ᠠᠭᠤᠷ ᠠᠮᠢᠰᠬᠤᠯ ᠪᠠᠰᠠ ᠭᠦᠢᠴᠡᠳ ᠳᠤᠯᠠᠭᠠᠷᠠᠬᠤ ᠠᠴᠠ ᠡᠮᠦᠨ᠎ᠡ᠂ ᠬᠦᠯᠡᠮᠵᠢ ᠳᠤ ᠰᠠᠭᠤᠵᠤ ᠪᠠᠢᠭᠰᠠᠨ | ᠢᠩᠲᠣᠣᠷ ᠬᠠᠷᠢᠨ ᠤᠷᠢᠲᠠ ᠪᠠᠷ ᠤᠯᠠᠶᠢᠪᠠ᠃ | ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠪᠤᠷᠬᠠᠨᠲᠤ ᠪᠠᠯᠭᠠᠰᠤᠨ ᠤ ᠤᠯᠠᠯᠵᠢ ᠬᠤᠶᠠᠳᠤᠭᠠᠷ | ᠲᠣᠰᠬᠤᠨ ᠤ ᠴᠡᠴᠡᠭ ᠵᠢᠮᠢᠰ ᠤᠨ ᠠᠩᠬᠢᠯᠤᠮ᠎ᠠ ᠦᠨᠦᠷ ᠢᠶᠠᠷ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ | ᠬᠦᠯᠡᠮᠵᠢ ᠳᠤ ᠬᠦᠷᠬᠦ ᠳᠤ᠂ ᠢᠩᠲᠣᠣᠷ ᠤᠨ ᠣᠨᠴᠠ ᠪᠠᠶᠢᠳᠠᠭ ᠠᠩᠬᠢᠯᠤᠮ᠎ᠠ ᠦᠨᠦᠷ ᠬᠠᠩᠬᠤᠯᠤᠨ᠎ᠠ᠃ ᠨᠢᠳᠦ | ᠲᠠᠯᠪᠢᠨ ᠬᠠᠷᠠᠪᠠᠯ ᠂ ᠨᠣᠮᠢᠨ ᠨᠣᠭᠤᠭᠠᠨ ᠳᠠᠯᠠᠶ ᠶᠢᠨ ᠳᠤᠮᠳᠠ ᠂ ᠨᠢᠭᠡ ᠮᠣᠳᠣ ᠪᠣᠯᠪᠠᠰᠤᠷᠠᠭᠰᠠᠨ ᠢᠩᠲᠣᠣᠷ ᠶᠠᠭ | ᠯᠠ ᠨᠢᠭᠡ ᠪᠢᠴᠢᠬᠠᠨ ᠳ᠋ᠧᠩᠯᠦ ᠰᠢᠭ ᠬᠠᠷᠠᠭᠳᠠᠨ᠎ᠠ ᠃ ᠮᠣᠳᠣᠨ ᠤ ᠨᠠᠪᠴᠢ ᠨᠠᠮᠠᠭ᠎ᠠ ᠶᠢᠨ ᠳᠣᠣᠷ᠎ᠠ ᠂ ᠵᠢᠮᠢᠰ ᠤᠨ | ᠲᠠᠷᠢᠶᠠᠴᠢᠨ ᠵᠠᠩ ᠱᠣᠣ ᠮᠢᠨ ᠂ ᠯᠢᠦ ᠵᠢᠦᠢ ᠵᠢᠦᠢ ᠡᠷ᠎ᠡ ᠡᠮ᠎ᠡ ᠬᠤᠶᠠᠭᠤᠯᠠ ᠤᠳᠠᠯ ᠦᠭᠡᠢ ᠬᠦᠷᠴᠦ ᠢᠷᠡᠬᠦ | ᠢᠩᠲᠣᠣᠷ ᠲᠡᠭᠦᠬᠦ ᠬᠥᠭᠵᠢᠯᠲᠡᠢ ᠤᠯᠠᠷᠢᠯ ᠳᠤ ᠬᠠᠮᠤᠭ ᠡᠴᠦᠰ ᠤᠨ ᠵᠢᠮᠢᠰ ᠤᠨ ᠰᠢᠢᠳᠪᠦᠷᠢᠯᠡᠯᠲᠡ ᠬᠢᠵᠦ ᠪᠠᠶᠢᠭ᠎ᠠ ᠨᠢ | ᠃ | 2017 ᠣᠨ ᠳᠤ ᠂ ᠵᠠᠩ ᠱᠣᠸ ᠮᠢᠨ ᠵᠠᠬ᠎ᠠ ᠳᠡᠯᠭᠡᠭᠦᠷ ᠲᠤ ᠰᠢᠨᠵᠢᠯᠡᠨ ᠪᠠᠶᠢᠴᠠᠭᠠᠭᠰᠠᠨ ᠤ ᠳᠠᠷᠠᠭ᠎ᠠ | ᠳᠠᠭᠠᠭᠠᠴᠢᠯᠠᠭᠰᠠᠨ 50 ᠮᠦ ᠭᠠᠵᠠᠷ ᠰᠢᠷᠣᠢ ᠪᠠᠨ ᠠᠰᠢᠭᠯᠠᠨ ᠢᠩᠲᠣᠣᠷ ᠳᠠᠷᠢᠬᠤ ᠪᠠᠷ ᠲᠣᠭᠲᠠᠪᠠ ᠃ ᠶᠡᠭᠡ | ᠰᠤᠷᠭᠠᠭᠤᠯᠢ ᠳᠤ ᠵᠢᠮᠢᠰ ᠤᠨ ᠮᠣᠳᠣᠨ ᠤ ᠲᠠᠷᠢᠶᠠᠯᠠᠩ ᠤᠨ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠵᠤ | ᠪᠠᠶᠢᠭ᠎ᠠ ᠵᠠᠩ ᠱᠤᠤ ᠮᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠣᠨᠴᠠᠯᠢᠭᠲᠤ ᠲᠠᠷᠢᠶᠠᠯᠠᠩ ᠤᠨ | ᠲᠤᠬᠠᠢ ᠥᠪᠡᠷᠮᠢᠴᠡ ᠣᠶᠢᠯᠠᠭᠠᠭᠳᠠᠬᠤᠨ ᠲᠠᠢ ᠪᠠᠶᠢᠵᠤ᠂ ᠲᠦᠷᠦᠯ ᠵᠦᠢᠯ ᠢ ᠰᠣᠩᠭᠤᠨ ᠪᠣᠶᠢᠵᠢᠭᠤᠯᠬᠤ ᠠᠴᠠ | ᠠᠪᠤᠭᠠᠳ ᠵᠢᠮᠢᠰ ᠤᠨ ᠴᠢᠬᠢ ᠶᠢ ᠠᠷᠠᠴᠢᠯᠠᠨ ᠬᠠᠮᠠᠭᠠᠯᠠᠬᠤ ᠬᠦᠷᠲᠡᠯ᠎ᠡ᠂ ᠳᠠᠬᠢᠭᠠᠳ ᠴᠡᠴᠡᠭ ᠰᠡᠶᠢᠷᠡᠭᠦᠯᠦᠨ ᠲᠣᠭᠤᠰᠣ | ᠬᠦᠷᠲᠡᠭᠡᠬᠦ ᠬᠦᠷᠲᠡᠯ᠎ᠡ ᠁ ᠭᠤᠭᠴᠤᠭ᠎ᠠ ᠪᠣᠯᠭᠠᠨ ᠳᠤ ᠴᠥᠮ ᠰᠢᠨᠵᠢᠯᠡᠬᠦ ᠤᠬᠠᠭᠠᠨ ᠮᠡᠷᠭᠡᠵᠢᠯ ᠤᠨ ᠭᠦᠨ | ᠵᠤᠵᠠᠭᠠᠨ ᠦᠨᠦᠷ ᠠᠮᠲᠠ ᠲᠠᠢ ᠪᠠᠶᠢᠳᠠᠭ᠃ | 《ᠢᠩᠲᠣᠣᠷ ᠢ ᠰᠠᠶᠢᠬᠠᠨ ᠰᠠᠭᠤᠯᠭᠠᠶ᠎ᠠ ᠭᠡᠪᠡᠯ ᠵᠢᠮᠢᠰ ᠤᠨ ᠮᠣᠳᠣ ᠶᠢ ᠴᠠᠳᠲᠠᠯ᠎ᠠ ᠢᠳᠡᠭᠦᠯᠦᠨ᠎ᠡ 》 ᠵᠠᠩ | ᠱᠤᠤ ᠮᠢᠨ ᠲᠡᠭᠦᠨ ᠤ ᠪᠠᠶᠠᠵᠢᠭᠰᠠᠨ ᠨᠣᠮ ᠢᠶᠠᠨ ᠤᠩᠰᠢᠪᠠ᠃ | ᠢᠩᠲᠣᠣᠷ ᠤᠨ ᠵᠤᠯᠵᠠᠭ᠎ᠠ ᠮᠣᠳᠣ ᠶᠢ ᠤᠷᠭᠤᠭᠤᠯᠤᠭᠰᠠᠨ ᠠᠩᠬᠠᠨ ᠤ ᠵᠢᠯ ᠳᠤ᠂ ᠵᠠᠩ ᠱᠤᠤ ᠮᠢᠨ ᠡᠷ᠎ᠡ ᠡᠮ᠎ᠡ | ᠬᠤᠶᠠᠭᠤᠯᠠ 10 ᠰᠠᠭᠤᠷᠢ ᠢᠩᠲᠣᠣᠷ ᠤᠨ ᠬᠦᠯᠡᠮᠵᠢ ᠳᠤ ᠳᠦᠭᠦᠷᠡᠩ ᠨᠣᠣᠰᠣᠨ ᠪᠤᠷᠴᠠᠭ ᠲᠠᠷᠢᠵᠦ᠂ ᠨᠣᠣᠰᠣᠨ | ᠪᠤᠷᠴᠠᠭ ᠪᠣᠯᠪᠠᠰᠤᠷᠠᠮᠠᠭᠴᠠ ᠪᠦᠬᠦᠨ ᠢ ᠬᠥᠷᠥᠰᠥᠨ ᠳᠤ ᠤᠷᠪᠠᠭᠤᠯᠵᠤ᠂ ᠰᠠᠶ᠋ᠢᠬᠠᠨ ᠬᠦᠯᠡᠮᠵᠢ ᠳᠤ ᠨᠤᠲᠤᠭᠰᠢᠭᠰᠠᠨ | ᠢᠩᠲᠣᠣᠷ ᠤᠨ ᠵᠤᠯᠵᠠᠭ᠎ᠠ ᠮᠣᠳᠣ ᠶᠢ ᠴᠠᠳᠲᠠᠯ᠎ᠠ ᠢᠳᠡᠭᠦᠯᠪᠡ᠃ ᠵᠢᠯ ᠪᠦᠷᠢ ᠵᠠᠩ ᠱᠤᠤ ᠮᠢᠨ ᠡᠷ᠎ᠡ ᠡᠮ᠎ᠡ | ᠬᠤᠶᠠᠭᠤᠯᠠ ᠢᠩᠲᠣᠣᠷ ᠤᠨ ᠮᠣᠳᠣ ᠪᠦᠷᠢ ᠳᠤ 200 ᠵᠢᠩ ᠣᠷᠭᠠᠨᠢᠭ ᠪᠣᠷᠳᠣᠭᠤᠷ ᠨᠡᠮᠡᠵᠦ᠂ ᠢᠩᠲᠣᠣᠷ ᠤᠨ ᠮᠣᠳᠣ | ᠪᠦᠷᠢ ᠳᠤ ᠭᠦᠢᠴᠡᠳ ᠰᠢᠮ᠎ᠡ ᠲᠡᠵᠢᠭᠡᠯ ᠬᠦᠷᠲᠡᠭᠡᠬᠦ ᠶᠢ ᠪᠠᠲᠤᠯᠠᠨ᠎ᠠ᠃ ︽ᠡᠨᠡ ᠨᠢ ᠬᠡᠦᠬᠡᠳ ᠢ ᠥᠰᠬᠡᠬᠦ ᠲᠠᠢ ᠨᠢᠭᠡᠨ | ᠶᠣᠰᠣ ᠶᠤᠮ᠂ ᠰᠠᠶᠢᠨ ᠢᠳᠡᠪᠡᠯ ᠰᠠᠶ᠋ᠢ ᠲᠦᠷᠭᠡᠨ ᠥᠰᠴᠦ᠂ ᠥᠨᠳᠥᠷ ᠥᠰᠴᠦ ᠴᠢᠳᠠᠨ᠎ᠠ︾ ᠭᠡᠵᠦ ᠰᠠᠯᠠᠭ᠎ᠠ | ᠨᠠᠮᠠᠭ᠎ᠠ ᠶᠢ ᠨᠢ ᠲᠦᠭᠦᠷᠡᠲᠡᠯ᠎ᠡ ᠴᠢᠮᠡᠭᠯᠡᠭᠰᠡᠨ ᠢᠩᠲᠣᠣᠷ ᠢ ᠬᠠᠷᠠᠭᠠᠳ ᠵᠠᠩ ᠱᠤᠤ ᠮᠢᠨ ᠪᠠᠶᠠᠷᠲᠠᠢ ᠪᠠᠷ ᠬᠡᠯᠡᠪᠡ᠃ | ᠭᠤᠣᠯ ᠦᠳᠡ ᠶᠢᠨ ᠦᠶ᠎ᠡ ᠪᠠᠷ᠂ ᠢᠩᠲᠣᠣᠷ ᠤᠨ ᠬᠦᠯᠡᠮᠵᠢ ᠶᠢᠨ ᠣᠷᠣᠢ ᠶᠢᠨ ᠳᠤᠯᠠᠭᠠᠨ ᠢ ᠬᠠᠮᠠᠭᠠᠯᠠᠬᠤ | ᠳᠠᠪᠬᠤᠷᠭ᠎ᠠ ᠠᠭᠠᠵᠢᠮ ᠢᠶᠠᠷ ᠨᠡᠭᠡᠭᠡᠭᠳᠡᠨ᠎ᠡ᠃ ︽ᠡᠨᠡ ᠪᠣᠯ ᠳᠤᠯᠠᠭᠠᠨ ᠢ ᠬᠢᠵᠠᠭᠠᠷᠯᠠᠬᠤ ᠣᠶᠤᠨᠴᠢ ᠰᠢᠰᠲ᠋ᠧᠮ | ᠮᠥᠨ ︾ ᠭᠡᠵᠦ ᠵᠠᠩ ᠱᠤᠤ ᠮᠢᠨ ᠦᠭᠡ ᠶᠠᠷᠢᠶᠠᠨ ᠳᠠᠭᠠᠨ ᠣᠮᠣᠭᠰᠢᠯ ᠲᠠᠢ ᠪᠠᠶᠢᠯ᠎ᠠ᠃ ᠢᠩᠲᠣᠣᠷ ᠢ ᠠᠯᠢ | ᠲᠦᠷᠭᠡᠨ ᠢᠶᠠᠷ ᠬᠠᠨᠲᠠᠯ᠎ᠠ ᠤᠨᠲᠠᠭᠤᠯᠬᠤ ᠶᠢᠨ ᠲᠥᠯᠥᠭᠡ ᠂ ᠥᠷᠯᠥᠭᠡ ᠬᠤᠲᠠ ᠳᠤ ᠵᠠᠩ ᠱᠣᠸ ᠮᠢᠨ ᠬᠦᠯᠡᠮᠵᠢ ᠳᠡᠭᠡᠨ | ᠣᠶᠤᠨᠴᠢ ᠳᠤᠯᠠᠭᠠᠨ ᠲᠣᠬᠢᠷᠠᠭᠤᠯᠬᠤ ᠰᠢᠰᠲ᠋ᠧᠮ ᠤᠭᠰᠠᠷᠠᠵᠤ ᠂ ᠵᠢᠮᠢᠰ ᠤᠨ ᠮᠣᠳᠣᠨ ᠤ ᠢᠴᠡᠭᠡᠯᠡᠯᠲᠡ ᠶᠢ ᠰᠢᠨᠵᠢᠯᠡᠬᠦ | ᠤᠬᠠᠭᠠᠨᠴᠢ ᠪᠠᠷ ᠬᠠᠮᠢᠶᠠᠷᠴᠠᠢ ᠃ ᠡᠳᠦᠷ ᠪᠦᠷᠢ ᠶᠢᠨ ᠪᠦᠲᠦᠮᠵᠢᠲᠡᠶ ᠢᠴᠡᠭᠡᠯᠡᠬᠦ ᠴᠠᠭ ᠢ ᠨᠡᠮᠡᠭᠳᠡᠭᠦᠯᠵᠦ ᠂ ᠬᠡᠷᠡᠯ ᠤᠨ | ᠲᠤᠰᠤᠯᠲᠠ ᠶᠢᠨ ᠴᠠᠭ ᠢ ᠤᠷᠲᠤᠳᠬᠠᠵᠤ ᠂ ᠲᠣᠮᠣ ᠢᠩᠲᠣᠣᠷ ᠤᠨ ᠬᠡᠷᠡᠯ ᠤᠨ ᠨᠡᠶᠢᠯᠡᠯᠭᠡ ᠶᠢᠨ ᠬᠤᠷᠳᠤᠴᠠ ᠶᠢ | ᠳᠡᠭᠡᠭᠰᠢᠯᠡᠭᠦᠯᠦᠨ ᠂ ᠵᠢᠮᠢᠰ ᠤᠨ ᠪᠤᠶᠢᠵᠢᠯᠲᠠ ᠶᠢᠨ ᠠᠬᠢᠴᠠ ᠶᠢ ᠪᠣᠭᠤᠨᠢᠰᠬᠠᠪᠠ ᠁ ᠵᠠᠩ ᠱᠣᠸ ᠮᠢᠨ ᠤ ᠵᠠᠯᠭᠠᠭ᠎ᠠ | ᠵᠠᠯᠭᠠᠭ᠎ᠠ ᠪᠠᠷ ᠬᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠨᠢ ᠠᠮᠵᠢᠯᠲᠠ ᠲᠠᠢ ᠪᠠᠷ ᠥᠪᠡᠷ ᠤᠨ | ᠲᠣᠮᠣ ᠢᠩᠲᠣᠣᠷ ᠤᠨ ᠪᠣᠯᠪᠠᠰᠤᠷᠠᠬᠤ ᠬᠤᠭᠤᠴᠠᠭ᠎ᠠ ᠶᠢ 10 ᠡᠳᠦᠷ ᠣᠷᠴᠢᠮ ᠤᠷᠢᠳᠴᠢᠯᠠᠭᠤᠯᠪᠠ ᠃ | ᠨᠢᠭᠡᠳᠦᠭᠡᠷ ᠵᠢᠯ ᠳᠤ 500 ᠵᠢᠩ ᠭᠠᠷᠳᠠᠬ᠂ ᠬᠤᠶᠠᠳᠤᠭᠠᠷ ᠵᠢᠯ ᠳᠤ 2000 ᠵᠢᠩ ᠭᠠᠷᠳᠠᠬ᠂ | ᠵᠢᠱᠢᠯᠲᠡ ᠪᠠᠷ 2022 ᠣᠨ ᠳᠤ 5000 ᠵᠢᠩ ᠭᠠᠷᠳᠠᠬ᠁ ᠢᠩᠲᠣᠣᠷ ᠤᠨ ᠭᠠᠷᠤᠯᠲᠠ ᠳᠠᠬᠢᠨ ᠢᠶᠠᠷ | ᠨᠡᠮᠡᠭᠳᠡᠭᠰᠡᠨ ᠪᠠ ᠪᠣᠳᠠᠲᠠᠢ ᠣᠷᠣᠯᠭ᠎ᠠ ᠨᠢ ᠤᠯᠠᠭᠠᠨᠬᠦᠦ ᠬᠤᠶᠠᠳᠤᠭᠠᠷ ᠲᠣᠰᠬᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢ ᠶᠢᠨ ᠲᠠᠷᠢᠶᠠᠯᠠᠩ ᠤᠨ ᠬᠥᠭᠵᠢᠯᠲᠡ ᠶᠢᠨ ᠬᠤᠷᠢᠶᠠᠩᠭᠤᠢ ᠳᠦᠷᠰᠦ ᠪᠣᠯᠣᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠲᠤ ᠲᠦᠰᠢᠭᠯᠡᠵᠦ᠂ ᠠᠵᠤ | ᠦᠢᠯᠡᠰ ᠢ ᠬᠥᠭᠵᠢᠭᠦᠯᠬᠦ ᠳᠤ ᠣᠨᠴᠠᠯᠢᠭ ᠲᠤ ᠲᠦᠰᠢᠭᠯᠡᠵᠦ᠂ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠬᠤ ᠳᠤ | ᠣᠶᠢᠷ᠎ᠠ ᠶᠢᠨ ᠵᠢᠯ ᠳᠤ ᠂ ᠤᠯᠠᠭᠠᠨᠬᠦᠦ ᠬᠤᠶᠠᠳᠤᠭᠠᠷ ᠲᠣᠰᠬᠤᠨ ᠤ ᠬᠢᠨ ᠲᠠᠷᠢᠶᠠᠴᠢᠳ ᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠤᠨ | ᠪᠦᠲᠦᠴᠡ ᠪᠠᠨ ᠲᠣᠬᠢᠷᠠᠭᠤᠯᠵᠤ ᠂ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ᠶᠡᠷᠦᠩᠬᠡᠢ | ᠰᠡᠳᠬᠢᠴᠡ ᠪᠠᠷ ᠲᠠᠷᠢᠮᠠᠯ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠢᠮᠢᠰ ᠨᠣᠭᠤᠭ᠎ᠠ᠂ ᠠᠵᠤ | ᠠᠬᠤᠢ ᠶᠢᠨ ᠲᠠᠷᠢᠮᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠦᠷᠦᠯ ᠰᠠᠳᠤᠨ ᠦᠷ᠎ᠡ ᠬᠡᠦᠬᠡᠳ ᠬᠠᠷᠢᠯᠴᠠᠨ | ᠬᠥᠳᠡᠯᠦᠯᠴᠡᠬᠦ᠂ ᠬᠥᠳᠡᠭᠡ ᠲᠣᠰᠬᠤᠨ ᠤ ᠵᠤᠭᠠᠴᠠᠯ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ | ᠪᠠᠶᠢᠭᠠᠯᠢ ᠶᠢᠨ ᠰᠤᠷᠭᠠᠨ ᠬᠥᠮᠦᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠥᠳᠡᠭᠡ | ᠲᠣᠰᠬᠤᠨ ᠤ ᠰᠣᠶᠣᠯ ᠵᠤᠭᠠᠴᠠᠯ ᠤᠨ ᠰᠦᠯᠵᠢᠶᠡᠨ ᠤ ᠰᠢᠨ᠎ᠡ ᠲᠣᠰᠬᠤᠨ ᠢ ᠢᠳᠡᠪᠬᠢᠲᠡᠢ ᠪᠠᠶᠢᠭᠤᠯᠵᠤ᠂ ︽ᠰᠢᠨᠵᠢᠯᠡᠬᠦ | ᠤᠬᠠᠭᠠᠨ ᠮᠡᠷᠭᠡᠵᠢᠯ ᠤᠨ ᠬᠥᠳᠡᠭᠡ ᠠᠵᠤ ᠠᠬᠤᠢ + ᠬᠥᠳᠡᠭᠡ ᠲᠣᠰᠬᠤᠨ ᠤ ᠵᠤᠭᠠᠴᠠᠯ︾ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠨᠡᠭᠡᠭᠡᠵᠦ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ | | |