ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/8
ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠨᠡᠶᠢᠲᠡᠯᠡᠭᠰᠡᠨ ᠴᠠᠭ᠄ 2021/8/4 ᠥᠪᠥᠷ ᠵᠠᠰᠠᠭ ᠲᠠᠷᠬᠠᠭᠠᠭᠰᠠᠨ ﹇2020﹈ 20 ᠳ᠋ᠤᠭᠠᠷ ᠲᠣᠭᠠᠲᠤ                                 2020 ᠣᠨ ᠤ 12 ᠳ᠋ᠤᠭᠠᠷ ᠰᠠᠷ᠎ᠠ ᠶᠢᠨ 4 ᠤ ᠡᠳᠦᠷ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄       ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ             ᠨᠢᠭᠡᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠵᠢᠷᠤᠮᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃           ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ︵ᠳᠣᠷᠣᠭᠰᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠭᠡᠵᠦ ᠲᠣᠪᠴᠢᠯᠠᠨ᠎ᠠ︶ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠳᠤ ᠲᠤᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃           ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠬᠤ ᠭᠤᠣᠯᠯᠠᠭᠴᠢ ᠦᠢᠯᠡᠳᠦᠯ ᠢ ᠪᠠᠳᠠᠷᠠᠭᠤᠯᠤᠨ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠳᠤ ᠨᠠᠮ ᠤᠨ ᠤᠳᠤᠷᠢᠳᠤᠯᠭ᠎ᠠ ᠶᠢ ᠲᠤᠭᠤᠰᠢᠯᠠᠭᠤᠯᠬᠤ ᠬᠡᠷᠡᠭᠲᠡᠢ᠃           ᠳᠥᠷᠪᠡᠳᠦᠭᠡᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢᠭᠡᠳᠦᠯᠲᠡᠢ ᠤᠳᠤᠷᠢᠳᠤᠭᠰᠠᠨ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠵᠦ ᠬᠠᠷᠢᠭᠤᠴᠠᠭᠰᠠᠨ᠂ ᠬᠠᠮᠢᠶ᠎ᠠ ᠪᠦᠬᠦᠢ ᠨᠢᠭᠡᠴᠢ ᠲᠤᠰᠠᠯᠠᠵᠤ ᠬᠠᠮᠵᠢᠯᠴᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃           ᠲᠠᠪᠤᠳᠤᠭᠠᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠶᠢ ᠬᠠᠷᠢᠭᠤᠴᠠᠬᠤ ᠨᠢᠭᠡᠴᠢ ︵ᠳᠣᠷᠣᠭᠰᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠭᠡᠵᠦ ᠲᠣᠪᠴᠢᠯᠠᠨ᠎ᠠ︶ ᠪᠠᠨ ᠲᠣᠳᠣᠷᠬᠠᠢ ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠬᠤᠶᠠᠷ ᠵᠢᠴᠢ ᠲᠡᠭᠦᠨ ᠠᠴᠠ ᠣᠯᠠᠨ ᠨᠢᠭᠡᠴᠢ ᠬᠡᠷᠡᠭᠵᠢᠭᠦᠯᠬᠦ ᠴᠢᠬᠤᠯᠠᠲᠠᠢ ᠪᠠᠶᠢᠪᠠᠯ᠂ ᠲᠦᠷᠦᠭᠦᠯᠡᠨ ᠬᠡᠷᠡᠭᠵᠢᠭᠦᠯᠬᠦ ᠨᠢᠭᠡᠴᠢ ᠶᠢ ᠲᠣᠳᠣᠷᠬᠠᠢ ᠲᠣᠭᠲᠠᠭᠠᠬᠤ ᠬᠡᠷᠡᠭᠲᠡᠢ᠃           ᠵᠢᠷᠭᠤᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠰ ᠨᠢᠭᠡᠴᠢ ︵ᠲᠣᠰ ᠰᠢᠰᠲ᠋ᠧᠮ︶ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠠᠵᠢᠯ ᠢ ᠪᠣᠳᠠᠲᠠᠢ ᠬᠠᠷᠢᠭᠤᠴᠠᠬᠤ ᠬᠡᠷᠡᠭᠲᠡᠢ᠃       ᠳᠣᠯᠣᠳᠤᠭᠠᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃           ᠨᠠᠢᠮᠠᠳᠤᠭᠠᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠡᠪᠴᠢᠶᠡᠨ ᠳᠤ ᠣᠷᠣᠭᠤᠯᠵᠤ᠂ ᠪᠠᠶᠢᠩᠭᠤᠵᠢᠭᠰᠠᠨ ᠮᠦᠷᠳᠡᠨ ᠪᠠᠶᠢᠴᠠᠭᠠᠯᠲᠠ ᠶᠢ ᠬᠡᠷᠡᠭᠵᠢᠭᠦᠯᠦᠨ᠂ ᠬᠡᠷᠡᠭᠵᠢᠭᠦᠯᠬᠦ ᠠᠬᠢᠴᠠ᠂ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠡᠵᠡᠮᠰᠢᠬᠦ ᠬᠡᠷᠡᠭᠲᠡᠢ᠃             ᠶᠢᠰᠦᠳᠦᠭᠡᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠪᠦᠬᠦ ᠲᠠᠯ᠎ᠠ ᠪᠠᠷ᠂ ᠴᠠᠭ ᠲᠤᠬᠠᠢ ᠳᠤ ᠨᠢ᠂ ᠵᠥᠪ ᠣᠨᠣᠪᠴᠢᠲᠠᠢ ᠬᠠᠤᠯᠢ ᠶᠣᠰᠣᠭᠠᠷ ᠬᠡᠷᠡᠭᠵᠢᠭᠦᠯᠬᠦ ᠶᠢᠨ ᠬᠠᠮᠲᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃           ᠠᠷᠪᠠᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠳᠦᠭᠡᠷ ᠬᠠᠷᠢᠭᠤᠴᠠᠯᠭᠠᠲᠠᠨ ᠮᠥᠨ᠂ ᠪᠤᠰᠤᠳ ᠬᠠᠷᠢᠭᠤᠴᠠᠯᠭᠠᠲᠠᠨ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠶᠢᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃           ᠠᠷᠪᠠᠨ ᠨᠢᠭᠡᠳᠦᠭᠡᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠠ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠢ ᠵᠠᠰᠠᠭ ᠤᠨ ᠣᠷᠳᠣᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠪᠤᠶᠤ ᠬᠠᠤᠯᠢ ᠳᠦᠷᠢᠮ ᠢ ᠤᠬᠠᠭᠤᠯᠵᠤ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠬᠤ ᠬᠡᠷᠡᠭᠲᠡᠢ᠃           ᠠᠷᠪᠠᠨ ᠬᠤᠶᠠᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠢ ᠵᠠᠰᠠᠭ  ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢᠶᠠᠨ ᠵᠢᠯ ᠤᠨ ᠡᠴᠦᠰ ᠤᠨ ᠲᠤᠰᠢᠶᠠᠯ ᠤᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠷ ᠨᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠨᠢᠭᠡᠴᠢ ᠵᠢᠴᠢ ᠲᠡᠳᠡᠭᠡᠷ ᠤᠨ ᠬᠠᠷᠢᠭᠤᠴᠠᠯᠭᠠᠲᠠᠨ ᠨᠠᠷ ᠢ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃       ᠠᠷᠪᠠᠨ ᠭᠤᠷᠪᠠᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠲᠤᠰᠬᠠᠢ ᠰᠡᠳᠦᠪ ᠢᠶᠠᠷ ᠰᠤᠳᠤᠯᠬᠤ ᠬᠡᠷᠡᠭᠲᠡᠢ᠃       ᠠᠷᠪᠠᠨ ᠳᠥᠷᠪᠡᠳᠦᠭᠡᠷ ᠵᠦᠢᠯ  ᠬᠠᠤᠯᠢ ᠶᠣᠰᠣᠭᠠᠷ ᠭᠠᠷᠭᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠪᠣᠯ ᠬᠠᠤᠯᠢ ᠪᠠᠷ ᠲᠣᠭᠲᠠᠭᠠᠭᠰᠠᠨ ᠵᠢᠷᠤᠮ ᠢ ᠳᠠᠮᠵᠢᠭᠰᠠᠨ ᠦᠭᠡᠢ ᠪᠠᠶᠢᠪᠠᠯ ᠳᠤᠷ᠎ᠠ ᠪᠠᠷ ᠬᠤᠪᠢᠷᠠᠭᠠᠬᠤ ᠪᠤᠶᠤ ᠬᠡᠷᠡᠭᠵᠢᠭᠦᠯᠬᠦ ᠶᠢ ᠨᠢ ᠵᠣᠭᠰᠣᠭᠠᠵᠤ ᠪᠣᠯᠬᠤ ᠦᠭᠡᠢ᠃           ᠠᠷᠪᠠᠨ ᠲᠠᠪᠤᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠰᠢᠵᠤ ᠪᠠᠶᠢᠭ᠎ᠠ ᠠᠰᠠᠭᠤᠳᠠᠯ᠂ ᠪᠤᠰᠤᠳᠴᠢ ᠪᠠᠶᠢᠳᠠᠯ ᠠᠴᠠ ᠪᠣᠯᠵᠤ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠡᠰᠡᠬᠦᠯ᠎ᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠳᠠᠭᠠᠭᠠᠬᠤ ᠠᠷᠭ᠎ᠠ ᠦᠭᠡᠢ ᠬᠦᠴᠦᠨ ᠡᠭᠦᠰᠦᠭᠰᠡᠨ ᠵᠡᠷᠭᠡ ᠰᠢᠢᠳᠪᠦᠷᠢᠲᠦ ᠪᠣᠳᠣᠯᠭ᠎ᠠ ᠳᠤ ᠲᠣᠭᠲᠠᠭᠠᠭᠰᠠᠨ ᠬᠠᠷᠠᠯᠲᠠ ᠶᠢᠨ ᠪᠡᠶᠡᠯᠡᠭᠳᠡᠬᠦ ᠶᠢ ᠬᠦᠨᠳᠦ ᠨᠣᠴᠢᠲᠠᠢ ᠨᠥᠯᠥᠭᠡᠯᠡᠭᠰᠡᠨ ᠢ ᠣᠯᠵᠤ ᠮᠡᠳᠡᠪᠡᠯ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃           ᠠᠷᠪᠠᠨ ᠵᠢᠷᠭᠤᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠦᠨᠡᠯᠡᠨ ᠵᠢᠱᠢᠯᠲᠡ ᠬᠢᠬᠦ ᠳᠤ᠂ ᠪᠣᠳᠠᠲᠠᠢ ᠦᠨᠡᠯᠡᠨ ᠵᠢᠱᠢᠬᠦ ᠠᠵᠢᠯ ᠢ ᠡᠭᠦᠷᠭᠡᠯᠡᠭᠰᠡᠨ ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠢ᠃           ᠠᠷᠪᠠᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠥᠬᠦ ᠶᠠᠪᠤᠴᠠ ᠶᠢ ᠨᠢ ᠲᠡᠮᠳᠡᠭᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠢ᠃           ᠠᠷᠪᠠᠨ ᠨᠠᠢᠮᠠᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠰᠣᠨᠢᠨ ᠰᠡᠳᠬᠦᠯ᠂ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠪᠠᠷ ᠳᠠᠮᠵᠢᠭᠤᠯᠤᠨ ᠨᠡᠶᠢᠭᠡᠮ ᠳᠤ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ᠂ ᠢᠯᠡ ᠪᠣᠯᠭᠠᠵᠤ ᠪᠣᠯᠬᠤ ᠦᠭᠡᠢ ᠨᠢ ᠡᠭᠦᠨ ᠳᠤ ᠪᠠᠭᠲᠠᠬᠤ ᠦᠭᠡᠢ᠃           ᠠᠷᠪᠠ ᠶᠢᠰᠦᠳᠦᠭᠡᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃           ᠬᠤᠷᠢᠳᠤᠭᠠᠷ ᠵᠦᠢᠯ  ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠨ᠎ᠠ ᠭᠡᠵᠦ ᠦᠵᠡᠪᠡᠯ᠂ ᠵᠠᠬᠢᠳᠠᠯ ᠴᠢᠮᠡᠭᠡ᠂ ᠤᠲᠠᠰᠤ᠂ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠵᠦ᠂ ᠵᠠᠭᠠᠯᠳᠤᠵᠤ ᠪᠣᠯᠣᠨ᠎ᠠ᠂ ᠬᠤᠯᠪᠣᠭᠳᠠᠯ ᠪᠦᠬᠦᠢ ᠪᠠᠶᠢᠭᠤᠯᠭ᠎ᠠ ᠨᠢ ᠴᠠᠭ ᠲᠤᠬᠠᠢ ᠳᠤ ᠨᠢ ᠭᠥᠯᠢᠶᠡᠨ ᠠᠪᠴᠤ ᠭᠦᠢᠴᠡᠳᠬᠡᠬᠦ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃           ᠬᠤᠷᠢᠨ ᠨᠢᠭᠡᠳᠦᠭᠡᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠨᠢ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠬᠡᠷᠡᠭᠲᠡᠢ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠲᠡᠳᠡᠭᠡᠷ ᠤᠨ ᠭᠤᠣᠯ ᠬᠠᠷᠢᠭᠤᠴᠠᠯᠭᠠᠲᠠᠨ ᠲᠠᠢ ᠨᠢ ᠪᠣᠯᠵᠣᠨ ᠶᠠᠷᠢᠯᠴᠠᠬᠤ ᠶᠢᠨ ᠬᠠᠮᠲᠤ᠂ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠨᠢᠭᠡᠴᠢ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠬᠡᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠳᠠᠯ ᠳᠤ ᠨᠡᠶᠢᠴᠡᠭᠰᠡᠨ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠥᠮᠥᠰ ᠪᠠ ᠰᠢᠭᠤᠳ ᠬᠠᠷᠢᠭᠤᠴᠠᠯᠭᠠᠲᠠᠨ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃      ︵ᠨᠢᠭᠡ︶ ᠲᠦᠷᠦᠭᠦᠯᠡᠨ ᠬᠢᠬᠦ᠂ ᠬᠠᠮᠵᠢᠯᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠰᠤᠯᠠ ᠪᠠᠶᠢᠬᠤ︔       ︵ᠬᠤᠶᠠᠷ︶ ᠬᠡᠷᠡᠭᠵᠢᠭᠦᠯᠬᠦ ᠶᠢ ᠲᠡᠪᠴᠢᠭᠰᠡᠨ᠂ ᠲᠦᠯᠬᠢᠯᠴᠡᠭᠰᠡᠨ ᠪᠠ ᠬᠤᠶᠢᠰᠢᠯᠠᠭᠤᠯᠤᠭᠰᠠᠨ ᠪᠠᠶᠢᠬᠤ︔       ︵ᠭᠤᠷᠪᠠ︶ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠡᠳ ᠨᠢᠭᠤᠵᠤ ᠥᠯᠥ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠤᠶᠤ ᠣᠷᠬᠢᠭᠳᠠᠭᠤᠯᠤᠭᠰᠠᠨ ᠪᠠᠶᠢᠬᠤ︔       ︵ᠳᠥᠷᠪᠡ︶ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠬᠤ︔     ︵ᠲᠠᠪᠤ︶ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠪᠤᠰᠤᠳ ᠪᠠᠶᠢᠳᠠᠯ᠃           ᠬᠤᠷᠢᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠭᠰᠡᠨ ᠲᠣᠭᠲᠠᠭᠠᠯ ᠢ ᠬᠦᠯᠢᠶᠡᠬᠦ ᠦᠭᠡᠢ ᠪᠣᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠠᠬᠢᠨ ᠬᠢᠨᠠᠬᠤ᠂ ᠭᠤᠮᠣᠳᠠᠯ ᠲᠣᠭᠠᠴᠢᠬᠤ ᠪᠠᠷ ᠳᠤᠷᠠᠳᠴᠤ ᠪᠣᠯᠣᠨ᠎ᠠ᠃           ᠬᠤᠷᠢᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ᠂ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃            ᠬᠤᠷᠢᠨ ᠳᠥᠷᠪᠡᠳᠦᠭᠡᠷ ᠵᠦᠢᠯ  ᠲᠣᠰ ᠲᠣᠭᠲᠠᠭᠠᠯ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号