ᠣᠩᠨᠢᠭᠤᠳ ᠬᠤᠰᠢᠭᠤ ︽  ᠭᠤᠷᠪᠠᠨ ᠪᠣᠭᠤᠮᠲᠠ ︾ ᠶᠢ ᠰᠠᠶᠢᠲᠤᠷ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠥᠳᠡᠯᠭᠡᠭᠦ ᠬᠦᠴᠦᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2022/4/6
      ᠣᠩᠨᠢᠭᠤᠳ ᠬᠤᠰᠢᠭᠤ ᠲᠣᠰᠬᠤᠨ ᠳᠤ ᠰᠠᠭᠤᠭ᠎ᠠ ᠺᠠᠳ᠋ᠷᠴᠤᠳ ᠤᠨ ᠣᠨ ᠤ ᠬᠢᠨᠠᠨ ᠰᠢᠯᠭᠠᠬᠤ ᠠᠵᠢᠯ ᠤᠨ ᠪᠥᠬᠦ ᠲᠠᠯ᠎ᠠ ᠶᠢᠨ ᠴᠢᠨᠠᠷ ᠂ ᠨᠠᠷᠢᠯᠢᠭ ᠣᠨᠣᠴᠠᠲᠠᠢ ᠴᠢᠨᠠᠷ ᠂ ᠤᠳᠤᠷᠢᠳᠤᠮᠵᠢ ᠶᠢᠨ ᠴᠢᠨᠠᠷ ᠢ ᠲᠣᠪᠤᠶᠢᠯᠭᠠᠨ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠬᠡᠮᠵᠢᠶᠡᠵᠢᠭᠦᠯᠬᠦ᠂ ᠬᠢᠨᠠᠨ ᠰᠢᠯᠭᠠᠬᠤ ᠲᠠᠰ ᠳᠠᠷᠠᠭᠠᠯᠠᠯ ᠢ ᠨᠠᠷᠢᠯᠢᠭᠵᠢᠭᠤᠯᠬᠤ ᠪᠠ ᠦᠷ᠎ᠡ ᠳ᠋ᠦᠩ ᠢ ᠴᠢᠩᠭᠠᠷᠠᠭᠤᠯᠬᠤ ᠶᠢ ᠬᠡᠷᠡᠭᠯᠡᠬᠦ ᠲᠠᠯ᠎ᠠ ᠪᠠᠷ ᠬᠦᠴᠦ ᠲᠠᠯᠪᠢᠵᠤ᠂ ᠬᠢᠨᠠᠨ ᠰᠢᠯᠭᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠬᠦ ᠪᠠᠷ ᠢᠯᠡ ᠲᠣᠳᠣ ᠤᠳᠤᠷᠢᠳᠤᠮᠵᠢ ᠪᠣᠯᠭᠠᠬᠤ ᠶᠢ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠥᠳᠡᠯᠭᠡᠭᠦ ᠬᠦᠴᠦᠨ ᠤ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠨ᠎ᠡ ᠃      ︽  ᠭᠦᠢᠴᠡᠳᠬᠡᠯ ᠲᠤᠭ᠎ᠠ ᠶᠢᠨ ᠪᠣᠭᠤᠮᠲᠠ ︾ ᠶᠢ ᠰᠠᠶᠢᠲᠤᠷ ᠠᠳᠬᠤᠵᠤ ᠂ ᠨᠠᠷᠢᠯᠢᠭ ᠣᠨᠣᠴᠠᠲᠠᠢ ᠪᠠᠷ ᠬᠢᠨᠠᠨ ᠰᠢᠯᠭᠠᠨ᠎ᠠ ᠃ 《 ᠣᠩᠨᠢᠭᠤᠳ ᠬᠤᠰᠢᠭᠤᠨ ᠤ 2021 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠰᠬᠤᠨ ᠳᠤ ᠰᠠᠭᠤᠭ᠎ᠠ ᠺᠠᠳ᠋ᠷᠴᠤᠳ ᠢ ᠬᠢᠨᠠᠨ ᠰᠢᠯᠭᠠᠬᠤ ᠠᠵᠢᠯ ᠤᠨ ᠲᠥᠰᠥᠯ 》 ᠢ ᠳᠠᠷᠤᠮᠠᠯᠯᠠᠨ ᠲᠠᠷᠬᠠᠭᠠᠵᠤ ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠣᠯ ᠠᠵᠢᠯ ᠪᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠤᠴᠢᠷ ᠶᠠᠪᠤᠳᠠᠯ ᠪᠦᠲᠦᠭᠡᠬᠦ ᠳᠤ ᠦᠢᠯᠡᠴᠢᠯᠡᠬᠦ ᠵᠡᠷᠭᠡ ᠳᠥᠷᠪᠡᠨ ᠲᠠᠯ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠤᠬᠠᠭᠤᠯᠵᠤ ᠲᠤᠤᠱᠯᠠᠭᠤᠯᠤᠭᠰᠠᠨ ᠪᠠᠶᠢᠳᠠᠯ ᠢ ᠨᠠᠷᠢᠯᠢᠭᠵᠢᠭᠤᠯᠤᠨ ᠬᠤᠰᠢᠭᠤᠨ ᠨᠠᠮ ᠤᠨ ᠬᠤᠷᠢᠶ᠎ᠠ ᠂ ᠬᠤᠰᠢᠭᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠪᠠᠶᠢᠭ᠎ᠠ ᠪᠠᠶᠢᠳᠠᠯ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠵᠦ ᠪᠠᠶᠢᠭ᠎ᠠ ᠪᠠᠶᠢᠳᠠᠯ ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ ᠪᠠᠶᠢᠭ᠎ᠠ ᠪᠠᠶᠢᠳᠠᠯ ᠵᠡᠷᠭᠡ 18 ᠵᠦᠢᠯ ᠤᠨ ᠪᠣᠳᠠᠲᠠᠢ ᠭᠦᠢᠴᠡᠳᠬᠡᠯ ᠲᠤᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠪᠥᠬᠦ ᠬᠤᠰᠢᠭᠤᠨ ᠤ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ 466 ᠺᠠᠳ᠋ᠷ ᠲᠤ ᠬᠥᠮᠥᠨ ᠳᠠᠷᠠᠭᠠᠯᠠᠨ ᠬᠤᠪᠢ ᠥᠭᠴᠦ ᠂ ᠲᠣᠰᠬᠤᠨ ᠳᠤ ᠰᠠᠭᠤᠭ᠎ᠠ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ  ᠢ ᠪᠤᠰᠤᠳᠴᠢ ᠂ ᠦᠨᠡᠨ ᠪᠣᠳᠠᠲᠠᠢ ᠂ ᠨᠠᠷᠢᠯᠢᠭ ᠣᠨᠣᠴᠠᠲᠠᠢ ᠪᠠᠷ ᠬᠢᠨᠠᠨ ᠰᠢᠯᠭᠠᠬᠤ ᠪᠠᠷ ᠴᠢᠷᠮᠠᠶᠢᠵᠤ ᠂ ᠬᠢᠨᠠᠨ ᠰᠢᠯᠭᠠᠯᠲᠠ ᠶᠢᠨ ︽  ᠳᠣᠬᠢᠭᠤᠷ ︾ ᠤᠨ ᠰᠠᠯᠬᠢᠨ ᠤ ᠴᠢᠭᠯᠡᠯ ᠤᠨ ᠦᠢᠯᠡᠳᠦᠯ  ᠢ ᠦᠨᠡᠨᠬᠦ ᠪᠠᠳᠠᠷᠠᠭᠤᠯᠤᠨ᠎ᠠ ᠃      ︽  ᠲᠠᠰ ᠳᠠᠷᠠᠭᠠᠯᠠᠯ ᠤᠨ ᠪᠣᠭᠤᠮᠲᠠ ︾ ᠶᠢ ᠰᠠᠶᠢᠲᠤᠷ ᠠᠳᠬᠤᠵᠤ ᠂ ᠣᠯᠠᠨ ᠭᠣ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号