ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠦᠵᠡᠰᠬᠦᠯᠡᠩᠲᠦ ᠰᠠᠶᠢᠬᠠᠨ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2022/11/8
      ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ᠂ ᠬᠥᠬᠡᠬᠤᠲᠠ ᠶᠢᠨ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠣᠹᠧᠰᠰᠣᠷ ᠬᠠᠨ ᠵᠢᠶᠠ ᠲᠦᠩ ᠬᠥᠬᠡᠬᠤᠲᠠ ᠳᠤ ᠪᠤᠴᠠᠵᠤ ᠢᠷᠡᠭᠰᠡᠨ ᠤ ᠳᠠᠷᠠᠭ᠎ᠠ᠂ ᠲᠡᠷᠡ ᠳᠠᠷᠤᠢ ᠳᠤᠨᠢ ᠰᠠᠭᠤᠭᠠᠯᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠪᠠ᠃ ᠲᠡᠷᠡ 《 ᠴᠠᠭᠠᠨ ᠬᠤᠪᠴᠠᠰᠤᠲᠠᠨ 》 ᠪᠣᠯᠵᠤ  ᠂ ᠰᠠᠶᠢᠨ ᠳᠤᠷ᠎ᠠ  ᠶᠢᠨ ᠦᠢᠯᠡᠴᠢᠯᠡᠭᠴᠢ  ᠶᠢᠨ ᠡᠩᠨᠡᠭᠡᠨ ᠳᠤ ᠣᠷᠣᠵᠤ  ᠂ ᠠᠷᠢᠭᠤᠳᠬᠠᠬᠤ ᠰᠦᠷᠴᠢᠭᠦᠷ ᠡᠭᠦᠷᠦᠨ  ᠂ ᠲᠡᠷᠭᠡ ᠵᠣᠭᠰᠣᠬᠤ ᠰᠠᠷᠠᠪᠴᠢ  ᠂ ᠬᠤᠭ ᠤᠨ ᠰᠠᠪᠠ  ᠂ ᠨᠣᠭᠤᠭᠠᠨ ᠭᠠᠵᠠᠷ ᠵᠡᠷᠭᠡ ᠣᠯᠠᠨ ᠨᠡᠶᠢᠲᠡ  ᠶᠢᠨ ᠣᠷᠣᠨ ᠲᠣᠭᠤᠷᠢᠭ  ᠢ ᠪᠦᠬᠦ ᠲᠠᠯ᠎ᠠ ᠪᠠᠷ ᠤᠰᠠᠳᠬᠠᠪᠠ  ᠃ ᠤᠰᠠᠳᠬᠠᠭᠰᠠᠨ ᠤ ᠳᠠᠷᠠᠭ᠎ᠠ᠂ ᠲᠡᠷᠡ ᠪᠠᠰᠠ ᠰᠠᠭᠤᠭᠠᠯᠢ ᠠᠷᠠᠳ ᠲᠤ ᠥᠳᠥᠭᠡᠭᠴᠢ ᠶᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠬᠠᠶᠢᠷᠴᠠᠭ ᠵᠢᠴᠢ ᠢᠳᠡᠭᠡᠨ ᠵᠡᠷᠭᠡ ᠠᠮᠢᠳᠤᠷᠠᠯ ᠤᠨ ᠡᠳ᠋ ᠪᠣᠳᠠᠰ ᠢ ᠲᠦᠭᠡᠭᠡᠨ ᠥᠭᠪᠡ᠃      ᠰᠠᠶᠢᠨ ᠳᠤᠷ᠎ᠠ ᠶᠢᠨ ᠦᠢᠯᠡᠴᠢᠯᠡᠭᠡ ᠳᠤ ᠬᠠᠯᠠᠭᠤᠨ ᠰᠡᠳᠬᠢᠯ ᠢᠶᠠᠷ ᠣᠷᠤᠯᠴᠠᠬᠤ ᠶᠢᠨ ᠬᠠᠮᠲᠤ᠂ ᠬᠠᠨ ᠵᠢᠶᠠ ᠲᠦᠩ ᠪᠠᠰᠠ ᠲᠡᠷᠡ ᠳᠠᠷᠤᠢ ᠳᠤᠨᠢ ᠭᠦᠢᠴᠡᠳ ᠪᠡᠯᠡᠳᠬᠡᠯ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃ 10 ᠰᠠᠷ᠎ᠠ ᠶᠢᠨ 29  ᠤ ᠡᠳᠦᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷ ᠤᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠶᠡᠭᠡ ᠬᠤᠷᠠᠯ ᠤᠨ ᠢᠯᠡᠳᠬᠡᠯ ᠤᠨ ᠭᠤᠣᠯᠳᠠᠯᠭ᠎ᠠ ᠲᠠᠢ ᠠᠭᠤᠯᠭ᠎ᠠ ᠶᠢ ᠲᠠᠶᠢᠯᠪᠤᠷᠢᠯᠠᠪᠠ᠃ ᠲᠡᠭᠦᠨ ᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠨᠢ ᠤᠯᠠᠨ ᠤ ᠬᠦᠷᠢᠶᠡᠯᠡᠯ ᠢ ᠣᠯᠪᠠ᠃      《ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠶᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠬᠠᠨ ᠵᠢᠶᠠ ᠲᠦᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠭᠤᠯᠭ᠎ᠠ ᠨᠢ ᠲᠡᠭᠦᠨ ᠤ ᠰᠡᠳᠬᠢᠯ ᠳᠣᠭᠳᠣᠯᠤᠭᠰᠠᠨ ᠰᠡᠳᠬᠢᠯᠭᠡ ᠶᠢ ᠳᠠᠷᠤᠵᠤ ᠶᠠᠳᠠᠨ᠎ᠠ ᠭᠡᠵᠦ ᠲᠠᠨᠢᠯᠴᠠᠭᠤᠯᠪᠠ᠃      ︽ᠵᠠᠯᠭᠠᠭ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ᠂ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠳᠤ ᠲᠤᠶᠢᠯ ᠤᠨ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠴᠢᠬᠤᠯᠠ ᠰᠠᠨᠠᠭᠳᠠᠵᠤ ᠪᠠᠶᠢᠨ᠎ᠠ︾᠃ ᠤᠬᠠᠭᠤᠯᠤᠨ ᠲᠠᠶᠢᠯᠪᠤᠷᠢᠯᠠᠭᠰᠠᠨ ᠤ ᠡᠴᠦᠰ ᠲᠤ᠂ ᠬᠠᠨ ᠵᠢᠶᠠ ᠲᠦᠩ᠄ ︽ᠪᠢ ᠨᠠᠮ ᠤᠨ ᠲᠥᠯᠥᠭᠡᠯᠡᠭᠴᠢ ᠶᠢᠨ ᠪᠡᠶ᠎ᠡ ᠶᠢᠨ ᠭᠠᠷᠤᠯ ᠢ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠦᠵᠡᠰᠬᠦᠯᠡᠩᠲᠦ ᠰᠠᠶᠢᠬᠠᠨ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠣᠯᠭᠤᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠨ᠎ᠡ︾ᠭᠡᠵᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠡᠯᠡᠪᠡ᠃      ᠨᠢᠭᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠬᠤᠷᠠᠯ ᠳᠤ ᠣᠷᠣᠯᠴᠠᠭᠰᠠᠳ ᠮᠠᠰᠢ ᠤᠷᠮ᠎ᠠ ᠪᠠᠬ᠎ᠠ ᠲᠠᠢ ᠰᠣᠨᠣᠰᠴᠤ᠂ ᠭᠦᠨ᠎ᠡ ᠰᠡᠳᠬᠢᠯ ᠬᠥᠳᠡᠯᠪᠡ᠃ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠡᠭᠦᠷ ᠤᠨ ᠲᠤᠰᠬᠠᠢ ᠲᠤᠰᠢᠶᠠᠯ ᠤᠨ ᠳᠡᠳ᠋ ᠱᠦᠵᠢ ᠬᠠᠰᠬᠤᠸᠠᠷ ᠬᠡᠯᠡᠬᠦ ᠳᠡᠭᠡᠨ  ᠂ ︽ᠨᠠᠮ ᠤᠨ ᠠᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠰᠢᠨ᠎ᠡ ᠭᠠᠷᠤᠭ᠎ᠠ ᠳᠡᠭᠡᠷ᠎ᠡ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ︾᠃      ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠤᠭᠤᠶᠢᠯᠠᠩ ᠤᠨ ᠤᠬᠠᠭᠤᠯᠬᠤ ᠬᠡᠯᠲᠡᠰ ᠤᠨ ᠳᠠᠷᠤᠭ᠎ᠠ ᠵᠠᠩ ᠬᠤᠢ ᠹᠧᠩ  ᠄ ︽ᠬᠠᠨ ᠵᠢᠶᠠ ᠲᠦᠩ ᠲᠥᠯᠥᠭᠡᠯᠡᠭᠴᠢ ᠶᠢᠨ ᠤᠬᠠᠭᠤᠯᠤᠨ ᠲᠠᠶᠢᠯᠪᠤᠷᠢᠯᠠᠭᠰᠠᠨ ᠨᠢ ᠮᠢᠨᠤ ᠰᠡᠳᠬᠢᠯ ᠢ ᠳᠣᠭᠳᠣᠯᠤᠭᠤᠯᠵᠤ᠂ ᠲᠤᠶᠢᠯ ᠢᠶᠠᠷ ᠤᠷᠮᠠᠰᠢᠭᠤᠯᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠹᠷᠣᠨᠲ ᠲᠤ 20 ᠭᠠᠷᠤᠢ ᠵᠢᠯ ᠠᠵᠢᠯᠯᠠᠭᠰᠠᠨ ᠺᠠᠳ᠋ᠷ ᠪᠣᠯᠤᠭᠰᠠᠨ ᠤ ᠬᠤᠪᠢ ᠳᠤ᠂ ᠪᠢ ᠵᠠᠪᠠᠯ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠲᠠᠯ᠎ᠠ ᠳᠤ ᠢᠯᠡᠷᠡᠭᠦᠯᠵᠦ᠂ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠨᠡᠨᠬᠦ ᠪᠠᠳᠠᠷᠠᠭᠤᠯᠤᠨ᠎ᠠ︾᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号