ᠮᠠᠨ ᠤ ᠣᠷᠣᠨ 150.5 ᠳ᠋ᠦᠩᠰᠢᠭᠤᠷ ᠲᠥᠭᠦᠷᠢᠭ ᠤᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠲᠠᠷᠬᠠᠭᠠᠵᠤ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2021/3/24
    ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠢᠳᠤᠨᠤᠨ ᠵᠢᠯ ᠤᠨ ᠰᠡᠭᠦᠯᠴᠢ ᠪᠣᠯᠲᠠᠯ᠎ᠠ᠂ ᠮᠠᠨ ᠤ ᠣᠷᠣᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠪᠠᠷ ᠳᠠᠮᠵᠢᠭᠤᠯᠤᠨ ᠨᠡᠶᠢᠲᠡ 150.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠪᠦᠬᠦ ᠣᠷᠣᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ 2016 ᠣᠨ ᠳᠤ᠂ ᠮᠠᠨ ᠤ ᠣᠷᠣᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠶᠢᠭᠤᠯᠪᠠ᠃ 4 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠠᠲᠤ ᠬᠤᠷᠠᠯ ᠤᠨ ᠪᠦᠷᠢᠯᠳᠦᠬᠦᠨ ᠨᠢᠭᠡᠴᠢ ᠨᠦᠭᠦᠳ ᠬᠠᠮᠲᠤ ᠪᠠᠷ ᠴᠢᠷᠮᠠᠶᠢᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠳᠦᠷᠢᠮ ᠢᠶᠠᠨ ᠪᠦᠷᠢᠨᠰᠢᠭᠦᠯᠵᠦ᠂ ᠰᠠᠭᠤᠷᠢ ᠮᠥᠩᠭᠦ ᠶᠢᠨ ᠠᠵᠢᠯᠯᠠᠭᠠᠨ ᠶᠡᠷᠦᠩᠬᠡᠢ ᠳᠤ ᠪᠠᠨ ᠬᠡᠪ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠤᠯᠤᠰ ᠤᠨ ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠪᠠ ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ 2016 ᠣᠨ ᠳᠤ ᠰᠠᠭᠤᠷᠢ ᠮᠥᠩᠭᠦ ᠪᠠᠶᠢᠭᠤᠯᠤᠭᠰᠠᠨ ᠠᠴᠠ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠂ ᠰᠠᠭᠤᠷᠢ ᠮᠥᠩᠭᠦ ᠶᠢᠨ ᠵᠥᠪᠰᠢᠶᠡᠷᠡᠨ ᠲᠤᠰᠢᠶᠠᠭᠰᠠᠨ ᠵᠣᠭᠤᠰ ᠤᠨ ᠲᠤᠭ᠎ᠠ 3.6 ᠳ᠋ᠦᠩᠰᠢᠭᠤᠷ ᠲᠥᠭᠦᠷᠢᠭ ᠪᠠᠶᠢᠭᠰᠠᠨ ᠠᠴᠠ 8.08 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠨᠡᠶᠢᠲᠡ 379 ᠡᠷᠦᠬᠡ ︵ᠤᠳᠠᠭ᠎ᠠ︶ ᠳᠤ ᠵᠢᠭᠡᠯᠡᠯᠭᠡ ᠲᠠᠯᠪᠢᠨ᠂ ᠨᠡᠶᠢᠲᠡ 150.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠮᠤ ᠪᠤᠳᠠᠭ᠎ᠠ ᠬᠤᠳᠠᠯᠳᠤᠨ ᠠᠪᠬᠤ ᠶᠢ ᠳᠡᠮᠵᠢᠭᠰᠡᠨ ᠲᠤᠭ᠎ᠠ 1256 ᠲᠦᠮᠡᠨ ᠲᠣᠨ ᠬᠦᠷᠪᠡ᠃ 2020 ᠣᠨ ᠳᠤ᠂ ᠵᠢᠭᠡᠯᠡᠯᠭᠡ ᠲᠠᠯᠪᠢᠭᠰᠠᠨ ᠲᠤᠭ᠎ᠠ ᠬᠢᠭᠡᠳ ᠠᠮᠤ ᠪᠤᠳᠠᠭ᠎ᠠ ᠬᠤᠳᠠᠯᠳᠤᠨ ᠠᠪᠬᠤ ᠶᠢ ᠳᠡᠮᠵᠢᠭᠰᠡᠨ ᠲᠤᠭ᠎ᠠ ᠨᠢ 2016 ᠣᠨ ᠤ ᠬᠢ ᠲᠠᠢ ᠬᠠᠷᠢᠴᠠᠭᠤᠯᠪᠠᠯ ᠲᠤᠰ ᠲᠤᠰ 3.49 ᠳᠠᠬᠢᠨ ᠪᠠ 2.94 ᠳᠠᠬᠢᠨ ᠢᠶᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号