ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠥᠳᠡᠯᠮᠦᠷᠢ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠵᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ︽  ᠬᠠᠢ ᠳ᠋ᠢᠶᠠᠨ ᠤ ᠵᠠᠭᠪᠤᠷ ︾ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2022/11/11
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠠᠤᠬᠠᠨ ᠬᠤᠰᠢᠭᠤ ᠪᠣᠯ ᠲᠠᠷᠢᠶᠠᠯᠠᠩ ᠤᠨ ᠲᠣᠮᠣ ᠬᠤᠰᠢᠭᠤ  ᠂ ᠬᠥᠮᠥᠨ ᠠᠮᠠ ᠶᠢᠨ ᠲᠣᠮᠣ ᠬᠤᠰᠢᠭᠤ ᠪᠠᠶᠢᠵᠤ  ᠂ ᠪᠥᠬᠦ ᠬᠥᠮᠥᠨ ᠠᠮᠠ ᠨᠢ 60 ᠲᠦᠮᠡ ᠰᠢᠬᠠᠮ ᠪᠠᠶᠢᠵᠤ  ᠂ ᠡᠭᠦᠨ ᠳᠤ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ 22 ᠲᠦᠮᠡ ᠣᠷᠴᠢᠮ ᠪᠠᠶᠢᠨ᠎ᠠ  ᠃ ᠣᠶᠢᠷ᠎ᠠ ᠶᠢᠨ ᠵᠢᠯ ᠳᠤ  ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠠᠭᠠᠯᠳᠤᠨ  ᠂  ᠠᠤᠬᠠᠨ ᠬᠤᠰᠢᠭᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠬᠡᠪᠴᠢᠶ᠎ᠡ ᠲᠠᠰᠤᠷᠠᠯᠲᠠ ᠦᠭᠡᠢ ᠥᠷᠭᠡᠳᠴᠦ  ᠂ ᠠᠵᠢᠯ ᠣᠯᠬᠤ ᠬᠦᠰᠡᠯ ᠡᠷᠡᠮᠡᠯᠵᠡᠯ ᠲᠠᠰᠤᠷᠠᠯᠲᠠ ᠦᠭᠡᠢ ᠳᠡᠭᠡᠭᠰᠢᠯᠡᠨ  ᠂ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠨᠠᠩ ᠥᠷᠭᠡᠨ ᠳᠡᠯᠭᠡᠷ ᠪᠣᠯᠪᠠ  ᠃ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠪᠣᠯᠣᠨ ᠠᠤᠬᠠᠨ ᠬᠤᠰᠢᠭᠤ ᠤᠷᠲᠤ ᠬᠤᠭᠤᠴᠠᠭ᠎ᠠ ᠪᠠᠷ ᠬᠤᠣᠰᠯᠠᠯ ᠪᠠᠶᠢᠭᠤᠯᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ  ᠂ ᠢᠮᠠᠭᠲᠠ ᠬᠥᠳᠡᠯᠮᠦᠷᠢ ᠶᠢᠨ ᠬᠦᠴᠦᠨ ᠤ ᠪᠡᠭᠡᠵᠢᠩ ᠳᠤ ᠣᠷᠣᠵᠤ ᠠᠵᠢᠯ ᠣᠯᠬᠤ ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠪᠡᠭᠡᠵᠢᠩ ᠳᠤ ᠲᠣᠭᠲᠠᠭᠤᠨ ᠢᠶᠠᠷ ᠠᠵᠢᠯ ᠣᠯᠬᠤ ᠶᠢ ᠶᠠᠳᠠᠭᠤ ᠠᠴᠠ ᠠᠩᠭᠢᠵᠢᠷᠠᠭᠤᠯᠵᠤ  ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢᠨ ᠴᠢᠬᠤᠯᠠ ᠠᠷᠭ᠎ᠠ ᠵᠠᠮ ᠪᠣᠯᠭᠠᠵᠤ  ᠂ ᠤᠨᠢᠨ ᠳᠡᠭᠡᠷ᠎ᠡ ᠨᠢ ᠵᠣᠯᠭᠠᠭᠤᠯᠵᠤ  ᠂ ᠨᠠᠷᠢᠯᠢᠭ ᠦᠢᠯᠡᠴᠢᠯᠡᠵᠦ  ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ  ᠂ ᠪᠦᠬᠦ ᠬᠦᠴᠦᠨ ᠢᠶᠠᠷ ᠢᠶᠠᠨ ᠲᠡᠳᠬᠦᠵᠦ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ  ᠂ ᠠᠤᠬᠠᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ  ᠃      ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠵᠤ᠂ ᠪᠡᠭᠡᠵᠢᠩ ᠳᠤ ᠣᠷᠣᠵᠤ ᠠᠵᠢᠯ ᠣᠯᠬᠤ ᠶᠢ ᠲᠦᠯᠬᠢᠨ ᠠᠬᠢᠭᠤᠯᠤᠨ᠎ᠠ᠃ ᠠᠤᠬᠠᠨ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠪᠠ ᠠᠵᠢᠯ ᠣᠯᠭᠤᠯᠲᠠ ᠶᠢᠨ ᠪᠠᠲᠤᠯᠠᠭ᠎ᠠ ᠶᠢᠨ ᠰᠢᠰᠲ᠋ᠧᠮ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠭᠦᠢᠴᠡᠳ ᠤᠶᠠᠯᠳᠤᠭᠤᠯᠤᠨ  ᠂ ᠬᠥᠳᠡᠯᠮᠦᠷᠢ ᠬᠦᠴᠦᠨ ᠤ ᠦᠨᠳᠦᠰᠦᠨ ᠪᠠᠶᠢᠳᠠᠯ ᠪᠠ ᠠᠵᠢᠯ ᠣᠯᠬᠤ ᠬᠦᠰᠡᠯ ᠢ ᠪᠠᠶᠢᠴᠠᠭᠠᠨ ᠣᠶᠢᠯᠠᠭᠠᠵᠤ  ᠂ ᠬᠥᠳᠡᠯᠮᠦᠷᠢ ᠬᠦᠴᠦᠨ ᠤ ᠠᠵᠢᠯ ᠣᠯᠬᠤ ᠬᠡᠷᠡᠭᠴᠡᠭᠡ ᠶᠢ ᠡᠵᠡᠮᠰᠢᠨ  ᠂ ᠰᠦᠯᠵᠢᠶ᠎ᠡ ᠪᠠ ᠲᠣᠭᠠᠴᠢᠯᠠᠯᠲᠠ ᠶᠢᠨ ᠠᠷᠭ᠎ᠠ ᠮᠠᠶ᠋ᠢᠭ ᠢ ᠠᠰᠢᠭᠯᠠᠨ ᠬᠤᠷᠢᠶᠠᠩᠭᠤᠶᠢᠯᠠᠬᠤ ᠪᠠ ᠵᠠᠳᠠᠯᠤᠯᠲᠠ ᠬᠢᠵᠦ  ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠳᠤ ︽ ᠴᠢᠳᠠᠪᠤᠷᠢ  ︾ ᠣᠯᠭᠤᠨ᠎ᠠ  ᠃ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ ᠨᠡᠶᠢᠲᠡ ᠪᠠᠷ ᠬᠥᠭᠦᠷᠭᠡ ᠬᠤᠯᠪᠣᠭᠠᠰᠤ ᠪᠣᠯᠭᠠᠵᠤ  ᠂ ᠬᠤᠶᠠᠷ ᠭᠠᠵᠠᠷ ᠤᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠢᠭᠲᠠ ᠬᠠᠷᠢᠯᠴᠠᠵᠤ  ᠂ ᠵᠢᠯ ᠪᠦᠷᠢ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ 2 ᠤᠳᠠᠭ᠎ᠠ ᠵᠣᠯᠭᠠᠭᠤᠯᠵᠤ  ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠡᠪᠲᠡᠷᠡᠯᠴᠡᠵᠦ  ᠂ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠡᠭᠡᠵᠢᠩ ᠬᠤᠲᠠ ᠶᠢᠨ ᠠᠵᠢᠯᠴᠢᠨ ᠬᠡᠷᠡᠭᠯᠡᠬᠦ ᠨᠢᠭᠡᠴᠡ ᠶᠢᠨ ᠬᠡᠷᠡᠭᠴᠡᠭᠡ ᠱᠠᠭᠠᠷᠳᠠᠯᠭ᠎ᠠ ᠲᠠᠢ ᠮᠡᠳᠡᠭᠡ ᠵᠠᠩᠭᠢ ᠪᠠᠷ ᠵᠣᠬᠢᠴᠠᠭᠤᠯᠵᠤ  ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠦᠨ᠎ᠡ  ᠃ ᠵᠢᠯ ᠪᠦᠷᠢ ᠶᠢᠨ ᠬᠠᠪᠤᠷ ᠨᠠᠮᠤᠷ ᠤᠨ ᠬᠤᠶᠠᠷ ᠤᠯᠠᠷᠢᠯ ᠳᠤ ᠠᠤᠬᠠᠨ ᠬᠤᠰᠢᠭᠤᠨ ᠳᠤ ︽ ᠬᠠᠪᠤᠷ ᠤᠨ ᠰᠠᠯᠬᠢᠨ ᠤ ᠠᠵᠢᠯᠯᠠᠭ᠎ᠠ  ︾ ︽ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ  ︾ ᠵᠡᠷᠭᠡ ᠠᠵᠢᠯ ᠣᠯᠭᠤᠯᠲᠠ ᠶᠢᠨ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ  ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ  ᠂ ᠳᠡᠭᠡᠳᠦ ᠰᠤᠷᠭᠠᠭᠤᠯᠢ ᠲᠡᠭᠦᠰᠦᠭᠰᠡᠳ  ᠂ ᠴᠡᠷᠢᠭ ᠠᠴᠠ ᠬᠠᠯᠠᠭᠳᠠᠭᠰᠠᠳ  ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠠ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠤᠨ ᠪᠡᠭᠡᠵᠢᠩ ᠳᠤ ᠣᠷᠣᠵᠤ ᠠᠵᠢᠯ ᠣᠯᠬᠤ ᠶᠢ ᠪᠠᠲᠤᠯᠠᠨ᠎ᠠ  ᠃ ᠡᠨᠡ ᠵᠢᠯ ᠤᠨ ᠠᠵᠢᠯ ᠣᠯᠭᠤᠯᠲᠠ ᠶᠢᠨ ᠠᠵᠢᠯᠲᠠᠨ ᠡᠯᠰᠡᠬᠦ ᠬᠤᠷᠠᠯ ᠳᠡᠭᠡᠷ᠎ᠡ  ᠂ ᠪᠡᠭᠡᠵᠢᠩ ᠬᠤᠲᠠ ᠶᠢᠨ 43 ᠬᠥᠮᠥᠨ ᠬᠡᠷᠡᠭᠯᠡᠬᠦ ᠨᠢᠭᠡᠴᠡ ᠠᠴᠠ 900 ᠭᠠᠷᠤᠢ ᠠᠵᠢᠯ ᠤᠨ ᠪᠠᠶᠢᠷᠢ ᠬᠠᠩᠭᠠᠵᠤ  ᠂  ᠠᠤᠬᠠᠨ ᠬᠥᠮᠥᠨ ᠤ ᠪᠡᠭᠡᠵᠢᠩ ᠳᠤ ᠢᠷᠡᠵᠦ ᠠᠵᠢᠯ ᠣᠯᠬᠤ ᠳᠤ ᠰᠠᠭᠠᠳ ᠦᠭᠡᠢ ᠨᠡᠪᠲᠡᠷᠡᠬᠦ ᠵᠠᠮ ᠬᠠᠩᠭᠠᠭᠰᠠᠨ ᠪᠠᠶᠢᠨ᠎ᠠ  ᠃ ᠵᠢᠯ ᠪᠦᠷᠢ ᠪᠡᠭᠡᠵᠢᠩ ᠬᠤᠳᠠ ᠶᠢᠨ ᠲᠡᠰ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ 10 ᠭᠠᠷᠤᠢ ᠲᠦᠮᠡᠨ ᠲᠥᠭᠦᠷᠢᠭ ᠬᠡᠷᠡᠭᠯᠡᠵᠦ᠂ ᠪᠡᠭᠡᠵᠢᠩ ᠳᠤ 3 ᠰᠠᠷ᠎ᠠ ᠠᠴᠠ ᠳᠡᠭᠡᠭᠰᠢ ᠲᠣᠭᠲᠠᠭᠤᠨ ᠢᠶᠠᠷ ᠠᠵᠢᠯ ᠣᠯᠣᠭᠰᠠᠨ ᠬᠥᠳᠡᠯᠮᠦᠷᠢ ᠶᠢᠨ ᠬᠦᠴᠦᠨ ᠳᠤ ᠬᠥᠮᠥᠨ ᠪᠦᠷᠢ ᠳᠤ 1000 ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠣᠯᠭᠤᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠳᠤ ᠤᠷᠢᠳᠠᠪᠠᠷ ᠨᠥᠬᠦᠪᠦᠷᠢ ᠥᠭᠴᠦ᠂ ᠬᠥᠳᠡᠯᠮᠦᠷᠢ ᠶᠢᠨ ᠬᠦᠴᠦᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃      ᠠᠵᠢᠯ ᠣᠯᠭᠤᠯᠲᠠ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠭᠠᠵᠠᠷ ᠤᠨ ᠬᠢᠨ ᠬᠥᠳᠡᠯᠮᠦᠷᠢ ᠬᠦᠴᠦᠨ ᠤ ᠥᠪᠡᠷᠮᠢᠴᠡ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ  ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠪᠠ ᠣᠬᠤᠷ ᠬᠤᠭᠤᠴᠠᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ  ᠂ ᠲᠤᠰᠬᠠᠢ ᠮᠡᠷᠭᠡᠵᠢᠯ ᠤᠨ ᠪᠠᠭᠰᠢ ᠶᠢᠨ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠰᠦᠢᠳᠬᠡᠯ ᠬᠤᠷᠢᠶᠠᠬᠤ ᠦᠭᠡᠢ ᠪᠠᠷ ᠠᠵᠢᠯ ᠣᠯᠬᠤ ᠤᠷ᠎ᠠ 2018 ᠣᠨ  ᠠᠴᠠ ᠨᠠᠰᠢ  ᠂ ᠵᠢᠯ ᠪᠦᠷᠢ ᠨᠢᠭᠡ ᠤᠳᠠᠭ᠎ᠠ 7 ᠡᠳᠦᠷ ᠤᠨ ᠬᠤᠭᠤᠴᠠᠭ᠎ᠠ ᠲᠠᠢ ᠬᠠᠢ ᠳ᠋ᠢᠶᠠᠨ ᠲᠣᠭᠤᠷᠢᠭ ᠤᠨ ᠠᠤᠬᠠᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠨ ᠪᠠᠶᠠᠵᠢᠬᠤ ᠶᠢᠨ ᠳᠠᠭᠠᠭᠤᠯᠤᠭᠴᠢ ᠶᠢᠨ ᠪᠣᠯᠪᠠᠰᠤᠷᠠᠯ ᠤᠨ ᠠᠩᠭᠢ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠵᠣᠬᠢᠶᠠᠨ ᠪᠠᠶᠢᠭᠤᠯᠵᠤ ᠪᠠᠶᠢᠨ᠎ᠠ  ᠃ ᠪᠣᠯᠪᠠᠰᠤᠷᠠᠯ ᠤᠨ ᠠᠩᠭᠢ ᠶᠢ ᠬᠠᠢ ᠳ᠋ᠢᠶᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ  ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ  ᠭᠤᠣᠯᠯᠠᠨ ᠡᠷᠭᠢᠯᠡᠵᠦ  ᠂ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠬᠡᠳᠦᠨ ᠵᠢᠯ ᠤᠨ ᠲᠤᠷᠰᠢ᠂ ᠪᠦᠭᠦ ᠬᠤᠰᠢᠭᠤᠨ ᠤ 16 ᠰᠢᠶᠠᠩ ᠪᠠᠯᠭᠠᠰᠤᠨ ᠤ ᠠᠳᠠᠯ ᠦᠢᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ 88 ᠬᠥᠮᠥᠨ ᠢ ᠵᠣᠬᠢᠶᠠᠨ ᠪᠠᠶᠢᠭᠤᠯᠵᠤ ᠪᠣᠯᠪᠠᠰᠤᠷᠠᠯ ᠳᠤ ᠣᠷᠣᠯᠴᠠᠭᠤᠯᠪᠠ  ᠃      ᠡᠭᠦᠨ ᠳᠤ 69 ᠬᠥᠮᠥᠨ ᠨᠢ ᠨᠢᠭᠡᠨᠲᠡ ᠦᠢᠯᠡᠰ ᠪᠣᠰᠬᠠᠬᠤ᠂ ᠦᠢᠯᠡᠰ ᠪᠣᠰᠬᠠᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠰᠠᠨ 345 ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢ ᠲᠠᠶᠢᠴᠢᠯᠠᠵᠠᠢ᠃ ᠪᠣᠯᠪᠠᠰᠤᠷᠠᠭᠤᠯᠤᠯ ᠢᠶᠠᠷ ᠳᠡᠮᠵᠢᠨ  ᠂ ᠠᠳᠠᠯ ᠦᠢᠯᠡᠰ ᠴᠣᠭᠴᠠᠯᠠᠨ ᠪᠠᠶᠠᠵᠢᠬᠤ ᠶᠢᠨ ᠳᠠᠭᠠᠭᠤᠯᠤᠭᠴᠢ ᠶᠢᠨ ᠬᠠᠷᠠᠭ᠎ᠠ ᠶᠢ ᠥᠷᠭᠡᠳᠬᠡᠵᠦ  ᠂ ᠠᠵᠤ ᠦᠢᠯᠡᠰ ᠢ ᠬᠥᠭᠵᠢᠭᠦᠯᠵᠦ ᠶᠠᠳᠠᠭᠤ  ᠠᠴᠠ ᠠᠩᠭᠢᠵᠢᠷᠠᠭᠤᠯᠤᠨ ᠪᠠᠶᠠᠵᠢᠬᠤ ᠢᠲᠡᠭᠡᠯ ᠵᠣᠷᠢᠭ ᠢ ᠬᠥᠪᠴᠢᠯᠡᠭᠰᠡᠨ ᠪᠠᠶᠢᠨ᠎ᠠ  ᠃ ᠠᠤᠬᠠᠨ ᠬᠤᠰᠢᠭᠤ ᠪᠡᠭᠡᠵᠢᠩ ᠬᠤᠲᠠ ᠶᠢᠨ ᠳᠡᠰ ᠤᠨ ᠪᠡᠭᠡᠵᠢᠩ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ  ᠶᠢ 60 ᠲᠦᠮᠡᠨ ᠲᠥᠭᠦᠷᠢᠭ ᠬᠡᠷᠡᠭᠯᠡᠵᠦ  ᠂ ᠠᠤᠬᠠᠨ ᠬᠤᠰᠢᠭᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ  ᠂ ᠣᠯᠠᠨ ᠴᠢᠳᠠᠪᠤᠷᠢᠲᠤ ᠪᠣᠯᠪᠠᠰᠤᠷᠠᠭᠤᠯᠤᠯ ᠤᠨ ᠬᠢᠴᠢᠶᠡᠯ ᠤᠨ ᠭᠡᠷ  ᠂ ᠰᠦᠯᠵᠢᠶᠡᠨ ᠤ ᠬᠠᠷᠠᠭᠠᠨ ᠳᠠᠪᠲᠠᠮᠵᠢ ᠶᠢᠨ ᠠᠵᠢᠯᠲᠠᠨ ᠡᠯᠰᠡᠬᠦ ᠬᠢᠴᠢᠶᠡᠯ ᠤᠨ ᠭᠡᠷ ᠵᠡᠷᠭᠡ ᠶᠢ ᠪᠠᠭᠲᠠᠭᠠᠭᠰᠠᠨ 230 ᠲᠡᠭᠰᠢ ᠳᠥᠷᠪᠡᠯᠵᠢᠨ ᠮᠧᠲᠷ ᠤᠨ ᠲᠠᠯᠠᠪᠤᠷ ᠭᠠᠵᠠᠷ ᠢ ᠪᠠᠶᠢᠭᠤᠯᠬᠤ ᠳᠤ ᠬᠡᠷᠡᠭᠯᠡᠵᠦ  ᠂ ᠡᠭᠦᠨ ᠤ ᠬᠠᠮᠲᠤ ᠡᠯᠧᠺᠲᠷᠣᠨ ᠳᠡᠯᠭᠡᠴᠡ  ᠂ ᠵᠥᠭᠡᠯᠡᠨ ᠲᠣᠨᠤᠭ ᠤᠨ ᠰᠢᠰᠲ᠋ᠧᠮ ᠵᠡᠷᠭᠡ ᠵᠥᠭᠡᠯᠡᠨ ᠲᠣᠨᠤᠭ ᠲᠥᠬᠦᠭᠡᠷᠦᠮᠵᠢ ᠬᠤᠳᠠᠯᠳᠤᠨ ᠠᠪᠴᠤ  ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠪᠠᠶᠢᠭᠤᠯᠤᠯᠲᠠ ᠶᠢ ᠠᠬᠢᠭᠤᠯᠤᠨ ᠠᠤᠬᠠᠨ ᠬᠤᠰᠢᠭᠤᠨ ᠤ ᠬᠥᠳᠡᠯᠮᠦᠷᠢ ᠬᠦᠴᠦᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ  ᠂ ᠠᠵᠢᠯ ᠣᠯᠬᠤ ᠳᠤ ᠬᠦᠴᠢᠷᠲᠡᠢ ᠬᠠᠮᠲᠤᠯᠢᠭ ᠲᠤ ᠠᠵᠢᠯ ᠣᠯᠭᠤᠯᠲᠠ ᠶᠢᠨ ᠲᠤᠰᠠᠯᠠᠮᠵᠢ ᠬᠠᠩᠭᠠᠵᠤ  ᠂ ᠬᠥᠮᠥᠨ ᠬᠡᠷᠡᠭᠯᠡᠬᠦ ᠨᠢᠭᠡᠴᠡ ᠳᠤ ᠠᠵᠢᠯᠲᠠᠨ ᠡᠯᠰᠡᠬᠦ ᠦᠢᠯᠡᠴᠢᠯᠡᠭᠡ ᠬᠠᠩᠭᠠᠨ᠎ᠠ  ᠃ ᠪᠡᠭᠡᠵᠢᠩ ᠬᠤᠲᠠ ᠶᠢᠨ ᠳᠡᠰ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ  ᠶᠢ ᠨᠡᠶᠢᠲᠡ 535 ᠲᠦᠮᠡᠨ ᠲᠥᠭᠦᠷᠢᠭ ᠬᠡᠷᠡᠭᠯᠡᠵᠦ  ᠂ ᠬᠤᠶᠠᠷ ᠭᠠᠵᠠᠷ ᠢᠶᠠᠷ ᠢᠶᠠᠨ ᠠᠤᠬᠠᠨ ᠬᠤᠰᠢᠭᠤᠨ ᠤ ᠰᠧ ᠳ᠋ᠣᠣ ᠸᠠᠨ ᠽᠢ ᠪᠠᠯᠭᠠᠰᠤᠨ ᠳᠤ ᠦᠢᠯᠡᠳᠪᠦᠷᠢᠯᠡᠬᠦ  ᠂ ᠪᠣᠷᠣᠯᠠᠭᠤᠯᠬᠤ  ᠂ ᠬᠠᠳᠠᠭᠠᠯᠠᠬᠤ  ᠂ ᠲᠡᠭᠡᠭᠡᠪᠦᠷᠢᠯᠡᠬᠦ  ᠂ ᠠᠵᠢᠯ ᠣᠯᠭᠤᠬᠤ ᠶᠢ ᠨᠢᠭᠡ ᠴᠣᠭᠴᠠᠵᠢᠭᠤᠯᠤᠭᠰᠠᠨ ᠦᠵᠡᠰᠬᠦᠯᠡᠩᠲᠦ ᠰᠠᠶᠢᠬᠠᠨ ᠲᠠᠷᠢᠶᠠᠯᠠᠩ ᠤᠨ ᠠᠯᠲᠠᠨ ᠤᠲᠠᠰᠤ ᠪᠠᠯᠲᠤ ᠬᠡᠮᠬᠡ ᠶᠢ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠢ ᠪᠠᠶᠢᠭᠤᠯᠵᠤ  ᠂ ᠤᠯᠠᠷᠢᠯ ᠤᠨ ᠴᠢᠨᠠᠷᠲᠠᠢ ᠬᠥᠳᠡᠯᠮᠦᠷᠢ ᠶᠢᠨ ᠬᠦᠴᠦᠨ ᠢ ᠬᠡᠳᠦᠨ ᠮᠢᠩᠭᠠᠨ ᠬᠥᠮᠥᠨ ᠳᠤ ᠬᠦᠷᠭᠡᠬᠦ ᠶᠢᠨ ᠬᠠᠮᠲᠤ ᠣᠷᠳᠣ ᠬᠤᠭᠤᠴᠠᠭ᠎ᠠ ᠪᠠᠷ ᠠᠵᠢᠯᠯᠠᠭᠰᠠᠨ ᠬᠥᠳᠡᠯᠮᠦᠷᠢ ᠶᠢᠨ ᠬᠦᠴᠦᠨ ᠳᠤ ᠨᠢᠭᠡ ᠨᠢᠭᠡ ᠶᠢᠨ ᠪᠣᠯᠪᠠᠰᠤᠷᠠᠭᠤᠯᠤᠯ ᠪᠠ ᠵᠢᠭᠠᠨ ᠰᠤᠷᠭᠠᠯᠲᠠ ᠶᠢ ᠥᠷᠨᠢᠭᠦᠯᠵᠦ  ᠂ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ  ᠂ ᠰᠠᠷ᠎ᠠ ᠶᠢᠨ ᠴᠠᠯᠢᠩ ᠢ 3000 ︱ 4000 ᠲᠥᠭᠦᠷᠢᠭ ᠲᠤ ᠬᠦᠷᠭᠡᠭᠰᠡᠨ ᠪᠠᠶᠢᠨ᠎ᠠ  ᠃ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠢ ᠠᠰᠢᠭᠯᠠᠯᠲᠠ ᠳᠤ ᠣᠷᠣᠭᠤᠯᠤᠭᠰᠠᠨ ᠨᠢ ᠠᠮᠲᠠᠲᠤ ᠰᠠᠶᠢᠬᠠᠨ ᠪᠠᠯᠲᠤ ᠬᠡᠮᠬᠡ ᠶᠢ ᠪᠡᠭᠡᠵᠢᠩ ᠤᠨ ᠬᠤᠳᠠ ᠶᠢᠨ ᠠᠷᠠᠳ ᠤᠨ ᠬᠤᠭᠤᠯᠠᠨ ᠰᠢᠷᠡᠭᠡᠨ ᠳᠤ ᠠᠪᠴᠢᠷᠠᠭᠰᠠᠨ ᠢᠶᠠᠷ ᠪᠠᠷᠠᠬᠤ ᠦᠭᠡᠢ ᠪᠠᠰᠠ ᠦᠢᠯᠡᠳᠪᠦᠷᠢ ᠶᠢᠨ ᠲᠠᠰᠤᠭ ᠤᠨ ᠰᠢᠯᠢᠳᠡᠭ ᠮᠡᠷᠭᠡᠵᠢᠯ ᠤᠨ ᠠᠵᠢᠯᠴᠢᠨ ᠤ ᠪᠡᠭᠡᠵᠢᠩ ᠳᠤ ᠣᠷᠣᠵᠤ ᠠᠵᠢᠯ ᠣᠯᠬᠤ ᠳᠤ ᠲᠤᠰᠠ ᠪᠣᠯᠤᠭᠰᠠᠨ ᠪᠠᠶᠢᠨ᠎ᠠ᠃      ᠠᠵᠢᠯ ᠣᠯᠭᠤᠬᠤ ᠬᠡᠪᠴᠢᠶ᠎ᠡ ᠶᠢ ᠥᠷᠭᠡᠳᠬᠡᠵᠦ᠂ ᠬᠥᠳᠡᠯᠮᠦᠷᠢ ᠦᠢᠯᠡᠴᠢᠯᠡᠭᠡᠨ ᠤ ᠨᠡᠷᠡᠳᠤ ᠲᠡᠮᠳᠡᠭ ᠢ ᠪᠤᠢ ᠪᠣᠯᠭᠠᠨ᠎ᠠ ᠃ ᠬᠤᠶᠠᠷ ᠭᠠᠵᠠᠷ ᠤᠨ ᠬᠢᠨ ᠬᠥᠲᠥᠯᠥᠨ ᠵᠢᠯᠤᠭᠤᠳᠬᠤ ᠪᠠ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ  ᠂ ᠤᠯᠠᠮ ᠠᠴᠠ ᠤᠯᠠᠮ ᠣᠯᠠᠨ ᠬᠥᠳᠡᠯᠮᠦᠷᠢ ᠬᠦᠴᠦᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠳᠡᠮᠵᠢᠨ ᠪᠡᠭᠡᠵᠢᠩ ᠳᠤ ᠣᠷᠣᠵᠤ ᠠᠵᠢᠯ ᠣᠯᠬᠤ ᠰᠣᠩᠭᠤᠯᠲᠠ ᠬᠢᠵᠦ  ᠂  ᠠᠤᠬᠠᠨ ᠤ ︽ ᠸᠠᠩ ᠵᠢᠩ ᠠᠮᠤᠷ ᠢ ᠬᠠᠮᠠᠭᠠᠯᠠᠭᠴᠢ  ︾  ᠂ ᠠᠤᠬᠠᠨ ᠤ ᠤᠲᠠᠰᠤ ᠲᠠᠲᠠᠬᠤ ᠠᠵᠢᠯᠴᠢᠨ  ᠂  ᠠᠤᠬᠠᠨ ᠤ ᠨᠢᠯᠬ᠎ᠠ ᠬᠡᠤᠬᠡᠳ ᠠᠰᠠᠷᠠᠭᠴᠢ ᠵᠡᠷᠭᠡ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭ ᠪᠡᠭᠡᠵᠢᠩ ᠬᠤᠲᠠ ᠶᠢᠨ ᠠᠷᠠᠳ ᠤᠨ ᠬᠦᠷᠢᠶᠡᠯᠡᠯ ᠢ ᠣᠯᠵᠤ  ᠂ ᠪᠡᠭᠡᠵᠢᠩ ᠳᠤ ᠠᠵᠢᠯᠯᠠᠵᠤ ᠪᠠᠶᠢᠭ᠎ᠠ ᠬᠥᠮᠥᠰ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠪᠡ  ᠃ ︽ ᠸᠠᠩ ᠵᠢᠩ ᠠᠮᠤᠷ ᠢ ᠬᠠᠮᠠᠭᠠᠯᠠᠭᠴᠢ  ︾ ᠨᠢ ᠤᠯᠤᠰ ᠤᠨ ᠰᠢᠯᠢᠳᠡᠭ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭ ᠪᠣᠯᠤᠭᠰᠠᠨ ᠤ ᠬᠤᠪᠢ ᠳᠤ  ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠂ ᠠᠤᠬᠠᠨ ᠬᠥᠮᠥᠨ ᠰᠢᠤᠸᠠᠢ ᡁᠢ ᠭᠦᠸᠧ ᠡᠭᠦᠳᠦᠨ ᠪᠠᠶᠢᠭᠤᠯᠵᠤ  ᠂ ᠬᠥᠭᠵᠢᠭᠦᠯᠦᠭᠡᠳ ᠨᠢᠭᠡᠨᠲᠡ 20 ᠭᠠᠷᠤᠢ ᠵᠢᠯ ᠪᠣᠯᠵᠤ ᠪᠠᠶᠢᠨ᠎ᠠ  ᠂ ᠣᠳᠣᠬᠠᠨ ᠳᠤ 7000 ᠭᠠᠷᠤᠢ ᠤᠯᠠᠭᠠᠨᠬᠠᠳᠠ ᠳᠤ ᠨᠤᠲᠤᠭ ᠲᠠᠢ ᠠᠮᠤᠷ ᠢ ᠬᠠᠮᠠᠭᠠᠯᠠᠭᠴᠢ ᠠᠵᠢᠯ ᠤᠨ ᠪᠠᠶᠢᠷᠢᠨ ᠳᠤ ᠪᠠᠶᠢᠭ᠎ᠠ ᠶᠤᠮ  ᠃ ᠲᠡᠳᠡ ᠠᠵᠢᠯ ᠦᠢᠯᠡᠰ ᠢᠶᠠᠨ ᠳᠡᠭᠡᠳᠦᠯᠡᠬᠦ ᠠᠮᠤᠷ ᠢ ᠬᠠᠮᠠᠭᠠᠯᠠᠬᠤ ᠵᠣᠷᠢᠭ ᠰᠠᠨᠠᠭ᠎ᠠ  ᠂ ᠳᠦᠷᠢᠮᠵᠢᠭᠰᠡᠨ ᠬᠠᠮᠢᠶᠠᠷᠤᠯᠲᠠ ᠵᠢᠴᠢ ᠰᠠᠶᠢᠨ ᠰᠠᠶᠢᠬᠠᠨ ᠦᠢᠯᠡᠴᠢᠯᠡᠭᠡᠨ ᠤ ᠣᠪᠣᠷ ᠲᠤ ᠲᠦᠰᠢᠭᠯᠡᠨ  ᠂ ᠨᠢᠭᠡᠨ ᠰᠠᠯᠠᠭ᠎ᠠ ᠲᠤᠰᠬᠠᠢ ᠮᠡᠷᠭᠡᠵᠢᠯ ᠤᠨ  ᠂ ᠵᠢᠷᠤᠮᠵᠢᠭᠤᠨ  ᠂ ᠥᠨᠳᠥᠷ ᠪᠦᠲᠦᠮᠵᠢᠲᠡᠶ ᠠᠮᠤᠷ  ᠢ ᠬᠠᠮᠠᠭᠠᠯᠠᠬᠤ ᠡᠩᠨᠡᠭᠡ ᠪᠣᠯᠣᠨ ᠬᠥᠮᠥᠵᠢᠭᠳᠡᠵᠦ  ᠂ 2014 ᠣᠨ ᠤ APEC ᠤᠨ ᠬᠤᠷᠠᠯᠳᠤᠭᠠᠨ  ᠂ 2017 ᠣᠨ ᠤ 《 ᠨᠢᠭᠡ ᠪᠦᠰᠡ ᠨᠢᠭᠡ ᠵᠠᠮ 》 ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ  ᠂ 2018 ᠣᠨ ᠤ ᠳᠤᠮᠳᠠᠳᠤ ᠠᠹᠷᠢᠺᠠ  ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠵᠢᠴᠢ ᠵᠢᠯ ᠪᠦᠷᠢ  ᠶᠢᠨ ᠪᠦᠬᠦ ᠤᠯᠤᠰ ᠤᠨ ᠬᠤᠶᠠᠷ ᠬᠤᠷᠠᠯ ᠵᠡᠷᠭᠡ ᠴᠢᠬᠤᠯᠠ ᠶᠡᠭᠡ ᠠᠵᠢᠯᠯᠠᠭ᠎ᠠ  ᠶᠢᠨ ᠠᠮᠤᠷ  ᠢ ᠬᠠᠮᠠᠭᠠᠯᠠᠬᠤ  ᠂ ᠠᠮᠤᠷ ᠲᠦᠪᠰᠢᠨ ᠤ ᠪᠠᠶᠢᠴᠠᠭᠠᠯᠲᠠ ᠵᠡᠷᠭᠡ ᠡᠭᠦᠷᠭᠡ  ᠶᠢ ᠤᠷᠢᠳ ᠬᠤᠵᠢᠳ ᠠᠮᠵᠢᠯᠲᠠ  ᠲᠠᠢ ᠪᠠᠷ ᠪᠡᠶᠡᠯᠡᠭᠦᠯᠦᠭᠡᠳ  ᠂ 《 ᠸᠠᠩ ᠵᠢᠩ ᠠᠮᠤᠷ  ᠢ ᠬᠠᠮᠠᠭᠠᠯᠠᠭᠴᠢ 》 ᠶᠢᠨ ᠮᠠᠭᠲᠠᠭᠠᠯ ᠰᠠᠶᠢᠰᠢᠶᠠᠯ  ᠢ ᠣᠯᠵᠤ  ᠂ ᠣᠯᠠᠨ ᠳᠤ 《 ᠸᠠᠩ ᠵᠢᠩ ᠰᠠᠬᠢᠨ ᠬᠠᠮᠠᠭᠠᠯᠠᠭᠴᠢ 》 ᠬᠡᠮᠡᠭᠳᠡᠭᠰᠡᠨ ᠪᠠᠶᠢᠨ᠎ᠠ  ᠃ ᠡᠭᠦᠨ ᠤ ᠳᠣᠲᠣᠷᠠᠬᠢ ᠴᠥᠭᠡᠨ ᠪᠤᠰᠤ ᠬᠥᠮᠥᠰ ᠴᠦ ᠪᠡᠭᠡᠵᠢᠩ ᠳᠤ ᠭᠦᠨ ᠠᠭᠤᠰᠤᠯᠴᠠᠵᠤ᠂ ᠪᠡᠭᠡᠵᠢᠩ ᠳᠤ ᠨᠤᠲᠤᠭᠰᠢᠬᠤ ᠶᠢ ᠰᠣᠩᠭᠤᠭᠰᠠᠨ ᠪᠠᠶᠢᠨ᠎ᠠ᠃ ᠠᠤᠬᠠᠨ ᠤ ᠤᠲᠠᠰᠤ ᠲᠠᠲᠠᠬᠤ ᠠᠵᠢᠯᠴᠢᠨ ᠪᠣᠯ ᠪᠡᠭᠡᠵᠢᠩ ᠳᠤ ᠬᠦᠷᠴᠦ  ᠂ ᠴᠢᠨᠠᠭᠰᠢᠯᠠᠨ ᠪᠥᠬᠦ ᠤᠯᠤᠰ ᠲᠤ ᠬᠦᠷᠴᠦ ᠪᠠᠶᠢᠭ᠎ᠠ ᠪᠠᠰᠠ ᠨᠢᠭᠡ ᠰᠠᠯᠠᠭ᠎ᠠ ᠠᠵᠢᠯ ᠣᠯᠭᠤᠯᠲᠠ ᠶᠢᠨ ᠡᠩᠨᠡᠭᠡ ᠪᠣᠯᠣᠨ᠎ᠠ  ᠂ ᠪᠥᠬᠦ ᠬᠤᠰᠢᠭᠤᠨ ᠤ ᠤᠲᠠᠰᠤ ᠲᠠᠲᠠᠬᠤ ᠠᠵᠢᠯ ᠢ ᠡᠷᠭᠢᠯᠡᠨ ᠬᠢᠵᠦ ᠪᠠᠶᠢᠭ᠎ᠠ ᠠᠵᠢᠯᠴᠢᠨ 3 ᠲᠦᠮᠡ ᠭᠠᠷᠤᠢ ᠪᠠᠶᠢᠵᠤ  ᠂ ᠤᠯᠠᠭᠠᠨᠬᠠᠳᠠ ᠬᠤᠲᠠ ᠳᠤ ᠬᠤᠲᠠ ᠶᠢᠨ ᠲᠠᠰ ᠤᠨ ᠰᠢᠯᠢᠳᠡᠭ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭ ᠢᠶᠠᠷ ᠦᠨᠡᠯᠡᠭᠳᠡᠪᠡ  ᠃ ᠲᠡᠳᠡ ᠮᠡᠷᠭᠡᠵᠢᠯ ᠢᠶᠠᠷ ᠥᠨᠳᠥᠷ  ᠂ ᠪᠣᠳᠠᠲᠤ ᠬᠦᠴᠦᠨ ᠢᠶᠠᠷ ᠴᠢᠩᠭ᠎ᠠ  ᠂ ᠵᠣᠪᠠᠭᠤᠷᠢ ᠵᠦᠳᠡᠭᠦᠷᠢ ᠶᠢ ᠳᠠᠭᠠᠭᠠᠳᠠᠭ  ᠂ ᠴᠠᠬᠢᠯᠭᠠᠨ ᠤ ᠦᠢᠯᠡᠰ ᠤᠨ ᠤᠲᠠᠰᠤ ᠲᠠᠲᠠᠬᠤ ᠠᠵᠢᠯ ᠲᠥᠷᠥᠯ ᠳᠤ ᠨᠡᠯᠢᠶᠡᠳ ᠥᠨᠳᠥᠷ ᠠᠯᠳᠠᠷᠰᠢᠯ ᠲᠠᠢ ᠪᠠᠶᠢᠵᠤ  ᠂ ᠠᠵᠢᠯ ᠲᠥᠷᠥᠯ ᠤᠨ ᠳᠣᠲᠣᠷ᠎ᠠ ᠪᠠᠨ ︽ ᠤᠮᠠᠷᠠᠲᠤ ᠳᠠᠭᠠᠨ ᠥᠪᠥᠷ ᠮᠣᠩᠭᠤᠯ ᠲᠠᠢ  ᠂ ᠡᠮᠦᠨᠡᠲᠦ ᠳᠡᠭᠡᠨ ᠰᠧᠴᠤᠸᠠᠨ ᠲᠠᠢ  ᠂ ᠥᠪᠥᠷ ᠮᠣᠩᠭᠤᠯ ᠤᠨ ᠳᠣᠲᠣᠷ᠎ᠠ ᠪᠠᠨ ᠠᠤᠬᠠᠨ ᠲᠤᠭ᠎ᠠ ᠲᠠᠢ  ︾ ᠭᠡᠰᠡᠨ ᠨᠡᠷ᠎ᠡ ᠲᠠᠢ ᠪᠠᠶᠢᠳᠠᠭ  ᠃ ᠬᠡᠲᠦᠶᠢᠳᠦᠭᠰᠡᠨ ᠤᠷ᠎ᠠ ᠮᠡᠷᠭᠡᠵᠢᠯ ᠢᠶᠠᠷ ᠢᠶᠠᠨ ᠰᠢᠯᠢᠳᠡᠭ ᠮᠡᠷᠭᠡᠵᠢᠯ ᠤᠨ ᠠᠵᠢᠯᠴᠢᠨ ᠤ ᠰᠠᠷ᠎ᠠ ᠶᠢᠨ ᠣᠷᠣᠯᠭ᠎ᠠ ᠨᠢ ᠲᠦᠮᠡᠨ ᠲᠥᠭᠦᠷᠢᠭ ᠢ ᠳᠠᠪᠠᠵᠤ ᠪᠣᠯᠣᠨ᠎ᠠ  ᠃      ᠠᠤᠬᠠᠨ ᠬᠤᠰᠢᠭᠤᠨ ᠤ ᠥᠷᠭᠡᠨ ᠣᠯᠠᠨ ᠬᠥᠳᠡᠯᠮᠦᠷᠢ ᠶᠢᠨ ᠬᠦᠴᠦᠨ ᠪᠡᠭᠡᠵᠢᠩ ᠳᠤ ᠢᠷᠡᠵᠦ ᠠᠵᠢᠯ ᠣᠯᠵᠤ  ᠂ ᠰᠢᠷᠭᠠᠭᠤ ᠬᠠᠲᠠᠭᠤᠵᠢᠯᠲᠠᠢ ᠠᠵᠢᠯᠯᠠᠬᠤ ᠪᠠᠷ ᠳᠡᠮᠵᠢᠨ ᠣᠷᠣᠯᠭ᠎ᠠ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ  ᠂ ᠪᠡᠭᠡᠵᠢᠩ ᠳᠤ ᠴᠦ ᠰᠠᠶᠢᠨ ᠰᠠᠶᠢᠬᠠᠨ ᠳᠦᠷᠢ ᠲᠥᠷᠬᠦ ᠲᠠᠢ ᠪᠣᠯᠵᠤ  ᠂ ᠰᠠᠶᠢᠨ ᠰᠠᠶᠢᠬᠠᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ  ᠃ ᠬᠠᠢ ᠳ᠋ᠢᠶᠠᠨ ᠲᠣᠭᠤᠷᠢᠭ ᠪᠠ ᠠᠤᠬᠠᠨ ᠬᠤᠰᠢᠭᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ  ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ  ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠡᠯᠬᠢᠶ᠎ᠡ ᠪᠠᠨ ᠤᠷᠲᠤᠳᠬᠠᠨ  ᠂ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠪᠦᠷᠢᠨ ᠲᠡᠭᠦᠯᠳᠡᠷ ᠲᠠᠪᠴᠠᠩ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠠᠤᠬᠠᠨ ᠬᠥᠮᠥᠨ ᠤ ᠪᠡᠭᠡᠵᠢᠩ ᠳᠤ ᠢᠷᠡᠵᠦ ᠠᠵᠢᠯ ᠣᠯᠬᠤ ᠥᠷᠭᠡᠨ ᠠᠭᠤᠳᠠᠮ ᠲᠠᠪᠴᠠᠩ ᠪᠣᠯᠭᠠᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号