【ᠶᠠᠳᠠᠭᠤ ᠠᠴᠠ ᠠᠩᠭᠢᠵᠢᠷᠠᠭᠰᠠᠨ ᠦᠯᠢᠭᠡᠷ 】 ᠼᠤᠤ ᠶᠢᠨ ᠰᠢᠤᠸᠠᠢ᠄ ᠠᠮᠢᠳᠤᠷᠠᠯ ᠵᠢᠯ ᠠᠴᠠ ᠵᠢᠯ ᠰᠠᠶᠢᠵᠢᠷᠠᠵᠤ ᠪᠠᠶᠢᠨ᠎ᠠ
ᠨᠡᠶᠢᠲᠡᠯᠡᠭᠰᠡᠨ ᠴᠠᠭ᠄
2021/12/2
   ︽ᠣᠳᠣ ᠮᠠᠨ ᠤ ᠬᠥᠳᠡᠭᠡ ᠲᠣᠰᠬᠤᠨ ᠤ ᠠᠮᠢᠳᠤᠷᠠᠯ ᠤᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ ᠠᠮᠢᠳᠤᠷᠠᠯ ᠤᠨ ᠣᠷᠴᠢᠨ ᠨᠥᠬᠦᠴᠡᠯ ᠴᠦ ᠤᠯᠠᠮ ᠠᠴᠠ ᠤᠯᠠᠮ ᠭᠤᠶᠣ ᠰᠠᠶᠢᠬᠠᠨ ᠪᠣᠯᠵᠤ ᠪᠠᠶᠢᠨ᠎ᠠ᠂ ᠭᠠᠴᠠᠭᠠᠨ ᠤ ᠣᠷᠴᠢᠨ ᠠᠬᠤᠶ ᠶᠢᠨ ᠠᠷᠢᠭᠤᠨ ᠴᠡᠪᠡᠷ ᠢ ᠰᠠᠶᠢᠲᠤᠷ ᠴᠡᠪᠡᠷᠯᠡᠵᠦ᠂ ᠲᠡᠷᠡ ᠴᠠᠯᠢᠩ ᠳᠠᠭᠠᠨ ᠣᠰᠣᠯᠳᠠᠬᠤ ᠦᠭᠡᠶ ᠪᠠᠷ ᠣᠯᠠᠨ ᠳᠤ ᠠᠷᠢᠭᠤᠨ ᠴᠡᠪᠡᠷ ᠲᠠᠭᠠᠯᠠᠮᠵᠢᠲᠠᠶ ᠣᠷᠴᠢᠨ ᠲᠣᠭᠤᠷᠢᠨ ᠢ ᠪᠤᠶ ᠪᠣᠯᠭᠠᠵᠤ ᠥᠭᠬᠦ ᠪᠣᠯ ᠮᠢᠨᠦ ᠠᠵᠢᠯ ᠤᠨ ᠡᠭᠦᠷᠭᠡ ᠬᠠᠷᠢᠭᠤᠴᠠᠯᠭ᠎ᠠ ᠮᠥᠨ︾᠃ ᠭᠡᠵᠦ ᠼᠤᠤ ᠶᠢᠨ ᠰᠢᠤᠸᠠᠢ ᠭᠠᠴᠠᠭᠠᠨ ᠤ ᠵᠡᠭᠡᠯᠢ ᠭᠤᠳᠤᠮᠵᠢ ᠶᠢ ᠴᠡᠪᠡᠷᠯᠡᠬᠦ ᠶᠢᠨ ᠳᠠᠭᠠᠤ ᠬᠡᠯᠡᠪᠡ᠃    ᠼᠤᠤ ᠶᠢᠨ ᠰᠢᠤᠸᠠᠢ ᠪᠣᠯ ᠠᠯᠠᠱᠠ ᠵᠡᠭᠦᠨ ᠬᠤᠰᠢᠭᠤᠨ ᠤ ᠪᠠᠷᠠᠭᠤᠨ ᠪᠠᠯ ᠪᠠᠯᠭᠠᠰᠤᠨ ᠤ ᠠᠯᠳᠠᠨᠲᠠᠯ᠎ᠠ ᠭᠠᠴᠠᠭᠠᠨ ᠤ ᠰᠠᠭᠤᠭᠠᠯᠢ ᠠᠷᠠᠳ᠃ 2013 ᠣᠨ ᠳᠤ᠂ ᠲᠡᠭᠦᠨ ᠤ ᠬᠤᠶᠠᠷ ᠥᠬᠢᠨ ᠨᠢ ᠴᠥᠮ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠵᠤ᠂ ᠬᠡᠦᠬᠡᠳ ᠤᠨ ᠬᠢᠨᠢ ᠨᠣᠮ ᠤᠩᠰᠢᠬᠤ ᠵᠠᠷᠤᠳᠠᠯ ᠨᠢ ᠬᠠᠷᠢᠨ ᠪᠡᠶ᠎ᠡ ᠪᠠᠷ ᠢᠶᠠᠨ ᠴᠢᠨᠡᠭᠡᠯᠢᠭ ᠪᠢᠰᠢ ᠼᠤᠤ ᠶᠢᠨ ᠰᠢᠤᠸᠠᠶ ᠶᠢᠨ ᠨᠢᠭᠡ ᠭᠡᠷ ᠤᠨ ᠬᠢᠨ ᠢ ᠭᠠᠷ ᠮᠡᠬᠦᠰ ᠭᠠᠨᠵᠤᠭ᠎ᠠ ᠲᠠᠲᠠᠭᠤ ᠪᠣᠯᠭᠠᠵᠠᠶ᠃ 2015 ᠣᠨ ᠳᠤ᠂ ᠼᠤᠤ ᠶᠢᠨ ᠰᠢᠤᠸᠠᠢ ᠶᠢᠨ ᠨᠢᠭᠡ ᠭᠡᠷ ᠤᠨ ᠬᠢᠨ ᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠠᠷ ᠢᠯᠭᠠᠨ ᠲᠠᠨᠢᠵᠤ᠂ ᠰᠤᠷᠤᠯᠭ᠎ᠠ ᠶᠢ ᠲᠡᠳᠬᠦᠬᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ᠂ ᠡᠮ ᠡᠮᠨᠡᠯᠭᠡ ᠵᠡᠷᠭᠡ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠷᠳᠡᠪᠡ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠲᠡᠭᠦᠨ ᠳᠤ ᠪᠠᠰᠠ 10 ᠠᠳᠦ᠋ ᠢᠳᠡᠰᠢᠨ ᠬᠤᠨᠢ ᠬᠤᠳᠠᠯᠳᠤᠨ ᠠᠪᠴᠤ ᠬᠤᠪᠢ ᠣᠷᠣᠭᠤᠯᠤᠭᠰᠠᠨ ᠠᠴᠠ ᠵᠢᠯ ᠪᠦᠷᠢ 1200 ᠲᠥᠭᠦᠷᠢᠭ ᠤᠨ ᠠᠰᠢᠭ ᠬᠤᠪᠢᠶᠠᠵᠤ ᠪᠣᠯᠤᠨ᠎ᠠ᠃ 2016 ᠣᠨ ᠳᠤ᠂ ᠼᠤᠤ ᠶᠢᠨ ᠰᠢᠤᠸᠠᠢ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠡᠳ᠋ᠯᠡᠵᠦ᠂ 80 ᠲᠡᠭᠰᠢ ᠳᠥᠷᠪᠡᠯᠵᠢᠨ ᠮᠧᠳ᠋ᠷ ᠤᠨ ᠰᠢᠨ᠎ᠡ ᠲᠣᠭᠤᠰᠬᠠᠨ ᠪᠠᠶᠢᠰᠢᠩ ᠪᠠᠷᠢᠭᠰᠠᠨ ᠪᠥᠭᠡᠳ ᠶᠠᠳᠠᠭᠤ ᠬᠦᠴᠢᠷᠳᠡᠯᠲᠡᠢ ᠬᠥᠮᠦᠰ ᠤᠨ ᠡᠩᠨᠡᠭᠡ ᠠᠴᠠ ᠤᠬᠤᠷᠢᠨ ᠭᠠᠷᠴᠠᠢ᠃  ︽ᠮᠠᠨ ᠤ ᠨᠢᠭᠡ ᠭᠡᠷ ᠤᠨ ᠥᠩᠭᠡᠷᠡᠭᠰᠡᠨ ᠳᠤ ᠰᠠᠭᠤᠵᠤ ᠪᠠᠶᠢᠭᠰᠠᠨ ᠭᠡᠷ ᠪᠠᠶᠢᠰᠢᠩ ᠮᠠᠰᠢ ᠬᠠᠭᠤᠴᠢᠷᠠᠵᠤ᠂ ᠠᠮᠢᠳᠤᠷᠠᠯ ᠤᠨ ᠨᠥᠬᠦᠴᠡᠯ ᠣᠨᠴᠠᠭᠠᠶ ᠪᠠᠷᠤᠭᠲᠠᠶ ᠪᠣᠯᠵᠠᠶ᠂ ᠣᠳᠣ ᠪᠢᠳᠡ ᠰᠢᠨ᠎ᠡ ᠭᠡᠷ ᠲᠤ ᠰᠠᠭᠤᠵᠤ᠂ ᠣᠷᠣᠯᠭ᠎ᠠ ᠨᠢ ᠵᠢᠯ ᠠᠴᠠ ᠵᠢᠯ ᠨᠡᠮᠡᠭᠳᠡᠵᠦ ᠂ ᠠᠮᠢᠳᠤᠷᠠᠯ ᠨᠢ ᠵᠢᠯ ᠠᠴᠠ ᠵᠢᠯ ᠰᠠᠶᠢᠵᠢᠷᠠᠵᠤ ᠪᠠᠶᠢᠨ᠎ᠠ︾ ᠭᠡᠵᠦ ᠼᠤᠤ ᠶᠢᠨ ᠰᠢᠤᠸᠠᠢ ᠬᠡᠯᠡᠪᠡ᠃   2020 ᠣᠨ ᠳᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠼᠤᠤ ᠶᠢᠨ ᠰᠢᠤᠸᠠᠢ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠣᠯᠵᠤ᠂ ᠭᠠᠴᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ ᠶᠢ ᠬᠠᠷᠢᠭᠤᠴᠠᠵᠤ᠂ ᠰᠠᠷ᠎ᠠ ᠪᠦᠷᠢ ᠶᠢᠨ ᠴᠠᠯᠢᠩ 1800 ᠲᠥᠭᠦᠷᠢᠭ ᠲᠤ ᠬᠦᠷᠴᠡᠢ᠃ ᠡᠭᠦᠨ ᠠᠴᠠ ᠭᠠᠳᠠᠨ᠎ᠠ᠂ ᠼᠤᠤ ᠶᠢᠨ ᠰᠢᠤᠸᠠᠢ ᠪᠠᠰᠠ ᠵᠤᠨ ᠤ ᠤᠯᠠᠷᠢᠯ ᠳᠤ ᠪᠤᠰᠤᠳ ᠲᠠᠷᠢᠶᠠᠴᠢᠨ ᠡᠷᠦᠬᠡ ᠳᠤ ᠲᠠᠷᠢᠶ᠎ᠠ ᠤᠰᠤᠯᠠᠵᠤ ᠂ 2 ᠲᠦᠮᠡ ᠭᠠᠷᠤᠶ ᠲᠥᠭᠦᠷᠢᠭ ᠤᠨ ᠴᠡᠪᠡᠷ ᠣᠷᠣᠯᠭ᠎ᠠ ᠣᠯᠵᠤ᠂ ᠭᠡᠷ ᠲᠡᠭᠡᠨ ᠪᠠᠰᠠ 40 ᠭᠠᠷᠤᠶ ᠬᠤᠨᠢ ᠲᠡᠵᠢᠭᠡᠵᠦ ᠪᠠᠶᠢᠪᠠ᠃ ︽ᠡᠨᠡ ᠵᠢᠯ᠂ ᠵᠠᠰᠠᠭ ᠤᠨ ᠣᠷᠳᠣᠨ ᠠᠴᠠ ᠨᠠᠳᠠ ᠳᠤ ᠬᠤᠪᠢ ᠣᠷᠣᠭᠤᠯᠵᠤ ᠥᠭᠭᠦᠭᠰᠡᠨ 10 ᠠᠳᠦ᠋ ᠶᠢᠨ ᠢᠳᠡᠰᠢᠨ ᠬᠤᠨᠢ ᠶᠢ ᠪᠢ ᠥᠪᠡᠷ ᠢᠶᠠᠨ ᠲᠡᠵᠢᠭᠡᠯᠭᠡᠬᠦ ᠪᠠᠷ ᠲᠤᠰᠢᠶᠠᠪᠠ᠂ ᠢᠩᠭᠢᠪᠡᠯ 50 ᠭᠠᠷᠤᠢ ᠬᠤᠨᠢ ᠲᠠᠢ ᠪᠣᠯᠴᠢᠬᠠᠨ᠎ᠠ︾ ᠭᠡᠵᠦ ᠵᠢᠭᠠᠵᠤ ᠭᠠᠷᠭᠠᠪᠠ᠃ ᠡᠨᠡ ᠵᠢᠯ ᠳᠤ᠂ ᠵᠠᠰᠠᠭ ᠤᠨ ᠣᠷᠳᠣᠨ ᠠᠴᠠ ᠨᠠᠳᠠ ᠳᠤ ᠬᠤᠪᠢ ᠣᠷᠣᠭᠤᠯᠤᠭᠰᠠᠨ 10 ᠠᠳᠦ᠋ ᠶᠢᠨ ᠢᠳᠡᠰᠢᠨ ᠬᠤᠨᠢ ᠶᠢ ᠪᠢ ᠥᠪᠡᠷ ᠢᠶᠠᠨ ᠲᠡᠵᠢᠭᠡᠯᠭᠡᠬᠦ ᠪᠠᠷ ᠲᠤᠰᠢᠶᠠᠪᠠ᠃ ᠼᠤᠤ ᠶᠢᠨ ᠰᠢᠤᠸᠠᠨ᠄ 2017 ᠣᠨ ᠳᠤ ᠬᠤᠶᠠᠷ ᠬᠡᠦᠬᠡᠳ ᠪᠦᠷ ᠲᠡᠭᠦᠰᠦᠭᠰᠡᠨ ᠪᠥᠭᠡᠳ ᠮᠠᠰᠢ ᠤᠷᠮ᠎ᠠ ᠲᠠᠢ ᠪᠠᠶᠢᠪᠠ᠂ ᠬᠤᠶᠠᠳᠤᠭᠠᠷ ᠥᠬᠢᠨ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠳᠠᠨ ᠤ ᠤᠳᠤᠮᠰᠢᠯ ᠤᠨ ᠰᠤᠳᠤᠯᠭᠠᠨ ᠤ ᠭᠠᠵᠠᠷ ᠲᠤ ᠠᠵᠢᠯᠯᠠᠵᠤ᠂ ᠶᠡᠭᠡ ᠥᠬᠢᠨ ᠨᠢ ᠠᠹᠷᠢᠺᠠ ᠲᠢᠪ ᠤᠨ ᠰᠤᠷᠭᠠᠨ ᠬᠥᠮᠦᠵᠢᠯ ᠢ ᠳᠡᠮᠵᠢᠭᠡᠳ ᠬᠠᠷᠢᠵᠤ ᠢᠷᠡᠭᠰᠡᠨ ᠤ ᠳᠠᠷᠠᠭ᠎ᠠ ᠠᠰᠫᠢᠷᠠᠨᠲ ᠤᠨ ᠰᠢᠯᠭᠠᠯᠲᠠ ᠳᠤ ᠣᠷᠣᠯᠴᠠᠵᠤ᠂ ᠤᠳᠤ ᠶᠠᠭ ᠬᠢᠷᠢ ᠪᠦᠲᠦᠮᠵᠢ ᠪᠠᠨ ᠨᠡᠶᠢᠲᠡᠯᠡᠬᠦ ᠶᠢ ᠬᠦᠯᠢᠶᠡᠵᠦ ᠪᠠᠶᠢᠨ᠎ᠠ᠃ ᠭᠡᠪᠡᠴᠦ ᠬᠥᠭᠰᠢᠨ ᠤ ᠣᠯᠠᠨ ᠵᠢᠯ ᠤᠨ ᠲᠤᠷᠰᠢᠬᠢ ᠪᠠᠮᠪᠠᠶ ᠪᠤᠯᠴᠢᠷᠬᠠᠶ ᠶᠢᠨ ᠡᠪᠡᠳᠴᠢᠨ ᠢ ᠨᠢᠳᠤᠨᠤᠨ ᠮᠡᠰᠡ ᠵᠠᠰᠠᠯ ᠢᠶᠠᠷ ᠵᠠᠰᠠᠵᠤ ᠡᠳᠡᠭᠡᠷᠡᠭᠦᠯᠦᠭᠰᠡᠨ ᠪᠥᠭᠡᠳ ᠡᠮᠨᠡᠯᠭᠡ ᠳᠤ ᠰᠠᠭᠤᠵᠤ ᠡᠮᠨᠡᠭᠦᠯᠦᠭᠰᠡᠨ ᠲᠦᠮᠡ ᠭᠠᠷᠤᠶ ᠲᠥᠭᠦᠷᠢᠭ ᠤᠨ ᠵᠠᠷᠤᠳᠠᠯ ᠢ 8000 ᠭᠠᠷᠤᠶ ᠲᠥᠭᠦᠷᠢᠭ ᠢᠶᠠᠷ ᠳᠠᠩᠰᠠᠨ ᠠᠴᠠ ᠲᠠᠶᠢᠯᠤᠭᠰᠠᠨ ᠨᠢ ᠲᠡᠭᠦᠨ ᠤ ᠬᠠᠮᠤᠭ ᠠᠴᠠ ᠪᠠᠶᠠᠷᠯᠠᠭᠤᠰᠢᠲᠠᠶ ᠶᠠᠪᠤᠳᠠᠯ ᠶᠤᠮ᠃ ᠼᠤᠤ ᠶᠢᠨ ᠰᠢᠤᠸᠠᠢ ︽ᠣᠳᠣᠬᠠᠨ ᠳᠤ ᠢᠳᠡᠵᠦ ᠤᠤᠭᠤᠬᠤ ᠬᠤᠨᠣᠵᠤ ᠬᠡᠪᠲᠡᠬᠦ ᠶᠠᠪᠤᠳᠠᠯ ᠳᠤ ᠵᠣᠪᠠᠭ᠋ᠤ ᠤᠴᠢᠷ ᠦᠭᠡᠶ᠂ ᠵᠢᠯ ᠪᠦᠷᠢ ᠪᠠᠰᠠ ᠰᠦᠢᠳᠬᠡᠯ ᠬᠤᠷᠢᠶᠠᠬᠤ ᠦᠭᠡᠶ ᠪᠠᠷ ᠪᠡᠶ᠎ᠡ ᠶᠢᠨ ᠪᠠᠶᠢᠴᠠᠭᠠᠯᠲᠠ ᠬᠢᠳᠡᠭ᠂ ᠨᠡᠶᠢᠭᠡᠮ ᠤᠨ ᠳᠠᠭᠠᠳᠬᠠᠯ ᠪᠣᠯᠤᠨ ᠡᠮ ᠡᠮᠨᠡᠯᠭᠡ ᠶᠢᠨ ᠳᠠᠭᠠᠳᠬᠠᠯ ᠴᠥᠮ ᠪᠠᠶᠢᠨ᠎ᠠ᠂ ᠥᠨᠥᠳᠦᠷ ᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠭᠰᠡᠨ ᠳᠡᠭᠡᠨ ᠪᠢ ᠮᠠᠰᠢ ᠰᠡᠳᠬᠢᠯ ᠬᠠᠨᠤᠮᠵᠢᠲᠠᠶ ᠪᠠᠶᠢᠨ᠎ᠠ︾  ᠭᠡᠪᠡ᠃ ᠡᠭᠦᠨ ᠠᠴᠠ ᠬᠤᠶᠢᠰᠢᠳᠠ ᠶᠢᠨ ᠲᠥᠯᠥᠪᠯᠡᠭᠡ ᠪᠠᠨ ᠶᠠᠷᠢᠬᠤ ᠳᠠᠭᠠᠨ ᠼᠤᠤ ᠶᠢᠨ ᠰᠢᠤᠸᠠᠢ ᠢᠨᠢᠶᠡᠨ ᠬᠡᠯᠡᠬᠦ ᠳᠡᠭᠡᠨ᠄ ︽ᠮᠠᠨ ᠤ ᠤᠳᠤ ᠶᠢᠨ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠭ᠎ᠠ ᠪᠣᠯᠪᠠᠴᠤ ᠦᠷᠭᠦᠯᠵᠢᠯᠡᠨ ᠴᠢᠷᠮᠠᠶᠢᠬᠤ ᠬᠡᠷᠡᠭᠲᠡᠶ᠂ ᠡᠨᠡ ᠵᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠢ ᠰᠠᠶᠢᠲᠤᠷ ᠬᠢᠬᠦ ᠶᠢᠨ ᠵᠡᠷᠭᠡᠴᠡᠭᠡᠪᠡᠷ ᠪᠢ ᠦᠷᠭᠦᠯᠵᠢᠯᠡᠨ ᠤᠰᠤᠯᠠᠬᠤ᠂ ᠲᠠᠷᠢᠶᠠᠨ ᠤ ᠠᠷᠠᠴᠢᠯᠠᠯᠲᠠ ᠵᠡᠷᠭᠡ ᠲᠠᠷᠢᠶᠠᠨ ᠠᠵᠢᠯ ᠢ ᠳᠠᠭᠠᠭᠠᠨ ᠠᠪᠴᠤ᠂ ᠥᠪᠡᠷ ᠤᠨ ᠬᠡᠳᠦᠨ ᠠᠷᠪᠠᠨ ᠬᠤᠨᠢ ᠪᠠᠨ ᠰᠠᠶᠢᠲᠤᠷ ᠲᠡᠵᠢᠭᠡᠵᠦ᠂ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠦᠨ᠂ ᠨᠡᠩ ᠰᠠᠶᠢᠨ ᠰᠠᠶᠢᠬᠠᠨ ᠠᠮᠢᠳᠤᠷᠠᠬᠤ ᠪᠠᠷ ᠲᠥᠯᠥᠪᠯᠡᠵᠦ ᠪᠠᠶᠢᠨ᠎ᠠ︾ ᠭᠡᠪᠡ᠃    
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号