ᠮ᠊​‍ᠠᠨ ᠤ ᠣᠷᠣᠨ ᠰᠤᠷᠤᠭᠴᠢᠳ ᠢ ᠲᠤᠰᠠᠯᠠᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/8/17
      ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠂ ᠲᠠᠷᠢᠶᠠᠯᠠᠩ ᠳᠤ ᠬᠤᠯᠪᠣᠭᠳᠠᠬᠤ ᠳᠡᠭᠡᠳᠦ ᠰᠤᠷᠭᠠᠭᠤᠯᠢ ᠂ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠣᠷᠣᠭᠴᠢ ᠶᠢ ᠲᠤᠰᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠣᠷᠣᠶᠢᠯᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠂ ᠬᠠᠮ ᠬᠡᠷᠡᠭᠯᠡᠭᠡᠨ ᠤ ᠬᠡᠯᠪᠡᠷᠢ ᠶᠢᠨ ᠂ ᠬᠡᠷᠡᠭᠯᠡᠭᠡᠨ ᠤ ᠤᠷ᠎ᠠ ᠴᠢᠳᠠᠪᠤᠷᠢ ᠶᠢᠨ ᠬᠡᠯᠪᠡᠷᠢ ᠶᠢᠨ ᠲᠠᠷᠢᠶᠠᠯᠠᠩ ᠣᠶ ᠰᠢᠭᠤᠢ ᠶᠢᠨ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠵᠦ ᠂ ᠰᠤᠷᠭᠠᠨ ᠬᠥᠮᠦᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠢᠮ᠎ᠡ ᠲᠡᠵᠢᠭᠡᠯ ᠤᠨ ᠪᠠᠶᠢᠳᠠᠯ ᠪᠠ ᠪᠡᠶ᠎ᠡ ᠮᠠᠬᠠᠪᠤᠳ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ ᠂ ᠥᠪᠡᠷᠲᠡᠭᠡᠨ ᠵᠠᠰᠠᠬᠤ ᠣᠷᠣᠨ  ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠤᠯᠭ᠎ᠠ ᠶᠢᠨ ᠬᠠᠷᠢᠶ᠎ᠠ ᠲᠠᠢ ᠨᠢᠭᠡᠳᠦᠭᠡᠷ ᠬᠤᠶᠠᠳᠤᠭᠠᠷ ᠣᠨ ᠤ ᠪᠣᠶ ᠪᠦᠬᠦᠢ ᠮᠠᠯᠵᠢᠬᠤ ᠲᠠᠷᠢᠶᠠᠯᠠᠬᠤ ᠣᠷᠣᠨ ︵  ᠰᠢᠶᠠᠨ ᠪᠠᠯᠭᠠᠰᠤ ᠪᠠᠭᠲᠠᠨ᠎ᠠ ︶ ᠤ ᠰᠤᠷᠭᠠᠭᠤᠯᠢ ᠳᠤ ᠪᠠᠶᠢᠭ᠎ᠠ ᠰᠣᠷᠣᠭᠴᠢ ᠂ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠣᠷᠣᠭᠴᠢ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠳᠦᠷᠢᠮ ᠢ ᠪᠠᠶᠢᠭᠤᠯᠵᠤ ᠂ ᠰᠣᠷᠣᠭᠴᠢ ᠨᠢᠭᠡᠪᠦᠷᠢ ᠳᠤ ᠵᠢᠯ ᠪᠦᠷᠢ 1500 ︱ 2000 ᠲᠥᠭᠦᠷᠢᠭ ᠤᠨ ᠪᠠᠷᠢᠮᠵᠢᠶ᠎ᠠ ᠪᠠᠷ ᠵᠣᠭᠤᠰ ᠮᠥᠩᠭᠦ ᠪᠠᠷ ᠲᠤᠰᠠᠯᠠᠨ᠎ᠠ ᠃      2021 ᠣᠨ ᠳᠤ ᠂ ᠥᠪᠡᠷᠲᠡᠭᠡᠨ ᠵᠠᠰᠠᠬᠤ ᠣᠷᠣᠨ ᠪᠠᠰᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠰᠤᠷᠤᠯᠭ᠎ᠠ ᠶᠢᠨ ᠰᠦᠢᠳᠬᠡᠯ ᠳᠤ ᠨᠥᠬᠦᠪᠦᠷᠢ ᠥᠭᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠣᠷᠣᠯᠠᠨ ᠳᠥᠯᠥᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠤ ᠦᠨᠳᠦᠰᠦᠨ ᠱᠠᠲᠤᠨ ᠤ ᠨᠢᠭᠡᠴᠡ ᠳᠤ ᠠᠵᠢᠯ ᠣᠯᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ  ᠂ ᠦᠨᠳᠦᠰᠦᠨ ᠱᠠᠲᠤᠨ ᠤ ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠰᠠᠶᠢᠵᠢᠷᠠᠭᠤᠯᠤᠨ ᠂ ᠬᠤᠲᠠ ᠬᠥᠳᠡᠭᠡ ᠪᠠ ᠣᠷᠣᠨ ᠪᠦᠰᠡ ᠶᠢᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ ᠃
 
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号