ᠨᠢᠭᠡ ᠂ ︽ ᠬᠡᠷᠡᠭᠵᠢᠭᠦᠯᠬᠦ ᠰᠠᠨᠠᠯ ︾ ᠢ ᠲᠣᠭᠲᠠᠭᠠᠭᠰᠠᠨ ᠠᠬᠤᠢ ᠪᠠᠶᠢᠳᠠᠯ | ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ | ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶ ᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠣᠷᠣᠨ ᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠳᠤ ᠣᠷᠤᠯᠴᠠᠬᠤ ᠪᠠᠶᠢᠭᠤᠯᠤᠯ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ ᠂ ᠪᠥᠬᠦ ᠨᠡᠶᠢᠭᠡᠮ ᠤᠨ | ᠬᠦᠴᠦᠨ ᠢ ᠳᠠᠶᠢᠴᠢᠯᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠨᠡᠶᠢᠭᠡᠮ ᠤᠨ | ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠶᠢ ᠤᠯᠠᠮ ᠨᠢᠭᠡ ᠠᠯᠬᠤᠮ | ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 14 | ᠳ᠋ᠦ᠋ᠭᠡᠷ ᠲᠣᠭᠠᠲᠤ ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | ᠬᠤᠶᠠᠷ ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠢ ᠨᠡᠶᠢᠲᠡ 4 ᠬᠡᠰᠡᠭ 24 ᠵᠦᠢᠯ ᠬᠤᠪᠢᠶᠠᠪᠠ᠃ | ︵ᠨᠢᠭᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠭᠤᠣᠯᠳᠠᠯᠭ᠎ᠠ ᠲᠠᠢ ᠬᠦᠷᠢᠶ᠎ᠡ ᠶᠢ ᠲᠣᠳᠣᠷᠬᠠᠶᠢᠯᠠᠪᠠ ᠃ ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ | ᠲᠣᠭᠠᠲᠤ︶ ᠢ ᠦᠨᠳᠦᠰᠦᠯᠡᠨ ᠲᠣᠭᠲᠠᠭᠠᠭᠰᠠᠨ ᠭᠤᠣᠯᠳᠠᠯᠭ᠎ᠠ ᠲᠠᠢ ᠬᠦᠷᠢᠶ᠎ᠡ ᠂ ︽ᠪᠥᠬᠦ ᠤᠯᠤᠰ ᠤᠨ ᠴᠢᠬᠤᠯᠠ ᠠᠮᠢ | ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠢ | ᠲᠥᠯᠦᠪᠵᠢᠭᠦᠯᠭᠡ ︵2021 ︱ 2035 ᠣᠨ︶︾ ᠪᠠᠷ ᠥᠪᠡᠷᠲᠡᠭᠡᠨ ᠵᠠᠰᠠᠬᠤ ᠣᠷᠣᠨ ᠤ ︽ᠨᠢᠭᠡ ᠣᠷᠣᠨ | ᠬᠤᠶᠠᠷ ᠪᠦᠰᠡ︾ ᠲᠠᠢ ᠬᠤᠯᠪᠣᠭᠳᠠᠬᠤ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠠ | ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ | ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠪᠦᠰᠡ ᠶᠢ ᠲᠣᠳᠣᠷᠬᠠᠶᠢᠯᠠᠵᠤ᠂ | ᠣᠢ ᠰᠢᠭᠤᠢ ᠨᠤᠲᠤᠭ ᠪᠡᠯᠴᠢᠭᠡᠷ ᠂ ᠡᠯᠡᠰᠦᠷᠬᠡᠭᠵᠢᠭᠰᠡᠨ ᠭᠠᠵᠠᠷ ᠰᠢᠷᠣᠢ ᠂ ᠭᠤᠣᠯ ᠮᠦᠷᠡᠨ ᠨᠠᠭᠤᠷ ᠴᠥᠭᠦᠷᠥᠮ | ᠨᠣᠶᠢᠲᠠᠨ ᠭᠠᠵᠠᠷ ᠂ ᠠᠭᠤᠷᠬᠠᠢ ᠶᠢᠨ ᠣᠷᠣᠨ ᠂ ᠲᠠᠷᠢᠶᠠᠨ ᠭᠠᠵᠠᠷ ᠂ ᠬᠤᠲᠠ ᠪᠠᠯᠭᠠᠰᠤ ᠂ ᠠᠮᠢ ᠠᠬᠤᠢ ᠶᠢᠨ ᠠᠵᠤ | ᠦᠢᠯᠡᠰ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ 7 ᠭᠤᠣᠯᠳᠠᠯᠭ᠎ᠠ ᠲᠠᠢ ᠬᠦᠷᠢᠶ᠎ᠡ ᠶᠢ ᠲᠣᠭᠲᠠᠭᠠᠪᠠ ᠃ | ︵ᠬᠤᠶᠠᠷ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ ᠃ | ︽ᠬᠡᠨ ᠰᠡᠷᠭᠦᠭᠡᠪᠡᠯ ᠬᠡᠨ ᠠᠰᠢᠭ ᠭᠥᠷᠳᠡᠬᠦ︾ ᠵᠠᠷᠴᠢᠮ ᠶᠣᠰᠣᠭᠠᠷ ᠂ ᠲᠥᠷᠥᠯ ᠵᠦᠢᠯ ᠢ ᠪᠠᠶᠢᠭᠤᠯᠬᠤ ᠂ | ᠬᠡᠷᠡᠭᠵᠢᠭᠦᠯᠬᠦ ᠂ ᠰᠢᠯᠭᠠᠨ ᠬᠤᠷᠢᠶᠠᠵᠤ ᠠᠪᠬᠤ ᠂ ᠬᠠᠮᠢᠶᠠᠷᠴᠤ ᠬᠠᠮᠠᠭᠠᠯᠠᠬᠤ ᠂ ᠡᠷᠬᠡ ᠠᠰᠢᠭ ᠵᠡᠷᠭᠡ ᠲᠥᠷᠥᠯ ᠵᠦᠢᠯ ᠢ | ᠬᠡᠷᠡᠭᠵᠢᠭᠦᠯᠬᠦ ᠪᠦᠬᠦ ᠶᠠᠪᠤᠴᠠ ᠳᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ | ᠣᠷᠤᠯᠴᠠᠬᠤ 8 ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ ᠂ ᠪᠣᠳᠠᠲᠠᠢ ᠠᠷᠭ᠎ᠠ ᠵᠠᠮ ᠪᠠ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠳᠤᠷᠠᠳᠴᠤ ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ | ᠣᠷᠤᠯᠴᠠᠬᠤ ᠠᠭᠤᠯᠭ᠎ᠠ ᠂ ᠣᠷᠤᠯᠴᠠᠬᠤ ᠠᠷᠭ᠎ᠠ ᠬᠡᠯᠪᠡᠷᠢ ᠂ ᠣᠷᠤᠯᠴᠠᠬᠤ ᠶᠠᠪᠤᠴᠠ ᠶᠢ ᠵᠢᠭᠠᠨ ᠲᠣᠳᠣᠷᠬᠠᠶᠢᠯᠠᠵᠤ᠂ | ᠲᠣᠳᠣᠷᠬᠠᠢ ᠠᠷᠭ᠎ᠠ ᠵᠠᠮ ᠢ ᠲᠣᠭᠲᠠᠭᠠᠵᠤ ᠂ ᠬᠠᠮᠢᠶᠠᠷᠤᠯᠲᠠ ᠶᠢᠨ ᠵᠢᠷᠤᠮᠵᠢᠯ ᠢ ᠲᠣᠳᠣᠷᠬᠠᠶᠢᠯᠠᠨ᠂ ᠨᠡᠶᠢᠭᠡᠮ ᠤᠨ | ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠰᠢᠨᠵᠢᠯᠡᠬᠦ ᠤᠬᠠᠭᠠᠨᠴᠢᠯᠠᠭᠰᠠᠨ ᠂ | ᠳᠦᠷᠢᠮᠵᠢᠭᠰᠡᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠲᠠᠢ ᠪᠣᠯᠭᠠᠬᠤ ᠶᠢ ᠪᠠᠲᠤᠯᠠᠵᠠᠢ ᠃ | ︵ᠭᠤᠷᠪᠠ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ | ᠠᠬᠢᠭᠤᠯᠪᠠ ᠃ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠭᠠᠵᠠᠷ ᠰᠢᠷᠣᠢ ᠶᠢ | ᠵᠦᠷᠢᠶᠡᠵᠢᠬᠦᠯᠦᠨ ᠬᠡᠷᠡᠭᠯᠡᠬᠦ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠴᠢᠯᠦᠭᠡᠲᠡᠢ ᠭᠦᠢᠯᠭᠡᠭᠡᠬᠦ᠂ ᠰᠢᠷᠣᠢ ᠴᠢᠯᠠᠭᠤᠨ ᠮᠠᠲ᠋ᠧᠷᠢᠶᠠᠯ ᠢ | ᠵᠦᠢ ᠵᠣᠬᠢᠰᠲᠠᠢ ᠠᠰᠢᠭᠯᠠᠬᠤ ᠂ ᠣᠶ ᠮᠣᠳᠣᠨ ᠤ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠂ | ᠨᠡᠭᠦᠷᠡᠰᠦᠲᠥ᠋ᠷᠥᠭᠴᠢ ᠶᠢ ᠬᠤᠷᠠᠭᠤᠯᠬᠤ ᠦᠢᠯᠡᠳᠬᠦᠨ ᠤ ᠥᠷᠲᠡᠭ ᠢ ᠪᠡᠶᠡᠯᠡᠭᠦᠯᠬᠦ ᠵᠠᠭᠪᠤᠷ ᠢ ᠬᠠᠶᠢᠨ ᠰᠦᠪᠡᠭᠴᠢᠯᠡᠬᠦ ᠂ | ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠵᠡᠷᠭᠡ 6 ᠲᠠᠯ᠎ᠠ ᠪᠠᠷ | ᠨᠠᠷᠢᠯᠢᠭᠵᠢᠭᠤᠯᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠂ ᠨᠡᠶᠢᠭᠡᠮ ᠤᠨ | ᠬᠥᠷᠥᠩᠭᠡ ᠶᠢᠨ ᠠᠮᠢ ᠠᠬᠤᠢ ᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠳᠡᠮᠵᠢᠬᠦ ᠳᠤ ᠲᠥᠷᠥ ᠶᠢᠨ | ᠪᠣᠳᠣᠯᠭ᠎ᠠ ᠶᠢᠨ ᠪᠣᠳᠠᠲᠠᠢ ᠵᠢᠯᠣᠭᠤᠳᠤᠯᠭ᠎ᠠ ᠬᠠᠩᠭᠠᠪᠠ ᠃ | ︵ᠳᠥᠷᠪᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠪᠠ ᠃ | ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ | ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠂ ᠬᠤᠰᠢᠭᠤ | ᠰᠢᠶᠠᠨ ︵ᠬᠤᠲᠠ ᠂ ᠲᠣᠭᠤᠷᠢᠭ︶ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠳᠤ ᠣᠷᠤᠯᠴᠠᠬᠤ ᠶᠢ ᠥᠷᠨᠢᠭᠦᠯᠬᠦ ᠶᠠᠪᠤᠴᠠ ᠳᠠᠬᠢ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ ᠶᠢ | ᠳᠤᠷᠠᠳᠴᠤ ᠂ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ | ᠴᠢᠩᠭᠠᠷᠠᠭᠤᠯᠬᠤ ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠭᠡᠬᠦ 3 ᠲᠠᠯ᠎ᠠ ᠠᠴᠠ ᠪᠣᠳᠠᠲᠠᠢ | ᠱᠠᠭᠠᠷᠳᠠᠯᠭ᠎ᠠ ᠳᠤᠷᠠᠳᠪᠠ ᠃ | ᠭᠤᠷᠪᠠ ᠂ ︽ ᠬᠡᠷᠡᠭᠵᠢᠭᠦᠯᠬᠦ ᠰᠠᠨᠠᠯ ︾ ᠤᠨ ᠣᠨᠴᠠᠯᠢᠭ ᠪᠦᠬᠦᠢ ᠭᠢᠯᠠᠰ ᠴᠡᠭ | ︽ᠬᠡᠷᠡᠭᠵᠢᠭᠦᠯᠬᠦ ᠰᠠᠨᠠᠯ︾ ᠳᠤ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠲᠡᠦᠬᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ᠶᠢ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠠᠰᠢᠭᠯᠠᠬᠤ ᠂ ᠠᠮᠢ ᠠᠬᠤᠢ ᠶᠢ | ᠰᠡᠷᠭᠦᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠤᠨ ᠠᠰᠢᠭᠯᠠᠬᠤ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ ᠴᠣᠭᠴᠠ ᠶᠢᠨ ᠡᠷᠬᠡ | ᠠᠰᠢᠭ ᠢ ᠪᠡᠶᠡᠯᠡᠭᠦᠯᠬᠦ ᠭᠤᠣᠯᠳᠠᠯᠭ᠎ᠠ ᠲᠠᠢ ᠠᠷᠭ᠎ᠠ ᠵᠠᠮ ᠳᠤ ᠪᠥᠬᠦ ᠴᠣᠪᠣᠷᠠᠯ ᠤᠨ ᠲᠥᠷᠥ ᠶᠢᠨ ᠪᠣᠳᠣᠯᠭ᠎ᠠ ᠶᠢᠨ | ᠪᠣᠭᠤᠵᠢᠯᠠᠯ ᠬᠢᠵᠤ᠂ ᠡᠭᠦᠨ ᠤ ᠬᠠᠮᠲᠤ 4 ᠯᠠᠪᠯᠠᠯᠲᠠ ᠶᠢᠨ ᠲᠣᠪᠴᠢ ᠶᠢ ᠳᠠᠭᠠᠯᠳᠤᠭᠤᠯᠤᠨ᠂ ᠰᠡᠷᠭᠦᠭᠡᠬᠦ | ᠲᠥᠰᠥᠯ ᠲᠠᠢ ᠬᠠᠮᠲᠤ ᠴᠣᠬᠤᠯᠠᠪᠤᠷᠢᠯᠠᠨ ᠬᠡᠷᠡᠭᠵᠢᠭᠦᠯᠵᠦ ᠂ ᠳᠠᠭᠢᠵᠤ ᠲᠤᠰᠠᠭᠠᠷ ᠬᠢᠨᠠᠨ ᠵᠥᠪᠰᠢᠶᠡᠷᠡᠬᠦ ᠦᠭᠡᠢ | ᠪᠣᠯᠭᠠᠵᠤ᠂ ᠨᠡᠶᠢᠭᠡᠮ ᠤᠨ ᠬᠥᠷᠥᠩᠭᠡ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠭᠰᠠᠨ | ᠰᠠᠭᠤᠷᠢᠨ ᠳᠡᠭᠡᠷ᠎ᠡ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠶᠢ ᠭᠦᠢᠴᠡᠳ ᠪᠠᠳᠠᠷᠠᠭᠤᠯᠪᠠ᠃ | |