︽  ᠪᠢᠴᠢᠬᠠᠨ ᠲᠥᠪᠡᠳ ᠬᠠᠰᠢ ︾ ᠨᠢ ︽  ᠲᠣᠮᠣ ᠶᠠᠪᠤᠳᠠᠯ ︾  ᠪᠦᠲᠦᠭᠡᠪᠡ ︵  ᠰᠢᠨ᠎ᠡ ᠠᠶᠠᠨ ᠵᠠᠮ ᠳᠤ ᠭᠠᠪᠢᠶ᠎ᠠ ᠪᠠᠶᠢᠭᠤᠯᠵᠤ ᠰᠢᠨ᠎ᠡ ᠴᠠᠭ ᠦᠶ᠎ᠡ ᠳᠤ ᠲᠤᠰᠠᠯᠠᠬᠤ ᠬᠠᠮᠲᠤᠷᠠᠯᠴᠠᠭᠠᠨ ᠤ ᠡᠮᠦᠨ᠎ᠡ ᠹᠷᠣᠨᠲ ᠲᠤ ᠲᠣᠭᠤᠷᠢᠨ ᠪᠠᠶᠢᠴᠠᠭᠠᠨ᠎ᠠ︶
ᠨᠡᠶᠢᠲᠡᠯᠡᠭᠰᠡᠨ ᠴᠠᠭ᠄
2022/5/22
      2021 ᠣᠨ ᠳᠤ᠂ ᠭᠠᠷ ᠬᠤᠯᠪᠣᠨ ᠬᠠᠮᠲᠤᠪᠠᠷ ᠠᠷᠪᠠᠨ ᠵᠢᠯ ᠤᠷᠤᠭᠰᠢᠯᠠᠭᠰᠠᠨ ᠰᠠᠶᠢᠨ ᠰᠠᠶᠢᠬᠠᠨ ᠰᠠᠭᠤᠷᠢᠨ ᠳᠡᠭᠡᠷ᠎ᠡ᠂ ᠪᠡᠭᠡᠵᠢᠩ ᠬᠤᠳᠠ ᠶᠢᠨ ᠳ᠋ᠠᠰᠢᠩ ᠲᠣᠭᠤᠷᠢᠭ ᠪᠣᠯᠣᠨ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠭᠦᠢᠴᠡᠳ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠪᠠᠷ ᠳᠠᠮᠵᠢᠭᠤᠯᠵᠤ᠂ ᠪᠡᠭᠡᠵᠢᠩ ᠤᠨ ᠬᠤᠩ ᠹᠦ᠋ ᠪᠦᠯᠦᠭᠯᠡᠯ ᠢ ᠣᠷᠣᠭᠤᠯᠤᠨ ᠲᠠᠷᠢᠶᠠᠯᠠᠩ ᠤᠨ ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ︽ᠵᠢᠵᠢᠭᠭᠡᠨ ᠲᠥᠪᠡᠳ ᠬᠠᠰᠢ︾ ᠶᠢᠨ ᠲᠣᠭᠤᠷᠢᠨ ᠳᠤ ︽ᠲᠣᠮᠣ ᠶᠠᠪᠤᠳᠠᠯ︾  ᠢ ᠰᠠᠶᠢᠲᠤᠷ ᠪᠢᠴᠢᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠵᠦ ᠥᠭᠴᠡᠢ᠃      ᠤᠯᠠᠭᠠᠨᠴᠠᠪ ᠤᠨ ᠬᠤᠩ ᠹᠦ᠋ ᠲᠠᠷᠢᠶᠠᠯᠠᠩ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠲᠥᠯᠦᠪᠵᠢᠭᠦᠯᠭᠡ ᠶᠢᠨ ᠡᠵᠡᠯᠡᠬᠦ ᠲᠠᠯᠠᠪᠠᠶ ᠨᠢ 4000 ᠭᠠᠷᠤᠢ ᠮᠦ ᠪᠠᠶᠢᠵᠤ᠂ 60 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 5 –7 ᠵᠢᠯ ᠤᠨ ᠬᠤᠭᠤᠴᠠᠭ᠎ᠠ ᠶᠢ ᠠᠰᠢᠭᠯᠠᠨ ᠣᠲᠣ ᠦᠶ᠎ᠡ ᠶᠢᠨ ᠲᠠᠷᠢᠶᠠᠯᠠᠩ᠂ ᠺᠠᠩ ᠶᠠᠩ ᠰᠣᠶᠣᠯ ᠤᠨ ᠵᠢᠭᠤᠯᠴᠢᠯᠠᠯ ᠢᠶᠠᠷ ᠭᠤᠣᠯ ᠪᠣᠯᠭᠠᠭᠰᠠᠨ ᠣᠳᠣᠬᠢᠴᠢᠯᠠᠭᠰᠠᠨ ᠶᠡᠷᠦᠩᠬᠡᠶᠢᠯᠡᠭᠰᠡᠨ ᠴᠢᠨᠠᠷᠲᠠᠢ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠨᠢ ᠪᠣᠬᠢᠷᠳᠤᠯ ᠦᠭᠡᠢ ᠬᠥᠭᠵᠢᠯᠲᠡ ᠂ ᠴᠢᠨᠠᠷ ᠰᠠᠶᠢᠲᠠᠢ ᠬᠥᠭᠵᠢᠯᠲᠡ᠂ ᠠᠭᠤᠰᠤᠯᠴᠠᠨ ᠬᠥᠭᠵᠢᠬᠦ ᠪᠠ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ ᠂ ᠠᠵᠤ ᠦᠢᠯᠡᠳᠪᠦᠷᠢᠵᠢᠯᠲᠡ ᠂ ᠬᠤᠲᠠᠴᠢᠯᠠᠯᠲᠠ᠂ ᠲᠠᠷᠢᠶᠠᠯᠠᠩ ᠤᠨ ᠣᠳᠣᠬᠢᠴᠢᠯᠠᠯᠲᠠ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠬᠥᠳᠡᠯᠭᠡᠭᠦᠷ ᠪᠣᠯᠭᠠᠵᠤ᠂ ︽ᠠᠵᠤ ᠦᠢᠯᠡᠳᠪᠦᠷᠢ ᠲᠠᠷᠢᠶᠠᠯᠠᠩ ᠤᠨ ᠣᠷᠴᠢᠯ + ᠤᠳᠤ ᠦᠶ᠎ᠡ ᠶᠢᠨ ᠲᠠᠷᠢᠶᠠᠯᠠᠩ + ᠰᠣᠶᠣᠯ ᠤᠨ ᠵᠤᠭᠠᠴᠠᠯ ᠡᠷᠡᠭᠦᠯ ᠬᠠᠮᠠᠭᠠᠯᠠᠯ ᠰᠤᠪᠢᠯᠠᠯᠲᠠ + ᠣᠶᠤᠨᠴᠢ ᠤᠶᠤᠨ ᠤᠬᠠᠭᠠᠨ︾  ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢᠨ ᠳᠠᠭᠠᠭᠤᠯᠤᠭᠴᠢ ᠶᠢ ᠪᠤᠢ ᠪᠣᠯᠭᠠᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠡᠯᠡᠳᠬᠡᠮᠵᠢᠳᠦ ᠵᠢᠮᠢᠰ ᠨᠣᠭᠤᠭ᠎ᠠ᠂ ᠰᠣᠶᠣᠯ ᠤᠨ ᠵᠤᠭᠠᠴᠠᠯ ᠡᠷᠡᠭᠦᠯ ᠬᠠᠮᠠᠭᠠᠯᠠᠯ ᠰᠤᠪᠢᠯᠠᠯᠲᠠ᠂ ᠣᠶᠤᠨᠲᠤ ᠲᠠᠷᠢᠶᠠᠯᠠᠩ ᠵᠡᠷᠭᠡ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ ᠲᠠᠶᠢᠴᠢᠯᠠᠨ᠎ᠠ ᠃      ᠲᠤᠰ ᠲᠥᠷᠥᠯ ᠵᠦᠢᠯ ᠨᠢ ᠳᠡᠯᠡᠬᠡᠢ ᠶᠢᠨ ᠲᠡᠷᠢᠭᠦᠨ ᠤ ᠬᠤᠯᠠᠨᠳ᠋ ᠤᠨ ᠣᠳᠣᠬᠢᠴᠢᠯᠠᠭᠰᠠᠨ ᠣᠶᠤᠨᠲᠤ ᠬᠦᠯᠡᠮᠵᠢ ᠶᠢᠨ ᠲᠠᠷᠢᠮᠠᠯ ᠤᠨ ᠵᠠᠭᠪᠤᠷ ᠢ ᠣᠷᠣᠭᠤᠯᠤᠨ ᠠᠪᠴᠢᠷᠠᠵᠤ᠂ ᠰᠢᠷᠣᠢ ᠦᠭᠡᠢ ᠪᠠᠷ ᠳᠠᠷᠢᠵᠤ ᠤᠷᠭᠤᠭᠤᠯᠬᠤ ᠵᠠᠭᠪᠤᠷ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ᠂ ᠰᠢᠮ᠎ᠡ ᠲᠡᠵᠢᠭᠡᠯ ᠤᠨ ᠰᠢᠩᠭᠡᠨ ᠤ ᠨᠠᠷᠢᠯᠢᠭ ᠣᠨᠣᠴᠠᠲᠠᠢ ᠬᠠᠮᠢᠶᠠᠷᠤᠯᠲᠠ ᠶᠢᠨ ᠵᠠᠭᠪᠤᠷ᠂ CO2 ᠤᠨ ᠬᠡᠢ ᠶᠢ ᠨᠥᠬᠦᠪᠦᠷᠢᠯᠡᠵᠦ ᠤᠨᠠᠯᠲᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ᠂ ᠳᠡᠭᠡᠭᠰᠢᠯᠡᠬᠦ ᠳᠣᠷᠣᠭᠰᠢᠯᠠᠬᠤ ᠳᠤᠯᠠᠭᠠᠨ ᠤ ᠰᠢᠰᠲ᠋ᠧᠮ᠂ ᠨᠠᠷᠠ ᠬᠠᠯᠬᠠᠯᠠᠬᠤ ᠰᠢᠰᠲ᠋ᠧᠮ᠂ ᠠᠮᠢᠳᠤ ᠪᠣᠳᠠᠰ ᠤᠨ ᠰᠡᠷᠭᠡᠶᠢᠯᠡᠯᠲᠡ ᠵᠡᠷᠭᠡ ᠪᠠᠷ ᠳᠡᠮᠵᠢᠨ ᠲᠥᠪᠡᠳ ᠬᠠᠰᠢ ᠶᠢᠨ ᠤᠷᠭᠤᠯᠲᠠ ᠶᠢᠨ ᠬᠠᠮᠤᠭ ᠤᠨ ᠰᠠᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠥᠨᠳᠥᠷ ᠤᠨᠠᠯᠲᠠ ᠲᠠᠢ ᠂ ᠥᠨᠳᠥᠷ ᠦᠷ᠎ᠡ ᠠᠰᠢᠭ ᠲᠠᠢ᠂ ᠴᠢᠨᠠᠷ ᠰᠠᠶᠢᠲᠠᠢ᠂ ᠠᠮᠤᠷ ᠲᠦᠪᠰᠢᠨ ᠲᠠᠷᠢᠶᠠᠯᠠᠩ ᠤᠨ ᠰᠠᠶᠢᠨ ᠣᠷᠴᠢᠯ ᠤᠨ ᠰᠢᠰᠲ᠋ᠧᠮ ᠢ ᠪᠦᠷᠢᠯᠳᠦᠭᠦᠯᠵᠦ᠂ ᠭᠠᠷᠤᠯᠲᠠ ᠨᠢ ᠤᠯᠠᠮᠵᠢᠯᠠᠯᠲᠤ ᠨᠡᠷᠡᠨ ᠤ ᠬᠡᠷᠡᠯ ᠤᠨ ᠬᠦᠯᠡᠮᠵᠢ ᠶᠢᠨ 6  ᠠᠴᠠ 8 ᠳᠠᠬᠢᠨ ᠬᠦᠷᠴᠦ᠂ ᠪᠣᠶ ᠪᠦᠬᠦᠢ ᠦᠢᠯᠡᠳᠪᠦᠷᠢᠯᠡᠯ ᠤᠨ ᠭᠤᠭᠴᠤᠭ᠎ᠠ  ᠨᠢ ᠴᠥᠮ ᠡᠸᠦ᠋ᠷᠦᠫᠡ ᠶᠢᠨ ᠬᠤᠯᠪᠣᠭᠠᠨ ᠤ ᠦᠢᠯᠡᠳᠪᠦᠷᠢᠯᠡᠯ ᠤᠨ ᠪᠠᠷᠢᠮᠵᠢᠶ᠎ᠠ Global G.A.P.ᠭᠡᠷᠡᠴᠢᠯᠡᠯ ᠳᠤ ᠬᠦᠷᠴᠦ᠂ ᠲᠠᠷᠢᠶᠠᠨ ᠭᠠᠵᠠᠷ  ᠠᠴᠠ ᠬᠤᠭᠤᠯᠠᠨ ᠰᠢᠷᠡᠭᠡᠨ ᠳᠤ ᠬᠦᠷᠬᠦ ᠪᠥᠬᠦ ᠶᠠᠪᠤᠴᠠ ᠶᠢ ᠮᠥᠷᠳᠡᠵᠦ ᠪᠣᠯᠣᠨ᠎ᠠ᠃ ᠤᠯᠠᠭᠠᠨᠴᠠᠪ ᠤᠨ ᠪᠠᠶᠢᠭᠠᠯᠢ ᠶᠢᠨ ᠨᠥᠬᠦᠴᠡᠯ ᠲᠠᠢ ᠤᠶᠠᠯᠳᠤᠭᠤᠯᠤᠨ᠂ ᠠᠵᠤ ᠦᠢᠯᠡᠰ ᠤᠨ ᠬᠦᠷᠢᠶᠡᠯᠡᠩ ᠤᠨ ᠬᠢᠨ ︽ᠲᠣᠮᠣ ᠬᠡᠯᠪᠡᠷᠢ ᠶᠢᠨ ᠲᠥᠪᠡᠳ ᠬᠠᠰᠢ ᠶᠢᠨ ᠦᠢᠯᠡᠳᠪᠦᠷᠢᠵᠢᠭᠰᠡᠨ ᠦᠢᠯᠡᠳᠪᠦᠷᠢᠯᠡᠯ ᠤᠨ ᠰᠠᠭᠤᠷᠢᠨ ᠭᠠᠵᠠᠷ︾ ᠢ ᠪᠠᠶᠢᠭᠤᠯᠬᠤ ᠪᠠᠷ ᠴᠢᠷᠮᠠᠶᠢᠵᠤ᠂ ᠦᠢᠯᠡᠳᠪᠦᠷᠢᠯᠡᠯ ᠤᠨ ᠶᠠᠪᠤᠴᠠ ᠳᠠᠬᠢ ᠨᠡᠭᠦᠷᠡᠰᠦᠲᠥ᠋ᠷᠥᠭᠴᠢ ᠪᠠᠭ᠎ᠠ᠂ ᠣᠷᠴᠢᠨ ᠠᠬᠤᠢ ᠶᠢ ᠬᠠᠮᠠᠭᠠᠯᠠᠬᠤ᠂ ᠪᠣᠬᠢᠷᠳᠤᠯ ᠦᠭᠡᠢ ᠪᠠᠶᠢᠬᠤ ᠶᠢ ᠪᠡᠶᠡᠯᠡᠭᠦᠯᠦᠨ᠂ ᠬᠡᠷᠡᠭᠯᠡᠭᠴᠢᠳ ᠲᠤ ᠠᠮᠤᠷ ᠲᠦᠪᠰᠢᠨ᠂ ᠴᠡᠪᠡᠷ᠂ ᠴᠢᠨᠠᠷ ᠰᠠᠶᠢᠲᠠᠢ ᠲᠦᠭᠦᠬᠡᠢ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠲᠠᠰᠤᠷᠠᠯᠲᠠ ᠦᠭᠡᠢ ᠬᠠᠩᠭᠠᠵᠤ ᠪᠠᠶᠢᠨ᠎ᠠ ᠃      ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠣᠳᠣᠬᠢᠴᠢᠯᠠᠭᠰᠠᠨ ᠣᠶᠤᠨᠲᠤ ᠬᠦᠯᠡᠮᠵᠢ ᠵᠢᠴᠢ ᠡᠳ᠋ᠰᠢᠭᠦᠯᠵᠦ ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡᠨ ᠤ ᠬᠥᠮᠥᠷᠭᠡᠯᠡᠬᠦ ᠣᠷᠣᠨ ᠢ 30 ᠲᠦᠮᠡᠨ ᠲᠡᠭᠰᠢ ᠳᠥᠷᠪᠡᠯᠵᠢᠨ ᠮᠧᠲᠷ ᠪᠦᠲᠦᠭᠡᠨ ᠪᠠᠶᠢᠭᠤᠯᠵᠤ᠂ ᠶᠡᠷᠦᠩᠬᠡᠢ ᠲᠠᠯᠠᠪᠠᠢ ᠨᠢ 1000 ᠮᠦ ᠪᠠᠶᠢᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ ᠪᠠᠷᠤᠭ 8 ᠳ᠋ᠦᠩᠰᠢᠭᠤᠷ ᠲᠥᠭᠦᠷᠢᠭ ᠲᠤ ᠬᠦᠷᠴᠡᠢ᠃ ᠵᠢᠮᠢᠰ ᠨᠣᠭᠤᠭ᠎ᠠ ᠳᠠᠷᠢᠬᠤ ᠲᠠᠯ᠎ᠠ ᠪᠠᠷ᠂ ᠲᠥᠷᠥᠯ ᠵᠦᠢᠯ ᠳᠤ ᠨᠢᠭᠡᠨᠲᠡ 25 ᠲᠦᠮᠡᠨ ᠬᠠᠪᠲᠠᠭᠠᠢ ᠳᠥᠷᠪᠡᠯᠵᠢᠨ ᠮᠧᠲᠷ ᠤᠨ ᠲᠥᠪᠡᠳ ᠬᠠᠰᠢ ᠶᠢᠨ ᠴᠢᠬᠢ ᠶᠢ ᠲᠣᠭᠲᠠᠭᠠᠨ ᠳᠠᠷᠢᠬᠤ ᠨᠢᠭᠡᠳᠦᠭᠡᠷ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠲᠣᠰ ᠵᠢᠯ ᠤᠨ 12 ᠰᠠᠷ᠎ᠠ ᠶᠢᠨ ᠳᠤᠮᠳᠠᠴᠢ ᠪᠠᠷ ᠵᠢᠮᠢᠰ ᠭᠠᠷᠬᠤ ᠪᠠᠷ ᠲᠥᠯᠥᠪᠯᠡᠵᠦ ᠪᠣᠶ᠂ ᠵᠢᠱᠢᠯᠲᠡ ᠪᠠᠷ ᠵᠢᠯ ᠤᠨ ᠭᠠᠷᠤᠯᠲᠠ 1.2 ᠲᠦᠮᠡᠨ ᠲᠣᠨ ᠳᠤ ᠬᠦᠷᠴᠦ᠂ ᠦᠢᠯᠡᠳᠬᠦᠨ ᠤ ᠥᠷᠲᠡᠭ ᠨᠢ ᠪᠠᠷᠤᠭ 3 ᠳ᠋ᠦᠩᠰᠢᠭᠤᠷ ᠲᠥᠭᠦᠷᠢᠭ ᠲᠤ ᠬᠦᠷᠴᠦ᠂ ᠡᠷᠬᠢᠨ ᠲᠣᠭᠤᠷᠢᠨ ᠤ 2000 ᠭᠠᠷᠤᠢ ᠠᠵᠢᠯ ᠤᠨ ᠪᠠᠶᠢᠷᠢ ᠶᠢ ᠳᠠᠶᠢᠴᠢᠯᠠᠨ᠎ᠠ᠃ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠠᠯ᠎ᠠ ᠪᠠᠷ᠂ ᠬᠤᠩ ᠹᠦ᠋ ᠲᠠᠷᠢᠶᠠᠯᠠᠩ ᠤᠨ ᠬᠤᠷᠠᠮᠳᠤᠯᠭ᠎ᠠ ᠶᠢᠨ ᠠᠷᠭ᠎ᠠ ᠵᠠᠮ ᠵᠢᠴᠢ ᠨᠠᠷᠠᠲᠤ ᠲᠡᠮᠳᠡᠭ ᠤᠨ ᠳᠠᠪᠠᠭᠤᠯᠢᠭ ᠢ ᠠᠰᠢᠭᠯᠠᠨ᠂ ᠱᠠᠨ ᠮᠦ᠂ ᠮᠠᠢ ᠳ᠋ᠧ ᠯᠦᠩ᠂ ᠵᠢᠶᠠ ᠯᠧ ᠹᠦ᠋᠂ ᠬᠠᠢ ᠮᠠ ᠰᠢᠶᠠᠨ ᠱᠧᠩ᠂ ᠦ᠋ ᠮᠧᠶ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠲᠥᠯᠥᠪᠯᠡᠭᠡ ᠠᠴᠠ ᠳᠠᠪᠠᠭᠰᠠᠨ ᠰᠢᠨ᠎ᠡ ᠰᠣᠷᠭᠤᠭ ᠲᠠᠸᠠᠷ ᠬᠤᠳᠠᠯᠳᠤᠨ ᠠᠪᠬᠤ ᠬᠡᠯᠲᠡᠰ ᠰᠠᠭᠤᠷᠢᠨ ᠭᠠᠵᠠᠷ ᠲᠤ ᠢᠷᠡᠵᠦ ᠪᠠᠶᠢᠴᠠᠭᠠᠨ ᠦᠵᠡᠵᠦ᠂ ᠨᠢᠭᠡᠳᠦᠭᠡᠷ ᠬᠤᠭᠤᠴᠠᠭᠠᠨ ᠤ ᠭᠠᠷᠤᠯᠲᠠ ᠶᠢᠨ ᠬᠡᠮᠵᠢᠶ᠎ᠡ ᠶᠢ ᠨᠢᠭᠡᠨᠲᠡ ᠪᠦᠬᠦᠨ ᠢ ᠵᠠᠬᠢᠶᠠᠯᠠᠨ ᠠᠪᠤᠭᠰᠠᠨ ᠪᠠᠶᠢᠨ᠎ᠠ᠃ ᠡᠭᠦᠨ ᠳᠤ᠂ ᠵᠢᠶᠠ ᠯᠧ ᠹᠦ᠋ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ︽ ᠲᠥᠮᠥᠰᠥ ᠰᠢᠭᠤᠳ ᠮᠠᠯᠲᠠᠬᠤ ᠰᠠᠭᠤᠷᠢᠨ ᠭᠠᠵᠠᠷ︾ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠰᠠᠨᠠᠭ᠎ᠠ ᠲᠠᠢ ᠪᠠᠶᠢᠨ᠎ᠠ᠂ ᠢᠷᠡᠭᠡᠳᠦᠢ ᠳᠤ ᠬᠤᠩ ᠹᠦ᠋ ᠲᠠᠷᠢᠶᠠᠯᠠᠩ ᠤᠨ ᠵᠠᠬ᠎ᠠ ᠳᠡᠯᠭᠡᠭᠦᠷ ᠤᠨ ᠳᠠᠶᠢᠴᠢᠯᠠᠬᠤ ᠦᠢᠯᠡᠳᠦᠯ ᠢᠶᠠᠷ ᠳᠠᠮᠵᠢᠭᠤᠯᠤᠨ ᠂ ᠲᠤᠬᠠᠢ ᠶᠢᠨ ᠭᠠᠵᠠᠷ ᠤᠨ ᠨᠠᠩ ᠣᠯᠠᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠬᠢᠭᠡᠳ ᠨᠠᠷᠠᠲᠤ ᠲᠡᠮᠳᠡᠭᠲᠦ ᠬᠤᠳᠠᠯᠳᠤᠭᠠᠨ ᠤ ᠬᠡᠲᠦ ᠳᠡᠯᠭᠡᠭᠦᠷ ᠢ ᠳᠠᠶᠢᠴᠢᠯᠠᠨ ᠵᠠᠬᠢᠶᠠᠯᠠᠭ᠎ᠠ ᠶᠢᠨ ᠴᠢᠨᠠᠷᠲᠠᠢ ᠰᠢᠭᠤᠳ ᠮᠠᠯᠲᠠᠬᠤ ᠵᠠᠭᠪᠤᠷ ᠲᠠᠢ ᠪᠣᠯᠭᠠᠬᠤ ᠪᠣᠯᠣᠨ᠎ᠠ᠃      ᠵᠢᠱᠢᠯᠲᠡ ᠪᠠᠷ 2025 ᠣᠨ ᠪᠣᠯᠬᠤ ᠳᠤ ᠂ ᠠᠵᠤ ᠦᠢᠯᠡᠰ ᠤᠨ ᠬᠦᠷᠢᠶᠡᠯᠡᠩ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠢᠴᠢ ᠡᠷᠬᠢᠨ ᠲᠣᠭᠤᠷᠢᠨ ᠤ ᠣᠲᠣ ᠦᠶ᠎ᠡ ᠶᠢᠨ ᠲᠠᠷᠢᠶᠠᠯᠠᠩ ᠲᠠᠢ ᠬᠤᠯᠪᠣᠭᠳᠠᠬᠤ ᠠᠵᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠢ 30 ᠳ᠋ᠦᠩᠰᠢᠭᠤᠷ ᠲᠥᠭᠦᠷᠢᠭ ᠠᠴᠠ ᠳᠠᠪᠠᠭᠤᠯᠵᠤ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠤᠰᠤᠳ ᠡᠯ᠎ᠡ ᠬᠦᠷᠢᠶᠡᠯᠡᠩ ᠲᠣᠭᠤᠷᠢᠭ ᠯᠤᠭ᠎ᠠ ᠶᠢᠨ ᠡᠷᠡᠭᠦᠯᠵᠢᠯ ᠰᠤᠪᠢᠯᠠᠯᠲᠠ ᠂ ᠵᠢᠭᠤᠯᠴᠢᠯᠠᠯ  ᠂ ᠰᠡᠯᠡᠭᠦᠴᠡᠯ ᠂ ᠰᠣᠶᠣᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠢᠯᠡᠳᠲᠡ ᠴᠢᠩᠭᠠᠳᠬᠠᠵᠤ ᠂ ᠴᠢᠳᠠᠮᠵᠢᠲᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ ᠃      ᠲᠣᠰ ᠲᠥᠷᠥᠯ ᠵᠦᠢᠯ ᠢ ᠪᠦᠷᠢᠮᠦᠰᠦᠨ ᠪᠠᠶᠢᠭᠤᠯᠤᠭᠰᠠᠨ ᠤ ᠳᠠᠷᠠᠭ᠎ᠠ ᠂ ᠨᠡᠶᠢᠰᠯᠡᠯ ᠳᠤ ᠦᠢᠯᠡᠴᠢᠯᠡᠬᠦ ︽  ᠲᠥᠪ ᠲᠣᠭᠤᠭᠠᠨ ᠭᠡᠷ ︾ ᠵᠢᠴᠢ ᠠᠶᠤᠯᠭᠦᠢ ᠵᠢᠮᠢᠰ ᠢᠳᠡᠰᠢᠨ ᠨᠣᠭᠤᠭ᠎ᠠ ᠶᠢᠨ ᠢᠳᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠤᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ ᠃ ᠡᠭᠦᠨ ᠤ ᠬᠠᠮᠲᠤ᠂ ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠳᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠢᠶᠠᠷ ᠳᠠᠮᠵᠢᠭᠤᠯᠤᠨ᠂ ᠰᠢᠨ᠎ᠡ ᠮᠠᠶ᠋ᠢᠭ ᠤᠨ ᠲᠠᠷᠢᠶᠠᠴᠢᠳ ᠢ ᠬᠥᠮᠥᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠲᠠᠷᠢᠶᠠᠯᠠᠩ ᠤᠨ ᠪᠦᠬᠦᠯᠢ ᠴᠣᠭᠴᠠ ᠶᠢᠨ ᠬᠡᠪ ᠴᠢᠨᠠᠷ ᠪᠠ ᠬᠥᠭᠵᠢᠯᠲᠡ ᠶᠢᠨ ᠰᠡᠯᠭᠦᠬᠦ ᠬᠦᠴᠦᠨ ᠢ ᠳᠡᠭᠡᠭᠰᠢᠯᠡᠭᠦᠯᠬᠦ ᠳᠤ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠵᠤ᠂ ᠠᠷᠠᠳ ᠢᠷᠭᠡᠳ ᠢ ᠪᠠᠶᠠᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠠᠮᠢ ᠠᠬᠤᠢ ᠶᠢ ᠭᠤᠶᠤ ᠰᠠᠶᠢᠬᠠᠨ ᠪᠣᠯᠭᠠᠬᠤ ᠶᠢᠨ ᠨᠢᠭᠡᠳᠦᠯ ᠢ ᠪᠡᠶᠡᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号