ᠶᠠᠳᠠᠭᠤ ᠶᠢ ᠲᠡᠳᠬᠦᠬᠦ ᠲᠣᠰᠬᠤᠨ ᠳᠤ ᠰᠠᠭᠤᠭ᠎ᠠ ᠺᠠᠳ᠋ᠷ᠂ ᠶᠡᠷᠦᠩᠬᠡᠢ ᠱᠦᠵᠢ ᠶᠢᠨ ᠭᠦᠢᠵᠧᠦ ᠳᠤ ᠶᠠᠷᠢᠭᠰᠠᠨ ᠨᠢᠭᠡᠨ ᠶᠠᠪᠤᠳᠠᠯ ᠴᠢᠮ᠎ᠠ ᠲᠠᠢ ᠬᠤᠯᠪᠣᠭ᠎ᠠ ᠲᠠᠢ
ᠨᠡᠶᠢᠲᠡᠯᠡᠭᠰᠡᠨ ᠴᠠᠭ᠄
2021/3/9
     8 ᠵᠢᠯ ᠢ ᠥᠩᠭᠡᠷᠡᠭᠡᠭᠡᠳ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷ᠎ᠠ 1  ᠳ᠋ᠦᠩᠰᠢᠭᠤᠷ ᠰᠢᠬᠠᠮ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 832 ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ ᠪᠠ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯᠲᠡᠢ ᠪᠠᠶᠢᠳᠠᠯ ᠢ ᠠᠷᠢᠯᠭᠠᠵᠤ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠯᠡᠭᠴᠢ ᠴᠢᠨᠠᠷᠳᠠᠢ ᠢᠯᠠᠯᠲᠠ ᠶᠢ ᠤᠯᠪᠠ᠃ ᠲᠠᠷᠠᠭᠠᠴᠢ ᠶᠢᠨ ᠠᠯᠬᠤᠮ ᠳᠤ᠂ ᠶᠠᠳᠠᠭᠤ ᠶᠢ ᠲᠡᠳᠬᠦᠬᠦ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠢ ᠬᠡᠷᠬᠢᠨ ᠥᠷᠨᠢᠭᠦᠯᠬᠦ ᠪᠤᠢ︖ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠳᠤ᠂ ᠶᠡᠷᠦᠩᠬᠡᠢ ᠱᠦᠵᠢ ᠰᠢ ᠶᠢᠨ ᠫᠢᠩ ᠡᠨᠡ ᠲᠤᠬᠠᠢ ᠳᠤᠷᠠᠳᠤᠭᠰᠠᠨ ᠪᠠᠶᠢᠨ᠎ᠠ᠃      5 ᠤ ᠡᠳᠦᠷ ᠤᠨ ᠦᠳᠡ ᠶᠢᠨ ᠡᠮᠦᠨ᠎ᠡ᠂ ᠭᠦᠢᠵᠸᠤ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ‍ᠤ᠋ᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ᠂ ᠲᠣᠮᠢᠯᠠᠨ ᠰᠠᠭᠤᠯᠭᠠᠭᠰᠠᠨ ᠲᠣᠰᠬᠤᠨ ᠤ ᠨᠢᠭᠡᠳᠦᠭᠡᠷ ᠱᠦᠵᠢ ᠪᠣᠯᠤᠨ ᠬᠥᠳᠡᠭᠡ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠦᠷᠭᠦᠯᠵᠢᠯᠡᠨ ᠰᠣᠩᠭᠤᠨ ᠳᠤᠮᠢᠯᠠᠬᠤ ᠬᠡᠷᠡᠭᠲᠡᠶ ᠭᠡᠵᠤ ᠴᠢᠬᠤᠯᠠᠴᠢᠯᠠᠪᠠ᠃     ︽ᠶᠠᠳᠠᠭᠤ ᠠᠴᠠ ᠠᠩᠭᠢᠵᠢᠷᠠᠭᠤᠯᠬᠤ ᠨᠢ ᠳᠡᠭᠦᠰᠭᠡᠯ ᠤᠨ ᠴᠡᠭ ᠪᠢᠰᠢ      ︽ᠶᠠᠳᠠᠭᠤ ᠠᠴᠠ ᠠᠩᠭᠢᠵᠢᠷᠠᠭᠤᠯᠬᠤ ᠨᠢ ᠳᠡᠭᠦᠰᠭᠡᠯ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ  ᠡᠬᠢᠯᠡᠯᠳᠡ ᠪᠣᠯᠤᠨ᠎ᠠ︾᠃ ᠨᠢᠳᠤᠨᠤᠨ ᠤ 3 ᠰᠠᠷ᠎ᠠ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠭᠤᠣᠯ ᠵᠥᠷᠢᠴᠡᠯ ᠤᠨ ᠬᠤᠪᠢᠷᠠᠯᠲᠠ ᠳᠤ ᠴᠢᠭᠯᠡᠭᠦᠯᠦᠨ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠶᠠᠳᠠᠭᠤ  ᠬᠦᠴᠢᠷᠳᠠᠯᠳᠠᠢ ᠬᠥᠮᠦᠨ ᠠᠮᠠ ᠶᠢ ᠪᠠᠭᠠᠰᠬᠠᠬᠤ ᠪᠠᠶᠢᠯᠳᠤᠬᠤ ᠪᠤᠳᠤᠯᠭ᠎ᠠ ᠪᠣᠯᠤᠨ ᠠᠵᠢᠯ ᠤᠨ ᠰᠢᠰᠲ᠋ᠧᠮ ᠤᠨ ᠲᠣᠭᠲᠠᠭᠤᠨ ᠢᠶᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠨᠢᠭᠡᠳᠦᠯᠲᠡᠢ ᠲᠥᠯᠥᠪᠵᠢᠭᠦᠯᠦᠨ ᠣᠷᠣᠭᠤᠯᠵᠤ᠂ ᠤᠷᠳᠤ ᠬᠤᠭᠤᠴᠠᠭ᠎ᠠ ᠪᠠ ᠣᠬᠤᠷ ᠬᠤᠭᠤᠴᠠᠭ᠎ᠠ ᠶᠢ ᠤᠶᠠᠯᠳᠤᠭᠤᠯᠤᠭᠰᠠᠨ᠂  ᠥᠩᠭᠡᠨ ᠳᠠᠯ᠎ᠠ ᠪᠠ ᠤᠭ ᠦᠨᠳᠦᠰᠤ ᠶᠢ ᠬᠠᠮᠲᠤᠳᠠ ᠵᠠᠰᠠᠬᠤ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃      2020 ᠣᠨ ᠤ 10 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠴᠢᠬᠤᠯᠠ ᠵᠢᠭᠠᠪᠤᠷᠢ ᠥᠭᠴᠦ᠂ ᠪᠠᠬᠢᠵᠢᠭᠦᠯᠵᠦ ᠥᠷᠭᠡᠳᠬᠡᠬᠦ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠯᠴᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ ᠪᠤᠳᠤᠯᠭ᠎ᠠ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠪᠡ᠃      ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ ᠪᠤᠳᠤᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ︾ ᠭᠡᠳᠡᠭ ᠲᠤ ᠶᠠᠳᠠᠭᠤ ᠶᠢ ᠲᠡᠳᠬᠦᠵᠦ ᠲᠣᠰᠬᠤᠨ ᠳᠤ ᠰᠠᠭᠤᠭ᠎ᠠ ᠺᠠᠳ᠋ᠷ ‍ᠤ᠋ᠨ ᠡᠩᠨᠡᠭᠡ ᠶᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢ ᠪᠠᠭᠲᠠᠭᠠᠵᠤ ᠪᠠᠶᠢᠨ᠎ᠠ ᠤᠤ︖ 2019 ᠣᠨ ᠳᠤ ᠴᠦᠩᠴᠢᠩ ᠳᠤ᠂ ᠶᠡᠷᠦᠩᠬᠡᠢ ᠱᠦᠵᠢ ᠰᠢ ᠶᠢᠨ ᠫᠢᠩ᠂ ᠶᠠᠳᠠᠭᠤ ᠠᠴᠠ ᠠᠩᠭᠢᠵᠢᠷᠠᠭᠤᠯᠤᠭᠰᠠᠨ ᠴᠦ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠡᠩᠨᠡᠭᠡ ᠶᠢ ᠬᠠᠰᠤᠵᠤ ᠪᠣᠯᠬᠤ ᠦᠭᠡᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ ᠪᠠᠷᠠᠭᠰᠠᠨ ᠴᠦ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ  ᠪᠤᠢ ᠭᠡᠵᠦ ᠴᠢᠬᠤᠯᠠᠴᠢᠯᠠᠪᠠ᠃      2020 ᠣᠨ ᠤ 9 ᠰᠠᠷ᠎ᠠ ᠳᠤ᠂ ᠲᠡᠷᠡ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ︽ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤᠮᠳᠠ᠂ ᠲᠣᠰᠬᠤᠨ ᠳᠤ ᠲᠣᠮᠢᠯᠠᠬᠤ ᠨᠢᠭᠡᠳᠦᠭᠡᠷ ᠱᠦᠵᠢ ᠶᠢ ᠦᠷᠭᠦᠯᠵᠢᠯᠡᠨ ᠰᠣᠩᠭᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ  ᠶᠢᠨ ᠴᠤᠭᠴᠠᠯᠠᠯᠳᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠶᠢᠨ ᠤᠯᠤᠰ ᠲᠦᠷᠤ ᠶᠢᠨ ᠬᠡᠪ ᠴᠢᠨᠠᠷ ᠪᠣᠯᠤᠨ ᠲᠠᠶᠢᠴᠢᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ︾ ᠭᠡᠵᠦ ᠳᠠᠬᠢᠨᠲᠠ ᠵᠢᠭᠠᠵᠤ ᠭᠠᠷᠭᠠᠪᠠ᠃      ︽ᠪᠢᠳᠡ ᠪᠠᠰᠠ ᠡᠷᠡᠰ ᠭᠤᠶᠢᠪᠢᠰᠢ ᠦᠭᠡᠢ  ᠪᠠᠶᠢᠵᠤ᠂ ᠯᠠᠪᠳᠠᠭᠤᠨ ᠪᠠᠲᠤᠲᠠᠢ ᠴᠢᠷᠮᠠᠶᠢᠨ ᠠᠵᠢᠯᠯᠠᠵᠤ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠰᠦᠷᠯᠢᠭ ᠰᠠᠶᠢᠬᠠᠨ ᠵᠢᠷᠤᠭ ᠢ ᠴᠢᠷᠮᠠᠶᠢᠨ ᠵᠢᠷᠤᠭᠯᠠᠵᠤ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ︾᠃ 2021 ᠣᠨ ᠤ ᠰᠢᠨ᠎ᠡ ᠵᠢᠯ ᠡᠬᠢᠯᠡᠭᠦ ᠦᠶ᠎ᠡ ᠳᠤ᠂ ᠶᠡᠷᠦᠩᠬᠡᠢ ᠱᠦᠵᠢ ᠰᠢ ᠶᠢᠨ ᠫᠢᠩ ᠬᠤᠶᠢᠰᠢᠳᠠ ᠶᠢᠨ ᠬᠥᠳᠡᠭᠡ ᠳᠤᠰᠬᠤᠨ ᠤ ᠬᠥᠭᠵᠢᠯᠲᠡ ᠳᠤ ᠠᠶᠠᠯᠠᠯ ᠤᠨ ᠴᠢᠭᠯᠡᠯ ᠢ ᠬᠦᠳᠦᠯᠥᠨ ᠳᠠᠭᠠᠭᠤᠯᠵᠠᠢ᠃    《 ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠺᠠᠳ᠋ᠷ ᠴᠦ ᠲᠦᠢᠯ ᠤᠨ ᠴᠢᠬᠤᠯᠠ ᠶᠤᠮ 》      ᠨᠢᠭᠡᠳᠦᠭᠡᠷ ᠱᠦᠵᠢ ᠪᠣᠯ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ ᠪᠤᠳᠤᠯᠭ᠎ᠠ ᠶᠢᠨ ᠲᠤᠰᠤᠯᠲᠠ ᠪᠣᠯᠤᠨ᠎ᠠ᠂ ᠮᠥᠨ ᠴᠦ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢᠨ ᠳᠤᠯᠭᠠᠭᠤᠷᠢᠯᠠᠯ ᠪᠣᠯᠤᠨ᠎ᠠ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢᠨ ᠳᠡᠭᠡᠷ᠎ᠡ ᠳᠣᠣᠷ᠎ᠠ ᠱᠠᠳᠤ ᠶᠢ ᠬᠤᠯᠪᠣᠭᠰᠠᠨ ᠲᠤᠯᠭᠠᠭᠤᠷᠢ ᠬᠦᠴᠦᠨ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠡᠯ᠎ᠡ ᠱᠠᠲᠤᠨ ᠤ ᠺᠠᠳ᠋ᠷᠴᠤᠳ ᠢᠯᠠᠩᠭᠤᠶ᠎ᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠺᠠᠳ᠋ᠷᠴᠤᠳ ᠲᠦᠢᠯ ᠤᠨ ᠴᠢᠬᠤᠯᠠ ᠭᠡᠵᠤ ᠴᠢᠬᠤᠯᠠᠴᠢᠯᠠᠬᠰᠠᠨ ᠪᠠᠶᠢᠳᠠᠭ᠃    《ᠭᠠᠯᠲᠤ ᠲᠡᠷᠭᠡᠨ ᠤ ᠬᠤᠷᠳᠤᠴᠠ ᠨᠢ ᠪᠤᠬ᠎ᠠ ᠲᠡᠷᠭᠡᠨ ᠳᠤ ᠪᠠᠨ ᠪᠤᠢ 》᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠣᠯᠤᠭᠰᠠᠨ ᠨᠢ ᠥᠷᠭᠡᠨ ᠤᠯᠠᠨ ᠲᠣᠰᠬᠤᠨ ᠳᠤ ᠰᠠᠭᠤᠭ᠎ᠠ ᠺᠠᠳ᠋ᠷ᠂ ᠨᠢᠭᠡᠳᠦᠭᠡᠷ ᠱᠦᠵᠢ ᠶᠢᠨ ᠬᠦᠴᠦᠯᠡᠨ ᠴᠢᠷᠮᠠᠶᠢᠵᠤ ᠦᠨᠡᠨ ᠬᠦ ᠠᠳᠬᠤᠨ ᠪᠣᠳᠠᠲᠠᠢ ᠠᠵᠢᠯᠯᠠᠭᠰᠠᠨ ᠲᠠᠢ ᠰᠠᠯᠤᠰᠢ ᠦᠭᠡᠢ ᠬᠤᠯᠪᠣᠭ᠎ᠠ ᠲᠠᠢ ᠶᠤᠮ᠃      2020 ᠣᠨ ᠤ 3 ᠰᠠᠷ᠎ᠠ ᠪᠣᠯᠲᠠᠯ᠎ᠠ᠂ ᠪᠦᠬᠦ ᠤᠯᠤᠰ ᠲᠤ ᠨᠡᠶᠢᠳᠡ 25.5 ᠲᠦᠮᠡᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠲᠣᠮᠢᠯᠠᠵᠤ᠂ ᠨᠡᠶᠢᠳᠡ 290 ᠭᠠᠷᠤᠢ ᠲᠦᠮᠡᠨ ᠰᠢᠶᠠᠨ ᠤ ᠱᠠᠲᠤᠨ ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ  ᠶᠢᠨ ᠺᠠᠳ᠋ᠷ ᠢ ᠶᠠᠳᠠᠭᠤ ᠬᠦᠴᠢᠷᠳᠡᠯᠲᠡᠢ ᠲᠣᠰᠬᠤᠨ ᠪᠣᠯᠤᠨ ᠬᠦᠴᠦᠨ ᠪᠠᠭᠤᠷᠠᠢ ᠲᠣᠰᠬᠤᠨ ᠳᠤ ᠲᠣᠮᠢᠯᠠᠨ ᠨᠢᠭᠡᠳᠦᠭᠡᠷ ᠱᠦᠵᠢ ᠪᠤᠶᠤ ᠲᠣᠰᠬᠤᠨ ᠳᠤ ᠰᠠᠭᠤᠭ᠎ᠠ ᠺᠠᠳ᠋ᠷ ᠢᠶᠠᠷ ᠲᠣᠮᠢᠯᠠᠵᠤ᠂ ᠣᠳᠣᠬᠠᠨ ᠳᠤ 91.8 ᠲᠦᠮᠡᠨ ᠬᠥᠮᠦᠨ ᠠᠵᠢᠯ ᠤᠨ ᠪᠠᠶᠢᠷᠢ ᠳᠤ ᠪᠠᠨ ᠪᠤᠢ᠃    《 ᠦᠨᠳᠦᠰᠦᠨ ᠱᠠᠲᠤᠨ ᠤ ᠺᠠᠳ᠋ᠷ ᠶᠠᠳᠠᠭᠤ ᠬᠦᠴᠢᠷᠳᠡᠯᠳᠠᠢ ᠬᠥᠮᠦᠨ ᠠᠮᠠ ᠶᠢ ᠢᠯᠭᠠᠨ ᠲᠠᠨᠢᠬᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠪᠠᠷ ᠳᠠᠮᠵᠢᠨ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠵᠦ᠂ ᠨᠠᠮ ᠤᠨ ᠬᠥᠳᠡᠭᠡ ᠲᠣᠰᠬᠤᠨ ᠳᠠᠬᠢ ᠲᠥᠷᠥ ᠪᠠᠷᠢᠬᠤ ᠰᠠᠭᠤᠷᠢ ᠶᠢ ᠪᠠᠬᠢᠵᠢᠭᠦᠯᠵᠡᠶ 》᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠮᠠᠰᠢ ᠤᠯᠠᠨ ᠶᠠᠳᠠᠭᠤ ᠬᠦᠴᠢᠷᠳᠡᠯᠲᠡᠢ ᠡᠷᠦᠬᠡ᠂ ᠶᠠᠳᠠᠭᠤ ᠬᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠢ ᠰᠢᠶᠠᠨ ᠢᠶᠠᠷ ᠬᠦᠨᠵᠡᠭᠡᠶᠢᠷᠡᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠰᠤᠷᠪᠤᠯᠵᠢᠯᠠᠨ ᠲᠣᠬᠤᠨᠢᠭᠤᠯᠵᠤ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠺᠠᠳ᠋ᠷᠴᠤᠳ ᠢ ᠬᠠᠯᠠᠮᠵᠢᠯᠠᠨ ᠵᠣᠷᠢᠭᠵᠢᠭᠤᠯᠪᠠ᠃      ᠰᠧᠴᠤᠸᠠᠨ ᠳᠤ᠂ ᠲᠡᠷᠡ᠂ ᠲᠣᠰᠬᠤᠨ ᠤ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠤᠭᠤᠰᠣᠨ ᠨᠡᠷ᠎ᠡ ᠶᠢ ᠬᠥᠭᠡᠭᠡᠴᠡᠯᠳᠦᠬᠦ ᠦᠭᠡᠢ᠂ ᠬᠡᠯᠪᠡᠷᠢ ᠶᠢ ᠬᠥᠭᠡᠭᠡᠴᠡᠯᠳᠦᠬᠦ ᠦᠭᠡᠢ ᠪᠠᠷ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠪᠠᠷ ᠤᠷᠤᠬᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠱᠠᠨ ᠰᠢ ᠳᠤ ᠲᠡᠷᠡ᠂ ᠶᠠᠳᠠᠭᠤ ᠶᠢ ᠲᠡᠳᠬᠦᠬᠦ ᠺᠠᠳ᠋ᠷ ᠦᠨᠡᠨ ᠬᠦ ᠯᠠᠪᠳᠠᠭᠤᠨ ᠲᠣᠭᠲᠠᠭᠤᠨ ᠪᠠᠶᠢᠵᠤ᠂ ᠪᠡᠶ᠎ᠡ ᠪᠠᠷ ᠢᠶᠠᠨ ᠬᠥᠳᠡᠭᠡ ᠲᠣᠰᠬᠤᠨ ᠳᠤ ᠣᠴᠢᠵᠤ ᠠᠵᠢᠯᠯᠠᠨ᠂ ᠤᠯᠠᠨ ᠲᠦᠮᠡᠨ ᠲᠠᠢ ᠬᠠᠮᠲᠤ ᠠᠵᠢᠯᠯᠠᠬᠤ       ᠬᠡᠷᠡᠭᠲᠡᠢ᠂ ᠬᠥᠩᠭᠡᠨ ᠬᠠᠭᠤᠳᠠᠮ ᠢᠶᠠᠷ ᠬᠠᠨᠳᠤᠵᠤ ᠪᠣᠯᠬᠤ ᠦᠭᠡᠢ᠂ ᠰᠤᠯᠠ ᠵᠠᠳᠠᠭᠠᠢ ᠪᠠᠶᠢᠵᠤ ᠪᠣᠯᠬᠤ ᠦᠭᠡᠢ᠂ ᠳᠡᠭᠷᠢ ᠳᠤᠤᠭᠠᠷᠠᠭᠠᠳ ᠪᠣᠷᠣᠭᠠᠨ ᠣᠷᠣᠬᠤ ᠦᠭᠡᠢ ᠪᠠᠶᠢᠵᠤ ᠪᠣᠯᠬᠤ ᠦᠭᠡᠢ ᠭᠡᠵᠦ ᠵᠠᠬᠢᠪᠠ᠃    《 ᠲᠡᠳᠡᠨ ᠢ ᠬᠤᠪᠢ ᠳᠠᠬᠢᠨ ᠬᠠᠯᠠᠮᠵᠢᠯᠠᠬᠤ ᠬᠡᠷᠡᠭᠲᠡᠶ 》      ᠲᠣᠮᠢᠯᠠᠨ ᠰᠠᠭᠤᠯᠭᠠᠭᠰᠠᠨ ᠭᠠᠴᠠᠭᠠᠨ ᠤ ᠨᠢᠭᠡᠳᠦᠭᠡᠷ ᠱᠦᠵᠢ ᠪᠠ ᠬᠥᠳᠡᠭᠡ ᠲᠣᠰᠬᠤᠨ ᠤ ᠠᠵᠢᠯᠯᠠᠬᠤ ᠠᠩᠭᠢ ᠪᠣᠯ ᠤᠷᠳᠤ ᠬᠤᠭᠤᠴᠠᠭᠠᠨ ᠤ ᠠᠵᠢᠯ ᠮᠥᠨ ᠪᠣᠯᠬᠤᠷ ᠲᠡᠳᠡᠨ ᠤ ᠬᠤᠶᠢᠰᠢᠳᠠ ᠶᠢᠨ  ᠬᠦᠴᠢᠷᠳᠠᠯ ᠵᠣᠪᠠᠨᠢᠯ ᠢ ᠨᠢ ᠠᠷᠢᠯᠭᠠᠨ ᠥᠭᠬᠦ ᠬᠡᠷᠡᠭᠲᠡᠶ᠂ ᠶᠠᠭᠠᠬᠢᠵᠤ ᠬᠢᠬᠦ ᠪᠤᠢ︖      ᠶᠡᠷᠦᠩᠬᠡᠶ ᠱᠦᠵᠢ ᠰᠢ ᠶᠢᠨ ᠫᠢᠩ᠂ ︽ᠬᠥᠳᠡᠭᠡ ᠲᠣᠰᠬᠤᠨ ᠤ ᠺᠠᠳ᠋ᠷᠴᠤᠳ ᠲᠣᠰᠬᠤᠨ ᠳᠤ ᠠᠵᠢᠯᠯᠠᠬᠤ ᠳᠤ ᠮᠠᠰᠢ ᠵᠦᠳᠡᠷᠡᠯᠲᠡᠶ ᠪᠠᠶᠢᠳᠠᠭ᠂ ᠲᠡᠳᠡᠨ ᠢ ᠬᠤᠪᠢ ᠳᠠᠬᠢᠨ ᠬᠠᠯᠠᠮᠵᠢᠯᠠᠬᠤ ᠬᠡᠷᠡᠭᠲᠡᠶ︾ ᠭᠡᠵᠤ ᠴᠢᠬᠤᠯᠠᠴᠢᠯᠠᠪᠠ᠃      ᠲᠡᠷᠡ ᠺᠠᠳ᠋ᠷ ᠤᠨ ᠢᠳᠡᠪᠬᠢᠵᠢᠯ ᠢ ᠰᠠᠶᠢᠲᠤᠷ ᠬᠠᠮᠠᠭᠠᠯᠠᠬᠤ ᠶᠢ ᠴᠢᠬᠤᠯᠠᠴᠢᠯᠠᠵᠤ᠂ 《 ᠲᠡᠳᠡᠨ ᠢ ᠢᠯᠡᠭᠦᠬᠡᠨ ᠬᠠᠯᠠᠮᠵᠢᠯᠠᠵᠤ᠂ ᠲᠡᠳᠡᠨ ᠢ ᠴᠠᠭ ᠲᠤᠬᠠᠶ ᠳᠤᠨᠢ ᠬᠠᠪᠰᠤᠷᠴᠤ ᠪᠣᠳᠠᠲᠠᠶ ᠬᠦᠴᠢᠷᠳᠡᠯ ᠢ ᠨᠢ ᠰᠢᠢᠳᠪᠤᠷᠢᠯᠡᠵᠦ ᠥᠭᠬᠦ ᠬᠡᠷᠡᠭᠲᠡᠶ 》 ᠭᠡᠵᠦ ᠵᠢᠭᠠᠵᠤ ᠭᠠᠷᠭᠠᠪᠠ᠃      ︽ᠵᠢᠳᠬᠦᠯ ᠴᠢᠷᠮᠠᠶᠢᠯᠭ᠎ᠠ ᠲᠠᠢ ᠬᠥᠮᠦᠰ ᠲᠤ ᠣᠷᠣᠨ ᠪᠠᠶᠢᠷᠢ ᠤᠯᠭᠤᠵᠤ᠂ ᠵᠣᠪᠠᠭᠤᠷᠢ ᠵᠦᠳᠡᠭᠦᠷᠢ ᠶᠢ ᠠᠮᠰᠠᠭᠰᠠᠨ ᠬᠥᠮᠦᠰ ᠲᠤ ᠵᠢᠷᠭᠠᠯ ᠡᠳ᠋ᠯᠡᠭᠦᠯᠵᠦ᠂ ᠬᠥᠯᠥᠰᠥ ᠴᠢᠰᠤ ᠪᠠᠨ ᠤᠷᠤᠰᠬᠠᠨ ᠠᠮᠢ ᠦᠷᠡᠭᠳᠡᠭᠰᠡᠳ ᠤᠨ ᠠᠯᠳᠠᠷ ᠨᠡᠷ᠎ᠡ ᠶᠢ ᠮᠢᠩᠭᠠᠨ ᠤᠨ ᠳᠠᠭᠤᠷᠢᠰᠬᠠᠵᠤ᠂ ᠲᠡᠳᠡᠨᠠᠷ ᠢ ᠵᠣᠷᠢᠭᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠴᠢᠷᠮᠠᠶᠢᠨ ᠠᠵᠢᠯᠯᠠᠭᠤᠯᠤᠨ᠎ᠠ︾ ᠭᠡᠵᠦ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠪᠠ᠃      ᠲᠡᠳᠡᠭᠡᠷ ᠬᠦᠴᠢᠷ ᠪᠡᠷᠬᠡᠰᠢᠶᠡᠯ ᠠᠴᠠ ᠡᠮᠢᠶᠡᠨ᠂ ᠠᠵᠢᠯ ᠳᠠᠭᠠᠨ ᠬᠠᠰᠢ ᠶᠠᠰᠢ   ᠪᠠᠷ ᠬᠠᠨᠳᠤᠵᠤ ᠂ ᠬᠤᠳᠠᠯ ᠬᠡᠯᠡᠵᠦ ᠬᠠᠭᠤᠷᠮᠠᠭ ᠵᠣᠬᠢᠶᠠᠭᠰᠠᠨ ᠶᠠᠳᠠᠭᠤ ᠶᠢ ᠲᠡᠳᠬᠦᠬᠦ ᠺᠠᠳ᠋ᠷᠴᠤᠳ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ᠂ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠤᠭᠴᠠᠷᠠᠭᠤᠯᠤᠨ ᠰᠣᠯᠢᠬᠤ ᠶᠣᠰᠣᠲᠠᠶ ᠶᠢ ᠨᠢ ᠴᠠᠭ ᠲᠤᠬᠠᠶ ᠳᠤᠨᠢ ᠤᠭᠴᠠᠷᠠᠭᠤᠯᠤᠨ ᠰᠣᠯᠢᠵᠤ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠶᠢ ᠨᠢ ᠡᠷᠡᠰ ᠢᠶᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠤ ᠵᠢᠭᠠᠵᠤ ᠭᠠᠷᠭᠠᠭᠰᠠᠨ ᠪᠠᠶᠢᠨ᠎ᠠ᠃      2019 ᠣᠨ ᠤ ᠰᠢᠨ᠎ᠡ ᠵᠢᠯ ᠤᠨ ᠪᠠᠶᠠᠷ ᠤᠨ ᠦᠭᠡ ᠶᠢᠨ ᠳᠣᠲᠣᠷᠠᠬᠢ ᠡᠶᠢᠮᠦ ᠨᠢᠭᠡ ᠪᠠᠳᠠᠭ ᠦᠭᠡ ᠨᠢ ᠮᠠᠰᠢ ᠤᠯᠠᠨ ᠬᠥᠮᠦᠰ ᠤᠨ ᠰᠡᠳᠬᠢᠯ ᠢ ᠳᠣᠭᠳᠣᠯᠤᠭᠤᠯᠵᠠᠢ᠄ ︽ᠪᠢ ᠦᠷᠭᠦᠯᠵᠢ ᠶᠠᠳᠠᠭᠤ ᠠᠴᠠ ᠠᠩᠭᠢᠵᠢᠷᠠᠭᠤᠯᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠨᠥᠬᠦᠳ ᠢ ᠰᠠᠨᠠᠭᠠᠯᠵᠠᠵᠤ ᠶᠠᠪᠤᠳᠠᠭ᠂ ᠲᠣᠰᠬᠤᠨ ᠳᠤ ᠰᠠᠭᠤᠭ᠎ᠠ 280 ᠭᠠᠷᠤᠢ ᠲᠦᠮᠡᠨ ᠺᠠᠳ᠋ᠷ᠂ ᠨᠢᠭᠡᠳᠦᠭᠡᠷ ᠱᠦᠵᠢ ᠠᠵᠢᠯ ᠳᠠᠭᠠᠨ ᠬᠦᠴᠦᠯᠠᠨ ᠠᠵᠢᠯᠯᠠᠵᠤ ᠪᠤᠢ᠂ ᠡᠷᠬᠡᠪᠰᠢ ᠪᠡᠶ᠎ᠡ ᠪᠠᠨ ᠰᠠᠶᠢᠲᠤᠷ ᠭᠠᠮᠨᠠᠬᠤ ᠬᠡᠷᠡᠭᠲᠡᠢ︾᠃      ︽ᠨᠠᠮ ᠤᠨ ᠭᠡᠰᠢᠭᠦᠨ ᠺᠠᠳ᠋ᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠲᠤ ᠬᠦᠷᠴᠦ᠂ ᠤᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠭᠠᠯ ᠬᠠᠯᠠᠭᠤᠨ ᠦᠢᠯᠡᠳᠦᠯᠭᠡ ᠶᠢᠨ ᠳᠤᠮᠳᠠ ᠳᠠᠪᠲᠠᠭᠳᠠᠨ ᠪᠣᠯᠪᠠᠰᠤᠷᠠᠵᠤ᠂ ᠰᠢᠯᠭᠠᠯᠲᠠ ᠶᠢ ᠳᠠᠭᠠᠭᠠᠨ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠤᠯᠠᠨ ᠲᠦᠮᠡᠨ ᠯᠤᠭ᠎ᠠ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠠᠵᠢᠯ ᠢᠶᠠᠨ ᠰᠠᠶᠢᠲᠤᠷ ᠬᠢᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ︾ ᠬᠡᠰᠡᠨ ᠴᠢᠩ ᠰᠡᠳᠬᠢᠯ ᠤᠨ ᠨᠠᠶᠢᠳᠠᠯᠭ᠎ᠠ ᠨᠢ ᠴᠢᠬᠢᠨ ᠳᠤ ᠬᠠᠳᠠᠩᠰᠢᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号