ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠄ ᠪᠡᠭᠡᠵᠢᠩ ᠥᠪᠥᠷ ᠮᠣᠩᠭᠤᠯ ᠬᠠᠮᠵᠢᠯᠴᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/11/16
      ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠭᠦᠨᠵᠡᠭᠡᠢ ᠡᠵᠡᠮᠳᠡᠵᠦ  ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠯᠤᠭ᠎ᠠ ᠪᠥᠬᠦ ᠲᠠᠯ᠎ᠠ ᠶᠢᠨ  ᠂ ᠣᠯᠠᠨ ᠬᠦᠷᠢᠶ᠎ᠡ ᠴᠠᠷᠠᠭ᠎ᠠ ᠶᠢᠨ  ᠂ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ  ᠂ ᠺᠠᠳ᠋ᠷ ᠤᠨ ᠲᠤᠰᠢᠶᠠᠯ ᠡᠭᠦᠷᠭᠡᠯᠡᠬᠦ  ᠂ ᠴᠢᠳᠠᠪᠤᠷᠢᠲᠠᠨ ᠤ ᠰᠣᠯᠢᠯᠴᠠᠭ᠎ᠠ  ᠂ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ  ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠨᠠᠮ ᠵᠠᠰᠠᠭ ᠤᠨ ᠴᠢᠳᠠᠪᠤᠷᠢᠲᠠᠨ  ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠪᠠ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ  ᠃      ᠨᠠᠮ ᠵᠠᠰᠠᠭ ᠤᠨ ᠺᠠᠳ᠋ᠷ ᠤᠨ ᠰᠣᠯᠢᠯᠴᠠᠭ᠎ᠠ ᠶᠢ ᠴᠢᠩᠭᠠᠳᠬᠠᠨ᠎ᠠ      ᠪᠡᠭᠡᠵᠢᠩ ᠬᠤᠲᠠ ᠶᠢᠨ ᠴᠠᠩᠫᠢᠩ ᠲᠣᠭᠤᠷᠢᠭ ᠬᠢᠭᠡᠳ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ  ᠬᠢᠨ ᠨᠠᠮ ᠵᠠᠰᠠᠭ ᠤᠨ ᠺᠠᠳ᠋ᠷ ᠴᠢᠳᠠᠪᠤᠷᠢᠲᠠᠨ ᠢ ᠬᠤᠶᠠᠷ ᠭᠠᠵᠠᠷ ᠲᠤ ᠲᠣᠮᠢᠯᠠᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ  ᠂ ᠶᠠᠷᠢᠯᠴᠠᠨ ᠨᠡᠪᠲᠡᠷᠡᠯᠴᠡᠵᠦ  ᠂ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠨ ᠰᠣᠯᠢᠯᠴᠠᠬᠤ ᠪᠠᠷ ᠳᠠᠮᠵᠢᠭᠤᠯᠤᠨ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠣᠷᠣ ᠲᠥᠯᠥᠪ ᠤᠨ ᠲᠤᠤᠷᠠᠬᠢ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠥᠭᠵᠢᠯᠲᠡ ᠶᠢᠨ ᠠᠷᠭ᠎ᠠ ᠮᠠᠶ᠋ᠢᠭ ᠢ ᠭᠦᠨᠵᠡᠭᠡᠢ ᠰᠤᠳᠤᠯᠤᠨ ᠶᠠᠷᠢᠯᠴᠠᠪᠠ  ᠃ ᠣᠶᠢᠷ᠎ᠠ ᠶᠢᠨ ᠵᠢᠯ ᠠᠴᠠ᠂ ᠬᠤᠶᠠᠷ ᠲᠠᠯ᠎ᠠ ᠪᠠᠷ ᠢᠶᠠᠨ ᠬᠠᠷᠢᠯᠴᠠᠨ ᠺᠠᠳ᠋ᠷ ᠴᠢᠳᠠᠪᠤᠷᠢᠲᠠᠨ ᠢ ᠵᠣᠯᠭᠠᠭᠤᠯᠬᠤ ᠠᠵᠢᠯ ᠢ 200 ᠭᠠᠷᠤᠢ ᠪᠦᠯᠦᠭ ᠤᠳᠠᠭ᠎ᠠ ᠲᠣᠮᠢᠯᠠᠵᠤ᠂ 1637 ᠬᠥᠮᠥᠨ ᠤᠳᠠᠭ᠎ᠠ ᠶᠢ ᠬᠠᠷᠢᠯᠴᠠᠨ ᠰᠤᠷᠪᠤᠯᠵᠢᠯᠠᠨ ᠰᠣᠯᠢᠯᠴᠠᠪᠠ᠃ ᠬᠤᠶᠠᠷ ᠭᠠᠵᠠᠷ ᠤᠨ ᠨᠠᠮ ᠵᠠᠰᠠᠭ ᠤᠨ ᠺᠠᠳ᠋ᠷᠴᠤᠳ ᠤᠨ ᠰᠣᠯᠢᠯᠴᠠᠭ᠎ᠠ ᠶᠢ ᠪᠦᠲᠦᠮᠵᠢᠲᠡᠶ ᠠᠬᠢᠭᠤᠯᠬᠤ ᠶᠢᠨ ᠲᠥᠯᠥᠭᠡ  ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠢᠨ ᠤᠷᠢᠳ ᠬᠤᠵᠢᠳ 9 ᠨᠠᠮ ᠵᠠᠰᠠᠭ ᠤᠨ ᠺᠠᠳ᠋ᠷ ᠢ ᠰᠣᠩᠭᠤᠨ ᠲᠣᠮᠢᠯᠠᠵᠤ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠲᠤᠰᠢᠶᠠᠯ ᠡᠭᠦᠷᠭᠡᠯᠡᠭᠦᠯᠦᠨ  ᠂ ᠲᠣᠭᠲᠠᠪᠤᠷᠢᠲᠠᠢ ᠲᠤᠰᠢᠶᠠᠯ ᠡᠭᠦᠷᠭᠡᠯᠡᠭᠦᠯᠬᠦ ᠪᠠᠷ ᠳᠠᠮᠵᠢᠭᠤᠯᠤᠨ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠪᠠ︔ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ 8 ᠺᠠᠳ᠋ᠷ ᠢ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠡᠪᠯᠡᠯ ᠤᠨ ᠬᠤᠷᠢᠶ᠎ᠠ  ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠨᠢᠭᠡᠴᠡ ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ  ᠂ ᠬᠠᠷᠠᠭ᠎ᠠ ᠪᠠᠨ ᠪᠦᠲᠦᠮᠵᠢᠲᠡᠶ ᠪᠠᠷ ᠥᠷᠭᠡᠳᠬᠡᠨ  ᠂ ᠮᠡᠳᠡᠯᠭᠡ ᠪᠠᠨ ᠨᠡᠮᠡᠭᠳᠡᠭᠦᠯᠵᠦ  ᠂ ᠴᠢᠳᠠᠪᠤᠷᠢ ᠪᠠᠨ ᠳᠡᠭᠡᠭᠰᠢᠯᠡᠭᠦᠯᠪᠡ  ᠃      ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠳᠤ ᠬᠦᠴᠦ ᠪᠠᠨ ᠲᠥᠪᠯᠡᠷᠡᠭᠦᠯᠦᠨ᠎ᠡ      ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠ ᠡᠮ ᠡᠮᠨᠡᠯᠭᠡ ᠶᠢᠨ ᠬᠥᠭᠵᠢᠯᠲᠡ ᠶᠢᠨ ᠠᠵᠢᠯ ᠤᠨ 《ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ》 ᠶᠢ ᠲᠦᠯᠬᠢᠨ ᠠᠬᠢᠭᠤᠯᠤᠨ᠎ᠠ᠃ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠣᠬᠢᠶᠠᠨ ᠪᠠᠶᠢᠭᠤᠯᠤᠨ ᠪᠡᠭᠡᠵᠢᠩ ᠬᠤᠲᠠ ᠶᠢᠨ ᠴᠠᠩᠫᠢᠩ ᠲᠣᠭᠤᠷᠢᠭ ᠲᠤ ᠣᠴᠢᠭᠤᠯᠤᠨ ᠠᠵᠢᠯ ᠤᠨ ᠪᠠᠶᠢᠷᠢ ᠳᠠᠭᠠᠵᠤ ᠰᠤᠷᠤᠯᠴᠠᠭᠤᠯᠵᠤ  ᠂ ᠲᠣᠭᠤᠷᠢᠨ ᠦᠵᠡᠬᠦ  ᠂ ᠰᠣᠯᠢᠯᠴᠠᠬᠤ  ᠂ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠡᠮᠵᠢᠨ  ᠂ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠪᠠ ᠠᠨᠠᠭᠠᠬᠤ ᠤᠬᠠᠭᠠᠨ ᠤ ᠮᠡᠷᠭᠡᠵᠢᠯ ᠢ ᠲᠠᠰᠤᠷᠠᠯᠲᠠ ᠦᠭᠡᠢ ᠰᠤᠷᠤᠯᠴᠠᠵᠤ  ᠂ ᠲᠤᠬᠠᠶᠢᠯᠠᠭᠰᠠᠨ ᠠᠵᠢᠯ ᠤᠨ ᠳᠡᠭᠡᠭᠰᠢᠯᠡᠯᠲᠡ ᠪᠠᠨ ᠴᠢᠩᠭᠠᠳᠬᠠᠨ  ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠎ᠡ  ᠃ ᠡᠭᠦᠨ ᠠᠴᠠ ᠭᠠᠳᠠᠨ᠎ᠠ  ᠂ ᠪᠡᠭᠡᠵᠢᠩ ᠬᠤᠲᠠ  ᠶᠢᠨ ᠴᠠᠩᠫᠢᠩ ᠲᠣᠭᠤᠷᠢᠭ ᠤᠨ ᠬᠢᠨ ᠤᠷᠢᠳ ᠬᠤᠵᠢᠳ 181 ᠰᠢᠯᠢᠳᠡᠭ ᠪᠠᠭᠰᠢ  ᠶᠢ ᠤᠯᠠᠭᠠᠨᠬᠠᠳᠠ ᠬᠤᠲᠠ  ᠶᠢᠨ ᠠᠷᠤ ᠬᠤᠷᠴᠢᠨ ᠬᠤᠰᠢᠭᠤᠨ ᠳᠤ ᠲᠣᠮᠢᠯᠠᠨ ᠰᠤᠷᠭᠠᠨ ᠬᠥᠮᠦᠵᠢᠯ  ᠢ ᠬᠦᠷᠭᠡᠵᠦ ᠰᠤᠷᠭᠠᠨ ᠬᠥᠮᠦᠵᠢᠯ  ᠢ ᠳᠡᠮᠵᠢᠭᠦᠯᠵᠦ  ᠂ 29 ᠡᠮᠴᠢᠯᠡᠭᠡᠨ ᠤ ᠲᠤᠰᠬᠠᠢ ᠮᠡᠷᠭᠡᠵᠢᠯᠲᠡᠨ  ᠢ ᠤᠯᠠᠭᠠᠨᠬᠠᠳᠠ ᠬᠤᠲᠠ  ᠶᠢᠨ ᠠᠷᠤ ᠬᠤᠷᠴᠢᠨ ᠬᠤᠰᠢᠭᠤᠨ ᠳᠤ ᠪᠠᠶᠢᠩᠭᠤ ᠣᠴᠢᠭᠤᠯᠤᠨ ᠡᠮᠴᠢᠯᠡᠭᠡᠨ ᠤ ᠵᠢᠯᠣᠭᠤᠳᠤᠮᠵᠢ  ᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠯᠭᠡᠵᠦ  ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠴᠢᠳᠠᠪᠤᠷᠢᠲᠠᠨ  ᠢ 5640 ᠬᠥᠮᠥᠨ ᠤᠳᠠᠭ᠎ᠠ ᠪᠣᠯᠪᠠᠰᠤᠷᠠᠭᠤᠯᠵᠠᠢ᠃      ᠣᠷᠣᠨ ᠨᠤᠲᠤᠭ ᠤᠨ ᠴᠢᠳᠠᠪᠤᠷᠢᠲᠠᠨ ᠢ ᠢᠯᠡᠷᠡᠭᠦᠯᠬᠦ ᠠᠵᠢᠯ ᠢ ᠭᠦᠨᠵᠡᠭᠡᠶᠢᠷᠡᠭᠦᠯᠦᠨ᠎ᠡ      ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠪᠠ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠣᠷᠭᠠᠨᠢᠭ ᠢᠶᠠᠷ ᠤᠶᠠᠯᠳᠤᠭᠤᠯᠵᠤ  ᠂ ᠦᠢᠯᠡᠳᠪᠦᠷᠢᠯᠡᠯ ᠢᠶᠠᠷ ᠴᠢᠳᠠᠪᠤᠷᠢᠲᠠᠨ ᠢ ᠬᠤᠷᠠᠮᠳᠤᠭᠤᠯᠤᠨ  ᠂ ᠴᠢᠳᠠᠪᠤᠷᠢᠲᠠᠨ ᠢᠶᠠᠷ ᠦᠢᠯᠡᠳᠪᠦᠷᠢᠯᠡᠯ ᠢ ᠠᠬᠢᠭᠤᠯᠬᠤ ᠶᠢ ᠪᠡᠶᠡᠯᠡᠭᠦᠯᠦᠨ᠎ᠡ  ᠃ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠷᠢᠳ ᠬᠤᠵᠢᠳ 2.332 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ  ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ 153 ᠲᠥᠷᠥᠯ ᠵᠦᠢᠯ ᠢ ᠬᠡᠷᠡᠭᠵᠢᠭᠦᠯᠦᠨ  ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠲᠠᠷᠢᠶᠠᠯᠠᠩ  ᠂ ᠮᠠᠯ ᠠᠵᠤ ᠠᠬᠤᠢ  ᠂ ᠡᠯᠳᠡᠪ ᠠᠮᠤ  ᠂ ᠣᠨᠴᠠᠯᠢᠭᠲᠤ ᠵᠢᠮᠢᠰ ᠨᠣᠭᠤᠭ᠎ᠠ ᠵᠡᠷᠭᠡ ᠠᠵᠤ ᠦᠢᠯᠡᠰ ᠤᠨ ᠣᠯᠠᠨ ᠲᠠᠯ᠎ᠠ ᠳᠤ ᠬᠦᠴᠦ ᠨᠡᠮᠡᠷᠢᠯᠡᠵᠦ  ᠂ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠳᠤ ᠦᠢᠯᠡᠳᠦᠯᠭᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠲᠠᠪᠴᠠᠩ ᠪᠠᠶᠢᠭᠤᠯᠤᠨ ᠥᠭᠴᠦ  ᠂ ᠲᠥᠷᠥᠯ ᠵᠦᠢᠯ ᠤᠨ ︽ ᠪᠠᠶᠢᠭᠠᠯᠢ ᠶᠢᠨ ᠬᠢᠴᠢᠶᠡᠯ ᠤᠨ ᠲᠠᠩᠬᠢᠮ  ︾ ᠢᠶᠠᠷ ᠳᠠᠮᠵᠢᠭᠤᠯᠤᠨ ︽ ᠨᠤᠲᠤᠭ ᠤᠨ ᠮᠡᠷᠭᠡᠵᠢᠯᠲᠡᠨ  ︾ ︽ ᠲᠠᠷᠢᠶᠠᠨ ᠡᠷᠳᠡᠮᠲᠡᠨ  ︾ 1820 ᠬᠥᠮᠥᠨ ᠢ ᠬᠥᠮᠥᠵᠢᠭᠦᠯᠵᠡᠢ  ᠃ ᠡᠭᠦᠨ ᠠᠴᠠ ᠭᠠᠳᠠᠨ᠎ᠠ  ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠢᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠦᠨ ᠨᠡᠪᠴᠢᠭᠦᠯᠬᠦ ᠲᠥᠪ ᠲᠤ 150 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ  ᠂ ᠮᠠᠯ ᠠᠵᠤ ᠠᠬᠤᠢ ᠮᠠᠯ ᠡᠮᠨᠡᠯᠭᠡ  ᠂ ᠡᠯᠧᠺᠲᠷᠣᠨ ᠬᠤᠳᠠᠯᠳᠤᠭ᠎ᠠ ᠪᠠᠷ ᠦᠢᠯᠡᠰ ᠴᠣᠭᠴᠠᠯᠠᠬᠤ  ᠂ ᠡᠸᠦ᠋ᠷᠦᠫᠡ ᠮᠠᠶ᠋ᠢᠭ ᠤᠨ ᠭᠤᠯᠢᠷ ᠵᠡᠷᠭᠡ ᠪᠣᠯᠪᠠᠰᠤᠷᠠᠯ ᠤᠨ ᠠᠩᠭᠢ ᠡᠷᠭᠢᠯᠡᠵᠦ  ᠂ ᠡᠯ᠎ᠡ ᠲᠥᠷᠥᠯ ᠤᠨ 5100 ᠭᠠᠷᠤᠢ ᠴᠢᠳᠠᠪᠤᠷᠢᠲᠠᠨ ᠢ ᠦᠢᠯᠡᠳᠦᠯᠭᠡ ᠶᠢᠨ ᠪᠣᠳᠠᠲᠠᠢ ᠪᠣᠯᠪᠠᠰᠤᠷᠠᠭᠤᠯᠤᠯ  ᠂ ᠮᠥᠷᠳᠡᠨ ᠬᠥᠮᠥᠵᠢᠭᠦᠯᠬᠦ ᠪᠠ ᠪᠣᠯᠪᠠᠰᠤᠷᠠᠭᠤᠯᠬᠤ ᠪᠠᠷ ᠳᠡᠮᠵᠢᠨ  ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠠᠵᠢᠯ ᠡᠷᠭᠢᠯᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号