︻ᠦᠨᠳᠦᠰᠦᠨ ᠱᠠᠲᠤᠨ ᠤ ᠴᠤᠭ ᠵᠢᠪᠬᠤᠭ᠎ᠠ ︼  ᠯᠢ ᠭᠦᠸᠧ ᠴᠢᠨ ᠄ ᠨᠤᠲᠤᠭ ᠤᠰᠤ ᠪᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/3/18
     ᠤᠢᠢᠷ᠎ᠠ ᠶᠢᠨ ᠬᠡᠳᠦᠨ ᠡᠳᠦᠷ᠂ 2022 ᠣᠨ ᠤ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠠᠳ ᠨᠤᠲᠤᠭ ᠲᠠᠭᠠᠨ ᠪᠤᠴᠠᠭᠰᠠᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠤᠯᠤᠨ ᠨᠤᠤᠷ ᠰᠢᠶᠠᠨ ᠤ ᠼᠠᠢ ᠮᠦ ᠱᠠᠨ ᠰᠢᠶᠠᠩ ᠤᠨ ᠲᠢᠶᠧ ᠭᠦᠩ ᠫᠤᠤ ᠽᠢ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠯᠢ ᠭᠦᠸᠧ ᠴᠢᠨ ᠠᠵᠢᠯ ᠤᠨ ᠪᠠᠶᠢᠷᠢ ᠳᠡᠭᠡᠷ᠎ᠡ ᠪᠠᠨ ᠮᠣᠷᠢᠯᠠᠨ ᠰᠠᠭᠠᠲᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠤᠯᠤᠰ ᠤᠨ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠤᠯᠠᠮᠵᠢᠯᠠᠪᠠ᠃      3 ᠰᠠᠷ᠎ᠠ ᠶᠢᠨ 14 ᠤ ᠡᠳᠦᠷ  ᠂ ᠼᠠᠢ ᠮᠥ ᠱᠠᠨ ᠰᠢᠶᠠᠩ ᠤᠨ ᠲᠢᠶ᠋ᠧ ᠬᠥᠩ ᠫᠤᠤ ᠽᠢ ᠲᠣᠰᠬᠤᠨ ᠤ ᠬᠤᠷᠠᠯ ᠤᠨ ᠭᠡᠷ ᠲᠤ  ᠂ ᠯᠢ ᠭᠦᠸᠧ ᠴᠢᠨ ᠲᠣᠰᠬᠤᠨ ᠤ ᠺᠠᠳ᠋ᠷ ᠤᠯᠠᠨ ᠲᠦᠮᠡᠨ ᠲᠠᠢ ᠬᠠᠮᠲᠤ ᠰᠠᠭᠤᠵᠤ᠂ ᠡᠭᠡᠯ ᠪᠣᠷᠣᠭᠵᠢᠭᠤᠨ ᠦᠭᠡ ᠬᠡᠯᠡ ᠪᠠᠷ ᠤᠯᠠᠨ ᠳᠤ ᠪᠦᠬᠦ ᠤᠯᠤᠰ ᠤᠨ ᠬᠤᠶᠠᠷ ᠬᠤᠷᠠᠯ ᠤᠨ ᠬᠤᠷᠠᠯᠳᠤᠭᠰᠠᠨ ᠪᠠᠶᠢᠳᠠᠯ ᠢ ᠶᠠᠷᠢᠵᠤ᠂ ᠤᠯᠠᠨ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠠᠮᠢ ᠠᠬᠤᠢ ᠶᠢᠨ ᠬᠠᠮᠠᠭᠠᠯᠠᠯᠲᠠ᠂ ᠦᠨᠳᠦᠰᠦᠲᠡᠨ ᠤ ᠪᠦᠯᠬᠦᠮᠳᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠥᠪᠡᠷ ᠤᠨ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠰᠠᠨ ᠲᠦᠷᠦᠭᠳᠡᠯ ᠢᠶᠠᠨ ᠬᠤᠪᠢᠶᠠᠯᠴᠠᠪᠠ᠃      ᠵᠢᠯ ᠬᠠᠪᠤᠷ ᠤᠨ ᠬᠠᠮᠤᠭ ᠤᠨ ᠰᠠᠶᠢᠨ ᠲᠠᠢ ᠲᠠᠯ᠎ᠠ ᠭᠡᠪᠡᠯ᠂ ᠳᠠᠷᠪᠠᠭᠤᠯ ᠬᠡᠶᠢᠰᠬᠡᠨ ᠡᠷᠡᠯᠬᠡᠭᠯᠡᠨ ᠤᠷᠤᠭᠰᠢᠯᠠᠬᠤ ᠴᠠᠭ ᠦᠶ᠎ᠡ ᠪᠣᠯᠤᠨ᠎ᠠ᠃ ᠯᠢ ᠭᠦᠸᠧ ᠴᠢᠨ ᠤ ᠤᠬᠠᠭᠤᠯᠤᠨ ᠲᠠᠶᠢᠯᠪᠤᠷᠢᠯᠠᠭᠰᠠᠨ ᠨᠢ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠤᠯᠠᠮ ᠬᠥᠭᠵᠢᠭᠡᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠲᠦᠷᠦᠭᠳᠡᠯ ᠢ ᠶᠠᠷᠢᠬᠤ ᠳᠤ ᠤᠯᠠᠨ ᠢᠶᠠᠷ ᠢᠶᠠᠨ ᠶᠡᠬᠡᠳᠡ ᠵᠣᠷᠢᠭᠵᠢᠵᠤ᠂ ᠲᠦᠢᠯ ᠢᠶᠠᠷ ᠤᠷᠮᠠᠰᠢᠨ ᠵᠣᠷᠢᠭᠵᠢᠵᠤ ᠪᠠᠶᠢᠬᠤ ᠪᠠᠨ ᠢᠯᠡᠳᠬᠡᠵᠡᠢ᠃      ᠼᠠᠢ ᠮᠦ ᠱᠠᠨ ᠰᠢᠶᠠᠩ ᠤᠨ ᠲᠢᠶᠸ ᠭᠦᠩ ᠫᠤᠤ ᠽᠢ ᠲᠣᠰᠬᠤᠨ ᠤ ᠠᠷᠠᠳ ᠬᠧ ᠵᠢᠶᠦ᠋ᠨ ᠶᠤᠸᠠᠨ᠄︽ᠯᠢ ᠱᠦᠵᠢ ᠲᠡᠷᠡ ᠳᠠᠷᠤᠢ ᠳᠤᠨᠢ ᠪᠢᠳᠡᠨ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠢᠨᠦ ᠰᠡᠳᠬᠢᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠦᠷᠴᠦ ᠢᠷᠡᠭᠰᠡᠨ ᠢ ᠰᠡᠷᠡᠵᠦ ᠮᠡᠳᠡᠪᠡ᠃ ᠠᠮᠢ ᠠᠬᠤᠢ ᠶᠢᠨ ᠲᠣᠰᠬᠤᠨ ᠪᠣᠯᠤᠭᠰᠠᠨ ᠤ ᠬᠤᠪᠢ ᠳᠤ᠂ ᠮᠠᠨ ᠤ ᠲᠣᠰᠬᠤᠨ ᠤ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠦᠷ᠎ᠡ ᠪᠦᠲᠦᠭᠡᠯ ᠣᠨᠴᠠᠭᠠᠢ ᠰᠠᠶᠢᠨ ᠪᠠᠶᠢᠨ᠎ᠠ᠃ ᠬᠤᠶᠢᠰᠢᠳᠠ ᠪᠢᠳᠡ ᠬᠢᠯᠪᠠᠷ ᠪᠤᠰᠤ ᠪᠠᠷ ᠣᠯᠤᠭᠰᠠᠨ ᠠᠮᠢ ᠠᠬᠤᠶ  ᠶᠢᠨ ᠦᠷ᠎ᠡ ᠪᠦᠲᠦᠭᠡᠯ  ᠢᠶᠠᠨ ᠬᠤᠪᠢ ᠳᠠᠬᠢᠨ ᠨᠠᠨᠳᠢᠩᠨᠠᠵᠤ  ᠂ ᠠᠮᠢ ᠠᠬᠤᠶ  ᠶᠢᠨ ᠣᠷᠴᠢᠨ ᠨᠥᠬᠦᠴᠡᠯ  ᠢ ᠡᠷᠡᠰ ᠭᠤᠶᠢᠪᠢᠰᠢ ᠦᠭᠡᠶ ᠪᠠᠷ ᠰᠠᠶᠢᠲᠤᠷ ᠬᠠᠮᠠᠭᠠᠯᠠᠵᠤ  ᠂ ᠪᠣᠬᠢᠷᠲᠤᠯ ᠦᠭᠡᠶ ᠵᠢᠭᠤᠯᠴᠢᠯᠠᠯ  ᠢ ᠬᠥᠭᠵᠢᠭᠦᠯᠬᠦ ᠬᠡᠷᠡᠭᠲᠡᠶ 》 ᠭᠡᠵᠡᠶ  ᠃      ᠯᠢ ᠭᠦᠸᠧ ᠴᠢᠨ᠄ ︽ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠰᠠᠨ ᠤ ᠬᠠᠮᠤᠭ ᠤᠨ ᠶᠡᠭᠡ ᠣᠯᠤᠯᠲᠠ ᠪᠣᠯ ︿ᠶᠡᠭᠡ ᠤᠯᠤᠰ ᠤᠨ ᠡᠭᠦᠷᠭᠡᠯᠡᠯ﹀  ᠢ ᠣᠯᠵᠤ ᠬᠠᠷᠠᠭᠰᠠᠨ ᠳᠤ ᠪᠤᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ 5 ᠵᠢᠯ ᠤᠨ ᠲᠤᠷᠰᠢ  ᠂ ᠮᠢᠨᠦ ᠬᠠᠷᠠᠭ᠎ᠠ ᠤᠯᠠᠮ ᠥᠷᠭᠡᠳᠴᠦ᠂ ᠬᠠᠷᠠᠭ᠎ᠠ ᠤᠯᠠᠮ ᠥᠷᠭᠡᠳᠦᠭᠰᠡᠨ ᠰᠢᠭ ᠰᠠᠨᠠᠭᠳᠠᠵᠤ ᠪᠠᠶᠢᠨ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠦᠨᠳᠦᠰᠦᠨ ᠱᠠᠲᠤᠨ ᠤ ᠠᠵᠢᠯᠳᠠᠨ ᠪᠣᠯᠤᠭᠰᠠᠨ ᠤ ᠬᠤᠪᠢ ᠳᠤ᠂ ᠳᠠᠷᠠᠭᠠᠴᠢ ᠶᠢᠨ ᠠᠯᠬᠤᠮ ᠳᠤ᠂ ᠪᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠠᠷᠢᠶᠠᠨ ᠭᠠᠵᠠᠷ ᠲᠤ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ  ᠤ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷ ᠤᠨ ᠨᠤᠲᠤᠭ ᠤᠰᠤ ᠪᠠᠨ ᠨᠡᠩ ᠦᠵᠡᠰᠬᠦᠯᠡᠩᠲᠦ ᠰᠠᠶᠢᠬᠠᠨ ᠪᠣᠯᠭᠠᠬᠤ ᠪᠠᠷ ᠴᠢᠷᠮᠠᠶᠢᠨ᠎ᠠ︾ ᠭᠡᠵᠦ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号