【ᠲᠥᠷᠥ ᠶᠢᠨ ᠪᠣᠳᠣᠯᠭ᠎ᠠ ᠶᠢᠨ ᠲᠠᠶᠢᠯᠤᠮᠵᠢ】 ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠄ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ︽  ᠭᠤᠷᠪᠠ ᠶᠢ ᠲᠤᠰᠠᠯᠠᠵᠤ ᠨᠢᠭᠡ ᠶᠢ ᠦᠢᠯᠡᠴᠢᠯᠡᠬᠦ ︾ ᠠᠵᠢᠯ ᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2022/7/28
       ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠲᠣᠭᠲᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ ᠨᠠᠰᠤᠨ ᠤ ᠭᠠᠪᠢᠶ᠎ᠠ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ ᠂ 160 ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠬᠦᠴᠦ ᠨᠡᠮᠡᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠠᠴᠠ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠦᠢᠯᠡᠴᠢᠯᠡᠬᠦ ᠲᠤᠰᠬᠠᠢ ᠠᠵᠢᠯ ᠢ ᠥᠷᠨᠢᠭᠦᠯᠬᠦ ᠲᠤᠬᠠᠢ ᠲᠥᠰᠥᠯ︾︵ᠳᠣᠷᠣᠭᠰᠢ︽ᠲᠥᠰᠥᠯ︾ᠭᠡᠵᠦ ᠳᠥᠭᠦᠮᠴᠢᠯᠡᠨ᠎ᠡ︶︶ ᠢ ᠲᠣᠭᠲᠠᠭᠠᠵᠤ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠬᠠᠨᠳᠤᠭᠤᠯᠤᠨ ᠰᠤᠷᠤᠯᠭ᠎ᠠ ᠶᠢ ᠲᠤᠰᠠᠯᠠᠬᠤ᠂ ᠠᠵᠢᠯ ᠣᠯᠭᠤᠯᠲᠠ ᠶᠢ ᠲᠤᠰᠠᠯᠠᠬᠤ ᠂ ᠦᠢᠯᠡᠰ ᠪᠣᠰᠬᠠᠬᠤ ᠶᠢ ᠲᠤᠰᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ︽ᠭᠤᠷᠪᠠ ᠶᠢ ᠲᠤᠰᠠᠯᠠᠵᠤ ᠨᠢᠭᠡ ᠳᠤ ᠦᠢᠯᠡᠴᠢᠯᠡᠬᠦ︾ᠠᠵᠢᠯ ᠢ ᠥᠷᠨᠢᠭᠦᠯᠪᠡ᠃      ︽  ᠲᠥᠰᠥᠯ ︾ ᠳᠤ ᠵᠢᠭᠠᠵᠤ ᠭᠠᠷᠭᠠᠭᠰᠠᠨ ᠨᠢ      ︽  ᠭᠤᠷᠪᠠ ᠶᠢ ᠲᠤᠰᠠᠯᠠᠵᠤ ᠨᠢᠭᠡ ᠶᠢ ᠦᠢᠯᠡᠴᠢᠯᠡᠭᠦᠯᠬᠦ ︾ ᠠᠵᠢᠯ ᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢᠨ ᠴᠢᠳᠠᠮᠵᠢ ᠦᠢᠯᠡᠳᠦᠯ ᠢ ᠠᠯᠬᠤᠮ ᠠᠯᠬᠤᠮ ᠢᠶᠠᠷ ᠪᠣᠶ ᠪᠣᠯᠭᠠᠬᠤ ᠶᠢ ᠪᠣᠳᠣᠯᠬᠢᠯᠠᠵᠤ ᠂ ᠰᠤᠷᠤᠯᠭ᠎ᠠ ᠶᠢ ᠲᠤᠰᠠᠯᠠᠬᠤ ᠲᠠᠯ᠎ᠠ ᠪᠠᠷ ᠂ ᠰᠢᠶᠠᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠳᠤ ᠲᠦᠰᠢᠭᠯᠡᠨ ᠂ ᠲᠤᠬᠠᠢ ᠶᠢᠨ ᠭᠠᠵᠠᠷ ᠤᠨ ᠶᠠᠳᠠᠭᠤ  ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠂ ᠭᠡᠨᠡᠳᠲᠡ ᠡᠭᠦᠰᠬᠦ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠵᠡᠷᠭᠡ ᠭᠡᠷ ᠪᠦᠯᠢ ᠶᠢᠨ ᠰᠤᠷᠤᠭᠴᠢᠳ ᠤᠨ ᠰᠤᠷᠤᠯᠭ᠎ᠠ ᠶᠢᠨ ᠬᠡᠷᠡᠭᠴᠡᠭᠡ ᠶᠢ ᠴᠢᠷᠮᠠᠶᠢᠨ ᠣᠶᠢᠯᠠᠭᠠᠵᠤ ᠂ ᠬᠡᠷᠡᠭᠴᠡᠭᠡ ᠶᠢᠨ ᠨᠠᠷᠢᠨ ᠲᠠᠩᠰᠠ ᠶᠢ ᠪᠣᠶ ᠪᠣᠯᠭᠠᠬᠤ ᠬᠡᠷᠡᠭᠲᠡᠢ ︔ ᠰᠢᠨ᠎ᠡ ᠴᠠᠭ ᠦᠶ᠎ᠡ ᠶᠢᠨ ᠬᠦᠰᠡᠯ ᠢᠨᠵᠧᠨᠧᠷᠢᠩ ᠤᠨ ᠬᠡᠷᠡᠭᠵᠢᠭᠦᠯᠦᠯᠲᠡ ᠳᠤ ᠲᠦᠰᠢᠭᠯᠡᠨ᠂ ᠲᠤᠬᠠᠢ ᠶᠢᠨ ᠭᠠᠵᠠᠷ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠪᠠᠶᠢᠭᠤᠯᠬᠤ ᠶᠢ ᠵᠢᠯᠣᠭᠤᠳᠤᠨ ᠠᠬᠢᠭᠤᠯᠵᠤ᠂ ᠶᠠᠳᠠᠭᠤ ᠬᠦᠴᠢᠷᠳᠡᠯᠲᠡᠢ ᠰᠤᠷᠤᠭᠴᠢᠳ ᠢ ᠲᠤᠰᠠᠯᠠᠨ ᠰᠤᠷᠤᠯᠭ᠎ᠠ ᠶᠢ ᠲᠡᠳᠬᠦᠬᠦ ᠶᠢ ᠤᠷᠳᠤ ᠬᠤᠭᠤᠴᠠᠭ᠎ᠠ ᠪᠠᠷ ᠥᠷᠨᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠦᠷᠭᠦᠯᠵᠢᠯᠡᠨ ᠲᠡᠮᠵᠢᠨ᠎ᠠ᠃      ᠠᠵᠢᠯ ᠣᠯᠭᠤᠯᠲᠠ ᠶᠢ ᠳᠡᠮᠵᠢᠬᠦ ᠲᠠᠯ᠎ᠠ ᠪᠠᠷ      ᠰᠢᠶᠠᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠳᠤ ᠲᠦᠰᠢᠭᠯᠡᠨ᠂ ᠲᠤᠬᠠᠢ ᠶᠢᠨ ᠭᠠᠵᠠᠷ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯ ᠲᠠᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠪᠠ 《ᠬᠤᠶᠠᠷ ᠬᠤᠴᠤᠷᠤᠩᠭᠤᠢ ᠰᠤᠷᠤᠭᠴᠢ》 ᠵᠡᠷᠭᠡ ᠵᠠᠯᠠᠭᠤᠴᠤᠳ ᠤᠨ ᠠᠵᠢᠯ ᠣᠯᠬᠤ ᠰᠠᠨᠠᠮᠵᠢ ᠪᠠ ᠲᠤᠰ ᠪᠡᠶ᠎ᠡ ᠶᠢᠨ ᠪᠠᠶᠢᠳᠠᠯ ᠢ ᠣᠶᠢᠯᠠᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠵᠣᠬᠢᠴᠠᠭᠤᠯᠤᠨ᠂ ᠲᠡᠳᠡᠨ ᠳᠤ ᠠᠵᠢᠯ ᠣᠯᠭᠤᠯᠲᠠ ᠶᠢᠨ ᠵᠢᠯᠣᠭᠤᠳᠤᠯᠭ᠎ᠠ᠂ ᠠᠵᠢᠯ ᠤᠨ ᠪᠠᠶᠢᠷᠢ ᠶᠢᠨ ᠵᠣᠯᠭᠠᠯᠴᠠᠭ᠎ᠠ᠂ ᠮᠥᠷᠳᠡᠨ ᠬᠠᠪᠰᠤᠷᠤᠨ ᠵᠢᠯᠤᠭᠤᠳᠬᠤ ᠵᠡᠷᠭᠡ ᠦᠢᠯᠡᠴᠢᠯᠡᠭᠡ ᠶᠢ ᠴᠢᠷᠮᠠᠶᠢᠨ ᠬᠠᠩᠭᠠᠨ᠎ᠠ; ᠵᠡᠭᠦᠨ ᠪᠠᠷᠠᠭᠤᠨ ᠣᠷᠣᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠣᠰᠯᠠᠵᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠵᠡᠭᠦᠨ ᠪᠠᠷᠠᠭᠤᠨ ᠣᠷᠣᠨ ᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠠᠭᠤᠳᠠᠯᠵᠤ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠥᠳᠡᠭᠡ ᠲᠣᠰᠬᠤᠨ ᠤ ᠵᠠᠯᠠᠭᠤᠴᠤᠳ ᠲᠤ ᠨᠡᠩ ᠤᠯᠠᠨ ᠠᠵᠢᠯ ᠣᠯᠭᠤᠯᠲᠠ ᠶᠢᠨ ᠠᠵᠠ ᠲᠣᠬᠢᠶᠠᠯ ᠬᠠᠩᠭᠠᠨ᠎ᠠ᠃      ᠦᠢᠯᠡᠰ ᠪᠦᠲᠦᠭᠡᠬᠦ ᠳᠤ ᠲᠤᠰᠠᠯᠠᠬᠤ ᠲᠠᠯ᠎ᠠ ᠪᠠᠷ      ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠲᠠᠢ ᠬᠠᠮᠲᠤᠷᠠᠨ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠵᠦ ᠥᠨᠳᠥᠷ ᠬᠡᠪ ᠪᠣᠯᠪᠠᠰᠤᠷᠠᠯ ᠲᠠᠢ ᠵᠠᠯᠠᠭᠤ ᠲᠠᠷᠢᠶᠠᠴᠢᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠲᠦᠷᠦ ᠶᠢᠨ ᠪᠣᠳᠣᠯᠭ᠎ᠠ ᠶᠢᠨ ᠲᠠᠶᠢᠯᠤᠮᠵᠢ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠮᠡᠷᠭᠡᠵᠢᠯ᠂ ᠣᠨᠴᠠᠭᠠᠶᠢᠯᠠᠨ ᠵᠠᠯᠠᠭᠤᠴᠤᠳ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ᠂ ᠵᠠᠯᠠᠭᠤᠴᠤᠳ ᠤᠨ ᠦᠢᠯᠡᠰ ᠪᠣᠰᠬᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠶᠢᠨ ᠲᠣᠭᠤᠷᠢᠨ ᠳᠤ ᠪᠣᠯᠪᠠᠰᠤᠷᠠᠯ ᠬᠦᠷᠲᠡᠭᠡᠨ᠎ᠡ︔ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠡᠪᠴᠢᠶᠡᠨ ᠤ ᠡᠪᠯᠡᠯ ᠤᠨ ᠬᠠᠷᠢᠶ᠎ᠠ ᠵᠠᠯᠠᠭᠤᠴᠤᠳ ᠤᠨ ᠦᠢᠯᠡᠰ ᠪᠣᠰᠬᠠᠬᠤ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠬᠤ ᠪᠠ ᠡᠵᠡᠩᠨᠡᠵᠦ᠂ ᠦᠢᠯᠡᠰ ᠪᠣᠰᠬᠠᠬᠤ ᠦᠢᠯᠡᠴᠢᠯᠡᠭᠡ ᠪᠣᠯᠣᠨ ᠡᠬᠢ ᠪᠠᠶᠠᠯᠢᠭ ᠢ ᠨᠡᠶᠢᠳᠬᠡᠵᠦ᠂ ᠦᠢᠯᠡᠰ ᠪᠣᠰᠬᠠᠬᠤ ᠵᠠᠯᠠᠭᠤᠴᠤᠳ ᠲᠤ ᠬᠠᠨᠳᠤᠯᠭᠠᠲᠤ ᠴᠢᠨᠠᠷᠲᠠᠢ ᠬᠠᠪᠰᠤᠷᠤᠯᠭ᠎ᠠ ᠳᠡᠮᠵᠢᠯᠭᠡ ᠬᠠᠩᠭᠠᠨ᠎ᠠ᠃      ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠠᠯ᠎ᠠ ᠪᠠᠷ      ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠳᠤᠷ᠎ᠠ ᠶᠢᠨ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠪᠦᠬᠦ ᠤᠯᠤᠰ ᠤᠨ︽ᠨᠤᠲᠤᠭ ᠲᠠᠭᠠᠨ ᠪᠤᠴᠠᠬᠤ︾ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢᠨ ᠭᠤᠣᠯᠳᠠᠯᠭ᠎ᠠ ᠲᠠᠢ ᠰᠢᠶᠠᠨ ᠲᠣᠭᠤᠷᠢᠭ ᠪᠣᠯᠭᠠᠵᠤ᠂ ᠰᠢᠶᠠᠨ ᠤ ᠱᠠᠲᠤᠨ ᠤ ᠡᠪᠯᠡᠯ ᠤᠨ ᠬᠤᠷᠢᠶ᠎ᠠ ᠶᠢᠨ︽ᠨᠤᠲᠤᠭ ᠲᠠᠭᠠᠨ ᠪᠤᠴᠠᠬᠤ︾ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠠᠵᠢᠯ ᠤᠨ ᠵᠣᠬᠢᠴᠠᠭᠤᠯᠭ᠎ᠠ᠂ ᠡᠬᠢ ᠪᠠᠶᠠᠯᠢᠭ ᠤᠨ ᠳᠡᠮᠵᠢᠯᠭᠡ ᠪᠠ ᠮᠥᠷᠳᠡᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠵᠠᠯᠠᠭᠤᠴᠤᠳ ᠤᠨ ᠰᠣᠶᠣᠯ ᠪᠠ ᠤᠳᠬ᠎ᠠ ᠤᠷᠠᠯᠢᠭ ᠢ ᠬᠥᠳᠡᠭᠡ ᠪᠠᠭᠤᠯᠭᠠᠬᠤ ᠵᠡᠷᠭᠡ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠬᠤ ᠪᠠ ᠠᠬᠢᠭᠤᠯᠵᠤ᠂ ᠬᠥᠳᠡᠭᠡ ᠲᠣᠰᠬᠤᠨ ᠤ ᠵᠠᠯᠠᠭᠤᠴᠤᠳ ᠤᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠰᠢᠶᠠᠨ ᠤ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠶᠢ ᠠᠬᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号