ᠬᠥᠳᠡᠭᠡ ᠲᠣᠰᠬᠤᠨ ᠤ ᠪᠣᠯᠪᠠᠰᠤᠨ ᠰᠤᠷᠲᠠᠯ ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠶᠢᠨ ᠵᠣᠷᠢᠭ ᠰᠠᠨᠠᠭ᠎ᠠ ᠶᠢ ᠤᠮᠳᠠᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/4/1
      ᠤᠯᠠᠭᠠᠨᠬᠠᠳᠠ ᠬᠤᠳᠠ ᠶᠢᠨ ᠬᠤᠩ ᠮᠢᠶᠣᠣ ᠽᠢ ᠪᠠᠯᠭᠠᠰᠤ ᠶᠢᠨ ᠵᠡᠭᠦᠨ ᠡᠮᠦᠨᠡᠲᠦ ᠶᠢᠨ ᠶᠢᠩᠽᠢ ᠲᠣᠰᠬᠤᠨ ᠤ ᠬᠥᠳᠡᠭᠡ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠢ ᠲᠡᠮᠳᠡᠭᠯᠡᠪᠡ      ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠬᠤ ᠳᠠᠭᠠᠨ ᠂ ︽  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠢ ᠬᠠᠮᠲᠤ ᠳᠤᠨᠢ ᠠᠳᠬᠤᠬᠤ ᠬᠡᠷᠡᠭᠲᠡᠢ ᠂ ᠢᠯᠠᠩᠭᠤᠶ᠎ᠠ ᠲᠠᠷᠢᠶᠠᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠢ ︾ ᠭᠡᠵᠡᠢ ᠃ ᠣᠶᠢᠷ᠎ᠠ ᠶᠢᠨ ᠵᠢᠯ ᠠᠴᠠ᠂ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ ᠤᠨ ᠬᠤᠩᠮᠢᠶᠣᠣ ᠪᠠᠯᠭᠠᠰᠤ ᠶᠢᠨ ᠵᠡᠭᠦᠨ ᠡᠮᠦᠨᠡᠲᠦ ᠶᠢᠨ ᠶᠢᠩᠽᠢ ᠲᠣᠰᠬᠤᠨ ᠤ  ᠬᠢᠨ ᠵᠠᠩ ᠳᠠᠳᠬᠠᠯ ᠢ ᠥᠭᠡᠷᠡᠴᠢᠯᠡᠬᠦ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠬᠥᠮᠥᠰ ᠤᠨ ᠰᠡᠳᠬᠢᠯ ᠢ ᠤᠮᠳᠠᠯᠠᠬᠤ᠂ ᠶᠣᠰᠣ ᠰᠤᠷᠲᠠᠬᠤᠨ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠪᠣᠳᠠᠲᠠᠢ ᠠᠵᠢᠯ ᠪᠣᠯᠭᠠᠬᠤ ᠶᠢ ᠪᠠᠷᠢᠮᠲᠠᠯᠠᠪᠠ᠃ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠪᠠ ᠲᠣᠰᠬᠤᠨ ᠤ ᠠᠷᠠᠳ ᠤᠨ ᠪᠣᠳᠠᠲᠤ ᠬᠡᠷᠡᠭᠴᠡᠭᠡ ᠶᠢ ᠪᠣᠳᠣᠯᠬᠢᠯᠠᠨ᠂ ᠲᠣᠰᠬᠤᠨ ᠤ ᠳᠦᠷᠢᠮ ᠠᠷᠠᠳ ᠤᠨ ᠭᠡᠷ᠎ᠡ ᠶᠢᠨ 《ᠠᠷᠪᠠᠨ ᠦᠯᠦ ᠵᠥᠪᠰᠢᠶᠡᠷᠡᠬᠦ》 ᠶᠢ ᠡᠭᠦᠳᠦᠨ ᠪᠠᠶᠢᠭᠤᠯᠵᠤ᠂ 《ᠵᠤᠵᠠᠭᠠᠨ ᠲᠡᠵᠢᠭᠡᠵᠦ ᠪᠠᠭ᠎ᠠ ᠣᠷᠣᠰᠢᠭᠤᠯᠬᠤ》 ᠰᠢᠨ᠎ᠡ ᠬᠡᠪ ᠰᠤᠷᠲᠠᠯ ᠢ ᠳᠡᠯᠭᠡᠷᠡᠭᠦᠯᠵᠦ᠂ ᠲᠠᠷᠢᠶᠠᠴᠢᠳ ᠤᠨ ᠵᠣᠷᠢᠭ ᠰᠠᠨᠠᠭ᠎ᠠ ᠶᠢ ᠪᠠᠶᠠᠯᠢᠭᠵᠢᠭᠤᠯᠬᠤ ᠡᠨᠡ ᠬᠦ ᠲᠣᠮᠣ ᠶᠠᠪᠤᠳᠠᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃      ᠨᠡᠯᠢᠶᠡᠳ ᠤᠷᠳᠤ ᠬᠤᠭᠤᠴᠠᠭᠠᠨ ᠳᠤ᠂ ᠬᠥᠳᠡᠭᠡ ᠲᠣᠰᠬᠤᠨ ᠳᠤ 《ᠤᠯᠠᠭᠠᠨ ᠴᠠᠭᠠᠨ ᠤ ᠶᠠᠪᠤᠳᠠᠯ》 ᠤᠨ ᠲᠠᠯ᠎ᠠ ᠪᠠᠷ ᠯᠠᠷᠵᠠ ᠶᠠᠩᠪᠠ ᠲᠠᠲᠠᠬᠤ᠂ ᠠᠲᠠᠭᠠᠷᠬᠠᠨ ᠠᠳᠠᠯᠢᠳᠬᠠᠬᠤ ᠮᠠᠭᠤ ᠰᠤᠷᠲᠠᠯ ᠶᠡᠭᠡ ᠪᠠᠷ ᠳᠡᠯᠭᠡᠷᠡᠵᠦ᠂ ᠵᠠᠷᠢᠮ ᠬᠥᠮᠥᠰ ᠰᠣᠬᠤᠷ ᠪᠠᠯᠠᠢ ᠪᠠᠷ ᠰᠠᠯᠬᠢᠨ ᠤ ᠠᠶ᠎ᠠ ᠶᠢ ᠲᠠᠭᠠᠵᠤ᠂ ᠬᠠᠷᠢᠯᠴᠠᠨ ᠠᠲᠠᠭᠠᠷᠬᠠᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ᠂ ᠭᠡᠷ ᠪᠦᠯᠢ ᠶᠢᠨ ᠬᠤᠭᠤᠷᠣᠨᠳᠣᠬᠢ ᠰᠡᠵᠢᠭᠯᠡᠯ ᠪᠠ ᠵᠥᠷᠢᠴᠡᠯ ᠢ ᠪᠤᠢ ᠪᠣᠯᠭᠠᠵᠤ᠂ ᠲᠠᠷᠢᠶᠠᠴᠢᠳ ᠲᠤ ᠮᠠᠰᠢ ᠶᠡᠭᠡ ᠠᠵᠤ ᠠᠬᠤᠢ ᠶᠢᠨ ᠳᠠᠷᠤᠭᠠᠰᠤ᠂ ᠤᠶᠤᠨ ᠰᠠᠨᠠᠭᠠᠨ ᠤ ᠳᠠᠷᠤᠭᠠᠰᠤ ᠶᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠨ ᠬᠡᠷᠡᠭᠵᠢᠭᠦᠯᠦᠭᠳᠡᠬᠦ ᠶᠢ ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃ ᠲᠠᠷᠢᠶᠠᠴᠢᠳ ᠤᠨ ᠠᠲᠠᠭᠠᠷᠬᠠᠨ ᠠᠳᠠᠯᠢᠳᠬᠠᠬᠤ ᠰᠤᠷᠲᠠᠯ ᠢ ᠦᠨᠳᠦᠰᠦ ᠰᠤᠷᠪᠤᠯᠵᠢ ᠠᠴᠠ ᠨᠢ ᠠᠷᠢᠯᠭᠠᠬᠤ ᠶᠢᠨ ᠲᠥᠯᠥᠭᠡ ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ 2018 ᠣᠨ ᠤ 11 ᠰᠠᠷ᠎ᠠ ᠳᠤ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠳᠤ ᠬᠥᠳᠡᠭᠡ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠪᠠᠶᠢᠭᠤᠯᠵᠤ᠂ ︽ᠪᠠᠶᠠᠷᠲᠤ ᠶᠠᠪᠤᠳᠠᠯ ᠢ ᠰᠢᠨ᠎ᠡ ᠪᠠᠷ ᠡᠷᠬᠢᠯᠡᠬᠦ᠂ ᠵᠤᠵᠠᠭᠠᠨ ᠲᠡᠵᠢᠭᠡᠵᠦ ᠪᠠᠭ᠎ᠠ ᠣᠷᠣᠰᠢᠭᠤᠯᠬᠤ᠂ ᠠᠷᠪᠢᠴᠢ ᠭᠠᠮᠲᠠᠢ ᠶᠣᠰᠣ ᠰᠤᠷᠲᠠᠬᠤᠨ ᠢ ᠬᠥᠮᠥᠵᠢᠭᠦᠯᠬᠦ᠂ ᠪᠣᠯᠪᠠᠰᠤᠨ ᠢᠶᠠᠷ ᠬᠡᠷᠡᠭ ᠡᠷᠬᠢᠯᠡᠬᠦ︾ ᠣᠶᠢᠯᠠᠭᠠᠭᠳᠠᠬᠤᠨ ᠢ ᠢᠳᠡᠪᠬᠢᠲᠡᠢ ᠰᠠᠨᠠᠭᠠᠴᠢᠯᠠᠵᠤ᠂ ᠲᠣᠰᠬᠤᠨ ᠤ ᠠᠷᠠᠳ ᠤᠨ ᠵᠥᠪᠯᠡᠯ ᠤᠨ ᠠᠷᠠᠳ ᠲᠤ ᠲᠦᠭᠦᠮ ᠦᠵᠡᠭᠦᠯᠬᠦ ᠬᠤᠭᠤᠯᠠᠨ ᠭᠡᠷ ᠲᠤ ᠴᠠᠭᠠᠨ ᠶᠠᠪᠤᠳᠠᠯ ᠳᠤ︽ᠨᠢᠭᠡ ᠨᠣᠭᠤᠭ᠎ᠠ ᠨᠢᠭᠡ ᠬᠤᠭᠤᠯᠠ︾ ︾ ᠶᠢᠨ ᠳᠦᠷᠢᠮ ᠢ ᠪᠠᠶᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠪᠠᠷ ᠳᠠᠷᠤᠵᠤ ᠠᠳᠠᠯᠢᠳᠬᠠᠬᠤ ᠰᠤᠷᠲᠠᠯ ᠢ ᠪᠤᠢ ᠪᠣᠯᠭᠠᠵᠤ᠂ ᠬᠥᠳᠡᠭᠡ ᠲᠣᠰᠬᠤᠨ ᠤ ᠰᠤᠷᠲᠠᠯ ᠢ ᠪᠣᠷᠣᠭᠵᠢᠭᠤᠨ ᠪᠣᠯᠭᠠᠬᠤ᠂ ᠠᠷᠠᠳ ᠤᠨ ᠰᠤᠷᠲᠠᠯ ᠢ ᠵᠤᠵᠠᠭᠠᠳᠬᠠᠬᠤ᠂ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠪᠠ᠃ ᠣᠲᠣ ᠪᠣᠯᠲᠠᠯ᠎ᠠ ᠂ ᠨᠡᠶᠢᠭᠡᠮᠯᠢᠭ ᠤᠨ ᠳᠠᠷᠤᠭ᠎ᠠ ᠂ ᠨᠡᠶᠢᠭᠡᠮᠯᠢᠭ ᠤᠨ ᠳᠡᠳ᠋ ᠳᠠᠷᠤᠭ᠎ᠠ ᠲᠣᠰ ᠲᠣᠰ 1 ᠬᠥᠮᠥᠨ ᠂ ᠭᠡᠰᠢᠭᠦᠨ 3 ᠬᠥᠮᠥᠨ ᠂ ᠰᠠᠶᠢᠨ ᠳᠤᠷ᠎ᠠ ᠶᠢᠨ ᠠᠵᠢᠯᠯᠠᠭᠴᠢ 10 ᠬᠥᠮᠥᠨ ᠪᠣᠶ ᠃      ᠴᠠᠭᠠᠨ ᠶᠠᠪᠤᠳᠠᠯ ᠤᠨ 《 ᠨᠢᠭᠡ ᠨᠣᠭᠤᠭ᠎ᠠ ᠨᠢᠭᠡ ᠬᠤᠭᠤᠯᠠ 》 ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠳᠤ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠤᠨ ᠨᠠᠮ ᠤᠨ ᠡᠭᠦᠷ ᠢ ᠴᠠᠭ ᠲᠤᠬᠠᠢ ᠳᠤᠨᠢ ᠪᠠᠶᠢᠭᠤᠯᠵᠤ ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠣᠨ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠤᠨ ᠳᠠᠷᠤᠭ᠎ᠠ ᠶᠢᠨ ︽ᠨᠢᠭᠡᠳᠦᠭᠡᠷ ᠬᠠᠷᠢᠭᠤᠴᠠᠯᠭᠠᠲᠠᠨ︾  ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠬᠤ ᠶᠢᠨ ᠬᠠᠮᠲᠤ ᠨᠠᠮ ᠤᠨ ᠭᠡᠰᠢᠭᠦᠨ ᠺᠠᠳ᠋ᠷ᠂ ᠲᠣᠰᠬᠤᠨ ᠤ ︽ᠬᠤᠶᠠᠷ ᠵᠥᠪᠯᠡᠯ︾︾ ᠤᠨ ᠪᠠᠭ ᠤᠨ ᠪᠦᠷᠢᠯᠳᠦᠭᠦᠨ᠂ ᠤᠤᠯ ᠤᠨ ᠲᠣᠰᠬᠤᠨ ᠤ ᠺᠠᠳ᠋ᠷ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠶᠢ ᠡᠮᠦᠨ᠎ᠡ ᠨᠢ ᠠᠵᠢᠯᠯᠠᠵᠤ ᠂ ᠦᠯᠢᠭᠡᠷ ᠳᠠᠭᠤᠷᠢᠶᠠᠯ ᠪᠣᠯᠵᠤ᠂ ᠤᠬᠠᠮᠰᠠᠷ ᠠᠴᠠ ᠪᠠᠨ ᠲᠦᠷᠦᠭᠦᠯᠡᠨ ︽ᠨᠢᠭᠡ ᠨᠣᠭᠤᠭ᠎ᠠ ᠨᠢᠭᠡ ᠬᠤᠭᠤᠯᠠ︾︾ ᠶᠢᠨ ᠳᠦᠷᠢᠮ ᠢ ᠬᠡᠷᠡᠭᠵᠢᠭᠦᠯᠵᠦ᠂ ᠰᠢᠭᠤᠳ ᠴᠢᠰᠤᠨ ᠲᠦᠷᠦᠯ ᠤᠨ ᠭᠡᠷ ᠪᠦᠯᠢ ᠶᠢ ᠲᠠᠶᠢᠴᠢᠯᠠᠨ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ ᠠᠵᠢᠯ ᠳᠤ ᠣᠷᠣᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃ ᠡᠩ ᠤᠨ ᠲᠣᠰᠬᠤᠨ ᠤ ᠠᠷᠠᠳ ᠤᠨ ᠭᠡᠷ ᠪᠦᠯᠢ ᠂ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠤᠨ ᠪᠦᠷᠢᠯᠳᠦᠭᠦᠨ ᠳᠤ ᠰᠠᠨᠠᠭᠠᠴᠢᠯᠠᠭ᠎ᠠ  ᠠᠴᠠ ᠪᠠᠨ ᠭᠠᠷ ᠳᠦᠷᠦᠵᠦ ᠂ ᠪᠡᠶ᠎ᠡ ᠪᠠᠷ ᠢᠶᠠᠨ ᠵᠣᠯᠭᠠᠭᠤᠯᠤᠨ ᠂ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ ᠪᠡᠯᠪᠡᠰᠦᠷᠡᠯ ᠤᠨ ᠶᠠᠪᠤᠳᠠᠯ ᠢ ᠲᠥᠬᠦᠮ ᠰᠢᠢᠳᠪᠦᠷᠢᠯᠡᠵᠦ ᠪᠠᠶᠢᠭ᠎ᠠ ᠡᠷᠦᠬᠡ ᠨᠢᠭᠡᠪᠦᠷᠢ ᠳᠤ ᠴᠥᠮ ︽  ᠠᠳᠠᠯᠢ ᠪᠠᠷᠢᠮᠵᠢᠶ᠎ᠠ ᠂ ᠠᠳᠠᠯᠢ ᠬᠠᠷᠠᠭᠠᠯᠵᠠᠯ ︾ ᠣᠯᠭᠤᠵᠤ ᠂ ᠲᠣᠰᠬᠤᠨ ᠤ ᠠᠷᠠᠳ ᠤᠨ ᠮᠡᠳᠡᠷᠡᠮᠵᠢ ᠶᠢᠨ ᠬᠡᠮᠵᠢᠶ᠎ᠡ ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃      ︽ ᠳᠥᠷᠪᠡ ᠶᠢ ᠵᠥᠪᠯᠡᠵᠦ ᠬᠤᠶᠠᠷ ᠢ ᠢᠯᠠ ᠪᠣᠯᠭᠠᠬᠤ︾ᠲᠡᠰ ᠳᠠᠷᠠᠭᠠᠯᠠᠯ ᠢᠶᠠᠷ ᠳᠠᠮᠵᠢᠭᠤᠯᠵᠤ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠤ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ︽ᠠᠷᠪᠠ ᠶᠢ ᠦᠯᠦ ᠵᠥᠪᠰᠢᠶᠡᠷᠡᠬᠦ︾ ᠶᠢ ᠵᠠᠰᠠᠨ ᠲᠡᠭᠦᠯᠳᠡᠷᠵᠢᠭᠦᠯᠵᠦ᠂ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ᠂ ᠬᠤᠭᠤᠰᠤᠨ ᠶᠠᠪᠤᠳᠠᠯ ᠳᠤ︽ᠨᠢᠭᠡ ᠨᠣᠭᠤᠭ᠎ᠠ ᠨᠢᠭᠡ ᠬᠤᠭᠤᠯᠠ︾ ᠶᠢᠨ ᠳᠦᠷᠢᠮ ᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠵᠤ᠂ ᠲᠣᠰᠬᠤᠨ ᠤ ᠠᠷᠠᠳ ᠤᠯᠠᠨ ᠤ ᠬᠠᠮᠲᠤ ᠪᠠᠷ ᠵᠢᠷᠤᠮᠯᠠᠬᠤ ᠶᠢ ᠪᠣᠯᠵᠣᠨ ᠲᠣᠭᠲᠠᠵᠠᠢ᠃ ︽  ᠨᠠᠢᠮᠠᠨ ᠵᠠᠷᠤᠳᠠᠯ ᠨᠢᠭᠡ ᠮᠥᠩᠭᠦ ︾ ᠭᠠᠴᠠᠭᠠᠨ ᠤ ᠱᠠᠲᠤᠨ ᠤ ᠠᠰᠠᠷᠠᠮᠵᠢ ᠶᠢᠨ ᠲᠥᠷᠥ ᠶᠢᠨ ᠪᠣᠳᠣᠯᠭ᠎ᠠ ︵  ᠭᠠᠴᠠᠭᠠᠨ ᠤ ᠬᠠᠮᠲᠤ ᠨᠡᠶᠢᠲᠡ ᠠᠴᠠ ᠪᠡᠯᠡ ᠮᠥᠩᠭᠦ ᠭᠠᠷᠭᠠᠵᠤ ᠭᠠᠴᠠᠭᠠᠨ ᠤ ᠠᠷᠠᠳ ᠲᠤ ᠤᠲᠠᠰᠤᠲᠤ ᠲᠧᠯᠸᠢᠰ ᠤᠨ ᠵᠠᠷᠤᠳᠠᠯ ᠂ ᠲᠦᠭᠡᠭᠡᠯ ᠤᠰᠤᠨ ᠤ ᠵᠠᠷᠤᠳᠠᠯ ᠂ ᠤᠬᠢᠶᠠᠯᠭ᠎ᠠ ᠶᠢᠨ ᠵᠠᠷᠤᠳᠠᠯ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠂ ᠲᠠᠷᠢᠶᠠᠨ ᠭᠠᠵᠠᠷ ᠤᠨ ᠤᠰᠤᠯᠠᠯᠲᠠ ᠶᠢᠨ ᠵᠠᠷᠤᠳᠠᠯ ᠵᠡᠷᠭᠡ ᠶᠢ ᠲᠠᠩᠰᠠ ᠳᠡᠶᠢᠯᠵᠦ ᠥᠭᠭᠦᠨ᠎ᠡ ︶ ᠶᠢ ᠪᠠᠶᠢᠭᠤᠯᠵᠤ ᠂ ᠭᠠᠴᠠᠭᠠᠨ ᠤ ᠠᠷᠠᠳ ᠤᠨ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠶᠢ ᠵᠢᠷᠤᠮᠯᠠᠭᠰᠠᠨ ᠪᠠᠶᠢᠳᠠᠯ ᠢ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ ᠡᠷᠴᠢᠮ ᠤᠨ ᠴᠢᠬᠤᠯᠠ ᠦᠨᠳᠦᠰᠦᠯᠡᠯ ᠪᠣᠯᠭᠠᠵᠤ ᠂ ᠭᠠᠴᠠᠭᠠᠨ ᠤ ᠠᠷᠠᠳ ᠤᠨ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠦᠨᠡᠨ ᠬᠦ ᠴᠢᠩᠭᠠᠳᠬᠠᠨ᠎ᠠ ᠃ ᠲᠣᠭᠲᠠᠭᠠᠯ ᠠᠴᠠ ᠵᠥᠷᠢᠴᠡᠭᠰᠡᠨ ᠪᠠ ᠵᠣᠬᠢᠴᠠᠭᠤᠯᠤᠨ ᠬᠤᠪᠢᠷᠠᠭᠤᠯᠤᠭᠰᠠᠨ ᠭᠠᠴᠠᠭᠠᠨ ᠤ ᠺᠠᠳ᠋ᠷ ᠂ ᠨᠠᠮ ᠤᠨ ᠭᠡᠰᠢᠭᠦᠨ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ  ᠂ ᠲᠣᠭᠲᠠᠭᠠᠯ ᠶᠣᠰᠣᠭᠠᠷ 《ᠨᠢᠭᠡ ᠨᠣᠭᠤᠭ᠎ᠠ ᠨᠢᠭᠡ ᠬᠤᠭᠤᠯᠠ》 ᠶᠢᠨ ᠳᠦᠷᠢᠮ ᠢ ᠬᠡᠷᠡᠭᠵᠢᠭᠦᠯᠦᠭᠰᠡᠨ ᠦᠭᠡᠢ ᠭᠠᠴᠠᠭᠠᠨ ᠤ ᠳᠣᠲᠣᠷᠠᠬᠢ ᠲᠣᠮᠣ ᠡᠷᠦᠭᠡ ᠶᠢᠨ ᠭᠡᠷ ᠪᠦᠯᠢ᠂ ᠪᠠᠶᠠᠨ ᠴᠢᠨᠡᠭᠡᠯᠢᠭ ᠭᠡᠷ ᠪᠦᠯᠢ ᠶᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠡᠶ᠎ᠡ ᠪᠠᠷ ᠢᠶᠠᠨ ᠵᠣᠬᠢᠴᠠᠭᠤᠯᠬᠤ ᠶᠢᠨ ᠬᠠᠮᠲᠤ ᠲᠡᠳᠡᠨ ᠤ ᠲᠦᠷᠦᠯ ᠰᠠᠳᠤᠨ ᠨᠠᠶᠢᠵᠠ ᠨᠥᠬᠦᠳ ᠢ ᠰᠢᠭᠦᠮᠵᠢᠯᠡᠨ ᠰᠤᠷᠭᠠᠵᠤ᠂ ᠬᠥᠷᠰᠢ ᠵᠡᠷᠭᠡᠯᠡᠳᠡᠭᠡ ᠶᠢᠨ ᠬᠢᠨ ᠢ ᠲᠠᠶᠢᠴᠢᠯᠠᠨ ᠰᠢᠷᠡᠭᠡ ᠵᠠᠰᠠᠬᠤ ᠦᠭᠡᠢ᠂ ᠶᠣᠰᠣᠯᠠᠯ ᠢ ᠲᠠᠭᠠᠬᠤ ᠦᠭᠡᠢ ᠪᠠᠶᠢᠯᠭᠠᠵᠤ᠂ ᠭᠠᠴᠠᠭᠠᠨ ᠤ ᠠᠷᠠᠳ ᠤᠨ 《ᠤᠯᠠᠭᠠᠨ ᠴᠠᠭᠠᠨ ᠤ ᠶᠠᠪᠤᠳᠠᠯ》 ᠤᠨ ᠲᠠᠯ᠎ᠠ ᠪᠠᠷ ᠬᠠᠷᠢᠯᠴᠠᠨ ᠠᠲᠠᠭᠠᠷᠬᠠᠨ ᠠᠳᠠᠯᠢᠳᠬᠠᠬᠤ ᠬᠠᠭᠤᠴᠢᠨ ᠶᠣᠰᠣ ᠪᠦᠳᠦᠭᠦᠯᠢᠭ ᠵᠠᠩᠰᠢᠯ ᠢ ᠦᠨᠡᠨ ᠬᠦ ᠠᠷᠢᠯᠭᠠᠬᠤ ᠬᠡᠷᠡᠭᠲᠡᠢ᠃      ᠭᠤᠷᠪᠠᠨ ᠵᠢᠯ ᠭᠠᠷᠤᠢ ᠶᠢᠨ ᠲᠤᠷᠰᠢ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠤ ᠲᠣᠰᠬᠤᠨ ᠤ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠨᠢ ᠳᠤᠮᠳᠠᠴᠢ ᠪᠠᠷ ᠵᠢᠯ ᠪᠦᠷᠢ ᠲᠣᠰᠬᠤᠨ ᠤ ᠤᠯᠠᠨ ᠲᠦᠮᠡᠨ ᠳᠤ ᠣᠷᠣᠰᠢᠭᠤᠯᠭ᠎ᠠ ᠶᠢᠨ ᠶᠠᠪᠤᠳᠠᠯ ᠢ 4 ᠤᠳᠠᠭ᠎ᠠ ᠳᠥᠭᠦᠮᠴᠢᠯᠡᠨ ᠥᠭᠴᠦ᠂ ᠤᠯᠠᠨ ᠲᠦᠮᠡᠨ ᠳᠤ 10 ᠭᠠᠷᠤᠢ ᠲᠦᠮᠡᠨ ᠲᠥᠭᠦᠷᠢᠭ ᠤᠨ ᠵᠠᠷᠤᠯᠭ᠎ᠠ ᠠᠷᠪᠢᠯᠠᠵᠤ ᠥᠭᠴᠦ᠂ ᠲᠠᠷᠢᠶᠠᠴᠢᠳ ᠤᠨ ᠪᠡᠶ᠎ᠡ ᠰᠡᠳᠬᠢᠯ ᠤᠨ ᠳᠠᠷᠤᠭᠠᠰᠤ ᠶᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠤᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠪᠠᠶᠢᠨ᠎ᠠ᠃ ᠲᠣᠰᠬᠤᠨ ᠤ ᠠᠷᠠᠳ ᠲᠦᠮᠡᠨ ᠦᠨᠡᠨ ᠪᠣᠳᠠᠲᠠᠢ ᠠᠰᠢᠭ ᠲᠤᠰᠠ ᠶᠢ ᠣᠯᠵᠤ ᠬᠠᠷᠠᠭᠠᠳ᠂ ᠶᠡᠬᠡᠪᠡᠷ ᠪᠠᠵᠠᠭᠠᠵᠤ ᠶᠡᠬᠡᠪᠡᠷ ᠬᠢᠬᠦ ᠬᠤᠴᠤᠷᠤᠩᠭᠤᠢ ᠦᠵᠡᠯ ᠰᠠᠨᠠᠭ᠎ᠠ ᠶᠢ ᠦᠨᠳᠦᠰᠦᠨ ᠠᠴᠠ ᠨᠢ ᠬᠤᠪᠢᠷᠠᠭᠤᠯᠵᠤ᠂ ᠪᠦᠬᠦ ᠲᠣᠰᠬᠤᠨ ᠤ ᠠᠷᠠᠳ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ ᠪᠠᠶᠢᠭᠰᠠᠨ ᠠᠴᠠ ᠪᠠᠨ ᠰᠠᠨᠠᠭᠠᠴᠢᠯᠠᠭ᠎ᠠ ᠠᠴᠠ ᠪᠠᠨ ᠣᠷᠤᠯᠴᠠᠬᠤ ᠲᠡᠰᠢ ᠪᠦᠷᠢᠮᠦᠰᠦᠨ ᠬᠤᠪᠢᠷᠠᠵᠤ᠂ ᠵᠠᠩ ᠳᠠᠳᠬᠠᠯ ᠢ ᠥᠭᠡᠷᠡᠴᠢᠯᠡᠬᠦ ᠠᠵᠢᠯ ᠴᠤ ︽ᠡᠬᠢᠯᠡᠬᠦ᠂ ᠲᠦᠷᠦᠭᠦᠯᠡᠬᠦ᠂ ᠲᠣᠯᠣᠭᠠᠢ ᠰᠠᠵᠢᠬᠤ︾ ᠶᠢ ᠠᠬᠢᠭᠤᠯᠵᠤ ᠬᠡᠷᠡᠭᠵᠢᠭᠦᠯᠬᠦ ᠱᠠᠲᠤᠨ ᠠᠴᠠ ᠪᠠᠨ ᠠᠯᠬᠤᠮ ᠠᠯᠬᠤᠮ ᠢᠶᠠᠷ ᠤᠯᠠᠨ ᠲᠦᠮᠡᠨ ᠤ ︽ᠲᠣᠯᠣᠭᠠᠢ ᠳᠣᠬᠢᠨ ᠮᠠᠭᠲᠠᠬᠤ︾ ᠶᠢ ᠪᠠᠬᠢᠵᠢᠭᠦᠯᠬᠦ ᠱᠠᠲᠤᠨ ᠳᠤ ᠣᠷᠣᠪᠠ᠃ ᠣᠳᠣᠬᠠᠨ ᠳᠤ᠂ ᠵᠡᠭᠦᠨ ᠡᠮᠦᠨᠡᠲᠦ ᠶᠢᠨ ᠶᠢᠩᠽᠢ ᠲᠣᠰᠬᠤᠨ ᠤ ᠰᠢᠶᠠᠩ ᠤᠨ ᠰᠤᠷᠲᠠᠯ ᠪᠣᠯᠪᠠᠰᠤᠨ ᠢ ᠠᠬᠢᠭᠤᠯᠬᠤ ᠬᠤᠷᠠᠯ ᠤᠨ ᠨᠥᠯᠥᠭᠡᠯᠡᠯ ᠳᠣᠣᠷ᠎ᠠ᠂ ᠨᠢᠶᠸ ᠬᠧ ᠳ᠋ᠢ ᠲᠣᠰᠬᠤᠨ᠂ ᠾᠧᠦ ᠳ᠋ᠣᠣ ᠲᠣᠰᠬᠤᠨ ᠤ ᠬᠢᠨ ᠪᠠᠰᠠ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠳᠤ ᠲᠦᠰᠢᠭᠯᠡᠨ ᠲᠣᠰᠬᠤᠨ ᠤ ᠠᠷᠠᠳ ᠢ︽ᠬᠤᠶᠠᠷ ᠨᠣᠭᠤᠭ᠎ᠠ ᠨᠢᠭᠡ ᠬᠤᠭᠤᠯᠠ︾᠂︽ᠨᠢᠭᠡ ᠨᠣᠭᠤᠭ᠎ᠠ ᠨᠢᠭᠡ ᠬᠤᠭᠤᠯᠠ︾ ᠶᠢᠨ ᠪᠠᠷᠢᠮᠵᠢᠶ᠎ᠠ ᠪᠠᠷ 13 ᠤᠳᠠᠭ᠎ᠠ ᠶᠢᠨ ᠣᠷᠣᠰᠢᠭᠤᠯᠭ᠎ᠠ ᠶᠢᠨ ᠶᠠᠪᠤᠳᠠᠯ ᠢ ᠲᠦᠭᠦᠮ ᠢᠶᠠᠷ ᠬᠢᠵᠦ᠂ ᠬᠡᠷᠡᠭ ᠤᠨ ᠡᠵᠡᠨ ᠳᠤ 10 ᠭᠠᠷᠤᠢ ᠲᠦᠮᠡᠨ ᠲᠥᠭᠦᠷᠢᠭ ᠠᠷᠪᠢᠯᠠᠵᠤ ᠥᠭᠴᠡᠢ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号