ᠬᠦᠷᠢᠶ᠎ᠡ ᠬᠤᠰᠢᠭᠤ ᠪᠡᠯᠡ ᠮᠥᠩᠭᠦ ᠶᠢ ᠵᠣᠯᠭᠠᠭᠤᠯᠬᠤ ︵  ᠪᠡᠭᠡᠵᠢᠩ ᠥᠪᠥᠷ ᠮᠣᠩᠭᠤᠯ ︶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/30
      11ᠳ᠋ᠤᠭᠡᠷ ᠰᠠᠷ᠎ᠠ ᠶᠢᠨ 26 ᠤ ᠡᠳᠦᠷ᠂ ᠬᠦᠷᠢᠶ᠎ᠡ ᠬᠤᠰᠢᠭᠤ ᠪᠡᠯᠡ ᠮᠥᠩᠭᠦ ᠶᠢ ᠵᠣᠯᠭᠠᠭᠤᠯᠬᠤ ︵ᠪᠡᠭᠡᠵᠢᠩ ᠥᠪᠥᠷ ᠮᠣᠩᠭᠤᠯ︶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ  ᠃ ᠬᠤᠷᠠᠯ ᠳᠡᠭᠡᠷ᠎ᠡ  ᠂ ᠡᠯ᠎ᠡ ᠰᠠᠯᠠᠭ᠎ᠠ ᠮᠥᠴᠢᠷ ᠨᠢᠭᠡᠴᠡ ᠲᠣᠰ ᠲᠣᠰ ᠪᠡᠯᠡ ᠮᠥᠩᠭᠦ ᠶᠢ ᠵᠣᠯᠭᠠᠭᠤᠯᠬᠤ ︵ᠪᠡᠭᠡᠵᠢᠩ ᠥᠪᠥᠷ ᠮᠣᠩᠭᠤᠯ︶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ  ᠂ ᠪᠦᠬᠦᠶᠢᠯᠡ ᠠᠵᠢᠯ ᠤᠨ ᠠᠬᠢᠴᠠ ᠶᠢᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠡ  ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ 2022 ᠣᠨ ᠤ ᠠᠵᠢᠯ ᠳᠠᠭᠤᠰᠤᠭᠠᠳᠤᠢ ᠲᠦᠷᠦᠯ ᠵᠦᠢᠯ ᠢ ᠠᠬᠢᠭᠤᠯᠬᠤ ᠪᠠ ᠪᠡᠯᠡ ᠮᠥᠩᠭᠦ ᠰᠢᠯᠵᠢᠭᠦᠯᠦᠨ ᠥᠭᠬᠦ ᠠᠬᠢᠴᠠ ᠶᠢ ᠴᠢᠨᠠᠭᠰᠢᠳᠠ ᠲᠦᠷᠭᠡᠳᠬᠡᠵᠦ᠂ ᠪᠡᠯᠡ ᠮᠥᠩᠭᠦ ᠰᠢᠯᠵᠢᠭᠦᠯᠦᠨ ᠥᠭᠬᠦ ᠨᠤᠷᠮ᠎ᠠ ᠶᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠡᠯᠡ ᠮᠥᠩᠭᠦ ᠶᠢ ᠵᠣᠯᠭᠠᠭᠤᠯᠬᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠢᠴᠢ ᠰᠢᠯᠭᠠᠨ ᠬᠢᠨᠠᠬᠤ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠰᠠᠯᠭᠠᠨ ᠥᠭᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ  ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠡᠷᠢᠵᠦ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠤᠷᠢᠳᠠᠴᠢ ᠠᠵᠢᠯ ᠢ ᠱᠠᠯᠠᠪᠳᠠᠨ ᠰᠠᠶᠢᠲᠤᠷ ᠬᠢᠵᠦ᠂ ᠨᠢᠭᠡ ᠪᠦᠯᠦᠭ ᠪᠡᠯᠡ ᠮᠥᠩᠭᠦ ᠶᠢ ᠪᠣᠳᠠᠲᠠᠶᠢᠵᠢᠭᠤᠯᠵᠤ᠂ ᠨᠢᠭᠡ ᠪᠦᠯᠦᠭ ᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠵᠦ᠂ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠶᠠᠳᠠᠭᠤ  ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ  ᠃ ᠶᠠᠳᠠᠭᠤ  ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢᠨ ︽ᠡᠷᠬᠢᠨ ᠬᠠᠷᠠᠬᠤ ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤ ᠰᠤᠮᠤ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠰᠦᠯᠵᠢᠶᠡᠨ ᠤ ᠰᠢᠰᠲ᠋ᠧᠮ ᠤᠨ ᠬᠢᠨᠠᠨ ᠪᠠᠶᠢᠴᠠᠭᠠᠬᠤ ᠲᠠᠢ ᠤᠶᠠᠯᠳᠤᠭᠤᠯᠤᠨ᠂ ᠶᠠᠳᠠᠭᠤ  ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢᠨ ᠪᠠᠶᠢᠳᠠᠯ ᠳᠤ ᠰᠡᠵᠢᠭ ᠲᠠᠢ ᠵᠦᠢᠯ ᠢ ᠰᠢᠭᠰᠢᠨ ᠪᠠᠶᠢᠴᠠᠭᠠᠵᠤ᠂ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ᠂ ᠲᠠᠩᠰᠠ ᠲᠠᠩᠰᠠ ᠨᠢ ᠬᠠᠷᠢᠯᠴᠠᠨ ᠨᠡᠶᠢᠴᠡᠬᠦ᠂ ᠲᠠᠩᠰᠠ ᠪᠣᠳᠠᠲᠤ ᠨᠢ ᠬᠠᠷᠢᠯᠴᠠᠨ ᠨᠡᠶᠢᠴᠡᠬᠦ᠂ ᠣᠯᠠᠨ ᠲᠦᠮᠡᠨ ᠳᠤ ᠮᠡᠳᠡᠷᠡᠭᠳᠡᠬᠦ ᠶᠢ ᠪᠠᠲᠤᠯᠠᠵᠤ᠂ ᠪᠥᠬᠦ ᠬᠤᠰᠢᠭᠤᠨ ᠤ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠶᠢᠨ ᠮᠡᠳᠡᠭᠡ ᠵᠠᠩᠭᠢ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ  ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠠᠵᠢᠯ ᠤᠨ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号