2021 ︽ᠲᠠᠷᠢᠶᠠᠴᠢᠳ ᠤᠨ ᠳᠤᠷᠠᠲᠠᠶ ᠵᠠᠭᠤᠨ ᠵᠦᠢᠯ ᠤᠨ ᠨᠣᠮ ᠪᠢᠴᠢᠭ︾ ᠢ ᠰᠣᠩᠭᠤᠨ ᠭᠠᠷᠭᠠᠬᠤ ᠠᠵᠢᠯᠯᠠᠭ᠎ᠠ ᠶᠢ ᠡᠬᠢᠯᠡᠭᠦᠯᠵᠦ ᠰᠦᠯᠵᠢᠶ᠎ᠡ ᠪᠠᠷ ᠪᠢᠯᠧᠲ ᠥᠭᠬᠦ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2021/9/9
    9 ᠰᠠᠷ᠎ᠠ ᠶᠢᠨ 7 ᠤ ᠡᠳᠦᠷ᠂ ᠲᠥᠪ ᠤᠨ ᠤᠬᠠᠭᠤᠯᠬᠤ ᠬᠡᠯᠲᠡᠰ ᠤᠨ ᠬᠡᠪᠯᠡᠨ ᠲᠠᠷᠬᠠᠭᠠᠬᠤ ᠲᠣᠪᠴᠢᠶ᠎ᠠ ᠶᠢᠨ ᠵᠢᠯᠣᠭᠤᠳᠣᠯᠭ᠎ᠠ᠂ ᠳᠤᠮᠳᠠᠳᠤ ᠤᠯᠤᠰ ᠤᠨ ᠰᠣᠨᠢᠨ ᠮᠡᠳᠡᠭᠡ ᠬᠡᠪᠯᠡᠯ ᠤᠨ ᠵᠠᠭᠤᠴᠢᠯᠠᠭᠤᠷ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠨ ᠡᠷᠭᠢᠯᠡᠭᠰᠡᠨ 2021 ︽ᠲᠠᠷᠢᠶᠠᠴᠢᠳ ᠤᠨ ᠳᠤᠷᠠᠲᠠᠶ ᠵᠠᠭᠤᠨ ᠵᠦᠢᠯ ᠤᠨ ᠨᠣᠮ ᠪᠢᠴᠢᠭ︾ ᠢ ᠰᠣᠩᠭᠤᠨ ᠭᠠᠷᠭᠠᠬᠤ ᠠᠵᠢᠯᠯᠠᠭ᠎ᠠ ᠰᠦᠯᠵᠢᠶᠡᠨ ᠳᠡᠭᠡᠷ᠎ᠡ ᠪᠢᠯᠧᠲ ᠥᠭᠬᠦ ᠵᠠᠩᠭᠢᠯᠠᠭ᠎ᠠ ᠶᠢ ᠵᠢᠩᠬᠢᠨᠢ ᠪᠠᠷ ᠡᠬᠢᠯᠡᠭᠦᠯᠪᠡ᠃    ︽ᠲᠠᠷᠢᠶᠠᠴᠢᠳ ᠤᠨ ᠲᠤᠷᠠᠲᠠᠢ ᠵᠠᠭᠤᠨ ᠵᠦᠢᠯ ᠤᠨ ᠨᠣᠮ ᠪᠢᠴᠢᠭ︾ ᠢ ᠰᠣᠩᠭᠤᠨ ᠳᠡᠪᠰᠢᠭᠦᠯᠬᠦ ᠠᠵᠢᠯᠯᠠᠭ᠎ᠠ ᠨᠢ ᠲᠥᠪ ᠤᠨ ᠤᠬᠠᠭᠤᠯᠬᠤ ᠬᠡᠯᠲᠡᠰ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ︽ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠤᠨ ᠭᠤᠣᠯᠳᠠᠯᠭ᠎ᠠ ᠲᠠᠢ ᠠᠵᠢᠯᠯᠠᠭ᠎ᠠ ᠶᠢᠨ ᠨᠢᠭᠡ ᠪᠣᠯᠤᠭᠰᠠᠨ ᠤ ᠬᠤᠪᠢ ᠳᠤ᠂ 2019 ᠣᠨ ᠳᠤ ᠥᠷᠨᠢᠭᠦᠯᠦᠭᠰᠡᠨ ᠠᠴᠠ ᠨᠠᠰᠢ᠂ ᠨᠢᠭᠡᠨᠲᠡ ᠭᠤᠷᠪᠠᠳᠤᠭᠠᠷ ᠬᠤᠭᠤᠴᠠᠭᠠᠨ ᠳᠤ ᠣᠷᠣᠪᠠ᠃ ᠡᠨᠡ ᠵᠢᠯ ᠤᠨ ᠠᠵᠢᠯᠯᠠᠭ᠎ᠠ ᠶᠢ ᠲᠦᠷᠦᠭᠦᠦ ᠬᠤᠶᠠᠷ ᠬᠤᠭᠤᠴᠠᠭᠠᠨ ᠤ ᠠᠮᠵᠢᠯᠲᠠ ᠲᠠᠢ ᠡᠷᠭᠢᠯᠡᠭᠰᠡᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢ ᠪᠡᠯᠭᠡᠯᠡᠬᠦ ᠭᠤᠣᠯ ᠰᠡᠳᠦᠪ ᠤᠨ ᠲᠣᠭᠤᠷᠢᠨ ᠳᠤ ︽2021 ᠣᠨ ᠤ ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ ᠭᠤᠣᠯᠳᠠᠯᠭ᠎ᠠ ᠲᠠᠢ ᠬᠡᠪᠯᠡᠭᠳᠡᠬᠦᠨ ᠢ ᠲᠠᠨᠢᠯᠴᠠᠭᠤᠯᠬᠤ ᠭᠠᠷᠴᠠᠭ︾ ᠪᠣᠯᠤᠨ ︽2021 ᠣᠨ ᠤ ᠲᠠᠷᠢᠶᠠᠴᠢᠨ ᠠᠶᠢᠯ ᠤᠨ ᠨᠣᠮ ᠤᠨ ᠦᠷᠦᠭᠡ ᠶᠢᠨ ᠨᠡᠮᠡᠵᠦ ᠨᠥᠬᠦᠪᠥᠷᠢᠯᠡᠭᠰᠡᠨ ᠨᠣᠮ ᠤᠨ ᠭᠠᠷᠴᠠᠭ︾ ᠢᠶᠠᠷ ᠰᠠᠭᠤᠷᠢ ᠪᠣᠯᠭᠠᠵᠤ᠂ ᠲᠠᠷᠢᠶᠠᠴᠢᠨ ᠲᠦᠮᠡᠨ ᠳᠤ ᠡᠯᠪᠡᠭ ᠪᠠᠶᠠᠯᠢᠭ ᠤᠶᠤᠨ ᠤ ᠰᠣᠶᠣᠯ ᠤᠨ ᠪᠦᠲᠦᠭᠡᠭᠳᠡᠬᠦᠨ ᠬᠠᠩᠭᠠᠬᠤ ᠬᠠᠷᠠᠯᠲᠠ ᠪᠠᠷ᠂ ᠭᠤᠣᠯ ᠰᠡᠳᠦᠪᠲᠦ ᠬᠡᠪᠯᠡᠯ᠂ ᠰᠣᠳᠣᠨ ᠪᠦᠲᠦᠭᠡᠯ ᠤᠨ ᠬᠡᠪᠯᠡᠯ ᠤᠨ ᠦᠷ᠎ᠡ ᠪᠦᠲᠦᠭᠡᠯ ᠢ ᠲᠠᠷᠢᠶᠠᠴᠢᠨ ᠤ ᠤᠩᠰᠢᠯᠭ᠎ᠠ ᠶᠢᠨ ᠤᠳᠤᠷᠢᠳᠤᠮᠵᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ︽ᠲᠦᠷᠪᠡᠨ ᠲᠡᠦᠬᠡ︾ ᠶᠢᠨ ᠤᠬᠠᠭᠤᠯᠭ᠎ᠠ ᠬᠥᠮᠦᠵᠢᠯ ᠢ ᠬᠥᠳᠡᠭᠡ ᠲᠣᠰᠬᠤᠨ ᠳᠤ ᠭᠦᠨᠵᠡᠭᠡᠶᠢᠷᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃    ᠲᠣᠰ ᠠᠵᠢᠯᠯᠠᠭ᠎ᠠ ᠶᠢ 4 ᠰᠠᠷ᠎ᠠ ᠶᠢᠨ 23 ᠤ ᠡᠳᠦᠷ 2021 ᠣᠨ ᠤ ︽ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠤᠨ ᠳᠠᠭᠠᠤ ᠳᠤ ᠵᠡᠷᠭᠡᠪᠡᠷ ᠡᠬᠢᠯᠡᠭᠦᠯᠵᠦ᠂ 4 ᠰᠠᠷ᠎ᠠ ᠶᠢᠨ ᠬᠤᠭᠤᠴᠠᠭᠠᠨ ᠳᠤ ᠲᠠᠷᠢᠶᠠᠴᠢᠨ ᠲᠦᠮᠡᠨ ᠪᠣᠯᠤᠨ ᠡᠯ᠎ᠡ ᠭᠠᠵᠠᠷ ᠤᠨ ᠤᠬᠠᠭᠤᠯᠬᠤ ᠰᠠᠯᠠᠭ᠎ᠠ ᠮᠥᠴᠢᠷ ᠤᠨ ᠬᠢᠨ ᠢᠳᠡᠪᠬᠢᠲᠡᠶ ᠪᠠᠷ ᠲᠠᠨᠢᠯᠴᠠᠭᠤᠯᠪᠠ᠃ 1007 ᠵᠦᠢᠯ ᠤᠨ ᠰᠢᠯᠢᠳᠡᠭ ᠨᠣᠮ ᠪᠢᠴᠢᠭ ᠨᠢ ᠭᠠᠷᠴᠠᠭ ᠲᠠᠬᠢ 1957 ᠵᠦᠢᠯ ᠤᠨ ᠭᠤᠣᠯᠳᠠᠯᠭ᠎ᠠ ᠲᠠᠢ ᠬᠡᠪᠯᠡᠭᠳᠡᠬᠦᠨ ᠤ ᠳᠣᠲᠣᠷ᠎ᠠ ᠠᠴᠠ ᠴᠣᠯᠭᠤᠷᠠᠨ ᠭᠠᠷᠴᠤ᠂ ᠲᠠᠷᠢᠶᠠᠴᠢᠳ ᠤᠨ ᠨᠣᠮ ᠰᠣᠩᠭᠤᠬᠤ ᠶᠢᠨ ᠡᠵᠡᠨ ᠮᠡᠳᠡᠬᠦ ᠴᠢᠨᠠᠷ ᠢ ᠭᠦᠢᠴᠡᠳ ᠪᠠᠳᠠᠷᠠᠭᠤᠯᠵᠠᠶ᠃ ᠲᠤᠰᠬᠠᠶ ᠮᠡᠷᠭᠡᠵᠢᠯᠲᠡᠨ ᠤ ᠠᠩᠬᠠᠨ ᠤ ᠰᠢᠯᠭᠠᠷᠠᠭᠤᠯᠤᠯᠲᠠ ᠪᠠᠷ ᠳᠡᠮᠵᠢᠨ᠂ ᠡᠭᠦᠨ ᠤ ᠳᠣᠲᠣᠷ᠎ᠠ ᠠᠴᠠ ᠪᠠᠰᠠ ᠤᠯᠤᠰ ᠲᠥᠷᠥ ᠠᠵᠤ ᠠᠬᠤᠶ ᠶᠢᠨ ᠲᠥᠷᠥᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ᠂ ᠡᠮ ᠡᠮᠨᠡᠯᠭᠡ ᠡᠷᠡᠭᠦᠯ ᠬᠠᠮᠠᠭᠠᠯᠠᠯ ᠠᠮᠢᠳᠤ ᠪᠣᠳᠠᠰ ᠤᠨ ᠲᠥᠷᠥᠯ᠂ ᠰᠣᠶᠣᠯ ᠤᠨ ᠲᠥᠷᠥᠯ᠂ ᠪᠠᠭᠠᠴᠤᠳ ᠬᠡᠤᠬᠡᠳ ᠤᠨ ᠲᠥᠷᠥᠯ ᠵᠡᠷᠭᠡ 5 ᠲᠥᠷᠥᠯ ᠤᠨ 212 ᠲᠥᠷᠥᠯ ᠤᠨ ᠨᠣᠮ ᠪᠢᠴᠢᠭ ᠢ ᠰᠣᠩᠭᠤᠨ ᠭᠠᠷᠭᠠᠵᠤ ᠰᠦᠯᠵᠢᠶᠡᠨ ᠳᠡᠭᠡᠷ᠎ᠡ ᠫᠢᠶᠣᠣ ᠥᠭᠬᠦ ᠵᠠᠩᠭᠢᠯᠠᠭ᠎ᠠ ᠳᠤ ᠣᠷᠣᠭᠤᠯᠵᠠᠶ᠃ ᠡᠭᠦᠨ ᠠᠴᠠ ᠰᠡᠭᠦᠯᠡᠷ ᠪᠢᠯᠧᠲ ᠥᠭᠭᠦᠭᠰᠡᠨ ᠰᠠᠭᠤᠷᠢᠨ ᠳᠡᠭᠡᠷ᠎ᠡ ᠡᠴᠦᠰ ᠤᠨ ᠦᠨᠡᠯᠡᠯᠲᠡ ᠶᠢ ᠵᠣᠬᠢᠶᠠᠨ ᠪᠠᠶᠢᠭᠤᠯᠵᠤ᠂ ᠡᠴᠦᠰ ᠲᠡᠭᠡᠨ ︽ᠲᠠᠷᠢᠶᠠᠴᠢᠳ ᠤᠨ ᠳᠤᠷᠠᠲᠠᠶ ᠵᠠᠭᠤᠨ ᠵᠦᠢᠯ ᠤᠨ ᠨᠣᠮ︾ ᠢ ᠰᠣᠩᠭᠤᠨ ᠭᠠᠷᠭᠠᠬᠤ ᠪᠣᠯᠤᠨ᠎ᠠ᠃    ᠲᠣᠰ ᠤᠳᠠᠭᠠᠨ ᠤ ᠰᠦᠯᠵᠢᠶᠡᠨ ᠳᠡᠭᠡᠷ᠎ᠡ ᠪᠢᠯᠧᠲ ᠥᠭᠬᠦ ᠴᠠᠭ ᠨᠢ 9 ᠰᠠᠷ᠎ᠠ ᠶᠢᠨ 7 ᠤ ᠡᠳᠦᠷ ᠠᠴᠠ 14 ᠤ ᠡᠳᠦᠷ ᠪᠣᠯᠲᠠᠯ᠎ᠠ ᠪᠠᠶᠢᠵᠤ᠂ ᠨᠡᠶᠢᠲᠡ 7 ᠡᠳᠦᠷ ᠦᠷᠭᠦᠯᠵᠢᠯᠡᠨ᠎ᠡ᠃ ᠪᠢᠯᠧᠲ ᠥᠭᠬᠦ ᠵᠠᠮ ᠢ ︽ᠳᠤᠮᠳᠠᠳᠤ ᠤᠯᠤᠰ ᠤᠨ ᠲᠠᠷᠢᠶᠠᠴᠢᠨ ᠠᠶᠢᠯ ᠤᠨ ᠨᠣᠮ ᠤᠨ ᠥᠷᠥᠭᠡ︾ ᠶᠢᠨ ᠸᠢᠴᠠᠲ ᠤᠨ ᠨᠡᠶᠢᠲᠡ ᠶᠢᠨ ᠳ᠋ᠤᠭᠠᠷ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠣᠷᠣᠨ ᠨᠤᠲᠤᠭ ᠤᠨ ᠰᠤᠷᠤᠯᠴᠠᠯᠭ᠎ᠠ ᠶᠢᠨ ᠲᠠᠪᠴᠠᠩ᠂ ᠡᠯ᠎ᠡ ᠭᠠᠵᠠᠷ ᠤᠨ ᠲᠣᠭᠠᠴᠢᠯᠠᠭᠰᠠᠨ ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ ᠲᠠᠪᠴᠠᠩ ᠵᠡᠷᠭᠡ ᠵᠢᠴᠢ ᠳᠤᠮᠳᠠᠳᠤ ᠤᠯᠤᠰ ᠤᠨ ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ ᠰᠦᠯᠵᠢᠶ᠎ᠡ ᠵᠡᠷᠭᠡ ᠬᠤᠯᠪᠣᠭᠳᠠᠯ ᠪᠥᠬᠦᠶ ᠵᠠᠭᠤᠴᠢᠯᠠᠭᠤᠷ ᠤᠨ ᠰᠦᠯᠵᠢᠶ᠎ᠡ ᠳᠤ ᠨᠡᠭᠡᠭᠡᠵᠦ᠂ ᠲᠠᠷᠢᠶᠠᠴᠢᠨ ᠣᠯᠠᠨ ᠲᠦᠮᠡᠨ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯᠲᠠᠨ᠂ ᠬᠥᠳᠡᠭᠡ ᠲᠣᠰᠬᠤᠨ ᠤ ᠪᠠᠭᠰᠢ᠂ ᠬᠥᠳᠡᠭᠡ ᠲᠣᠰᠬᠤᠨ ᠤ ᠨᠣᠮ ᠲᠠᠷᠬᠠᠭᠠᠭᠴᠢ ᠵᠡᠷᠭᠡ ᠨᠢ ᠪᠢᠴᠢᠭ ᠤᠨ ᠰᠡᠭᠦᠯᠴᠢ ᠶᠢᠨ ᠬᠤᠶᠠᠷ ᠬᠡᠮᠵᠢᠯᠳᠦ ᠲᠡᠮᠳᠡᠭ ᠢ ᠰᠢᠷᠪᠢᠵᠦ ᠪᠢᠯᠧᠲ ᠥᠭᠬᠦ ᠳᠤ ᠢᠳᠡᠪᠬᠢᠲᠡᠶ ᠣᠷᠣᠯᠴᠠᠵᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号