ᠬᠥᠬᠡᠬᠤᠲᠠ ᠠᠵᠤ ᠦᠢᠯᠡᠰ ᠢ ᠠᠳᠬᠤᠨ ᠠᠵᠢᠯ ᠣᠯᠭᠤᠯᠲᠠ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/7/26
      ᠲᠦᠷᠦᠭᠦᠬᠡᠨ ᠂ ᠰᠤᠷᠪᠤᠯᠵᠢᠯᠠᠭᠴᠢ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠯᠠᠭᠠᠭᠰᠠᠨ ᠨᠢ ᠂ ᠡᠨᠡ ᠵᠢᠯ ᠠᠴᠠ ᠨᠠᠰᠢ ᠂ ᠬᠥᠬᠡᠬᠤᠲᠠ ᠶᠢᠨ ᠬᠢᠨ ᠡᠯ᠎ᠡ ᠵᠦᠢᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠂ ᠠᠵᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠴᠢᠩᠭ᠎ᠠ ᠠᠳᠬᠤᠨ ᠬᠡᠪᠴᠢᠶᠡᠵᠢᠭᠦᠯᠦᠨ ᠳᠠᠬᠢᠨ ᠶᠠᠳᠠᠭᠤᠷᠠᠬᠤ ᠦᠭᠡᠢ ᠪᠠᠶᠢᠬᠤ ᠬᠢᠵᠠᠭᠠᠷ ᠱᠤᠭᠤᠮ ᠢ ᠪᠠᠲᠤ ᠰᠠᠬᠢᠵᠤ ᠂ ᠠᠵᠤ ᠦᠢᠯᠡᠰ ᠤᠨ ᠠᠵᠢᠯ ᠣᠯᠭᠤᠯᠲᠠ ᠶᠢ ᠪᠣᠳᠠᠲᠠᠢ ᠪᠠᠷ ᠠᠳᠬᠤᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ ᠃      ᠮᠠᠨ ᠤ ᠬᠤᠲᠠ ᠶᠢᠨ ︽  8 ᠵᠠᠭᠤᠨ ᠲᠦᠮᠡᠨ ᠲᠠᠰ ︾ ᠤᠨ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠬᠠᠪᠲᠠᠭᠠᠢ ᠬᠡᠰᠡᠭ ᠪᠠ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠂ ᠦᠴᠦᠸᠠᠨ ᠰᠢᠶᠠᠨ ᠂ ᠴᠢᠩ ᠱᠦᠢ ᠾᠧ ᠰᠢᠶᠠᠨ ᠂ ᠾᠧ ᠯᠢᠨ ᠰᠢᠶᠠᠨ ᠵᠡᠷᠭᠡ ᠭᠠᠵᠠᠷ ᠲᠤ ᠰᠠᠭᠠᠯᠢ ᠶᠢᠨ ᠢᠮᠠᠭ᠎ᠠ ᠂ ᠠᠯᠠᠰᠢᠨ ᠬᠤᠨᠢ ᠂ ᠠᠯᠠᠰᠢᠨ ᠦᠬᠡᠷ ᠵᠡᠷᠭᠡ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠤᠨ᠎ᠠ ᠃ ︽  ᠲᠠᠪᠤᠨ ᠲᠣᠬᠢᠯᠢᠭ ︾ ᠤᠨ ᠬᠤᠲᠠ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠂ ᠲᠣᠭᠲᠠᠬᠤ ᠰᠢᠶᠠᠨ ᠂ ᠴᠢᠩ ᠱᠦᠢ ᠾᠧ ᠰᠢᠶᠠᠨ ᠵᠡᠷᠭᠡ ᠬᠠᠲᠤᠨ ᠭᠤᠣᠯ ᠤᠨ ᠰᠠᠪᠠ ᠭᠠᠵᠠᠷ ᠤᠨ ᠣᠶᠢᠷ᠎ᠠ ᠬᠠᠪᠢ ᠳᠤ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠬᠤᠲᠠ ᠶᠢᠨ ᠳᠥᠷᠪᠡᠨ ᠲᠣᠭᠤᠷᠢᠭ ᠤᠨ ᠣᠶᠢᠷ᠎ᠠ ᠲᠡᠭᠦᠷᠭᠡ ᠶᠢᠨ ᠳᠠᠪᠠᠭᠤᠯᠢᠭ ᠢ ᠠᠰᠢᠭᠯᠠᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠢ ᠪᠣᠶᠢᠵᠢᠭᠤᠯᠵᠤ ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ ᠂ ᠶᠠᠳᠠᠭᠤ  ᠠᠴᠠ ᠠᠩᠭᠢᠵᠢᠷᠠᠭᠰᠠᠨ ᠡᠷᠦᠬᠡ ᠪᠠ ᠪᠤᠰᠤᠳ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ ᠃ ᠡᠨᠡ ᠵᠢᠯ 76 ᠡᠯ᠎ᠡ ᠲᠥᠷᠥᠯ ᠤᠨ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ ᠂ ᠪᠡᠯᠡ ᠮᠥᠩᠭᠦ ᠶᠢᠨ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ 3.21 ᠳ᠋ᠦᠩᠰᠢᠭᠤᠷ ᠲᠥᠭᠦᠷᠢᠭ ᠲᠤ ᠬᠦᠷᠴᠦ ᠂ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠶᠢᠨ 65.58% ᠶᠢ ᠡᠵᠡᠯᠡᠵᠦ ᠂ 8 ᠲᠦᠮᠡ ᠭᠠᠷᠤᠢ ᠬᠥᠮᠥᠨ ᠠᠰᠢᠭ ᠭᠥᠷᠳᠡᠪᠡ ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠢᠵᠢᠭ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠭᠤᠣᠯᠳᠠᠭᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ᠂ ᠠᠶᠤᠯᠭᠦᠢ ᠤᠤᠭᠤᠬᠤ ᠤᠰᠤ᠂ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠵᠦᠢᠯᠡᠰ ᠢᠶᠠᠷ ᠭᠤᠣᠯᠳᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠨ᠂ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠪᠠ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠡᠭᠦᠨ ᠤ ᠵᠡᠷᠭᠡᠴᠡᠭᠡᠪᠡᠷ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ 59 ᠵᠦᠢᠯᠡᠰ ᠢ ᠬᠡᠷᠡᠭᠵᠢᠭᠦᠯᠵᠦ᠂ 1.28 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠡᠯᠡ ᠮᠥᠩᠭᠦᠨ ᠤ ᠶᠡᠷᠦᠩᠬᠡᠢ ᠬᠡᠮᠵᠢᠶ᠎ᠡ ᠶᠢᠨ 26.25% ᠶᠢ ᠡᠵᠡᠯᠡᠵᠦ᠂ 9.4 ᠲᠦᠮᠡ ᠭᠠᠷᠤᠢ ᠬᠥᠮᠥᠨ ᠳᠤ ᠠᠰᠢᠭ ᠬᠦᠷᠲᠡᠭᠡᠪᠡ᠃      ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ᠂ ᠨᠢᠭᠡ ᠳᠤ᠂ ᠲᠤᠰᠬᠠᠢ ᠠᠵᠢᠯᠯᠠᠭ᠎ᠠ ᠥᠷᠨᠢᠭᠦᠯᠵᠦ ᠠᠵᠢᠯ ᠣᠯᠭᠤᠯᠲᠠ ᠶᠢ ᠠᠬᠢᠭᠤᠯᠵᠤ᠂︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠂︽ᠬᠠᠪᠤᠷ ᠤᠨ ᠰᠠᠯᠬᠢᠨ ᠳᠤ ᠠᠵᠢᠯ ᠤᠨ ᠪᠠᠶᠢᠷᠢ ᠬᠦᠷᠭᠡᠵᠦ ᠠᠵᠢᠯ ᠣᠯᠭᠤᠬᠤ ᠰᠡᠳᠬᠢᠯ ᠢ ᠳᠤᠯᠠᠭᠠᠴᠠᠭᠤᠯᠬᠤ︾ᠵᠡᠷᠭᠡ ᠡᠯ᠎ᠡ ᠲᠦᠷᠦᠯ ᠤᠨ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠵᠥᠪᠳᠡᠯᠴᠡᠭᠡᠨ ᠤ ᠠᠵᠢᠯᠯᠠᠭ᠎ᠠ ᠶᠢ 50 ᠤᠳᠠᠭ᠎ᠠ ᠡᠷᠬᠢᠯᠡᠵᠦ᠂ 8.95 ᠲᠦᠮᠡᠨ ᠠᠵᠢᠯ ᠤᠨ ᠪᠠᠶᠢᠷᠢ ᠬᠠᠩᠭᠠᠪᠠ︔ ᠬᠤᠶᠠᠷ ᠲᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠵᠤ ᠂ ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠵᠦ ᠠᠵᠢᠯ ᠣᠯᠬᠤ ᠳᠤ ᠨᠢᠭᠡ ᠤᠳᠠᠭ᠎ᠠ ᠶᠢᠨ ᠴᠢᠨᠠᠷᠲᠠᠢ ᠵᠠᠮ ᠬᠠᠷᠢᠯᠴᠠᠭᠠᠨ ᠤ ᠨᠥᠬᠦᠪᠦᠷᠢ ᠶᠢ ᠨᠠᠶᠢᠳᠠᠪᠤᠷᠢᠵᠢᠭᠤᠯᠤᠨ ᠂ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠯᠭᠠᠬᠤ ᠡᠲᠡᠭᠡᠳ ᠢ ᠰᠢᠩᠭᠡᠬᠡᠨ ᠠᠪᠤᠭᠰᠠᠨ ᠠᠵᠤ ᠠᠬᠤᠶᠢᠯᠠᠯ ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠂ ᠬᠤᠷᠰᠢᠶ᠎ᠠ ᠂ ᠬᠥᠳᠡᠯᠮᠦᠷᠢ ᠪᠠ ᠪᠣᠳᠠᠲᠤ ᠠᠵᠢᠯᠯᠠᠭ᠎ᠠ ᠶᠢ ᠡᠷᠬᠢᠮᠯᠡᠬᠦ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠳᠤ ᠨᠥᠬᠦᠪᠦᠷᠢ ᠥᠭᠬᠦ ᠪᠠ ᠲᠡᠳᠬᠦᠮᠵᠢ ᠦᠵᠡᠭᠦᠯᠦᠨ᠎ᠡ ᠃ ᠡᠭᠦᠨ ᠤ ᠵᠡᠷᠭᠡᠴᠡᠭᠡᠪᠡᠷ ᠡᠯ᠎ᠡ ᠱᠠᠲᠤᠨ ᠤ ᠠᠵᠢᠯᠴᠢᠨ ᠤ ᠡᠪᠯᠡᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠦᠰᠢᠭᠯᠡᠨ ᠬᠥᠯᠥᠰᠦᠨ ᠠᠵᠢᠯᠴᠢᠨ ᠳᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠬᠥᠳᠡᠭᠡ ᠲᠣᠰᠬᠤᠨ ᠠᠴᠠ ᠰᠢᠯᠵᠢᠭᠰᠡᠨ ᠬᠥᠳᠡᠯᠮᠦᠷᠢ ᠶᠢᠨ ᠬᠦᠴᠦᠨ ᠤ ᠠᠵᠢᠯ ᠣᠯᠬᠤ ᠴᠢᠳᠠᠪᠤᠷᠢ ᠪᠠ ᠠᠵᠢᠯ ᠣᠯᠬᠤ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠤᠨ᠎ᠠ᠃ ᠣᠲᠣ ᠪᠣᠯᠲᠠᠯ᠎ᠠ ᠂ ᠨᠢᠭᠡᠨᠲᠡ ᠴᠠᠬᠢᠯᠭᠠᠨ ᠤ ᠠᠵᠢᠯᠴᠢᠨ ᠂ ᠡᠷᠡᠭᠦᠯ ᠮᠡᠨᠳᠦ ᠶᠢᠨ ᠬᠠᠮᠢᠶᠠᠷᠤᠯᠲᠠ ᠂ ᠡᠬᠡ ᠨᠢᠯᠬᠠᠰ ᠤᠨ ᠰᠤᠪᠢᠯᠠᠯᠲᠠ ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠵᠡᠷᠭᠡ ᠶᠢ 12 ᠬᠤᠭᠤᠴᠠᠭ᠎ᠠ ᠡᠷᠭᠢᠯᠡᠵᠦ ᠂ ᠪᠥᠬᠦ ᠬᠤᠲᠠ ᠶᠢᠨ 3221 ᠬᠥᠯᠥᠰᠦᠨ ᠠᠵᠢᠯᠴᠢᠨ ᠪᠠ ᠬᠥᠳᠡᠭᠡ ᠲᠣᠰᠬᠤᠨ ᠠᠴᠠ ᠰᠢᠯᠵᠢᠭᠰᠡᠨ ᠬᠥᠳᠡᠯᠮᠦᠷᠢ ᠬᠦᠴᠦᠨ ᠳᠤ ᠪᠣᠯᠪᠠᠰᠤᠷᠠᠭᠤᠯᠤᠯ ᠥᠷᠨᠢᠭᠦᠯᠵᠦ ᠂ ᠪᠣᠯᠪᠠᠰᠤᠷᠠᠭᠤᠯᠤᠯ ᠤᠨ ᠭᠤᠣᠯ ᠴᠣᠭᠴᠠ ᠶᠢᠨ ᠠᠳᠠᠯ ᠦᠢᠯᠡᠰ ᠴᠣᠭᠴᠠᠯᠠᠵᠤ ᠠᠵᠢᠯ ᠣᠯᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ ︔ ᠭᠤᠷᠪᠠ ᠳᠤ ᠠᠵᠢᠯ ᠤᠨ ᠪᠠᠶᠢᠷᠢ ᠶᠢ ᠭᠡᠷ ᠲᠤᠨᠢ ᠬᠦᠷᠭᠡᠬᠦ ᠪᠠᠷ ᠳᠠᠮᠵᠢᠭᠤᠯᠤᠨ ᠠᠵᠢᠯ ᠣᠯᠭᠤᠯᠲᠠ ᠶᠢ ᠠᠬᠢᠭᠤᠯᠵᠤ ᠂ ︽  ᠴᠡᠭ ᠠᠴᠠ ᠴᠡᠭ ᠲᠤᠨᠢ ᠬᠦᠷᠭᠡᠬᠦ ︾ ︽  ᠨᠢᠭᠤᠷᠲᠠᠨ ᠬᠠᠨᠳᠤᠬᠤ ︾ ᠪᠠᠷ ᠳᠠᠮᠵᠢᠭᠤᠯᠤᠨ ᠬᠥᠮᠥᠨ ᠨᠢᠭᠡᠪᠦᠷᠢ ᠶᠢ ᠵᠣᠯᠭᠠᠭᠤᠯᠵᠤ ᠂ ᠠᠵᠢᠯ ᠤᠨ ᠪᠠᠶᠢᠷᠢ ᠶᠢ ᠭᠡᠷ ᠲᠤᠨᠢ ᠬᠦᠷᠭᠡᠵᠦ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢ ᠬᠠᠪᠰᠤᠷᠤᠨ ᠰᠢᠯᠵᠢᠭᠦᠯᠵᠦ ᠠᠵᠢᠯ ᠣᠯᠭᠤᠨ᠎ᠠ ᠃ ᠣᠲᠣ ᠪᠣᠯᠲᠠᠯ᠎ᠠ ᠂ ᠪᠥᠬᠦ ᠬᠤᠲᠠ ᠶᠢᠨ ᠶᠠᠳᠠᠭᠤ  ᠠᠴᠠ ᠠᠩᠭᠢᠵᠢᠷᠠᠭᠰᠠᠨ 7192 ᠬᠥᠮᠥᠨ ᠠᠮᠠ ᠶᠢ ᠰᠢᠯᠵᠢᠭᠦᠯᠦᠨ ᠠᠵᠢᠯ ᠣᠯᠭᠤᠪᠠ ︵  ᠡᠭᠦᠨ ᠳᠤ ᠄ 6585 ᠬᠥᠮᠥᠨ ᠢ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ ᠰᠢᠯᠵᠢᠭᠦᠯᠦᠨ ᠠᠵᠢᠯ ᠣᠯᠭᠤᠵᠤ ᠂ ᠬᠤᠲᠠ ᠶᠢᠨ ᠭᠠᠳᠠᠨᠠᠬᠢ ᠥᠪᠡᠷᠲᠡᠭᠡᠨ ᠵᠠᠰᠠᠬᠤ ᠣᠷᠣᠨ ᠤ ᠳᠣᠲᠣᠷ᠎ᠠ 355 ᠬᠥᠮᠥᠨ ᠢ ᠰᠢᠯᠵᠢᠭᠦᠯᠦᠨ ᠠᠵᠢᠯ ᠣᠯᠭᠤᠵᠤ ᠂ ᠥᠪᠡᠷᠲᠡᠭᠡᠨ ᠵᠠᠰᠠᠬᠤ ᠣᠷᠣᠨ ᠤ ᠭᠠᠳᠠᠨ᠎ᠠ 252 ᠬᠥᠮᠥᠨ ᠢ ᠰᠢᠯᠵᠢᠭᠦᠯᠦᠨ ᠠᠵᠢᠯ ᠣᠯᠭᠤᠨ᠎ᠠ ︶ ︔ ᠳᠥᠷᠪᠡ ᠳᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠠᠵᠢᠯ ᠣᠯᠭᠤᠯᠲᠠ ᠶᠢ ᠠᠬᠢᠭᠤᠯᠵᠤ᠂ ᠬᠤᠳᠠ ᠶᠢᠨ ᠲᠡᠰ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠪᠡᠯᠡ ᠮᠥᠩᠭᠦ ᠶᠢ 1500 ᠲᠦᠮᠡᠨ ᠲᠥᠭᠦᠷᠢᠭ ᠣᠷᠣᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ 3325 ᠭᠠᠷᠭᠠᠪᠠ; ᠲᠠᠪᠤ ᠳᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠠᠵᠢᠯ ᠣᠯᠭᠤᠯᠲᠠ ᠶᠢ ᠠᠬᠢᠭᠤᠯᠵᠤ᠂ ᠵᠡᠭᠦᠨ ᠪᠠᠷᠠᠭᠤᠨ ᠣᠷᠣᠨ ᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠳᠤ ᠲᠦᠰᠢᠭᠯᠡᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠠᠳᠠᠭᠰᠢ ᠭᠠᠷᠴᠤ ᠠᠵᠢᠯ ᠬᠢᠬᠦ ᠶᠢ ᠠᠬᠢᠭᠤᠯᠤᠨ᠎ᠠ᠃ ᠡᠨᠡ ᠵᠢᠯ ᠠᠴᠠ ᠨᠠᠰᠢ ᠂ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠴᠦᠸᠠᠨ ᠰᠢᠶᠠᠨ ᠳᠤ ᠪᠡᠭᠡᠵᠢᠩ ᠬᠤᠲᠠ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢ 5 ᠬᠤᠭᠤᠴᠠᠭ᠎ᠠ ᠬᠦᠷᠭᠡᠵᠦ ᠂ 1576 ᠠᠵᠢᠯ ᠤᠨ ᠪᠠᠶᠢᠷᠢ ᠬᠦᠷᠭᠡᠪᠡ ᠃ ︵ᠰᠤᠷᠪᠤᠯᠵᠢᠯᠠᠭᠴᠢ ᠮᠢᠶᠣᠣ ᠰᠢᠨ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号