︻ᠨᠢᠭᠡᠳᠦᠭᠡᠷ ᠱᠦᠵᠢ  ᠶᠢᠨ ᠴᠤᠭ ᠵᠢᠪᠬᠤᠭ᠎ᠠ ︼  ᠤᠯᠠ ᠳᠤ ᠨᠢ ᠰᠢᠪᠠᠷ ᠰᠢᠷᠣᠶ ᠨᠠᠭᠠᠯᠳᠤᠨ  ᠪᠣᠳᠣᠯ  ᠳᠤ ᠨᠢ ᠦᠨᠡᠨ ᠰᠡᠳᠬᠢᠯᠭᠡ ᠪᠢᠯᠬᠠᠨ᠎ᠠ
ᠨᠡᠶᠢᠲᠡᠯᠡᠭᠰᠡᠨ ᠴᠠᠭ᠄
2022/3/18
     2014 ᠣᠨ ᠤ ᠬᠠᠪᠤᠷ᠂ ᠪᠠᠶᠠᠷ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠵᠦ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠪᠢᠩ ᠵᠧᠦ ᠬᠠᠢ ᠲᠣᠰᠬᠤᠨ ᠳᠤ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠵᠦ᠂ ᠲᠡᠭᠦᠨ ᠤ 7 ᠵᠢᠯ ᠤᠨ ᠲᠣᠰᠬᠤᠨ ᠳᠤ ᠰᠠᠭᠤᠬᠤ ᠠᠮᠢᠳᠤᠷᠠᠯ ᠢᠶᠠᠨ ᠵᠢᠩᠬᠢᠨᠢ ᠪᠠᠷ ᠡᠬᠢᠯᠡᠭᠦᠯᠵᠡᠢ᠃      ᠶᠠᠪᠤᠵᠤ ᠰᠠᠭᠤᠬᠤ ᠳᠤ ᠬᠦᠴᠢᠷ ᠪᠠᠶᠢᠬᠤ ᠨᠢ ᠤᠯᠠᠨ ᠵᠢᠯ ᠤᠨ ᠲᠤᠷᠰᠢ ᠲᠤᠬᠠᠢ ᠶᠢᠨ ᠭᠠᠵᠠᠷ ᠤᠨ ᠠᠷᠠᠳ ᠢᠷᠭᠡᠳ ᠢ ᠵᠣᠪᠠᠭᠠᠵᠤ ᠪᠠᠶᠢᠭᠰᠠᠨ ᠠᠰᠠᠭᠤᠳᠠᠯ ᠪᠣᠯᠤᠨ᠎ᠠ᠂ ᠪᠠᠶᠠᠷ ᠨᠡᠶᠢᠲᠡ ᠶᠢᠨ ᠮᠠᠰᠢᠨ ᠲᠡᠷᠭᠡ ᠵᠣᠭᠰᠣᠬᠤ ᠦᠷᠳᠡᠭᠡ ᠶᠢ ᠰᠢᠢᠳᠪᠦᠷᠢᠯᠡᠬᠦ ᠠᠴᠠ ᠡᠬᠢᠯᠡᠬᠦ ᠪᠠᠷ ᠲᠣᠭᠲᠠᠵᠠᠢ᠃ ᠲᠤᠬᠠᠶ  ᠶᠢᠨ ᠭᠠᠵᠠᠷ ᠤᠨ ᠨᠡᠶᠢᠲᠡ  ᠶᠢᠨ ᠮᠠᠰᠢᠨ ᠲᠡᠷᠭᠡᠨ ᠤ ᠺᠣᠮᠫᠠᠨᠢ ᠲᠠᠢ ᠤᠳᠠᠭ᠎ᠠ ᠳᠠᠷᠠᠭᠠᠯᠠᠨ ᠵᠥᠪᠳᠡᠯᠴᠡᠵᠦ  ᠂ ᠺᠣᠮᠫᠠᠨᠢ  ᠶᠢᠨ ᠤᠳᠤᠷᠢᠳᠤᠯᠭ᠎ᠠ  ᠠᠴᠠ 64 ᠳ᠋ᠦᠭᠡᠷ ᠵᠠᠮ ᠤᠨ ᠨᠡᠶᠢᠲᠡ  ᠶᠢᠨ ᠮᠠᠰᠢᠨ ᠲᠡᠷᠭᠡᠨ ᠤ ᠡᠴᠦᠰ ᠤᠨ ᠥᠷᠲᠡᠭᠡ  ᠶᠢ ᠪᠠᠷᠠᠭᠤᠨᠰᠢ 5 ᠺᠢᠯᠣᠮᠧᠲᠷ ᠤᠷᠲᠤᠳᠬᠠᠬᠤ ᠪᠠᠷ ᠲᠣᠭᠲᠠᠵᠠᠶ  ᠃ ᠡᠨᠡᠬᠦ ᠣᠬᠤᠷᠬᠠᠨ 5  ᠺᠢᠯᠣᠮᠧᠲᠷ ᠵᠠᠮ ᠳᠠᠭᠠᠤ ᠶᠢᠨ 2 ᠰᠢᠶᠠᠩ᠂ 5 ᠲᠣᠰᠬᠤᠨ ᠤ ᠲᠦᠮᠡ ᠰᠢᠬᠠᠮ ᠬᠥᠮᠦᠨ ᠤ ᠶᠠᠪᠤᠵᠤ ᠰᠠᠭᠤᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠪᠡ᠃      2016 ᠣᠨ ᠳᠤ᠂ ᠲᠣᠰᠬᠤᠨ ᠳᠤ ᠬᠦᠨᠳᠦ ᠨᠣᠴᠢᠲᠠᠢ ᠭᠠᠩ ᠤᠨ ᠪᠠᠶᠢᠳᠠᠯ ᠭᠠᠷᠴᠤ᠂ ᠤᠰᠤᠨ ᠲᠦᠪᠰᠢᠨ ᠵᠢᠯ ᠳᠠᠷᠠᠭᠠᠯᠠᠨ ᠳᠣᠷᠣᠭᠰᠢᠯᠠᠵᠤ᠂ ᠮᠠᠰᠢᠨ ᠴᠠᠬᠢᠯᠭᠠᠨ ᠬᠤᠳᠳᠤᠭ ᠢ ᠤᠳᠠᠭᠠᠨ ᠵᠢᠯ ᠵᠠᠰᠠᠭᠰᠠᠨ ᠦᠭᠡᠢ ᠠᠴᠠ ᠪᠤᠯᠵᠤ ᠂ ᠲᠠᠷᠢᠶ᠎ᠠ ᠲᠠᠷᠢᠬᠤ ᠳᠤ ᠦᠨᠳᠦᠰᠦᠨ ᠳᠡᠭᠡᠨ ᠲᠩᠷᠢ ᠶᠢᠨ ᠴᠢᠷᠠᠢ ᠶᠢ ᠬᠠᠷᠠᠵᠤ ᠪᠤᠳᠠᠭ᠎ᠠ ᠢᠳᠡᠵᠡᠢ᠃ ᠪᠠᠶᠠᠷ ᠤᠯᠠᠨ ᠰᠠᠯᠠᠭ᠎ᠠ ᠮᠥᠴᠢᠷ ᠲᠠᠢ ᠬᠠᠷᠢᠯᠴᠠᠵᠤ᠂ ᠡᠴᠦᠰ ᠲᠡᠭᠡᠨ 50 ᠲᠦᠮᠡᠨ ᠲᠥᠭᠦᠷᠢᠭ ᠤᠨ ᠬᠥᠭᠵᠢᠯᠲᠡ ᠶᠢᠨ ᠪᠡᠯᠡ ᠮᠥᠩᠭᠦ ᠭᠤᠶᠤᠴᠢᠯᠠᠵᠤ᠂ ᠲᠣᠰᠬᠤᠨ ᠳᠤ 5 ᠮᠠᠰᠢᠨ ᠬᠤᠳᠳᠤᠭ ᠮᠠᠯᠲᠠᠵᠤ᠂ 4 ᠬᠦᠴᠦᠳᠡᠯ ᠥᠭᠡᠷᠡᠴᠢᠯᠡᠭᠴᠢ ᠤᠭᠰᠠᠷᠠᠵᠤ᠂ ᠤᠰᠤᠯᠠᠯᠲᠠ ᠶᠢᠨ ᠰᠤᠪᠠᠭ ᠢ ᠵᠣᠬᠢᠴᠠᠭᠤᠯᠤᠨ ᠵᠠᠰᠠᠵᠤ᠂ 38 ᠮᠠᠰᠢᠨ ᠴᠠᠬᠢᠯᠭᠠᠨ ᠬᠤᠳᠳᠤᠭ ᠢ ᠢᠵᠢ ᠪᠦᠷᠢᠳᠦᠭᠦᠯᠵᠦ᠂ ᠲᠣᠰᠬᠤᠨ ᠳᠤ ᠤᠰᠤ ᠳᠤᠲᠠᠭᠳᠠᠬᠤ ᠠᠰᠠᠭᠤᠳᠠᠯ ᠢ ᠡᠴᠦᠰ ᠲᠡᠭᠡᠨ ᠨᠠᠮᠳᠠᠭᠤᠯᠵᠠᠢ᠃      2017 ᠣᠨ ᠤ 12 ᠰᠠᠷ᠎ᠠ ᠳᠤ᠂ ᠬᠤᠶᠠᠷ ᠬᠤᠭᠤᠴᠠᠭᠠᠨ ᠤ ᠨᠢᠭᠡᠳᠦᠭᠡᠷ ᠱᠦᠵᠢ ᠶᠢᠨ ᠲᠤᠰᠢᠶᠠᠯ ᠤᠨ ᠬᠤᠭᠤᠴᠠᠭ᠎ᠠ ᠳᠠᠭᠤᠰᠴᠤ᠂ ᠲᠡᠷᠡ ᠬᠤᠳᠠ ᠳᠠᠭᠠᠨ ᠪᠤᠴᠠᠵᠤ ᠠᠵᠢᠯᠯᠠᠬᠤ ᠪᠠᠷ ᠲᠥᠯᠥᠪᠯᠡᠵᠦ ᠪᠠᠶᠢᠭᠰᠠᠨ ᠪᠣᠯᠪᠠᠴᠤ ᠲᠤᠬᠠᠢ ᠶᠢᠨ ᠦᠶ᠎ᠡ ᠪᠣᠯ ᠶᠠᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠴᠠᠭ ᠦᠶ᠎ᠡ ᠪᠣᠯᠬᠤ ᠶᠢ ᠪᠣᠳᠣᠯᠬᠢᠯᠠᠵᠤ᠂ ᠪᠣᠳᠣᠯᠬᠢᠯᠠᠬᠤ ᠪᠠᠷ ᠲᠠᠮᠵᠢᠨ᠂ ᠦᠷᠭᠦᠯᠵᠢᠯᠡᠨ ᠬᠥᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠡᠮᠦᠨ᠎ᠡ ᠹᠷᠣᠨᠲ ᠲᠤ ᠦᠯᠡᠳᠡᠬᠦ ᠪᠠᠷ ᠲᠣᠭᠲᠠᠵᠠᠢ᠃      2018 ᠣᠨ ᠤ 4 ᠰᠠᠷ᠎ᠠ ᠳᠤ᠂ ᠲᠡᠷᠡ ᠰᠠᠨᠠᠭᠠᠴᠢᠯᠠᠭ᠎ᠠ ᠠᠴᠠ ᠪᠠᠨ ᠵᠣᠬᠢᠶᠠᠨ ᠪᠠᠶᠢᠭᠤᠯᠤᠯᠲᠠ ᠳᠤ ᠭᠤᠶᠤᠴᠢᠯᠠᠯ ᠭᠠᠷᠭᠠᠵᠤ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠱᠠᠩᠳᠠᠢ ᠪᠠᠯᠭᠠᠰᠤ ᠶᠢᠨ ᠪᠸᠢ ᠨᠠᠭᠤᠷ ᠲᠣᠰᠬᠤᠨ ᠳᠤ ᠬᠦᠷᠴᠦ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠶᠠᠳᠠᠭᠤ ᠶᠢ ᠲᠡᠳᠬᠦᠬᠦ ᠠᠵᠢᠯ ᠤᠨ ᠠᠩᠬᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠭᠤᠷᠪᠠᠳᠤᠭᠠᠷ ᠲᠤᠰᠢᠶᠠᠯ ᠤᠨ ᠬᠤᠭᠤᠴᠠᠭ᠎ᠠ ᠪᠠᠨ ᠡᠬᠢᠯᠡᠭᠦᠯᠵᠡᠢ᠃ ᠪᠠᠶᠠᠷ ᠬᠥᠳᠡᠭᠡ ᠲᠣᠰᠬᠤᠨ ᠤ ᠥᠷᠭᠡᠨ ᠠᠭᠤᠳᠠᠮ ᠨᠤᠲᠤᠭ ᠳᠡᠪᠢᠰᠬᠡᠷ ᠲᠤ ᠭᠦᠨ ᠦᠨᠳᠦᠰᠦᠯᠡᠵᠦ᠂ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠪᠠᠷ ᠵᠣᠷᠢᠭ ᠰᠢᠭᠤᠳᠴᠠᠢ᠃      ᠲᠡᠷᠡ ᠪᠣᠯᠤᠨ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ 2018 ᠣᠨ ᠤ ᠰᠡᠭᠦᠯᠴᠢ ᠪᠠᠷ᠂ ᠪᠦᠬᠦ ᠲᠣᠰᠬᠤᠨ ᠤ 30 ᠡᠷᠦᠬᠡ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠭᠰᠠᠨ ᠨᠢ ᠲᠡᠭᠦᠨ ᠤ ᠰᠡᠳᠬᠢᠯ ᠢ ᠠᠭᠤᠵᠢᠷᠠᠭᠤᠯᠤᠭᠰᠠᠨ ᠶᠠᠪᠤᠳᠠᠯ ᠪᠣᠯᠤᠨ᠎ᠠ᠃ ᠤᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢᠶᠠᠷ ᠳᠠᠮᠵᠢᠨ᠂ ᠪᠸᠢ ᠨᠠᠭᠤᠷ ᠤᠨ ᠲᠣᠰᠬᠤᠨ ᠤ ᠠᠷᠠᠳ ᠤᠨ ᠴᠦᠩᠬᠦ ᠴᠦ ᠭᠦᠳᠦ᠋ᠢᠵᠦ ᠡᠬᠢᠯᠡᠵᠡᠢ᠃      2021 ᠣᠨ ᠤ 2 ᠰᠠᠷ᠎ᠠ ᠶᠢᠨ 25  ᠤ ᠡᠳᠦᠷ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠪᠠᠶᠠᠷ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ︾ᠭᠡᠬᠦ ᠢᠷᠠᠭᠤ ᠠᠯᠳᠠᠷ ᠤᠨ ᠴᠣᠯᠠ ᠬᠦᠷᠳᠡᠪᠡ᠂ ᠲᠡᠭᠦᠨ ᠤ ᠰᠡᠳᠬᠢᠯ ᠳᠣᠭᠳᠣᠯᠵᠤ ᠪᠠᠶᠢᠨ᠎ᠠ ︱ ᠨᠠᠮ ᠪᠣᠯᠤᠨ ᠤᠯᠤᠰ ᠤᠨ ᠤᠯᠠᠨ ᠵᠢᠯ ᠤᠨ ᠬᠥᠮᠦᠵᠢᠭᠦᠯᠦᠯ ᠳᠤ ᠲᠠᠯᠠᠷᠬᠠᠵᠤ ᠪᠠᠶᠢᠨ᠎ᠠ᠂ ᠨᠡᠩ ᠴᠤ ᠡᠨᠡᠬᠦ ᠴᠠᠭ ᠦᠶ᠎ᠡ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠳᠤ ᠲᠠᠯᠠᠷᠬᠠᠵᠤ ᠪᠠᠶᠢᠨ᠎ᠠ᠃      ᠪᠠᠶᠠᠷ ᠨᠢᠭᠡ ᠰᠡᠳᠬᠢᠯ ᠢᠶᠠᠷ ᠲᠣᠰᠬᠤᠨ ᠤ ᠪᠠᠨ ᠶᠡᠭᠡ ᠪᠠᠭ᠎ᠠ ᠤᠴᠢᠷ ᠶᠠᠪᠤᠳᠠᠯ ᠳᠤ ᠵᠢᠳᠬᠦᠵᠦ᠂ ᠭᠡᠷ ᠲᠡᠭᠡᠨ ᠬᠠᠷᠢᠬᠤ ᠴᠠᠭ ᠪᠠᠷᠤᠭ ᠪᠠᠶᠢᠬᠤ ᠦᠭᠡᠢ ᠪᠣᠯᠬᠤᠷ᠂ ᠨᠢᠭᠡ ᠭᠡᠷ ᠤᠨ ᠬᠥᠭᠰᠢᠨ ᠵᠠᠯᠠᠭᠤ ᠶᠢ ᠬᠠᠷᠠᠭᠠᠯᠵᠠᠬᠤ ᠬᠦᠨᠳᠦ ᠡᠭᠦᠷᠭᠡ ᠲᠡᠭᠦᠨ ᠤ ᠭᠡᠷᠭᠡᠢ ᠶᠢᠨ ᠢᠶᠠᠨ ᠮᠥᠷᠥᠨ ᠳᠡᠭᠡᠷ᠎ᠡ ᠲᠠᠯᠪᠢᠭᠳᠠᠭᠰᠠᠨ ᠪᠣᠯᠪᠠᠴᠤ ᠲᠡᠷᠡ ᠣᠭᠲᠣᠬᠠᠨ ᠴᠤ ᠭᠤᠮᠣᠳᠠᠯ ᠦᠭᠡᠢ ᠪᠠᠶᠢᠯ᠎ᠠ᠃ ᠰᠠᠶ᠋ᠢ ᠲᠣᠰᠬᠤᠨ ᠳᠤ ᠰᠠᠭᠤᠬᠤ ᠦᠶ᠎ᠡ ᠳᠤ ᠬᠡᠦᠬᠡᠳ ᠨᠢ ᠰᠠᠶ᠋ᠢ ᠨᠢᠭᠡᠳᠦᠭᠡᠷ ᠣᠨ ᠳᠤ ᠣᠷᠣᠵᠤ ᠪᠠᠶᠢᠭᠰᠠᠨ ᠢᠶᠠᠨ ᠣᠳᠣ ᠨᠢᠭᠡᠨᠲᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠤᠷᠤᠭᠰᠠᠨ ᠪᠠᠶᠢᠨ᠎ᠠ᠃ ᠨᠢᠭᠡ ᠦᠶ᠎ᠡ ᠬᠡᠦᠬᠡᠳ ᠨᠢ ᠲᠡᠭᠦᠨ ᠠᠴᠠ᠄︽ ᠠᠪᠤ ᠠ᠂ ᠲᠠ ᠡᠵᠢ ᠲᠠᠢ ᠪᠠᠨ ᠤᠷᠤᠭ ᠰᠠᠯᠴᠢᠬᠠᠭᠰᠠᠨ ᠤᠣ︖  ︾ ᠭᠡᠵᠦ ᠭᠤᠮᠣᠳᠠᠨ ᠠᠰᠠᠭᠤᠪᠠ᠃ ᠡᠨᠡ ᠦᠶ᠎ᠡ ᠳᠤ ᠬᠡᠦᠬᠡᠳ ᠨᠢ ᠲᠡᠭᠦᠨ ᠠᠴᠠ᠄︽ ᠠᠪᠤ ᠠ᠂ ᠲᠠ ᠡᠵᠢ ᠲᠠᠢ ᠪᠠᠨ ᠤᠷᠤᠭ ᠰᠠᠯᠤᠭᠰᠠᠨ ᠤᠣ︖  ︾ ᠭᠡᠵᠦ ᠠᠰᠠᠭᠤᠪᠠ᠃ ᠪᠠᠶᠠᠷ ᠬᠡᠦᠬᠡᠳ ᠢᠶᠠᠨ ᠠᠵᠢᠯ ᠤᠨ ᠭᠠᠵᠠᠷ ᠲᠠᠭᠠᠨ ᠳᠠᠭᠠᠭᠤᠯᠤᠨ ᠠᠪᠠᠴᠢᠵᠤ᠂ ᠬᠡᠦᠬᠡᠳ ᠢᠶᠠᠨ ᠬᠠᠷᠢᠵᠤ ᠢᠷᠡᠭᠰᠡᠨ ᠤ ᠳᠠᠷᠠᠭ᠎ᠠ ᠡᠳᠦᠷ ᠤᠨ ᠲᠡᠮᠳᠡᠭᠯᠡᠯ ᠳᠡᠭᠡᠨ᠄ ︽ᠠᠪᠤ ᠪᠣᠯ ᠨᠢᠭᠡᠨ ᠡᠪ ᠬᠠᠮᠲᠤ ᠨᠠᠮ ᠤᠨ ᠭᠡᠰᠢᠭᠦᠨ᠂ ᠲᠡᠷᠡ ᠦᠨᠳᠦᠰᠦᠨ ᠱᠠᠲᠤᠨ ᠳᠤ ᠤᠯᠠᠨ ᠵᠢᠯ ᠠᠵᠢᠯᠯᠠᠵᠠᠢ᠂ ᠲᠡᠨᠳᠡᠬᠢ ᠲᠣᠰᠬᠤᠨ ᠤ ᠠᠷᠠᠳ ᠤᠨ ᠲᠥᠯᠥᠭᠡ ᠮᠠᠰᠢ ᠤᠯᠠᠨ ᠰᠠᠶᠢᠨ ᠶᠠᠪᠤᠳᠠᠯ ᠬᠢᠭᠰᠡᠨ ᠶᠤᠮ᠂ ᠪᠢ ᠲᠡᠭᠦᠨ ᠲᠠᠢ ᠦᠷᠭᠦᠯᠵᠢ ᠠᠭᠤᠯᠵᠠᠳᠠᠭ ᠦᠭᠡᠢ᠂ ᠭᠡᠪᠡᠴᠦ ᠲᠡᠷᠡ ᠦᠷᠭᠦᠯᠵᠢ ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠳᠠᠭ ᠦᠭᠡᠢ᠂ ᠡᠪ ᠬᠠᠮᠲᠤ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠬᠡᠷᠡᠭᠲᠡᠢ ᠭᠡᠵᠦ ᠬᠡᠯᠡᠳᠡᠭ︾ ᠭᠡᠵᠦ ᠪᠢᠴᠢᠭᠰᠡᠨ ᠪᠠᠶᠢᠳᠠᠭ᠃      
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号