ᠲᠠᠪᠤᠨ ᠶᠡᠭᠡ ᠡᠭᠦᠷᠭᠡ ᠶᠢ ᠠᠮᠵᠢᠯᠲᠠ ᠲᠠᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2022/11/8
      ᠥᠪᠥᠷ ᠮᠣᠩᠭᠤᠯ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ  ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ᠎ᠠ᠃ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠨᠡᠩ ᠰᠠᠶᠢᠲᠤᠷ ᠠᠬᠢᠭᠤᠯᠬᠤ ᠪᠣᠯ ᠮᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠤᠣᠯ ᠭᠠᠷᠳᠠᠴᠠ ᠮᠥᠨ᠃ ᠪᠦᠬᠦ ᠣᠷᠣᠨ ᠢᠶᠠᠷ ᠢᠶᠠᠨ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠥᠪ ᠣᠨᠣᠪᠴᠢᠲᠠᠢ ᠢᠯᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃      ᠪᠣᠬᠢᠷᠳᠤᠯ ᠦᠭᠡᠢ ᠪᠠᠶᠢᠬᠤ ᠪᠣᠯ ᠥᠨᠢᠳᠡ ᠶᠢᠨ ᠬᠥᠭᠵᠢᠯᠲᠡ ᠶᠢᠨ ᠴᠢᠬᠤᠯᠠ ᠨᠥᠬᠦᠴᠡᠯ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ  ᠂ ︽ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠬᠦ︾ ︽ᠲᠠᠯ᠎ᠠ ᠨᠤᠲᠤᠭ ᠣᠶ ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠠᠮᠤᠷᠵᠢᠭᠤᠯᠤᠨ ᠲᠡᠩᠬᠡᠷᠡᠭᠦᠯᠬᠦ  ︾ ᠵᠡᠷᠭᠡ ᠴᠢᠬᠤᠯᠠ ᠠᠵᠢᠯ ᠤᠨ ᠪᠠᠶᠢᠷᠢᠯᠠᠭᠤᠯᠤᠯᠲᠠ ᠨᠢ ᠴᠥᠮ ᠮᠠᠨ ᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠬᠤᠯᠪᠣᠭᠳᠠᠬᠤ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠴᠢᠷᠮᠠᠶᠢᠨ ᠠᠬᠢᠭᠤᠯᠪᠠᠯ ᠰᠠᠢᠢ ᠥᠪᠥᠷ ᠮᠣᠩᠭᠤᠯ ᠤᠨ ᠡᠨᠡᠬᠦ ᠨᠣᠮᠢᠨ ᠨᠣᠭᠤᠭᠠᠨ᠂ ᠡᠨᠡᠬᠦ ᠬᠥᠬᠡᠮᠳᠦᠭ ᠨᠣᠭᠤᠭᠠᠨ᠂ ᠡᠨᠡᠬᠦ ᠠᠷᠢᠭᠤᠨ ᠴᠡᠪᠡᠷ ᠢ ᠰᠠᠶᠢᠲᠤᠷ ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠳᠤ ︽ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ︾  ᠢ ᠴᠣᠭᠴᠠᠯᠠᠨ ᠪᠠᠶᠢᠭᠤᠯᠵᠤ ᠴᠢᠳᠠᠨ᠎ᠠ᠃      ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ ᠂ ᠨᠡᠶᠢᠭᠡᠮ ᠤᠨ ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠤᠯᠤᠰ ᠤᠨ ᠠᠮᠤᠷ ᠲᠦᠪᠰᠢᠨ ᠤ ᠬᠦᠴᠦᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ ᠁ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠬᠤ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠂ ᠡᠨᠡ ᠪᠣᠯ ᠮᠠᠨ ᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠳᠤ ᠡᠷᠬᠡᠪᠰᠢ ᠰᠠᠶᠢᠲᠤᠷ ᠠᠳᠬᠤᠵᠤ ᠰᠠᠶᠢᠲᠤᠷ ᠠᠰᠢᠭᠯᠠᠬᠤ ᠴᠢᠬᠤᠯᠠ ᠠᠵᠠ ᠲᠣᠬᠢᠶᠠᠯ ᠪᠣᠯᠣᠨ᠎ᠠ᠃ ᠡᠬᠡ ᠤᠯᠤᠰ ᠤᠨ ᠬᠢᠯᠢ ᠬᠢᠵᠠᠭᠠᠷ ᠢ ᠰᠠᠶᠢᠲᠤᠷ ᠰᠠᠬᠢᠬᠤ ᠪᠣᠯ ᠥᠪᠥᠷ ᠮᠣᠩᠭᠤᠯ ᠤᠨ ᠵᠠᠶᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠤᠴᠠᠯᠭ᠎ᠠ ᠮᠥᠨ᠂ ᠪᠢᠳᠡ ᠰᠢᠨ᠎ᠡ ᠪᠠᠶᠢᠳᠠᠯ ᠳᠣᠣᠷᠠᠬᠢ ᠰᠢᠨ᠎ᠡ ᠠᠵᠠ ᠲᠣᠬᠢᠶᠠᠯ ᠢ ᠴᠢᠩᠭ᠎ᠠ ᠠᠳᠬᠤᠵᠤ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠰᠠᠶᠢᠲᠤᠷ ᠰᠠᠬᠢᠵᠤ᠂ ᠨᠡᠶᠢᠰᠯᠡᠯ ᠤᠨ ︽ᠬᠤᠳᠠ ᠶᠢ ᠬᠠᠮᠠᠭᠠᠯᠠᠬᠤ ᠭᠤᠣᠯ︾ ᠢ ᠰᠠᠶᠢᠲᠤᠷ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠥᠭᠡᠳ ᠡᠪᠳᠡᠷᠡᠰᠢ ᠦᠭᠡᠢ ᠪᠠᠲᠤ ᠪᠠᠬᠢ ᠪᠣᠯᠭᠠᠬᠤ ᠬᠡᠷᠡᠭᠲᠡᠢ᠃      ᠡᠨᠧᠷᠭᠢ ᠶᠢᠨ ᠰᠤᠷᠪᠤᠯᠵᠢ ᠪᠣᠯ ᠠᠵᠤ ᠦᠢᠯᠡᠳᠪᠦᠷᠢ ᠶᠢᠨ ᠠᠮᠤ ᠪᠤᠳᠠᠭ᠎ᠠ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠪᠠᠶᠢᠭᠤᠯᠵᠤ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠢ ᠭᠡᠵᠦ ᠳᠤᠷᠠᠳᠴᠠᠢ᠂ ᠡᠳᠡᠭᠡᠷ ᠨᠢ ᠮᠥᠨᠴᠦ ᠮᠠᠨ ᠤ ᠣᠷᠣᠨ ᠤ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠣᠨ᠎ᠠ᠃ ᠪᠢᠳᠡ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ ᠠᠵᠢᠯ ᠢᠶᠠᠨ ᠲᠥᠯᠥᠪᠵᠢᠭᠦᠯᠵᠦ᠂ ᠨᠢᠭᠡ ᠲᠠᠯ᠎ᠠ ᠪᠠᠷ ᠨᠡᠭᠦᠷᠡᠰᠦᠨ ᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠳᠬᠤᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠬᠥᠭᠵᠢᠯᠲᠡ ᠪᠤᠵᠠᠭᠠᠶᠢᠷᠠᠯᠲᠠ ᠶᠢ ᠠᠳᠬᠤᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠣᠷᠣᠨ ᠳᠤ ᠨᠡᠩ ᠲᠣᠭᠲᠠᠭᠤᠨ᠂ ᠨᠡᠩ ᠠᠮᠤᠷ ᠲᠦᠪᠰᠢᠨ᠂ ᠨᠡᠩ ᠪᠣᠬᠢᠷᠳᠤᠯ ᠦᠭᠡᠢ ᠡᠨᠧᠷᠭᠢ ᠶᠢᠨ ᠬᠠᠩᠭᠠᠯᠭ᠎ᠠ ᠶᠢ ᠬᠠᠩᠭᠠᠬᠤ ᠬᠡᠷᠡᠭᠲᠡᠢ᠃      ᠠᠮᠤ ᠪᠤᠳᠠᠭ᠎ᠠ ᠪᠣᠯ ᠤᠯᠤᠰ ᠤᠨ ᠦᠨᠳᠦᠰᠦ᠂ ᠠᠷᠠᠳ ᠤᠨ ᠠᠮᠢᠨ ᠰᠤᠳᠠᠰᠤ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ 《ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ》《ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠠᠯᠬᠤᠮ ᠠᠯᠬᠤᠮ ᠢᠶᠠᠷ ᠪᠦᠲᠦᠭᠡᠨ ᠪᠠᠶᠢᠭᠤᠯᠤᠨ᠎ᠠ》 ᠭᠡᠵᠦ ᠲᠣᠳᠣᠷᠬᠠᠢ ᠳᠤᠷᠠᠳᠤᠨ ᠭᠠᠷᠭᠠᠵᠠᠢ᠃ ᠥᠪᠥᠷ ᠮᠣᠩᠭᠤᠯ ᠪᠣᠯ ᠪᠦᠬᠦ ᠤᠯᠤᠰ ᠤᠨ ᠲᠠᠷᠢᠶᠠᠨ ᠭᠠᠵᠠᠷ ᠤᠨ ᠬᠡᠮᠵᠢᠶ᠎ᠡ ᠨᠢ ᠳ᠋ᠦᠩᠰᠢᠭᠤᠷ ᠮᠦ  ᠶᠢ ᠳᠠᠪᠠᠭᠰᠠᠨ 5 ᠮᠤᠵᠢ ᠣᠷᠣᠨ ᠤ ᠨᠢᠭᠡ ᠪᠣᠯᠣᠨ᠎ᠠ  ᠂ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠬᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠬᠤ ᠵᠡᠷᠭᠡ ᠴᠢᠬᠤᠯᠠ ᠶᠡᠭᠡ ᠠᠵᠢᠯ ᠤᠨ ᠲᠠᠯ᠎ᠠ ᠪᠠᠷ ᠰᠢᠨ᠎ᠡ ᠬᠠᠷᠢᠭᠤᠴᠠᠯᠭ᠎ᠠ ᠶᠢ ᠡᠭᠦᠷᠭᠡᠯᠡᠵᠦ᠂ ᠮᠠᠯ ᠠᠵᠤ ᠠᠬᠤᠢ ᠲᠠᠷᠢᠶᠠᠯᠠᠩ ᠤᠨ ᠡᠷᠴᠢᠮᠵᠢᠬᠦ᠂ ᠬᠡᠪᠴᠢᠶᠡᠵᠢᠬᠦ᠂ ᠳᠡᠭᠡᠳᠦ ᠲᠡᠰ ᠤᠨ ᠬᠥᠭᠵᠢᠯᠲᠡ ᠶᠢ ᠠᠬᠢᠭᠤᠯᠵᠤ᠂ ᠪᠣᠬᠢᠷᠳᠤᠯ ᠦᠭᠡᠢ ᠪᠠᠷ ᠬᠥᠳᠡᠭᠡ ᠠᠵᠤ ᠠᠬᠤᠢ ᠶᠢ ᠬᠥᠭᠵᠢᠭᠦᠯᠵᠦ ᠮᠠᠯ ᠠᠵᠤ ᠠᠬᠤᠢ ᠶᠢ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠵᠦ ᠮᠠᠯ ᠠᠵᠤ ᠠᠬᠤᠢ ᠶᠢ ᠬᠥᠭᠵᠢᠭᠦᠯᠬᠦ᠂ ᠶᠠᠰᠤ ᠴᠢᠨᠠᠷ ᠢᠶᠠᠷ ᠬᠥᠳᠡᠭᠡ ᠠᠵᠤ ᠠᠬᠤᠢ ᠶᠢ ᠬᠥᠭᠵᠢᠭᠦᠯᠵᠦ ᠮᠠᠯ ᠠᠵᠤ ᠠᠬᠤᠢ ᠶᠢ ᠬᠥᠭᠵᠢᠭᠦᠯᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ︽ᠠᠮᠤ ᠪᠤᠳᠠᠭᠠᠨ ᠤ ᠠᠶᠠᠭ᠎ᠠ︾ ᠶᠢ ᠲᠣᠭᠲᠠᠪᠤᠷᠢᠵᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠥᠪᠥᠷ ᠮᠣᠩᠭᠤᠯ ᠨᠢ ᠳᠣᠲᠣᠷ᠎ᠠ ᠪᠠᠨ ᠨᠠᠢᠮᠠᠨ ᠮᠤᠵᠢ ᠲᠠᠢ ᠵᠠᠯᠭᠠᠯᠳᠤᠵᠤ᠂ ᠭᠠᠳᠠᠨ᠎ᠠ ᠪᠠᠨ ᠤᠷᠤᠰ ᠮᠣᠩᠭᠤᠯ ᠲᠠᠢ ᠵᠠᠯᠭᠠᠯᠳᠤᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ︽ᠨᠢᠭᠡ ᠪᠦᠰᠡ ᠨᠢᠭᠡ ᠵᠠᠮ︾  ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠪᠠᠶᠢᠭᠤᠯᠬᠤ ᠶᠢ ᠠᠬᠢᠭᠤᠯᠬᠤ ᠲᠠᠯ᠎ᠠ ᠪᠠᠷ᠂ ᠣᠷᠣᠨ ᠪᠠᠶᠢᠷᠢ ᠶᠢᠨ ᠳᠠᠪᠠᠭᠤᠯᠢᠭ ᠢᠶᠠᠷ ᠤᠯᠠᠨ ᠠᠴᠠ ᠣᠨᠴᠠᠭᠠᠢ ᠪᠠᠶᠢᠳᠠᠭ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠨᠡᠩ ᠢᠳᠡᠪᠬᠢᠲᠡᠢ ᠰᠠᠨᠠᠭᠠᠴᠢᠯᠠᠭ᠎ᠠ ᠲᠠᠢ ᠨᠡᠭᠡᠭᠡᠯᠲᠡ ᠬᠢᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠳᠣᠲᠣᠭᠠᠳᠤ ᠭᠠᠳᠠᠭᠠᠳᠤ ᠨᠡᠭᠡᠭᠡᠯᠲᠡ ᠬᠢᠬᠦ ᠶᠢ ᠦᠷᠭᠦᠯᠵᠢᠯᠡᠨ ᠥᠷᠭᠡᠳᠬᠡᠵᠦ᠂ ᠳᠣᠲᠣᠭᠠᠳᠤ ᠭᠠᠳᠠᠭᠠᠳᠤ ᠬᠤᠯᠪᠤᠭᠠᠯᠠᠨ ᠬᠥᠳᠡᠯᠦᠯᠴᠡᠭᠰᠡᠨ᠂ ᠤᠯᠠᠨ ᠲᠠᠯ᠎ᠠ ᠠᠴᠠ ᠢᠷᠡᠭᠰᠡᠨ ᠨᠡᠭᠡᠭᠡᠯᠲᠡ ᠬᠢᠬᠦ ᠪᠠᠶᠢᠷᠢᠰᠢᠯ ᠢ ᠲᠦᠷᠭᠡᠨ ᠪᠠᠶᠢᠭᠤᠯᠵᠤ᠂ ᠬᠥᠭᠵᠢᠯᠲᠡ ᠶᠢᠨ ᠬᠠᠲᠠᠭᠤ ᠣᠷᠴᠢᠨ ᠲᠣᠭᠤᠷᠢᠨ ᠪᠣᠯᠣᠨ ᠵᠥᠭᠡᠯᠡᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ᠃      ᠠᠷᠭ᠎ᠠ ᠪᠣᠳᠣᠯᠭ᠎ᠠ ᠳᠠᠭᠠᠨ ᠴᠢᠳᠠᠮᠠᠭᠠᠢ ᠬᠥᠮᠥᠨ ᠬᠤᠯᠠ ᠶᠠᠪᠤᠵᠤ᠂ ᠪᠣᠳᠠᠲᠠᠢ ᠠᠵᠢᠯᠯᠠᠭᠰᠠᠳ ᠢ ᠪᠦᠲᠦᠭᠡᠨ᠎ᠡ  ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ  ᠂ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠥᠷᠯᠥᠭᠡ ᠦᠳᠡᠰᠢ ᠶᠢ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠦᠨᠡᠨᠬᠦ ᠠᠳᠬᠤᠵᠤ ᠪᠣᠳᠠᠲᠠᠢ ᠠᠵᠢᠯᠯᠠᠪᠠᠯ᠂ ᠪᠢᠳᠡ ᠯᠠᠪᠳᠠᠶ᠎ᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠡᠭᠦᠷᠭᠡᠯᠡᠯ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠳᠤ ᠬᠤᠪᠢ ᠨᠡᠮᠡᠷᠢ ᠦᠵᠡᠭᠦᠯᠬᠦ ᠪᠣᠯᠣᠨ᠎ᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号