【 ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ 】ᠹᠧᠩ ᠵᠧᠨ ᠬᠤᠲᠠ᠄ ︽ᠪᠥᠬᠦ ᠬᠦᠴᠦᠨ ᠢᠶᠠᠷ ᠢᠶᠠᠨ ᠪᠠᠶᠢᠯᠳᠤᠵᠤ︾ ᠲᠣᠰᠬᠤᠨ ᠳᠤ ᠰᠠᠭᠤᠬᠤ ᠠᠵᠢᠯ ᠤᠨ ︽ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ︾
ᠨᠡᠶᠢᠲᠡᠯᠡᠭᠰᠡᠨ ᠴᠠᠭ᠄
2021/12/2
   ᠡᠨᠡ ᠵᠢᠯ ᠠᠴᠠ ᠨᠠᠭᠠᠰᠢ᠂ ᠹᠧᠩ ᠵᠧᠨ ᠬᠤᠳᠠ ︽ᠨᠠᠮ ᠤᠨ ᠪᠠᠶᠢᠭᠤᠯᠤᠯᠲᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠠᠵᠢᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠰᠠᠶᠢᠲᠤᠷ ᠪᠠᠶᠢᠭᠤᠯᠵᠤ ᠨᠠᠮ ᠤᠨ ᠪᠠᠶᠢᠭᠤᠯᠤᠯᠲᠠ ᠶᠢ ᠠᠬᠢᠭᠤᠯᠬᠤ︾ ᠠᠵᠢᠯ ᠤᠨ ᠰᠡᠳᠬᠢᠴᠡ ᠶᠢ ᠢᠮᠠᠭᠲᠠ ᠪᠠᠷᠢᠮᠲᠠᠯᠠᠵᠤ᠂ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠬᠥᠮᠦᠰ ᠢ ᠰᠣᠩᠭᠤᠨ ᠲᠣᠮᠢᠯᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠬᠦ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ᠂ ᠦᠢᠯᠡᠳᠦᠯ ᠢ ᠪᠠᠳᠠᠷᠠᠭᠤᠯᠬᠤ᠂ ᠦᠢᠯᠡᠴᠢᠯᠡᠭᠡ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ︽ᠪᠡᠯᠡᠳᠬᠡᠯ ᠬᠦᠴᠦᠨ︾ ᠤ ᠦᠢᠯᠡᠳᠦᠯ ᠢ ᠦᠨᠡᠨᠬᠦ ᠬᠥᠭᠵᠢᠭᠡᠵᠦ᠂ ᠲᠣᠰᠬᠤᠨ ᠳᠤ ᠰᠠᠭᠤᠬᠤ ᠠᠵᠢᠯ ᠤᠨ ︽ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢ ᠪᠠᠲᠤᠯᠠᠵᠠᠢ᠃    ᠶᠠᠰᠤ ᠴᠢᠨᠠᠷ ᠤᠨ ᠪᠠᠷᠢᠮᠵᠢᠶ᠎ᠠ ᠶᠢ ᠴᠢᠩᠭ᠎ᠠ ᠠᠳᠬᠤᠵᠤ᠂ ︽ᠣᠨᠣᠪᠴᠢᠲᠠᠶ ᠰᠣᠩᠭᠤᠬᠤ︾ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 20 ᠦᠰᠦᠭ ᠤᠨ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠪᠦᠬᠦ ᠬᠤᠲᠠ ᠶᠢᠨ ᠪᠤᠶ ᠪᠦᠬᠦᠢ ᠲᠣᠰᠬᠤᠨ ᠤ ᠣᠳᠣᠬᠢ ᠪᠠᠶᠢᠳᠠᠯ ᠵᠢᠴᠢ ᠨᠢᠭᠡᠴᠡ ᠶᠢᠨ ᠠᠵᠢᠯ ᠤᠨ ᠬᠦᠴᠦᠨ ᠢ ᠰᠣᠩᠭᠤᠨ ᠲᠣᠮᠢᠯᠠᠬᠤ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠯ᠎ᠡ ᠨᠢᠭᠡᠴᠡ ᠶᠢᠨ ᠲᠣᠮᠢᠯᠠᠨ ᠰᠠᠭᠤᠯᠭᠠᠭᠰᠠᠨ ᠲᠣᠰᠬᠤᠨ ᠳᠤ ᠰᠠᠭᠤᠬᠤ ᠠᠵᠢᠯᠯᠠᠬᠤ ᠠᠩᠭᠢ ᠪᠣᠯ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠠᠵᠢᠯ ᠤᠨ ᠴᠢᠳᠠᠪᠤᠷᠢ ᠪᠠᠷ ᠴᠢᠩᠭ᠎ᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ᠂ ᠣᠪᠣᠷ ᠰᠤᠷᠲᠠᠯ ᠯᠠᠪᠳᠠᠭᠤᠨ ᠪᠠᠲᠤᠲᠠᠶ᠂ ᠣᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠶ᠂ ᠬᠥᠳᠡᠭᠡ ᠲᠣᠰᠬᠤᠨ ᠤ ᠠᠵᠢᠯ ᠢ ᠬᠠᠯᠠᠭᠤᠨ ᠢᠶᠠᠷ ᠬᠠᠶᠢᠷᠠᠯᠠᠳᠠᠭ ᠺᠠᠳ᠋ᠷ ᠪᠣᠯᠤᠨ ᠬᠤᠲᠠ ᠶᠢᠨ ᠰᠢᠭᠤᠳ ᠬᠠᠷᠢᠶ᠎ᠠ ᠨᠢᠭᠡᠴᠡ ᠳᠠᠬᠢ ᠰᠢᠶᠠᠩ ᠪᠠᠯᠭᠠᠰᠤᠨ ᠳᠤ ᠠᠵᠢᠯᠯᠠᠭᠰᠠᠨ ᠥᠩᠭᠡᠷᠡᠯᠲᠡ ᠦᠭᠡᠶ ᠵᠠᠯᠠᠭᠤ ᠺᠠᠳ᠋ᠷ ᠪᠣᠯᠤᠨ᠎ᠠ᠂ ᠢᠯᠠᠩᠭᠤᠶ᠎ᠠ ᠬᠡᠰᠡᠭ ᠢᠳᠡᠷ ᠵᠠᠯᠠᠭᠤ ᠺᠠᠳ᠋ᠷᠴᠤᠳ ᠢ ᠨᠢᠭᠡᠳᠦᠭᠡᠷ ᠹᠷᠣᠨᠲ ᠲᠤ ᠰᠣᠩᠭᠤᠨ ᠲᠣᠮᠢᠯᠠᠵᠤ ᠳᠠᠪᠲᠠᠨ ᠪᠣᠯᠪᠠᠰᠤᠷᠠᠭᠤᠯᠬᠤ ᠬᠡᠷᠡᠭᠲᠡᠶ ᠭᠡᠵᠦ ᠱᠠᠭᠠᠷᠳᠠᠵᠠᠶ᠃ ᠣᠳᠣᠬᠠᠨ ᠳᠤ᠂ ᠲᠣᠰᠬᠤᠨ ᠳᠤ ᠲᠣᠮᠢᠯᠠᠨ ᠰᠠᠭᠤᠯᠭᠠᠭᠰᠠᠨ ᠠᠵᠢᠯᠯᠠᠬᠤ ᠠᠩᠬᠢ ᠶᠢ 93᠂ ᠲᠣᠰᠬᠤᠨ ᠳᠤ ᠰᠠᠭᠤᠭ᠎ᠠ ᠺᠠᠳ᠋ᠷ ᠢ 214 ᠰᠣᠩᠭᠤᠪᠠ᠂ ᠡᠭᠦᠨ ᠳᠤ ᠨᠢᠭᠡᠳᠦᠭᠡᠷ ᠱᠦᠵᠢ 93᠂ ᠠᠵᠢᠯᠯᠠᠬᠤ ᠠᠩᠬᠢ ᠶᠢᠨ ᠭᠡᠰᠢᠭᠦᠨ ᠢ 121 ᠰᠣᠩᠭᠤᠵᠤ᠂ ᠪᠦᠬᠦ ᠬᠦᠴᠦᠨ ᠢᠶᠠᠷ ᠢᠶᠠᠨ ᠪᠠᠶᠢᠯᠳᠤᠬᠤ ᠶᠢ ᠦᠨᠡᠨᠬᠦ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠤᠭ ᠤᠨ ᠬᠦᠴᠦᠷᠬᠡᠭ ︽ᠨᠢᠭᠡᠳᠦᠭᠡᠷ ᠵᠢᠭᠰᠠᠭᠠᠯ︾ ᠢ ᠲᠣᠮᠢᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠦᠳᠦᠭᠡᠨ ᠪᠠᠶᠢᠭᠤᠯᠬᠤ ᠳᠤ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠠᠢ᠃    ᠬᠥᠮᠦᠵᠢᠯ ᠪᠣᠯᠪᠠᠰᠤᠷᠠᠭᠤᠯᠤᠯ ᠢ ᠪᠠᠲᠤᠳᠬᠠᠵᠤ᠂ ︽ᠰᠠᠶᠢᠲᠤᠷ ᠬᠡᠷᠡᠭᠯᠡᠬᠦ︾ ᠶᠢ ᠦᠨᠡᠨ ᠬᠦ ᠪᠠᠲᠤᠯᠠᠨ᠎ᠠ᠃ ᠲᠣᠰᠬᠤᠨ ᠳᠤ ᠰᠠᠭᠤᠭ᠎ᠠ ᠭᠡᠰᠢᠭᠦᠳ ᠤᠨ ᠲᠤᠬᠠᠶᠢᠯᠠᠭᠰᠠᠨ ᠠᠵᠢᠯ ᠳᠠᠭᠠᠨ ᠠᠯᠢ ᠲᠦᠷᠭᠡᠨ ᠢᠶᠠᠷ ᠳᠠᠳᠮᠠᠭᠠᠶ ᠪᠣᠯᠵᠤ᠂ ᠳᠦᠷᠢ ᠳᠤ ᠣᠷᠣᠵᠤ ᠠᠵᠢᠯ ᠢᠶᠠᠨ ᠥᠷᠨᠢᠭᠦᠯᠬᠦ ᠶᠢ ᠡᠯ᠎ᠡ ᠰᠢᠶᠠᠩ ᠪᠠᠯᠭᠠᠰᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠲᠦᠰᠢᠭᠯᠡᠨ᠂ ᠬᠤᠷᠠᠯ ᠢᠶᠠᠷ ᠪᠣᠯᠪᠠᠰᠤᠷᠠᠯ ᠢ ᠣᠷᠣᠯᠠᠭᠤᠯᠬᠤ᠂ ᠲᠤᠰᠬᠠᠶ ᠰᠡᠳᠦᠪᠲᠦ ᠪᠣᠯᠪᠠᠰᠤᠷᠠᠭᠤᠯᠤᠯ᠂ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ᠂ ︽ᠹᠤᠩᠵᠤᠨ ᠬᠤᠲᠠ ᠶᠢᠨ ᠲᠣᠰᠬᠤᠨ ᠳᠤ ᠰᠠᠭᠤᠬᠤ ᠠᠵᠢᠯ ᠤᠨ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠠᠭᠤᠯᠭ᠎ᠠ ᠶᠢᠨ ᠲᠣᠭᠤᠷᠢᠨ ᠳᠤ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠪᠦᠷᠢᠯᠳᠦᠬᠦᠨ ᠳᠤ ᠪᠦᠬᠦᠨ ᠢ ᠬᠠᠮᠤᠷᠤᠭᠰᠠᠨ᠂ ᠬᠠᠨᠳᠤᠯᠭᠠᠲᠤ ᠴᠢᠨᠠᠷᠲᠠᠶ ᠪᠣᠯᠪᠠᠰᠤᠷᠠᠭᠤᠯᠤᠯ ᠬᠢᠨ᠎ᠠ᠃ ᠮᠡᠳᠡᠪᠡᠯ ᠵᠣᠬᠢᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠢᠯᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠪᠣᠯᠪᠠᠰᠤᠷᠠᠩᠭᠤᠶ ᠡᠵᠡᠮᠰᠢᠬᠦ ᠶᠢ ᠦᠨᠡᠨᠬᠦ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠭᠡᠭᠦ ᠴᠢᠳᠠᠪᠤᠷᠢ ᠪᠠ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠬᠢ ᠶᠢᠨ ᠬᠢᠨ ᠲᠣᠰᠬᠤᠨ ᠤ ︽ᠬᠤᠶᠠᠷ ᠵᠥᠪᠯᠡᠯ︾ ᠤᠨ ᠪᠠᠭ ᠲᠤ ᠢᠳᠡᠪᠬᠢᠲᠡᠢ ᠠᠭᠤᠰᠤᠯᠴᠠᠵᠤ᠂ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠰᠠᠭᠤᠭ᠎ᠠ ᠲᠣᠰᠬᠤᠨ ᠲᠠᠢ ᠪᠠᠨ ︽ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠦᠲᠦᠮᠵᠢᠲᠡᠢ ᠬᠦᠴᠦᠨ ᠨᠡᠮᠡᠷᠢᠯᠡᠵᠡᠢ᠃    ᠦᠢᠯᠡᠴᠢᠯᠡᠭᠡᠨ ᠤ ᠪᠠᠲᠤᠯᠠᠭ᠎ᠠ ᠶᠢ ᠴᠢᠬᠤᠯᠠᠴᠢᠯᠠᠵᠤ᠂ ︽ᠪᠠᠭᠤᠵᠤ ᠳᠡᠶᠢᠯᠬᠦ︾ ᠶᠢ ᠦᠨᠡᠨ ᠬᠦ ᠪᠠᠲᠤᠯᠠᠨ᠎ᠠ᠃ ᠲᠣᠰᠬᠤᠨ ᠳᠤ ᠰᠠᠭᠤᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰᠬᠠᠢ ᠬᠥᠮᠦᠨ ᠳᠤᠭᠤᠶᠢᠯᠠᠩ ᠰᠣᠩᠭᠤᠨ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠠᠵᠢᠯ ᠪᠠ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠵᠤ᠂ ᠡᠬᠢ ᠪᠠᠶᠠᠯᠢᠭ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠲᠡᠶᠢᠰᠢ ᠬᠡᠯᠪᠠᠶᠢᠯᠭᠡᠬᠦ ᠶᠢ ᠪᠠᠷᠢᠮᠲᠠᠯᠠᠵᠤ᠂ ᠴᠢᠬᠤᠯᠠ ᠪᠦᠬᠦᠢ ᠠᠯᠪᠠᠯᠠᠬᠤ ᠪᠠ ᠠᠮᠢᠳᠤᠷᠠᠯ ᠤᠨ ᠬᠡᠷᠡᠭᠰᠡᠯ ᠢ ᠬᠤᠳᠠᠯᠳᠤᠨ ᠠᠪᠤᠨ᠎ᠠ᠃ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠲᠣᠰᠬᠤᠨ ᠳᠤ ᠰᠠᠭᠤᠭ᠎ᠠ ᠺᠠᠳ᠋ᠷ ᠨᠢᠭᠡᠪᠦᠷᠢ ᠳᠤ 50 ᠲᠦᠮᠡᠨ ᠲᠥᠭᠦᠷᠢᠭ ᠤᠨ ᠳᠠᠭᠠᠳᠬᠠᠯ ᠤᠨ ᠮᠥᠩᠭᠦ ᠶᠢᠨ ᠪᠡᠶ᠎ᠡ ᠶᠢᠨ ᠠᠮᠤᠷ ᠲᠦᠪᠰᠢᠨ ᠤ ᠭᠡᠨᠡᠳᠲᠡ ᠶᠢᠨ ᠳᠠᠭᠠᠳᠬᠠᠯ ᠬᠤᠳᠠᠯᠳᠤᠨ ᠠᠪᠴᠤ᠂ ᠲᠣᠰᠬᠤᠨ ᠳᠤ ᠰᠠᠭᠤᠭ᠎ᠠ ᠺᠠᠳ᠋ᠷᠴᠤᠳ ᠲᠤ ᠨᠡᠩ ᠰᠠᠶᠢᠨ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠶᠢᠨ ᠬᠠᠮᠲᠤ ᠺᠠᠳ᠋ᠷ ᠢ ᠰᠣᠩᠭᠤᠨ ᠲᠣᠮᠢᠯᠠᠬᠤ ᠠᠮᠢᠳᠤᠷᠠᠯ ᠤᠨ ᠨᠥᠬᠦᠪᠥᠷᠢ ᠪᠠ ᠵᠠᠮ ᠬᠠᠷᠢᠯᠴᠠᠭᠠᠨ ᠤ ᠨᠥᠬᠦᠪᠥᠷᠢ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰᠬᠤᠨ ᠳᠤ ᠰᠠᠭᠤᠬᠤ ᠠᠵᠢᠯ ᠤᠨ ᠵᠠᠷᠤᠳᠠᠯ ᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠥᠭᠴᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠠᠵᠢᠯᠯᠠᠬᠤ ᠠᠩᠬᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠭᠤᠯᠵᠤ᠂ ︽ᠲᠣᠰᠬᠤᠨ ᠳᠤ ᠰᠠᠭᠤᠬᠤ︾ ᠪᠥᠭᠡᠳ ︽ᠰᠡᠳᠬᠢᠯ ᠳᠤ ᠰᠠᠭᠤᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃     ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠰᠠᠶᠢᠲᠤᠷ ᠬᠠᠮᠢᠶᠠᠷᠬᠤ︾ ᠶᠢ ᠦᠨᠡᠨ ᠬᠦ ᠪᠠᠲᠤᠯᠠᠨ᠎ᠠ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠲᠣᠰᠬᠤᠨ ᠳᠤ ᠰᠠᠭᠤᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠲᠣᠰᠬᠤᠨ ᠳᠤ ᠰᠠᠭᠤᠬᠤ ᠺᠠᠳ᠋ᠷᠴᠤᠳ ᠤᠨ ᠠᠵᠢᠯ ᠢ ᠥᠷᠨᠢᠭᠦᠯᠦᠭᠰᠡᠨ ᠪᠠᠶᠢᠳᠠᠯ ᠳᠤ ᠳᠥᠷᠪᠡᠨ ᠳᠠᠪᠬᠤᠷ ᠰᠢᠪᠠᠳᠠᠨ ᠪᠠᠶᠢᠴᠠᠭᠠᠯᠲᠠ ᠬᠢᠪᠠ᠃ ᠨᠢᠭᠡ ᠳᠤ᠂ ᠲᠣᠰᠬᠤᠨ ᠤ ᠨᠠᠮ ᠤᠨ ᠡᠭᠦᠷ ᠤᠨ ᠱᠦᠵᠢ ᠡᠳᠦᠷ ᠪᠦᠷᠢ ᠲᠣᠰᠬᠤᠨ ᠳᠤ ᠰᠠᠭᠤᠭ᠎ᠠ ᠺᠠᠳ᠋ᠷ ᠲᠤ ᠭᠠᠷ ᠤᠨ ᠦᠰᠦᠭ ᠵᠢᠷᠤᠵᠤ ᠱᠠᠯᠠᠪᠳᠠᠭᠤᠯᠤᠨ ᠪᠠᠶᠢᠴᠠᠭᠠᠨ᠎ᠠ᠃ ᠡᠯ᠎ᠡ ᠰᠢᠶᠠᠩ ᠪᠠᠯᠭᠠᠰᠤ ᠶᠢᠨ ᠲᠣᠰᠬᠤᠨ ᠳᠤ ᠰᠠᠭᠤᠬᠤ ᠠᠯᠪᠠᠨ ᠬᠡᠷ ᠨᠢ ᠬᠤᠲᠠ ᠶᠢᠨ ᠲᠣᠰᠬᠤᠨ ᠳᠤ ᠰᠠᠭᠤᠬᠤ ᠠᠯᠪᠠᠨ ᠬᠡᠷ ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ ᠲᠣᠰᠬᠤᠨ ᠳᠤ ᠰᠠᠭᠤᠬᠤ ᠺᠠᠳ᠋ᠷ ᠤᠨ ᠭᠠᠷ ᠤᠨ ᠥᠰᠥᠭ ᠵᠢᠷᠤᠬᠤ ᠳᠡᠪᠲᠡᠷ ᠢ ᠳᠠᠷᠤᠮᠠᠯᠯᠠᠨ ᠵᠣᠬᠢᠶᠠᠵᠤ᠂ ᠲᠣᠰᠬᠤᠨ ᠤ ᠨᠠᠮ ᠤᠨ ᠡᠭᠦᠷ ᠤᠨ ᠱᠦᠵᠢ ᠡᠳᠦᠷ ᠪᠦᠷᠢ ᠲᠣᠰᠬᠤᠨ ᠳᠤ ᠰᠠᠭᠤᠬᠤ ᠺᠠᠳ᠋ᠷ ᠤᠨ ᠭᠠᠷ ᠤᠨ ᠥᠰᠥᠭ ᠵᠢᠷᠤᠬᠤ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠬᠤ ᠬᠡᠷᠡᠭᠲᠡᠶ᠃ ᠭᠠᠴᠠᠭᠠᠨ ᠤ ᠨᠠᠮ ᠤᠨ ᠡᠭᠦᠷ ᠤᠨ ᠱᠦᠵᠢ ᠠᠵᠢᠯ ᠤᠨ ᠪᠠᠶᠢᠷᠢᠨ ᠳᠤ ᠪᠠᠶᠢᠬᠤ ᠦᠭᠡᠢ ᠪᠣᠯ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠤᠰᠤᠳ ᠪᠦᠷᠢᠯᠳᠦᠬᠦᠨ ᠳᠤ ᠨᠠᠶᠢᠳᠠᠵᠤ ᠬᠢᠨᠠᠭᠤᠯᠤᠨ᠎ᠠ︔ ᠬᠤᠶᠠᠷ ᠲᠤ ᠰᠢᠶᠠᠩ ᠪᠠᠯᠭᠠᠰᠤᠨ ᠤ ᠲᠣᠰᠬᠤᠨ ᠳᠤ ᠰᠠᠭᠤᠭ᠎ᠠ ᠠᠯᠪᠠᠨ ᠬᠡᠷ ᠠᠴᠠ ᠲᠣᠰᠬᠤᠨ ᠳᠤ ᠰᠠᠭᠤᠭ᠎ᠠ ᠺᠠᠳ᠋ᠷᠴᠤᠳ ᠢ ᠰᠠᠷ᠎ᠠ ᠪᠦᠷᠢ ᠨᠢᠭᠡ ᠤᠳᠠᠭ᠎ᠠ ᠬᠢᠨᠠᠨ ᠵᠢᠯᠣᠭᠤᠳᠤᠨ᠎ᠠ︔ ᠭᠤᠷᠪᠠ ᠳᠤ᠂ ᠹᠧᠩ ᠵᠧᠨ ᠬᠤᠲᠠ ᠶᠢᠨ ᠨᠠᠮ ᠤᠨ ᠬᠤᠷᠢᠶ᠎ᠠ ᠱᠠᠯᠠᠪᠳᠠᠭᠤᠯᠤᠨ ᠵᠢᠯᠣᠭᠤᠳᠴᠤ ᠲᠠᠰᠢᠷᠠᠮ ᠢᠶᠠᠷ ᠱᠠᠯᠠᠪᠳᠠᠭᠤᠯᠤᠨ ᠵᠢᠯᠣᠭᠤᠳᠤᠨ᠎ᠠ︔ ᠲᠦᠷᠪᠡ ᠳᠤ᠂ ᠹᠧᠩ ᠵᠧᠨ ᠬᠤᠲᠠ ᠶᠢᠨ ᠲᠣᠰᠬᠤᠨ ᠳᠤ ᠰᠠᠭᠤᠭ᠎ᠠ ᠠᠯᠪᠠᠨ ᠭᠡᠷ ᠰᠠᠷ᠎ᠠ ᠪᠦᠷᠢ ᠨᠢᠭᠡ ᠤᠳᠠᠭ᠎ᠠ ᠬᠢᠨᠠᠨ ᠵᠢᠯᠣᠭᠤᠳᠤᠨ᠎ᠠ᠃ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠪᠠᠭᠤᠵᠤ ᠳᠡᠶᠢᠯᠬᠦ᠂ ᠰᠠᠭᠤᠵᠤ ᠳᠡᠶᠢᠯᠬᠦ᠂ ᠰᠠᠶᠢᠲᠤᠷ ᠠᠵᠢᠯᠯᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号