ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠭᠠᠷ ᠭᠠᠷ ᠢᠶᠠᠨ ᠬᠤᠯᠪᠣᠯᠴᠠᠨ ᠬᠦᠰᠡᠯ ᠵᠡᠭᠦᠳᠦ ᠪᠠᠨ ᠲᠡᠷᠭᠡᠯᠰᠢᠭᠦᠯᠵᠦ ᠢᠷᠡᠭᠡᠳᠦᠢ ᠳᠤ ᠰᠡᠳᠬᠢᠯ ᠵᠢᠷᠦᠬᠡ ᠪᠠᠨ ᠬᠤᠯᠪᠣᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ︽ᠪᠦᠯᠬᠦᠮ ᠮᠠᠶ᠋ᠢᠭ︾ ᠤᠨ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠥᠪᠡᠷᠲᠡᠭᠡᠨ ᠵᠠᠰᠠᠬᠤ ᠣᠷᠣᠨ ᠳᠤ ᠭᠦᠨᠵᠡᠭᠡᠶᠢᠷᠡᠨ ᠠᠵᠢᠯ ᠥᠷᠨᠢᠭᠦᠯᠦᠨ᠎ᠡ
ᠨᠡᠶᠢᠲᠡᠯᠡᠭᠰᠡᠨ ᠴᠠᠭ᠄
2022/9/28
      2022 ᠣᠨ ᠠᠴᠠ ᠡᠬᠢᠯᠡᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠶᠠᠮᠤᠨ ᠵᠥᠪᠯᠡᠯ ᠬᠠᠮᠲᠤᠷᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠮᠠᠶ᠋ᠢᠭ︾  ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ︽ᠤᠨᠢᠨ ᠳᠡᠭᠡᠷ᠎ᠡ ᠨᠢ ᠪᠡᠶᠡᠯᠡᠭᠦᠯᠬᠦ᠂ ᠦᠷᠭᠦᠯᠵᠢᠯᠡᠬᠦ᠂ ᠦᠷ᠎ᠡ ᠪᠦᠲᠦᠮᠵᠢ ᠲᠠᠢ ᠪᠠᠶᠢᠬᠤ︾ ᠵᠠᠷᠴᠢᠮ ᠶᠣᠰᠣᠭᠠᠷ᠂ ᠬᠦᠴᠦᠨ ᠢᠶᠠᠨ ᠲᠥᠪᠯᠡᠷᠡᠭᠦᠯᠦᠨ ᠪᠠᠷᠠᠭᠤᠨ ᠣᠷᠣᠨ ᠤ 10 ᠮᠤᠵᠢ ᠣᠷᠣᠨ ᠬᠤᠳᠠ ᠶᠢᠨ 160 ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ 1 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ 1 ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠪᠠᠶᠢᠭᠤᠯᠬᠤ ᠶᠢ ᠬᠠᠪᠰᠤᠷᠪᠠ᠃      ᠪᠦᠯᠬᠦᠮ ᠬᠡᠯᠪᠡᠷᠢ ᠶᠢᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠦᠲᠦᠮᠵᠢᠲᠡᠢ ᠭᠠᠷᠳᠠᠴᠠ ᠮᠥᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠬᠤᠣᠰᠯᠠᠯ ᠪᠠᠶᠢᠭᠤᠯᠤᠨ ᠬᠠᠮᠲᠤᠪᠠᠷ ᠪᠠᠶᠢᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠬᠦ ᠨᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃      ᠣᠷᠴᠣᠨ ᠤ ᠥᠪᠡᠷᠲᠡᠭᠡᠨ ᠵᠠᠰᠠᠬᠤ ᠬᠤᠰᠢᠭᠤ      ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ︽ᠪᠦᠯᠬᠦᠮ ᠮᠠᠶ᠋ᠢᠭ︾ ᠤᠨ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠲᠢᠶᠠᠨ ᠶᠠ ᠯᠢ᠂ ᠵᠠᠩ ᠸᠧᠨ ᠱᠧᠩ ᠨᠠᠷ ᠤᠳᠤ ᠨᠢᠭᠡᠨᠲᠡ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ ᠭᠦᠨᠵᠡᠭᠡᠶᠢᠷᠡᠨ ᠭᠤᠷᠪᠠᠨ ᠵᠢᠯ ᠤᠨ ᠬᠤᠭᠤᠴᠠᠭ᠎ᠠ ᠲᠠᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠡᠢ᠃      ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠣᠯ ᠵᠠᠬ᠎ᠠ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯᠣᠨ᠎ᠠ ᠂ ᠮᠥᠨ ᠴᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠪᠣᠯᠣᠨ᠎ᠠ ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ ᠂ ︽  ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ︾ ︽  ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ ︾ ᠲᠥᠯᠥᠪᠯᠡᠭᠡ ᠵᠡᠷᠭᠡ ᠬᠠᠪᠰᠤᠷᠤᠨ ᠲᠡᠳᠬᠦᠬᠦ ᠠᠷᠭ᠎ᠠ ᠬᠡᠯᠪᠡᠷᠢ ᠪᠠᠷ ᠳᠡᠮᠵᠢᠨ ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠦᠷᠭᠡᠨ ᠬᠥᠭᠵᠢᠵᠦ᠂ ᠡᠯ᠎ᠡ ᠲᠠᠯ᠎ᠠ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠤ ᠬᠠᠪᠰᠤᠷᠤᠨ ᠲᠡᠳᠬᠦᠬᠦ ᠵᠢᠯᠣᠭᠤᠳᠤᠯᠭ᠎ᠠ ᠲᠤᠤᠷ᠎ᠠ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠴᠦ ᠨᠡᠯᠢᠶᠡᠳ ᠶᠡᠭᠡ ᠳᠡᠭᠡᠭᠰᠢᠯᠡᠯᠲᠡ ᠲᠠᠢ ᠪᠣᠯᠤᠭᠰᠠᠨ ᠪᠠᠶᠢᠨ᠎ᠠ ᠃      ᠵᠠᠯᠠᠶᠢᠳ ᠬᠤᠰᠢᠭᠤ      ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ︽ᠪᠦᠯᠬᠦᠮ ᠮᠠᠶ᠋ᠢᠭ︾︾ ᠤᠨ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠯᠧᠦ ᠪᠢᠨ᠂ ᠬᠧ ᠰᠢᠶᠣᠣ ᠮᠧᠩ ᠨᠠᠷ ᠣᠳᠣᠬᠠᠨ ᠳᠤ ᠵᠠᠯᠠᠶᠢᠳ ᠬᠤᠰᠢᠭᠤᠨ ᠳᠤ ᠬᠦᠷᠴᠦ ᠭᠤᠷᠪᠠᠨ ᠵᠢᠯ ᠤᠨ ᠬᠤᠭᠤᠴᠠᠭ᠎ᠠ ᠲᠠᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠤᠢ᠃      ᠵᠠᠯᠠᠶᠢᠳ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠤᠯᠭ᠎ᠠ ᠢᠯᠡᠷᠬᠡᠶᠢᠯᠡᠬᠦ ᠳᠡᠭᠡᠨ ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠ ᠪᠡᠭᠡᠵᠢᠩ ᠤᠨ ᠬᠤᠶᠠᠷ ᠰᠤᠷᠭᠠᠭᠤᠯᠢ ᠶᠢᠨ ︽  ᠪᠦᠯᠬᠦᠮ ᠪᠠᠶᠢᠭᠤᠯᠵᠤ ︾ ᠬᠠᠪᠰᠤᠷᠤᠨ ᠲᠡᠳᠬᠦᠭᠰᠡᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ ᠭᠡᠵᠡᠢ ᠃ ᠲᠤᠰᠠᠯᠠᠮᠵᠢ ᠬᠦᠷᠳᠡᠬᠦ ᠰᠤᠷᠭᠠᠭᠤᠯᠢ ᠶᠢᠨ ᠬᠢᠨ ᠬᠠᠪᠰᠤᠷᠤᠨ ᠲᠡᠳᠬᠦᠬᠦ ᠠᠵᠠ ᠲᠣᠬᠢᠶᠠᠯ ᠢ ᠠᠮᠵᠢᠵᠤ᠂ ᠬᠠᠪᠰᠤᠷᠤᠨ ᠲᠡᠳᠬᠦᠬᠦ ᠰᠤᠷᠭᠠᠭᠤᠯᠢ ᠠᠴᠠ ᠢᠯᠡᠭᠦᠬᠡᠨ ᠲᠤᠷᠰᠢᠯᠭ᠎ᠠ ᠬᠤᠷᠠᠮᠳᠤᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠥᠪᠡᠷ ᠢ ᠪᠠᠨ ᠬᠦᠴᠦᠷᠬᠡᠭᠵᠢᠭᠦᠯᠵᠦ᠂ ᠲᠤᠰ ᠰᠤᠷᠭᠠᠭᠤᠯᠢ ᠶᠢᠨ ᠢᠶᠠᠨ ᠤᠯᠠᠮᠵᠢᠯᠠᠯᠲᠤ ᠳᠠᠪᠠᠭᠤᠯᠢᠭ ᠢ ᠪᠠᠳᠠᠷᠠᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ︽ᠴᠢᠰᠤ ᠶᠡᠭᠦᠯᠡᠬᠦ︾ ᠠᠴᠠ ︽ᠴᠢᠰᠤ ᠪᠦᠲᠦᠭᠡᠬᠦ︾ ᠦᠨᠳᠦᠰᠦᠨ ᠬᠤᠪᠢᠷᠠᠯᠲᠠ ᠶᠢ ᠲᠦᠷᠭᠡᠨ ᠪᠡᠶᠡᠯᠡᠭᠦᠯᠵᠦ᠂ ᠨᠢᠭᠡ ᠲᠠᠯ᠎ᠠ ᠶᠢᠨ ᠰᠤᠷᠭᠠᠨ ᠬᠥᠮᠦᠵᠢᠯ ᠳᠤ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ      ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ︽ᠪᠦᠯᠬᠦᠮ ᠮᠠᠶ᠋ᠢᠭ︾︾ ᠤᠨ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠮᠠ ᠸᠧᠢ ᠰᠢᠶᠦ᠋ᠨ᠂ ᠴᠠᠢ ᠪᠢᠨ ᠨᠠᠷ ᠤᠳᠤ ᠨᠢᠭᠡᠨᠲᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠭᠤᠷᠪᠠᠨ ᠵᠢᠯ ᠤᠨ ᠬᠤᠭᠤᠴᠠᠭ᠎ᠠ ᠲᠠᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠤᠢ᠃      ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠢᠯᠡᠷᠬᠡᠶᠢᠯᠡᠬᠦ ᠳᠡᠭᠡᠨ ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢᠨ ᠲᠥᠯᠥᠭᠡ ᠬᠠᠮᠲᠤ ᠪᠠᠷ ᠴᠢᠷᠮᠠᠶᠢᠵᠤ ᠂ ︽  ᠪᠦᠯᠬᠦᠮ ᠨᠢ ᠪᠦᠯᠬᠦᠮ ᠨᠡᠶᠢᠲᠡ ᠪᠠᠨ ᠳᠠᠭᠠᠭᠤᠯᠬᠤ ︾ ︽  ᠲᠤᠰᠬᠠᠢ ᠮᠡᠷᠭᠡᠵᠢᠯᠲᠡᠨ ᠨᠢ ᠭᠤᠣᠯᠯᠠᠭᠴᠢ ᠬᠦᠴᠦᠨ ᠢᠶᠠᠨ ᠳᠠᠭᠠᠭᠤᠯᠬᠤ ︾ ︽  ᠪᠠᠭᠰᠢ ᠨᠢ ᠱᠠᠪᠢ ᠪᠠᠨ ᠳᠠᠭᠠᠭᠤᠯᠬᠤ ︾ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠢᠩᠭᠠᠨ ᠠᠶᠢᠮᠠᠭ ᠲᠤ ᠨᠢᠭᠡ ᠪᠦᠯᠦᠭ ︽  ᠳᠠᠭᠠᠭᠤᠯᠵᠤ ᠳᠡᠶᠢᠯᠬᠦ ᠦᠭᠡᠢ ᠂ ᠦᠯᠡᠳᠡᠭᠡᠵᠦ ᠳᠡᠶᠢᠯᠬᠦ ︾ ᠭᠤᠣᠯᠯᠠᠭᠴᠢ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠥᠭᠴᠦ ᠂ ︽  ᠴᠢᠰᠤ ᠶᠡᠭᠦᠯᠡᠵᠦ ︾ ᠬᠠᠪᠰᠤᠷᠤᠨ ᠰᠤᠷᠭᠠᠬᠤ  ᠠᠴᠠ ︽  ᠴᠢᠰᠤ ᠪᠦᠲᠦᠭᠡᠵᠦ ︾ ᠰᠤᠷᠭᠠᠨ ᠬᠥᠮᠦᠵᠢᠯ ᠢ ᠬᠥᠭᠵᠢᠭᠦᠯᠬᠦ ᠶᠢ ᠦᠨᠡᠨ ᠬᠦ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ ᠃      ᠰᠢᠯᠢ ᠶᠢᠨ ᠭᠤᠣᠯ ᠠᠶᠢᠮᠠᠭ      ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠣᠩᠭᠤᠨ ᠲᠣᠮᠢᠯᠠᠭᠰᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ︽ᠪᠦᠯᠬᠦᠮ ᠮᠠᠶ᠋ᠢᠭ︾ ᠤᠨ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠵᠠᠩ ᠨᠠᠨ᠂ ᠯᠢ ᠯᠢ ᠫᠢᠩ ᠨᠠᠷ ᠤᠳᠤ ᠨᠢᠭᠡᠨᠲᠡ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠭᠤᠷᠪᠠᠨ ᠵᠢᠯ ᠤᠨ ᠬᠤᠭᠤᠴᠠᠭ᠎ᠠ ᠲᠠᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠤᠢ᠃      ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽  ᠪᠦᠯᠬᠦᠮ ᠪᠠᠶᠢᠭᠤᠯᠬᠤ ᠮᠠᠶ᠋ᠢᠭ ︾ ᠤᠨ ᠬᠠᠪᠰᠤᠷᠤᠨ ᠲᠡᠳᠬᠦᠬᠦ ᠠᠵᠢᠯ ᠨᠢ ᠪᠥᠬᠦ ᠠᠶᠢᠮᠠᠭ ᠤᠨ 4 ᠵᠢᠱᠢᠶ᠎ᠡ ᠦᠵᠡᠭᠦᠯᠬᠦ ᠴᠢᠨᠠᠷᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠰᠢᠯᠢᠩᠬᠤᠲᠠ ᠶᠢᠨ ᠭᠠᠵᠠᠷ ᠣᠷᠣᠨ ᠪᠣᠯᠣᠨ ᠲᠤᠯᠤᠨᠨᠠᠭᠤᠷ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 9 ᠰᠢᠯᠢᠳᠡᠭ ᠰᠤᠷᠭᠠᠭᠤᠯᠢ ᠶᠢ ᠵᠣᠬᠢᠴᠠᠭᠤᠯᠤᠨ ᠵᠣᠯᠭᠠᠭᠤᠯᠵᠤ᠂ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢ ᠰᠣᠩᠭᠤᠨ ᠲᠣᠮᠢᠯᠠᠬᠤ ᠪᠠ ᠰᠤᠷᠭᠠᠨ ᠬᠥᠮᠦᠵᠢᠯ ᠢ ᠳᠡᠮᠵᠢᠬᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ ᠠᠵᠢᠯ ᠢ ᠥᠷᠨᠢᠭᠦᠯᠪᠡ᠃ ᠡᠭᠦᠨ ᠠᠴᠠ ᠭᠠᠳᠠᠨ᠎ᠠ ᠂ ᠪᠥᠬᠦ ᠠᠶᠢᠮᠠᠭ ᠠᠴᠠ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢ ᠨᠡᠶᠢᠲᠡ 30 ᠰᠣᠩᠭᠤᠨ ᠲᠣᠮᠢᠯᠠᠵᠤ ᠂ ᠬᠠᠪᠰᠤᠷᠤᠨ ᠲᠡᠳᠬᠦᠬᠦ ᠪᠦᠯᠬᠦᠮ ᠢ 13 ᠵᠣᠬᠢᠶᠠᠨ ᠪᠠᠶᠢᠭᠤᠯᠵᠤ ᠂ ᠰᠢᠯᠤᠭᠤᠨ ᠬᠥᠪᠡᠭᠡᠲᠦ ᠴᠠᠭᠠᠨ ᠬᠤᠰᠢᠭᠤ ᠂ ᠰᠢᠯᠤᠭᠤᠨ ᠬᠥᠬᠡ ᠬᠤᠰᠢᠭᠤ ᠪᠠ ᠰᠥᠨᠢᠳ ᠵᠡᠭᠦᠨ ᠬᠤᠰᠢᠭᠤᠨ ᠤ 7 ᠳᠤᠮᠳᠠᠳᠤ ᠪᠠᠭ᠎ᠠ ᠰᠤᠷᠭᠠᠭᠤᠯᠢ ᠶᠢ ᠭᠤᠣᠯᠳᠠᠯᠭ᠎ᠠ ᠲᠠᠢ ᠬᠠᠪᠰᠤᠷᠤᠨ ᠲᠡᠳᠬᠦᠵᠦ᠂ ᠪᠣᠶ ᠪᠦᠬᠦᠢ ᠰᠣᠩᠭᠤᠨ ᠲᠣᠮᠢᠯᠠᠭᠰᠠᠨ ᠪᠠᠭᠰᠢ ᠶᠢ ᠴᠥᠮ ᠪᠣᠳᠠᠲᠠᠶᠢᠵᠢᠭᠤᠯᠤᠭᠰᠠᠨ ᠪᠠᠶᠢᠨ᠎ᠠ ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号