︾ ︽ᠳᠤᠮᠳᠠᠳᠤ ᠤᠯᠤᠰ ᠤᠨ ᠲᠦᠷᠦᠯ ᠲᠡᠮᠳᠡᠭ ᠤᠨ ᠡᠳᠦᠷ︾ ︽ᠳᠤᠮᠳᠠᠳᠤ ᠤᠯᠤᠰ ᠠᠴᠠ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠨᠴᠠᠯᠢᠭᠲᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠲᠥᠷᠥᠯ ᠲᠡᠮᠳᠡᠭ ᠢ ᠳᠡᠯᠭᠡᠨ ᠦᠵᠡᠭᠦᠯᠬᠦ ᠪᠠ ᠲᠠᠨᠢᠯᠴᠠᠭᠤᠯᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ᠂ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶       ︵ᠳᠥᠷᠪᠡ︶ ᠰᠡᠯᠡᠭᠦᠴᠡᠯ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠠᠵᠢᠯᠯᠠᠭ᠎ᠠ ᠶᠢ ᠶᠡᠭᠡ ᠪᠠᠷ ᠠᠬᠢᠭᠤᠯᠤᠨ᠎ᠠ       10. ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠭᠠᠵᠠᠷ ᠰᠢᠷᠣᠶ ᠶᠢ ᠠᠰᠢᠬᠯᠠᠬᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳᠡᠭᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠭ᠎ᠠ ᠬᠡᠮᠵᠢᠶᠡᠨ ᠤ ᠭᠦᠢᠴᠡᠳᠭᠡᠬᠦ ᠲᠤᠭ᠎ᠠ ᠶᠢ ᠤᠷᠢᠳᠴᠢᠯᠠᠨ ᠦᠯᠡᠳᠡᠭᠡᠵᠦ ᠪᠣᠯᠤᠨ᠎ᠠ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠴᠢᠭ ᠲᠤ ᠲᠣᠭᠤᠭᠠᠨ ᠭᠡᠷ ᠢ ᠥᠭᠡᠷᠡᠴᠢᠯᠡᠬᠦ᠂ ᠵᠣᠷᠯᠣᠩ ᠢ ᠥᠭᠡᠷᠡᠴᠢᠯᠡᠬᠦ᠂ ᠵᠣᠴᠢᠨ ᠤ ᠥᠷᠥᠭᠡ ᠶᠢ ᠥᠭᠡᠷᠡᠴᠢᠯᠡᠬᠦ᠂ ᠬᠦᠷᠢᠶ᠎ᠡ ᠬᠠᠰᠢᠶ᠎ᠠ ᠶᠢ ᠡᠮᠬᠢᠯᠡᠬᠦ ︽ᠭᠤᠷᠪᠠ ᠶᠢ ᠥᠭᠡᠷᠡᠴᠢᠯᠡᠵᠦ ᠨᠢᠭᠡ ᠶᠢ ᠴᠡᠭᠴᠡᠯᠡᠬᠦ︾ ᠢᠨᠵᠧᠨᠧᠷᠢᠩ ᠢ ᠬᠡᠷᠡᠭᠵᠢᠭᠦᠯᠦᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠠᠶᠢᠭᠠᠯᠢ ᠶᠢᠨ ᠠᠮᠢ ᠠᠬᠤᠶ᠂ ᠠᠷᠠᠳ ᠤᠨ ᠰᠤᠷᠲᠠᠯ ᠠᠷᠠᠳ ᠤᠨ ᠵᠠᠩ ᠦᠢᠯᠡ ᠶᠢ ᠢᠯᠡᠷᠡᠭᠦᠯᠦᠭᠰᠡᠨ ᠣᠨᠴᠠᠯᠢᠭᠲᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠶᠡᠭᠡ ᠪᠠᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ‍ ᠨᠢᠭᠡ ᠪᠦᠯᠦᠭ ᠲᠥᠷᠥᠯ ᠵᠦᠢᠯ ᠢ ᠡᠭᠦᠳᠦᠨ ᠪᠠᠶᠢᠭᠤᠯᠵᠤ᠂ ᠲᠠᠪᠤᠨ ᠣᠳᠣᠨ ᠲᠡᠰ ᠤᠨ ᠨᠢᠭᠡ ᠪᠦᠯᠦᠭ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠶᠢ ᠪᠤᠢ ᠪᠣᠯᠭᠠᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠮᠠᠨ ᠤ ᠣᠷᠣᠨ ᠤ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠰᠠᠮᠠᠯ ᠵᠠᠮ᠂ ᠰᠤᠮᠤ ᠰᠢᠶᠠᠩ ᠪᠠᠯᠭᠠᠰᠤ ᠶᠢᠨ ᠠᠶᠠᠨᠴᠢᠳ ᠤᠨ ᠵᠦᠭᠡᠭᠡᠪᠤᠷᠢ ᠶᠢᠨ ᠥᠷᠲᠡᠭᠡ ᠪᠣᠯᠤᠨ ᠲᠣᠰᠬᠤᠨ ᠤ ᠲᠡᠷᠭᠡ ᠬᠦᠯᠢᠶᠡᠬᠦ ᠭᠠᠵᠠᠷ ᠤᠨ ᠪᠦᠳᠤᠭᠡᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠲᠠᠮᠵᠢᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤ ᠵᠠᠮ᠂ ᠦᠵᠡᠮᠵᠢ ᠶᠢᠨ ᠣᠷᠣᠨ ᠤ ᠦᠵᠡᠮᠵᠢ ᠶᠢᠨ ᠴᠡᠭ ᠤᠨ ᠬᠤᠭᠤᠷᠤᠨᠳᠤᠬᠢ ᠨᠠᠪᠳᠡᠷᠡᠯᠴᠡᠭᠡ ᠶᠢᠨ ᠴᠢᠳᠠᠪᠤᠷᠢ ᠶᠢ ᠲᠡᠭᠡᠭᠰᠢᠯᠡᠬᠦᠯᠤᠨ᠎ᠠ᠃᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ᠃ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      11. ᠰᠡᠯᠡᠭᠦᠴᠡᠯ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠪᠠᠶᠢᠭᠤᠯᠭ᠎ᠠ ᠨᠢᠭᠡᠴᠢ ᠶᠢᠨ ᠴᠢᠭ ᠲᠣᠭᠲᠠᠭᠠᠨ ᠬᠠᠪᠰᠤᠷᠤᠨ ᠲᠡᠳᠬᠦᠬᠦ ᠲᠤᠬᠢᠶᠠᠯ ᠢ ᠠᠮᠵᠢᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠳᠤ ᠡᠵᠡᠩᠨᠡᠨ ᠪᠣᠷᠣᠯᠠᠭᠤᠯᠬᠤ᠂ ᠦᠢᠯᠡᠴᠢᠯᠡᠬᠦ᠂ ᠬᠠᠮᠢᠶᠠᠷᠬᠤ ᠵᠡᠷᠭᠡ ᠲᠠᠯ᠎ᠠ ᠶᠢᠨ ᠵᠢᠯᠣᠭᠤᠳᠣᠯᠭ᠎ᠠ ᠪᠠ ᠪᠣᠯᠪᠠᠰᠤᠷᠠᠯ ᠬᠠᠩᠭᠠᠨ᠎ᠠ᠃ ᠵᠢᠭᠤᠯᠴᠢᠯᠠᠯ ᠤᠨ ᠡᠬᠢ ᠪᠠᠶᠠᠯᠢᠭ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠬᠠᠷᠢᠴᠠᠩᠭᠤᠶ ᠪᠠᠷ ᠲᠥᠪᠯᠡᠷᠡᠭᠰᠡᠨ ᠭᠠᠵᠠᠷ ᠣᠷᠣᠨ ᠳᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠵᠢᠭᠤᠯᠴᠢᠯᠠᠯ ᠤᠨ ᠠᠵᠢᠯ ᠲᠥᠷᠥᠯ ᠤᠨ ᠨᠡᠶᠢᠭᠡᠮᠯᠢᠭ ᠵᠡᠷᠭᠡ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠮᠵᠢᠯᠴᠠᠨ ᠬᠥᠭᠵᠢᠬᠦ᠂ ᠵᠦᠶ ᠵᠣᠬᠢᠰᠲᠠᠶ ᠥᠷᠢᠰᠥᠯᠳᠦᠭᠡᠨ ᠢ ᠵᠢᠷᠤᠮᠵᠢᠭᠤᠯᠤᠨ᠎ᠠ᠃ ᠡᠭᠦᠨ ᠤ ᠬᠠᠮᠲᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠵᠢᠯᠯᠠᠭᠠᠨ ᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠠᠭᠠᠯᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ᠃ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      12. ᠰᠢᠶᠠᠩ ᠲᠤᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠪᠠᠶᠢᠴᠠᠭᠠᠨ ᠣᠶᠢᠯᠠᠭᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠠᠶᠢᠭᠠᠯᠢ ᠶᠢᠨ ᠠᠮᠢ ᠠᠬᠤᠶ᠂ ᠲᠡᠤᠬᠡ ᠰᠣᠶᠣᠯ᠂ ᠤᠷᠤᠨ ᠪᠦᠰᠡ ᠶᠢᠨ ᠣᠨᠴᠠᠯᠢᠭᠳᠤ ᠰᠣᠶᠣᠯ᠂ ᠦᠨᠳᠦᠰᠦᠲᠡᠨ ᠤ ᠵᠠᠩ ᠤᠢᠢᠯᠠ ᠶᠢᠨ ᠰᠤᠶᠤᠯ᠂ ᠤᠯᠠᠮᠵᠢᠯᠠᠯᠲᠤ ᠲᠠᠷᠢᠶᠠᠯᠠᠬᠤ ᠰᠣᠶᠣᠯ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠣᠶᠢᠯᠭᠠᠨ ᠡᠵᠡᠮᠰᠢᠵᠦ᠂ ᠭᠤᠤᠯᠳᠠᠯᠭ᠎ᠠ ᠲᠠᠢ ᠬᠥᠭᠵᠢᠯᠲᠡ ᠶᠢᠨ ᠴᠢᠭᠯᠡᠯ ᠪᠠ ᠣᠷᠣᠨ ᠪᠦᠰᠡ ᠶᠢ ᠲᠣᠳᠣᠷᠬᠠᠶᠢᠯᠠᠨ᠎ᠠ᠃ ᠰᠢᠶᠠᠩ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠨ᠎ᠠ᠃ ᠵᠢᠭᠤᠯᠴᠢᠯᠠᠯ ᠤᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ᠂ ᠵᠢᠭᠤᠯᠴᠢᠯᠠᠯ ᠤᠨ ᠳᠡᠭᠡᠳᠦ ᠰᠤᠷᠭᠠᠭᠤᠯᠢ᠂ ᠵᠢᠭᠤᠯᠴᠢᠯᠠᠯ ᠤᠨ ᠠᠵᠤ ᠠᠬᠤᠶᠢᠯᠠᠯ᠂ ᠵᠢᠭᠤᠯᠴᠢᠯᠠᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠨᠢᠭᠡᠴᠢ ᠶᠢ ᠵᠣᠬᠢᠶᠠᠨ ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠢ ᠬᠠᠪᠰᠤᠷᠤᠨ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠪᠠᠰᠠ ᠵᠢᠭᠤᠯᠴᠢᠯᠠᠯ ᠤᠨ ᠵᠠᠮ ᠱᠤᠭᠤᠮ ᠤᠨ ᠵᠢᠷᠤᠭ ᠲᠥᠯᠥᠪᠯᠡᠭᠡ ᠂ ᠦᠢᠯᠡᠳᠭᠦᠨ ᠤ ᠨᠡᠭᠡᠭᠡᠯᠲᠡ᠂ ᠲᠥᠷᠥᠯ ᠲᠠᠮᠳᠡᠭ ᠤᠨ ᠤᠬᠠᠭᠤᠯᠭ᠎ᠠ ᠵᠡᠷᠭᠡ ᠲᠠᠯ᠎ᠠ ᠶᠢᠨ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠶᠢ ᠬᠠᠩᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠵᠡᠷᠭᠡ ᠂ ᠡᠯ᠎ᠠ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶      13. ᠵᠢᠭᠤᠯᠴᠢᠯᠠᠯ ᠤᠨ ᠰᠣᠳᠣᠨ ᠲᠥᠷᠥᠯ ᠵᠦᠢᠯ ᠢ ᠤᠬᠠᠭᠤᠯᠤᠨ ᠲᠠᠨᠢᠯᠴᠠᠭᠤᠯᠬᠤ ᠡᠷᠴᠢᠮ ᠢ ᠴᠢᠩᠭᠠᠷᠠᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠢ ᠵᠣᠬᠢᠶᠠᠨ ᠪᠠᠶᠢᠭᠤᠯᠤᠨ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠬᠠᠮᠢᠶ᠎ᠠ ᠪᠦᠬᠦᠢ ᠭᠤᠣᠯ ᠰᠡᠳᠦᠪ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠣᠷᠣᠨ ᠨᠤᠲᠤᠭ ᠤᠨ ᠣᠨᠴᠠᠯᠢᠭ᠂ ᠠᠮᠲᠠᠲᠤ ᠢᠳᠡᠭᠡᠨ ᠤ ᠦᠵᠡᠮᠵᠢ᠂ ᠵᠠᠩ ᠦᠢᠯᠡ ᠶᠢᠨ ᠰᠣᠶᠣᠯ᠂ ᠪᠠᠶᠢᠭᠠᠯᠢ ᠶᠢᠨ ᠥᠩᠭᠡ ᠦᠵᠡᠮᠵᠢ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠢᠯᠡᠷᠡᠭᠦᠯᠵᠦ᠂ ᠨᠢᠭᠡ ᠪᠦᠯᠦᠭ ᠣᠨᠴᠠᠯᠢᠭᠲᠤ ᠰᠣᠳᠣᠨ ᠰᠡᠯᠡᠭᠦᠴᠡᠯ ᠵᠢᠭᠤᠯᠴᠢᠯᠠᠯ ᠤᠨ ᠲᠥᠷᠥᠯ ᠵᠦᠢᠯ ᠢ ᠲᠥᠪᠯᠡᠷᠡᠭᠦᠯᠦᠨ ᠲᠠᠨᠢᠯᠴᠠᠭᠤᠯᠤᠨ᠎ᠠ᠃ ᠰᠢᠨ᠎ᠡ ᠵᠠᠭᠤᠴᠢᠯᠠᠭᠤᠷ ᠤᠨ ᠡᠬᠢ ᠪᠠᠶᠠᠯᠢᠭ ᠢ ᠠᠰᠢᠬᠯᠠᠨ᠂ ᠡᠯ᠎ᠡ ᠲᠥᠷᠥᠯ ᠤᠨ ᠲᠠᠪᠴᠠᠩ ᠳᠤ ᠲᠦᠰᠢᠭᠯᠡᠨ᠂ ᠣᠯᠠᠨ ᠵᠦᠢᠯ ᠤᠨ ᠬᠡᠯᠪᠡᠷᠢ ᠶᠢᠨ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠷᠠᠳᠢᠣ᠋ ᠲᠧᠯᠸᠢᠰ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      14. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠦᠬᠦ ᠣᠷᠣᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠠᠳᠬᠦᠬᠦ ᠨᠡᠭᠡᠭᠡᠯᠳᠠ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠬᠠᠮᠳᠤᠷᠠᠯ ᠬᠦᠴᠦᠨ ᠢ ᠪᠤᠢ ᠪᠣᠯᠭᠠᠵᠤ᠂ ᠬᠠᠮᠢᠶ᠎ᠠ ᠪᠦᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠣᠯᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠳᠠᠷᠦ᠋ᠢᠬᠠᠨ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠡᠳ᠋ ᠤᠨ ᠵᠠᠰᠠᠭ ᠤᠨ ᠲᠢᠩᠬᠢᠮ ᠵᠡᠷᠭᠡ᠃ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      15. ᠠᠰᠢᠭ ᠲᠤᠰᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠠᠭᠠᠭᠤᠯᠤᠭᠴᠢ ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ᠂ ᠪᠠᠶᠠᠵᠢᠯ ᠤᠨ ᠳᠠᠭᠠᠭᠤᠯᠤᠭᠴᠢ ᠪᠣᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠰᠢᠭ ᠲᠤᠰᠠ ᠶᠢᠨ ᠬᠤᠯᠪᠤᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠢᠯᠡᠳᠭᠦᠨ ᠪᠣᠯᠤᠨ ᠦᠢᠯᠡᠴᠢᠯᠡᠭᠡᠨ ᠤ ᠬᠡᠷᠡᠭᠯᠡᠭᠡᠨ ᠤ ᠶᠠᠪᠤᠴᠠ ᠳᠠᠬᠢ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠣᠷᠣᠯᠭ᠎ᠠ ᠶᠢ ᠨᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠤᠢᠭᠡᠢ ᠪᠤᠵᠠᠭᠠᠶᠢᠷᠠᠭᠤᠯᠤᠨ᠎ᠠ᠃ ᠵᠠᠬ᠎ᠠ ᠳᠡᠯᠭᠡᠭᠦᠷ ᠢ ᠵᠣᠯᠭᠠᠭᠤᠯᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠲᠠᠭᠠᠭᠠᠤᠯᠤᠭᠴᠢ ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ᠂ ᠪᠠᠶᠠᠵᠢᠯ ᠤᠨ ᠳᠠᠭᠠᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠴᠢᠬᠤᠯᠠᠴᠢᠯᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠡᠳ᠋ ᠤᠨ ᠵᠠᠰᠠᠭ ᠣᠨ ᠲᠢᠩᠬᠢᠮ ᠵᠡᠷᠭᠡ᠂ ᠡᠯ᠎ᠠ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ      16. ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠨᠴᠠᠯᠢᠭᠲᠤ ᠦᠢᠯᠡᠳᠭᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠭᠤᠯᠤᠯᠲᠠ ᠶᠢ ᠳᠠᠮᠵᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ᠮᠥᠩᠭᠦᠨ ᠭᠦᠢᠯᠭᠡᠭᠡ᠂ ᠭᠠᠵᠠᠷ ᠰᠢᠷᠣᠶ᠂ ᠭᠠᠶᠢᠯᠢ ᠰᠦᠢᠳᠭᠡᠯ ᠵᠡᠷᠭᠡ ᠲᠠᠯ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠣᠷᠣᠯᠴᠠᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠳᠤ ᠶᠠᠳᠠᠭᠤ ᠶᠢ ᠲᠡᠳᠬᠦᠭᠰᠡᠨ ᠦᠷ᠎ᠡ ᠪᠦᠲᠦᠮᠵᠢ ᠶᠢ ᠮᠠᠭᠠᠳᠯᠠᠨ ᠲᠣᠭᠲᠠᠭᠠᠵᠤ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠪᠠᠯ ᠵᠣᠬᠢᠰᠲᠠᠶ ᠠᠷᠭ᠎ᠠ ᠮᠠᠶ᠋ᠢᠭ ᠢ ᠠᠪᠴᠤ ᠬᠥᠬᠢᠭᠦᠯᠦᠨ ᠤᠷᠮᠠᠰᠢᠭᠤᠯᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠳᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ᠂ ᠡᠯ᠎ᠠ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶      17. ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠵᠢᠯ ᠤᠨ ᠲᠥᠯᠥᠪᠯᠡᠭᠡ ᠳᠤ ᠣᠷᠣᠭᠤᠯᠵᠤ᠂ ᠲᠥᠪ ᠤᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ᠂ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠴᠢᠬᠤᠯᠠ ᠠᠭᠤᠯᠭ᠎ᠠ ᠪᠣᠯᠭᠠᠬᠤ ᠶᠢᠨ ᠬᠠᠮᠲᠤ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠲᠣᠬᠢᠷᠠᠭᠤᠯᠬᠤ ᠳᠦᠷᠢᠮ ᠢ ᠪᠠᠶᠢᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠭᠠᠵᠠᠷ ᠣᠷᠣᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠥᠷᠨᠢᠭᠦᠯᠬᠦ ᠠᠬᠢᠴᠠ ᠶᠢ ᠴᠠᠭ ᠲᠤᠬᠠᠶ ᠳᠤᠨᠢ ᠮᠥᠷᠳᠡᠨ ᠳᠠᠭᠠᠵᠤ᠂ ᠠᠵᠢᠯ ᠢ ᠠᠬᠢᠭᠤᠯᠬᠤ ᠶᠠᠪᠤᠴᠠ ᠳᠤ ᠢᠯᠡᠷᠡᠭᠰᠡᠨ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠡᠳ᠋ ᠤᠨ ᠵᠠᠰᠠᠭ ᠤᠨ ᠲᠢᠩᠬᠢᠮ ᠵᠡᠷᠭᠡ᠃ ᠡᠯ᠎ᠡ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶                              2019 ᠣᠨ ᠤ 6 ᠰᠠᠷ᠎ᠠ ᠶᠢᠨ 16 ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号