ᠴᠠᠭ ᠲᠣᠬᠢᠶᠠᠯ ᠢ ᠠᠮᠵᠢᠨ ᠬᠥᠭᠵᠢᠭᠦᠯᠬᠦ ᠲᠤᠬᠠᠢ ᠪᠡᠭᠡᠵᠢᠩ ᠥᠪᠦᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2023/3/2
      ᠦᠨᠡᠨᠴᠢ ᠪᠠᠷ ᠠᠵᠢᠯᠯᠠᠵᠤ ᠬᠠᠪᠤᠷ ᠡᠷᠲᠡ ᠶᠢ ᠲᠡᠮᠡᠴᠡᠨ᠂ ᠢᠷᠡᠭᠡᠳᠦᠢ ᠶᠢᠨ ᠵᠠᠮ ᠢᠶᠠᠷ ᠤᠷᠤᠭᠰᠢᠯᠠᠨ᠎ᠠ᠃ ᠰᠢ ᠶᠢᠨ ᠫᠢᠩ  ᠤ ᠶᠡᠷᠦᠩᠬᠡᠢ ᠱᠦᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠢᠳᠡᠪᠬᠢᠲᠡᠢ ᠠᠭᠤᠰᠤᠯᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠪᠠᠶᠠᠨᠨᠠᠭᠤᠷ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ︽ᠰᠢᠨ᠎ᠡ ᠠᠮᠢᠵᠢᠷᠠᠯ ᠤᠨ ᠬᠦᠴᠦᠨ︾ ᠨᠡᠮᠡᠷᠢᠯᠡᠵᠡᠢ᠃     ᠨᠢᠭᠡ᠂ ᠴᠢᠳᠠᠪᠤᠷᠢᠲᠠᠨ ᠢ ᠬᠥᠮᠥᠵᠢᠭᠦᠯᠵᠦ᠂ ᠠᠵᠤ ᠦᠢᠯᠡᠰ ᠢ ᠬᠥᠭᠵᠢᠭᠦᠯᠵᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠶᠢᠨ ᠰᠢᠨ᠎ᠡ ᠬᠥᠭᠦᠷᠭᠡ ᠶᠢ ᠪᠠᠶᠢᠭᠤᠯᠤᠨ᠎ᠠᠪᠠᠶᠠᠨᠨᠠᠭᠤᠷ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠴᠢᠳᠠᠪᠤᠷᠢᠲᠠᠨ᠂ ᠠᠵᠤ ᠦᠢᠯᠡᠰ ᠤᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠠᠵᠢᠯᠲᠠᠨ ᠢ ︽ᠭᠠᠳᠠᠭᠰᠢ ᠭᠠᠷᠭᠠᠵᠤ︾᠂ ᠲᠡᠷᠢᠭᠦᠨ ᠤ ᠮᠡᠷᠭᠡᠵᠢᠯ ᠢ ︽ᠡᠭᠡᠭᠦᠯᠦᠨ ᠠᠪᠴᠢᠷᠠᠬᠤ︾ ᠬᠡᠷᠡᠭᠲᠡᠢ᠃     2 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠪᠠᠶᠠᠨᠨᠠᠭᠤᠷ ᠬᠤᠲᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠤᠰᠬᠠᠢ ᠮᠡᠷᠭᠡᠵᠢᠯ ᠤᠨ ᠠᠵᠢᠯᠲᠠᠨ ᠤ ᠪᠡᠭᠡᠵᠢᠩ ᠳᠤ ᠣᠷᠣᠵᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠯ ᠬᠦᠷᠲᠡᠭᠡᠬᠦ ᠡᠬᠢᠯᠡᠯᠲᠡ ᠶᠢᠨ ᠶᠣᠰᠣᠯᠠᠯ ᠢ ᠠᠮᠵᠢᠯᠲᠠ ᠲᠠᠢ ᠡᠷᠭᠢᠯᠡᠵᠦ᠂ 180 ᠡᠮᠴᠢ ᠰᠤᠪᠢᠯᠠᠭᠴᠢ᠂ 10 ᠪᠠᠭᠰᠢ᠂ 50 ᠳᠠᠭᠤᠷᠢᠶᠠᠮᠠᠯ ᠬᠡᠭᠡᠷ᠎ᠡ ᠶᠢᠨ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠲᠤᠰᠬᠠᠢ ᠮᠡᠷᠭᠡᠵᠢᠯ ᠤᠨ ᠠᠵᠢᠯᠲᠠᠨ ᠪᠡᠭᠡᠵᠢᠩ ᠳᠤ ᠬᠦᠷᠴᠦ ᠠᠵᠢᠯ ᠤᠨ ᠪᠠᠶᠢᠷᠢ ᠳᠠᠭᠠᠵᠤ ᠪᠣᠯᠪᠠᠰᠤᠷᠠᠯ ᠬᠦᠷᠲᠡᠭᠡᠪᠡ᠃ ᠨᠡᠶᠢᠰᠯᠡᠯ ᠤᠨ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠡᠬᠢ ᠪᠠᠶᠠᠯᠢᠭ ᠢ ᠭᠦᠢᠴᠡᠳ ᠠᠰᠢᠭᠯᠠᠨ᠂ ᠠᠵᠤ ᠦᠢᠯᠡᠰ ᠤᠨ ᠳᠠᠪᠠᠭᠤᠯᠢᠭ ᠢ ᠥᠷᠭᠡᠳᠬᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠠᠵᠢᠯ ᠤᠨ ᠪᠠᠶᠢᠷᠢ ᠳᠠᠭᠠᠵᠤ ᠣᠨᠣᠯ ᠰᠤᠷᠤᠯᠴᠠᠬᠤ᠂ ᠦᠢᠯᠡᠳᠦᠯᠭᠡ ᠪᠠᠷ ᠰᠤᠷᠤᠯᠴᠠᠬᠤ ᠠᠷᠭ᠎ᠠ ᠮᠠᠶ᠋ᠢᠭ ᠢᠶᠠᠷ ᠡᠮᠴᠢ᠂ ᠪᠠᠭᠰᠢ᠂ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠲᠤᠰᠬᠠᠢ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠠᠮᠲᠤᠷᠠᠯᠴᠠᠭ᠎ᠠ ᠶᠢ ᠵᠣᠯᠭᠠᠭᠤᠯᠬᠤ ᠶᠢ ᠴᠢᠩᠭᠠᠳᠬᠠᠨ᠂ ᠣᠯᠠᠨ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠡᠮᠴᠢᠯᠡᠭᠡ᠂ ᠰᠤᠷᠭᠠᠨ ᠬᠥᠮᠦᠵᠢᠯ᠂ ᠮᠡᠷᠭᠡᠵᠢᠯ᠂ ᠠᠵᠤ ᠦᠢᠯᠡᠰ᠂ ᠴᠢᠳᠠᠪᠤᠷᠢᠲᠠᠨ ᠤ ᠡᠩᠨᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃     ᠬᠤᠶᠠᠷ᠂ ︽ᠨᠢᠭᠡ ᠶᠢ ᠭᠦᠨᠵᠡᠭᠡᠶᠢᠷᠡᠭᠦᠯᠬᠦ︾ ᠪᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ     ᠠᠵᠤ ᠦᠢᠯᠡᠰ ᠤᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠪᠠᠶᠠᠨᠨᠠᠭᠤᠷ ᠬᠤᠲᠠ ᠶᠢᠨ ᠴᠢᠨᠠᠷ ᠰᠠᠶᠢᠲᠠᠢ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠵᠠᠮ ᠮᠥᠷ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ᠎ᠡ᠃ ᠪᠠᠶᠠᠨᠨᠠᠭᠤᠷ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠤᠰᠬᠠᠢ ᠬᠥᠮᠥᠨ ᠲᠣᠮᠢᠯᠠᠨ ᠴᠠᠭ ᠮᠥᠴᠡ ᠶᠢ ᠠᠯᠳᠠᠯ ᠦᠭᠡᠢ ᠪᠡᠭᠡᠵᠢᠩ ᠬᠤᠳᠠ ᠶᠢᠨ ᠡᠯ᠎ᠡ ᠲᠣᠭᠤᠷᠢᠭ ᠲᠤ ᠬᠦᠷᠴᠦ ᠠᠵᠤ ᠠᠬᠤᠶᠢᠯᠠᠯ ᠳᠤ ᠠᠶᠢᠯᠴᠢᠯᠠᠵᠤ᠂ ᠱᠦᠨ ᠰᠢᠨ ᠲᠠᠷᠢᠶᠠᠯᠠᠩ᠂ ᠶᠠᠨᠵᠢᠩ ᠫᠢᠸᠤ᠋ ᠶᠢᠨ ᠺᠣᠮᠫᠠᠨᠢ᠂ ᠠᠩᠬᠠᠳᠠᠭᠴᠢ ᠠᠭᠠᠷ ᠤᠨ ᠠᠶᠠᠯᠠᠯ ᠤᠨ ᠺᠣᠮᠫᠠᠨᠢ ᠶᠢᠨ ᠬᠡᠳᠦ ᠳᠡᠯᠭᠡᠭᠦᠷ ᠵᠡᠷᠭᠡ 7 ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃ ᠣᠲᠣ ᠪᠣᠯᠲᠠᠯ᠎ᠠ᠂ ᠱᠦᠨ ᠰᠢᠨ ᠺᠣᠮᠫᠠᠨᠢ᠂ ᠱᠧᠦ ᠬᠠᠩ ᠬᠡᠲᠦ ᠳᠡᠯᠭᠡᠭᠦᠷ᠂ ᠤᠯᠤᠰ ᠤᠨ ᠡᠮ ᠤᠨ ᠪᠦᠯᠦᠭᠯᠡᠯ ᠤᠨ ᠪᠡᠭᠡᠵᠢᠩ ᠤᠨ ᠬᠤᠸᠠ ᠮᠢᠶᠣᠣ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠵᠧᠦ ᠣᠪᠣᠭᠲᠤ ᠶᠢᠨ ᠱᠢ ᠵᠧᠨ ᠲᠠᠩ ᠡᠮ ᠤᠨ ᠦᠢᠯᠡᠰ ᠤᠨ ᠺᠣᠮᠫᠠᠨᠢ᠂ ᠪᠡᠭᠡᠵᠢᠩ ᠤᠨ ᠲᠦᠩ ᠷᠧᠨ ᠲᠠᠩ ᠵᠡᠷᠭᠡ 5 ᠺᠣᠮᠫᠠᠨᠢ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠣᠬᠢᠷᠠᠯᠴᠠᠪᠠ︔ ᠱᠧᠦ ᠨᠦᠩ ᠶᠤᠸᠠᠢ ᠱᠧᠩ ᠵᠠᠢ  ᠲᠠᠢ ᠤᠤᠯ ᠤᠨ ᠬᠡᠯᠡᠯᠴᠡᠭᠡᠷ  ᠢᠶᠠᠨ ᠦᠯᠡᠳᠡᠭᠡᠬᠦ  ᠶᠢᠨ ᠵᠡᠷᠭᠡ ᠳᠤ ᠪᠠᠰᠠ ︽ᠨᠡᠮᠡᠭᠳᠡᠯ ᠤᠨ ᠬᠡᠮᠵᠢᠶ᠎ᠡ︾ ᠨᠡᠮᠡᠨ᠎ᠡ᠃ ᠪᠣᠷᠣᠳᠣᠬᠤᠢ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠭᠠᠳᠠᠭᠰᠢ ᠭᠠᠷᠬᠤ︾ ᠳᠤ ᠪᠣᠷᠤᠯᠠᠭᠤᠯᠭ᠎ᠠ ᠶᠢᠨ ᠵᠠᠮ ᠨᠡᠭᠡᠭᠡᠨ ᠥᠭᠴᠦ᠂ ᠪᠠᠶᠠᠨ ᠴᠢᠨᠡᠭᠡᠯᠢᠭ ᠵᠠᠮ ᠨᠡᠭᠡᠭᠡᠨ ᠥᠭᠴᠦ᠂ ᠠᠵᠢᠯ ᠲᠥᠷᠥᠯ ᠤᠨ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠨ᠎ᠠ᠃     ᠭᠤᠷᠪᠠ᠂ ︽ᠲᠡᠷᠢᠭᠦᠨ ᠤ ᠨᠡᠶᠢᠲᠡᠯᠢᠭ ᠵᠢᠱᠢᠶ᠎ᠡ︾ ᠪᠠᠷ ᠬᠡᠪ ᠳᠠᠭᠤᠷᠢᠶᠠᠯ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠢᠳᠡᠪᠬᠢ ᠬᠦᠴᠦᠨ ᠢ ᠢᠯᠡᠷᠡᠭᠦᠯᠬᠦ ᠬᠡᠷᠡᠭᠲᠡᠢ     ᠨᠡᠶᠢᠲᠡᠯᠢᠭ ᠵᠢᠱᠢᠶ᠎ᠡ ᠳᠠᠭᠤᠷᠢᠶᠠᠯ ᠢ ᠪᠤᠢ ᠪᠣᠯᠭᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠤᠷᠤᠭᠰᠢᠯᠠᠭᠤᠯᠤᠨ᠎ᠠ᠃ ᠮᠠᠨ ᠤ ᠬᠤᠲᠠ  ᠶᠢᠨ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ  ᠶᠢᠨ ᠬᠤᠷᠢᠶᠠᠨ ᠤ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠤ ᠳᠡᠳ᠋ ᠡᠷᠬᠢᠯᠡᠭᠴᠢ ᠴᠧᠨ ᠭᠠᠩ ᠡᠮᠴᠢ᠂ ᠲᠦᠷᠭᠡᠨ ᠡᠮᠨᠡᠯᠭᠡ  ᠶᠢᠨ ᠰᠠᠯᠠᠭᠠᠨ ᠤ ᠳᠡᠳ᠋ ᠡᠷᠬᠢᠯᠡᠭᠴᠢ ᠯᠢ ᠹᠦ᠋ ᠷᠦᠩ ᠡᠮᠴᠢ ᠰᠥᠨᠢ ᠳᠦᠯᠢ  ᠶᠢᠨ ᠭᠠᠵᠠᠷ ᠳᠣᠥᠷᠠᠬᠢ ᠲᠡᠮᠦᠷ ᠵᠠᠮ ᠳᠡᠭᠡᠷ᠎ᠡ ᠡᠮᠡᠭᠲᠡᠶᠢᠴᠦᠳ ᠤᠨ ᠠᠮᠢ ᠨᠠᠰᠤ  ᠶᠢ ᠠᠪᠤᠷᠠᠬᠤ  ᠶᠢᠨ ᠲᠥᠯᠥᠭᠡ ︽ᠵᠢᠷᠦᠬᠡᠨ ᠰᠤᠷᠪᠤᠯᠵᠢᠲᠤ ᠭᠡᠨᠡᠳᠲᠡ ᠵᠣᠭᠰᠣᠭᠰᠠᠨ︾ ᠪᠠᠶᠢᠳᠠᠯ  ᠢ ᠠᠪᠤᠷᠠᠬᠤ  ᠶᠢᠨ ᠲᠥᠯᠥᠭᠡ ᠬᠥᠮᠥᠨ ᠤ ᠰᠡᠳᠬᠢᠯ  ᠢ ᠬᠥᠳᠡᠯᠭᠡᠮ᠎ᠡ ᠦᠶᠯᠡ ᠶᠠᠪᠤᠳᠠᠯ ᠴᠣᠯᠭᠤᠷᠠᠨ ᠭᠠᠷᠴᠠᠢ᠃ ᠪᠡᠭᠡᠵᠢᠩ ᠤᠨ ᠹᠦ᠋ ᠰᠢᠩ ᠡᠮᠨᠡᠯᠭᠡ ᠶᠢᠨ ᠬᠤᠷᠢᠶ᠎ᠠ᠂ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠂ ᠠᠯᠠᠭᠠᠨ ᠳᠡᠭᠡᠷᠡᠬᠢ ᠪᠠᠶᠠᠨᠨᠠᠭᠤᠷ ᠵᠡᠷᠭᠡ ᠣᠯᠠᠨ ᠨᠡᠶᠢᠲᠡ ᠶᠢᠨ ᠵᠠᠭᠤᠴᠢᠯᠠᠭᠤᠷ ᠤᠨ ᠬᠢᠨ ᠴᠥᠮ ᠲᠣᠰ ᠬᠡᠷᠡᠭ ᠤᠨ ᠵᠢᠱᠢᠶ᠎ᠡ ᠶᠢ ᠮᠡᠳᠡᠭᠡᠯᠡᠪᠡ᠃ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠤᠳᠤᠷᠢᠳᠤᠯᠭ᠎ᠠ ᠪᠣᠯᠣᠨ ᠪᠡᠭᠡᠵᠢᠩ ᠤᠨ ᠹᠦ᠋ ᠰᠢᠩ ᠡᠮᠨᠡᠯᠭᠡ ᠶᠢᠨ ᠬᠤᠷᠢᠶ᠎ᠠ ᠶᠢᠨ ᠤᠳᠤᠷᠢᠳᠤᠯᠭ᠎ᠠ ᠬᠠᠮᠲᠤ ᠪᠠᠷ ᠬᠤᠶᠠᠷ ᠡᠮᠴᠢ ᠳᠤ ᠬᠡᠮᠡᠷᠯᠢᠭ ᠲᠤᠭ ᠣᠯᠭᠤᠵᠤ᠂ ᠲᠡᠳᠡᠨ ᠤ ᠠᠶᠤᠯ ᠲᠦᠭᠰᠢᠭᠦᠷᠢᠲᠡᠢ ᠦᠶ᠎ᠡ ᠳᠤ ᠬᠤᠲᠠ ᠶᠢᠨ ᠠᠷᠠᠳ ᠢ ᠠᠪᠤᠷᠠᠬᠤ ᠳᠠᠭᠠᠨ ︽ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠡᠮᠴᠢ ᠡᠨᠡᠷᠢᠩᠭᠦᠢ ᠰᠡᠳᠬᠢᠯ ᠲᠠᠢ᠂ ᠶᠡᠭᠡ ᠬᠠᠶᠢᠷ᠎ᠠ ᠲᠠᠢ︾ ᠪᠠᠶᠢᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠪᠠᠶᠠᠨᠨᠠᠭᠤᠷᠴᠤᠳ ᠤᠨ ᠪᠡᠭᠡᠵᠢᠩ ᠳᠠᠬᠢ ︽ᠰᠠᠶᠢᠨ ᠳᠦᠷᠢ ᠲᠥᠷᠬᠦ︾ ᠶᠢ ᠪᠣᠶ ᠪᠣᠯᠭᠠᠭᠰᠠᠨ ᠪᠠᠶᠢᠨ᠎ᠠ᠃     ᠳᠥᠷᠪᠡ ᠂ ︽ᠭᠤᠷᠪᠠ ᠶᠢ ᠴᠢᠩᠭ᠎ᠠ ᠠᠳᠬᠤᠬᠤ︾ ᠪᠠᠷ ᠭᠤᠣᠯ ᠰᠢᠵᠢᠮ ᠪᠣᠯᠭᠠᠵᠤ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠬᠠᠮᠢᠶᠠᠷᠤᠯᠲᠠ ᠶᠢ ᠠᠳᠬᠤᠬᠤ ᠬᠡᠷᠡᠭᠲᠡᠢ     ᠨᠢᠭᠡ ᠳᠤ᠂ ᠰᠤᠷᠤᠭᠴᠢᠳ ᠤᠨ ᠬᠠᠨᠤᠮᠵᠢ ᠶᠢᠨ ᠬᠡᠮᠵᠢᠶ᠎ᠡ ᠶᠢ 240 ᠰᠤᠷᠤᠬᠴᠢ ᠶᠢᠨ ᠬᠤᠨᠣᠵᠤ ᠪᠠᠶᠢᠭ᠎ᠠ 10 ᠪᠠᠭᠤᠳᠠᠯ ᠵᠢᠴᠢ ᠪᠡᠭᠡᠵᠢᠩ ᠬᠤᠳᠠ ᠶᠢᠨ ᠤᠨᠵᠢᠭᠢᠷ ᠤᠳᠠ ᠡᠮᠨᠡᠯᠭᠡ ᠶᠢᠨ ᠬᠤᠷᠢᠶ᠎ᠠ ᠂ ᠲᠦᠩ ᠷᠧᠨ ᠲᠠᠩ ᠂ ᠴᠣᠣᠶᠠᠩ ᠲᠣᠭᠤᠷᠢᠭ ᠤᠨ ᠰᠤᠷᠭᠠᠨ ᠬᠥᠮᠦᠵᠢᠯ ᠤᠨ ᠰᠤᠳᠤᠯᠭᠠᠨ ᠤ ᠲᠥᠪ ᠤᠨ ᠬᠠᠷᠢᠶᠠᠲᠤ ᠰᠤᠷᠭᠠᠭᠤᠯᠢ ᠵᠡᠷᠭᠡ 20 ᠭᠠᠷᠤᠢ ᠤᠨᠤᠯ᠂ ᠦᠢᠯᠡᠳᠦᠯᠭᠡ ᠶᠢᠨ ᠠᠵᠢᠯ ᠤᠨ ᠪᠠᠶᠢᠷᠢ ᠲᠠᠭᠠᠨ ᠪᠣᠯᠪᠠᠰᠤᠷᠠᠯ ᠬᠦᠷᠲᠡᠭᠡᠬᠦ ᠭᠠᠵᠠᠷ ᠢᠶᠠᠷ ᠪᠠᠶᠢᠴᠠᠭᠠᠨ ᠰᠤᠷᠪᠤᠯᠵᠢᠯᠠᠵᠤ᠂ ᠢᠳᠡᠵᠦ ᠤᠤᠭᠤᠬᠤ ᠬᠤᠨᠣᠵᠤ ᠬᠡᠪᠲᠡᠬᠦ ᠪᠠ ᠪᠣᠯᠪᠠᠰᠤᠷᠠᠯ ᠰᠤᠷᠤᠯᠴᠠᠯᠭ᠎ᠠ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠤ᠂ ︽ᠬᠡᠷᠡᠭ ᠢ ᠰᠥᠨᠢ ᠥᠩᠭᠡᠷᠡᠭᠦᠯᠬᠦ ᠦᠭᠡᠢ︾ᠵᠠᠷᠴᠢᠮ ᠢ ᠪᠠᠷᠢᠮᠲᠠᠯᠠᠵᠤ᠂ ᠭᠤᠷᠪᠠᠨ ᠲᠠᠯ᠎ᠠ ᠶᠢᠨ ᠬᠢᠨ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠤᠳᠤ ᠪᠣᠯᠲᠠᠯ᠎ᠠ᠂ ᠨᠠᠶᠢᠳᠠ 30 ᠭᠠᠷᠤᠢ ᠰᠤᠷᠤᠬᠴᠢ ᠶᠢᠨ ᠬᠠᠷᠢᠭᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠪᠡ᠃ ᠬᠤᠶᠠᠷ ᠲᠤ ᠪᠣᠯᠪᠠᠰᠤᠷᠠᠭᠤᠯᠤᠯ ᠤᠨ ᠰᠠᠬᠢᠯᠭ᠎ᠠ ᠪᠠᠲᠤ ᠶᠢ ᠴᠢᠩᠭ᠎ᠠ ᠠᠳᠬᠤᠨ᠎ᠠ᠃ ᠬᠤᠵᠢᠭᠳᠠᠭᠰᠠᠨ᠂ ᠡᠷᠲᠡ ᠪᠠᠭᠤᠭᠰᠠᠨ᠂ ᠰᠢᠯᠲᠠᠭᠠᠨ ᠦᠭᠡᠢ ᠪᠠᠷ ᠬᠢᠴᠢᠶᠡᠯ ᠠᠴᠠ ᠰᠠᠭᠠᠲᠠᠭᠰᠠᠨ ᠵᠡᠷᠭᠡ ᠪᠣᠯᠪᠠᠰᠤᠷᠠᠭᠤᠯᠤᠯ ᠤᠨ ᠲᠣᠭᠲᠠᠭᠠᠯ  ᠠᠴᠠ ᠵᠥᠷᠢᠴᠡᠭᠰᠡᠨ 4 ᠪᠣᠯᠪᠠᠰᠤᠷᠠᠭᠤᠯᠤᠯ ᠤᠨ ᠠᠵᠢᠯᠲᠠᠨ  ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠰᠠᠨᠠᠭᠤᠯᠤᠨ ᠶᠠᠷᠢᠯᠴᠠᠵᠤ᠂ ᠰᠠᠬᠢᠯᠭ᠎ᠠ ᠪᠠᠲᠤ ᠶᠢᠨ ᠦᠵᠡᠯ ᠤᠬᠠᠮᠰᠠᠷ  ᠢ ᠴᠢᠩᠭᠠᠷᠠᠭᠤᠯᠪᠠ᠃ ᠭᠤᠷᠪᠠ ᠳᠤ ᠪᠣᠯᠪᠠᠰᠤᠷᠠᠭᠤᠯᠤᠯ ᠤᠨ ᠶᠠᠰᠤ ᠴᠢᠨᠠᠷ ᠢ ᠴᠢᠩᠭ᠎ᠠ ᠠᠩᠬᠠᠷᠬᠤ ᠬᠡᠷᠡᠭᠲᠡᠢ᠃ ᠪᠠᠶᠠᠨᠨᠠᠭᠤᠷ ᠬᠤᠲᠠ ᠶᠢᠨ ᠬᠥᠭᠵᠢᠯᠲᠡ ᠶᠢᠨ ᠣᠳᠣᠬᠢ ᠪᠠᠶᠢᠳᠠᠯ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠲᠤᠰᠬᠠᠢ ᠮᠡᠷᠭᠡᠵᠢᠯ ᠲᠠᠢ ᠤᠶᠠᠯᠳᠤᠭᠤᠯᠤᠨ᠂ ᠪᠣᠯᠪᠠᠰᠤᠷᠠᠭᠤᠯᠤᠯ ᠤᠨ ᠲᠠᠯ᠎ᠠ ᠶᠢᠨ  ᠬᠢᠨ ᠲᠠᠢ ᠵᠣᠬᠢᠴᠠᠭᠤᠯᠤᠨ ᠨᠠᠷᠢᠯᠢᠭ ᠣᠨᠣᠴᠠᠲᠠᠢ ᠪᠠᠷ ᠬᠢᠴᠢᠶᠡᠯ ᠲᠣᠬᠢᠷᠠᠭᠤᠯᠵᠤ᠂ ᠥᠪᠡᠷᠮᠢᠴᠡ ᠪᠣᠯᠪᠠᠰᠤᠷᠠᠭᠤᠯᠤᠯ ᠤᠨ ᠲᠥᠰᠥᠯ ᠲᠣᠭᠲᠠᠭᠠᠨ᠂ ᠪᠥᠬᠦ ᠶᠠᠪᠤᠴᠠ ᠳᠤ ᠰᠢᠮᠳᠠᠭᠤᠯᠤᠨ ᠵᠢᠯᠤᠭᠤᠳᠴᠤ ᠪᠠᠶᠢᠭᠠᠳ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠲᠣᠬᠢᠷᠠᠭᠤᠯᠤᠨ᠎ᠠ᠃     ᠲᠠᠪᠤ ᠂ ︽ᠳᠥᠷᠪᠡ ᠶᠢ ᠵᠣᠯᠭᠠᠭᠤᠯᠬᠤ︾ ᠪᠠᠷ ᠭᠤᠣᠯᠳᠠᠯᠭ᠎ᠠ ᠪᠣᠯᠭᠠᠵᠤ ᠂ ᠭᠠᠯ ᠤᠨ ᠬᠦᠴᠦᠨ ᠢᠶᠠᠷ ᠬᠠᠮᠲᠤᠷᠠᠯᠴᠠᠭ᠎ᠠ ᠶᠢᠨ ᠲᠤᠬᠠᠢ ᠪᠦᠬᠦ ᠲᠠᠯ᠎ᠠ ᠪᠠᠷ ᠶᠠᠷᠢᠯᠴᠠᠨ᠎ᠠ     ᠨᠢᠭᠡ ᠳᠤ ᠂ ᠬᠠᠮᠲᠤᠷᠠᠯᠴᠠᠭ᠎ᠠ ᠶᠢ ᠳᠡᠮᠵᠢᠬᠦ ᠪᠠᠶᠢᠭᠤᠯᠤᠯᠭ᠎ᠠ ᠶᠢ ᠵᠣᠯᠭᠠᠭᠤᠯᠬᠤ ᠶᠢ ᠪᠡᠭᠡᠵᠢᠩ ᠤᠨ ᠲᠤᠰᠠᠯᠠᠬᠤ ᠬᠤᠷᠰᠢᠶᠠᠨ ᠤ ᠬᠠᠮᠲᠤᠷᠠᠨ ᠡᠷᠬᠢᠯᠡᠬᠦ ᠭᠠᠵᠠᠷ ᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠵᠦᠢᠯᠡᠰ ᠤᠨ ᠠᠵᠢᠯ ᠤᠨ ᠠᠬᠢᠴᠠ ᠶᠢ ᠬᠠᠷᠢᠭᠤ ᠮᠡᠳᠡᠭᠦᠯᠵᠦ᠂ ᠵᠦᠢᠯᠡᠰ ᠤᠨ ᠵᠣᠬᠢᠴᠠᠭᠤᠯᠭ᠎ᠠ ᠳᠡᠮᠵᠢᠯᠭᠡ ᠶᠢ ᠣᠯᠬᠤ ᠪᠠᠷ ᠴᠢᠷᠮᠠᠶᠢᠬᠤ ᠶᠢ ᠪᠡᠭᠡᠵᠢᠩ ᠤᠨ ᠲᠤᠰᠠᠯᠠᠬᠤ ᠬᠤᠷᠰᠢᠶᠠᠨ ᠤ ᠬᠠᠮᠲᠤᠷᠠᠨ ᠡᠷᠬᠢᠯᠡᠬᠦ ᠭᠠᠵᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠷᠪᠠᠳᠤᠭᠠᠷ ᠰᠠᠷ᠎ᠠ ᠶᠢᠨ ᠰᠢᠨᠡᠳ ᠢᠶᠠᠷ ᠪᠡᠭᠡᠵᠢᠩ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠬᠤᠯᠪᠣᠭᠳᠠᠯ ᠪᠦᠬᠦᠢ ᠠᠵᠤ ᠠᠬᠤᠶᠢᠯᠠᠯ ᠢ ᠳᠠᠭᠠᠭᠤᠯᠤᠨ ᠮᠠᠨ ᠤ ᠬᠤᠳᠠ ᠳᠤ ᠢᠷᠡᠵᠦ ᠲᠣᠭᠤᠷᠢᠨ ᠪᠠᠶᠢᠴᠠᠭᠠᠬᠤ ᠪᠠᠷ ᠲᠥᠯᠥᠪᠯᠡᠵᠦ ᠪᠠᠶᠢᠨ᠎ᠠ ᠃     ᠬᠤᠶᠠᠷ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠵᠣᠯᠭᠠᠭᠤᠯᠬᠤ ᠶᠢ ᠴᠢᠩᠭᠠᠳᠬᠠᠨ᠎ᠠ᠃ ᠳᠤᠮᠳᠠᠳᠤ ᠤᠯᠤᠰ ᠤᠨ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮ ᠳᠤ ᠣᠷᠣᠬᠤ ᠤᠷᠭᠤᠮᠠᠯ ᠤᠨ ᠰᠤᠳᠤᠯᠭᠠᠨ ᠤ ᠭᠠᠵᠠᠷ᠂ ᠤᠯᠤᠰ ᠤᠨ ᠬᠠᠯᠠᠭᠤᠨ ᠪᠦᠰᠡᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 5 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠮᠡᠷᠭᠡᠵᠢᠯ ᠤᠨ ᠳᠡᠮᠵᠢᠯᠭᠡ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ︔ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠲᠠᠳ ᠡᠮ ᠤᠨ ᠰᠤᠳᠤᠯᠭᠠᠨ ᠤ ᠭᠠᠵᠠᠷ ᠯᠤᠭ᠎ᠠ ᠮᠠᠨ ᠤ ᠬᠤᠲᠠ ᠳᠤ ᠬᠦᠷᠴᠦ ᠮᠡᠷᠭᠡᠵᠢᠯ ᠤᠨ ᠪᠣᠯᠪᠠᠰᠤᠷᠠᠭᠤᠯᠤᠯ ᠬᠢᠬᠦ ᠪᠠ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠲᠤᠷᠰᠢᠯᠲᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠰᠠᠨᠠᠮᠵᠢ ᠶᠢ ᠬᠡᠯᠡᠯᠴᠡᠨ ᠲᠣᠬᠢᠷᠠᠵᠤ᠂ ᠭᠠᠵᠠᠷ ᠣᠷᠣᠨ ᠤ ᠴᠢᠳᠠᠪᠤᠷᠢᠲᠠᠨ᠂ ᠮᠡᠷᠭᠡᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃     ᠭᠤᠷᠪᠠ ᠳᠤ᠂ ᠡᠮᠴᠢᠯᠡᠭᠡᠨ ᠤ ᠡᠬᠢ ᠪᠠᠶᠠᠯᠢᠭ ᠢ ᠵᠣᠯᠭᠠᠭᠤᠯᠬᠤ ᠶᠢ ᠴᠢᠩᠭᠠᠳᠬᠠᠨ᠎ᠠ᠃ ᠮᠠᠨ ᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠤᠯᠭ᠎ᠠ ᠵᠢᠴᠢ ᠵᠠᠩᠭᠢᠯᠠᠭ᠎ᠠ ᠶᠢᠨ ᠺᠠᠳ᠋ᠷ ᠲᠠᠢ ᠬᠠᠮᠲᠤ ᠪᠠᠷ ᠳ᠋ᠦᠩ ᠴᠧᠩ ᠲᠣᠭᠤᠷᠢᠭ᠂ ᠰᠢ ᠴᠧᠩ ᠲᠣᠭᠤᠷᠢᠭ᠂ ᠴᠣᠣᠶᠠᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠵᠠᠩᠭᠢᠯᠠᠭ᠎ᠠ ᠶᠢᠨ ᠺᠠᠳ᠋ᠷ ᠲᠠᠢ ᠶᠠᠷᠢᠯᠴᠠᠨ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠲᠥᠯᠥᠪᠯᠡᠭᠡ ᠶᠢ ᠭᠤᠣᠯᠳᠠᠯᠭ᠎ᠠ ᠲᠠᠢ ᠶᠠᠷᠢᠯᠴᠠᠵᠤ᠂ ᠪᠡᠭᠡᠵᠢᠩ ᠤᠨ ᠰᠢᠯᠢᠳᠡᠭ ᠡᠮᠨᠡᠯᠭᠡ ᠶᠢᠨ ᠬᠤᠷᠢᠶ᠎ᠠ ᠲᠠᠢ ᠬᠤᠣᠰᠯᠠᠯ ᠪᠠᠶᠢᠭᠤᠯᠤᠨ ᠬᠠᠮᠲᠤ ᠪᠠᠷ ᠪᠠᠶᠢᠭᠤᠯᠵᠤ᠂ ᠭᠤᠣᠯᠯᠠᠭᠴᠢ ᠡᠮᠴᠢ ᠶᠢ ᠰᠣᠩᠭᠤᠨ ᠲᠣᠮᠢᠯᠠᠵᠤ ᠮᠠᠨ ᠤ ᠬᠤᠲᠠ ᠳᠤ ᠡᠮᠨᠡᠯᠭᠡ ᠶᠢᠨ ᠬᠤᠷᠢᠶ᠎ᠠ ᠶᠢ ᠳᠡᠮᠵᠢᠭᠦᠯᠵᠦ᠂ ᠭᠠᠵᠠᠷ ᠣᠷᠣᠨ ᠤ ᠡᠮᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃     ᠳᠥᠷᠪᠡ ᠳᠤ ᠂ ᠵᠣᠯᠭᠠᠭᠤᠯᠬᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠴᠢᠩᠭᠠᠳᠬᠠᠨ᠎ᠠ᠃ ᠵᠢᠭᠠᠨ ᠰᠤᠳᠤᠯᠤᠭᠴᠢ ᠶᠢᠨ ᠪᠣᠯᠪᠠᠰᠤᠷᠠᠯ + ᠠᠵᠢᠯ ᠤᠨ ᠪᠠᠶᠢᠷᠢ ᠳᠠᠭᠠᠬᠤ᠂ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ ︶ ᠤᠨ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠬᠦ᠂ ᠰᠤᠷᠤᠭᠴᠢᠳ ᠤᠨ ᠰᠤᠳᠤᠯᠤᠨ ᠰᠤᠷᠤᠯᠴᠠᠬᠤ ᠠᠵᠢᠯᠯᠠᠭ᠎ᠠ ᠵᠡᠷᠭᠡ 11 ᠰᠤᠷᠭᠠᠨ ᠬᠥᠮᠦᠵᠢᠯ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠬᠤᠲᠠ ᠶᠢᠨ ᠬᠡᠰᠡᠭ ᠰᠤᠷᠭᠠᠭᠤᠯᠢ ᠪᠣᠯᠣᠨ ᠮᠠᠨ ᠤ ᠬᠤᠲᠠ ᠶᠢᠨ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ  ᠶᠢ ᠲᠦᠷᠭᠡᠳᠬᠡᠵᠦ᠂ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠵᠤ ᠂ ᠲᠦᠷᠦᠭᠦᠦ ᠪᠦᠯᠦᠭ ᠤᠨ ᠲᠦᠷ ᠲᠣᠭᠲᠠᠭᠠᠭᠰᠠᠨ ᠪᠣᠷᠣᠳᠣᠬᠤᠢ ᠳᠡᠭᠡᠳᠦ ᠰᠤᠷᠭᠠᠭᠤᠯᠢ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ᠂ ᠯᠢᠨ ᠾᠧ ᠨᠢᠭᠡᠳᠦᠭᠡᠷ ᠳᠤᠮᠳᠠᠳᠤ ᠰᠤᠷᠭᠠᠭᠤᠯᠢ ᠶᠢ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠤᠣᠰᠯᠠᠨ ᠪᠠᠶᠢᠭᠤᠯᠵᠤ᠂ ᠬᠤᠲᠠ ᠶᠢᠨ ᠪᠠᠭᠰᠢ ᠶᠢᠨ ᠬᠥᠭᠵᠢᠯᠲᠡ ᠶᠢᠨ ᠲᠥᠪ ᠪᠣᠯᠣᠨ ᠪᠡᠭᠡᠵᠢᠩ ᠬᠤᠲᠠ ᠶᠢᠨ ᠰᠢᠴᠧᠩ ᠲᠣᠭᠤᠷᠢᠭ ᠤᠨ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠳᠡᠭᠡᠳᠦ ᠰᠤᠷᠭᠠᠭᠤᠯᠢ ᠶᠢ ᠬᠤᠣᠰᠯᠠᠨ ᠪᠠᠶᠢᠭᠤᠯᠵᠤ᠂ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠪᠣᠯᠣᠨ ᠪᠡᠭᠡᠵᠢᠩ ᠬᠤᠲᠠ ᠶᠢᠨ ᠴᠠᠩᠫᠢᠩ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠢ ᠬᠠᠮᠲᠤ ᠪᠠᠷ ᠪᠠᠶᠢᠭᠤᠯᠵᠤ᠂ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠪᠣᠯᠣᠨ ᠵᠥᠩ ᠭᠤᠸᠠᠨ ᠼᠦᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠬᠠᠷᠢᠯᠴᠠᠨ ᠲᠣᠮᠢᠯᠠᠵᠤ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ ᠭᠠᠵᠠᠷ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ᠵᠠᠭᠤᠨ ᠣᠩᠭᠤᠴᠠ ᠤᠷᠤᠰᠬᠠᠯ ᠢ ᠥᠷᠢᠰᠦᠯᠳᠦᠬᠦ ᠳᠤ᠂ ᠡᠷᠡᠮᠡᠬᠡᠶᠢᠯᠡᠨ ᠤᠷᠤᠭᠰᠢᠯᠠᠭᠰᠠᠳ ᠤᠷᠢᠲᠠ ᠪᠠᠷ ᠤᠷᠤᠭᠰᠢᠯᠠᠨ᠎ᠠ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠢᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠠᠢ ᠠᠵᠢᠯᠯᠠᠬᠤ ᠡᠷᠴᠢ ᠵᠣᠷᠢᠭ ᠢᠶᠠᠨ ᠬᠥᠪᠴᠢᠯᠡᠵᠦ᠂ ︽ᠲᠥᠷᠥᠯ ᠵᠦᠢᠯ ᠤᠨ ᠬᠡᠯᠬᠢᠶ᠎ᠡ︾ ᠳᠤ ᠲᠦᠰᠢᠭᠯᠡᠨ᠂ ︽ᠴᠢᠳᠠᠪᠤᠷᠢᠲᠠᠨ ᠤ ᠬᠡᠯᠬᠢᠶ᠎ᠡ︾ ᠶᠢ ᠬᠥᠮᠥᠵᠢᠭᠦᠯᠵᠦ᠂ ︽ᠮᠡᠷᠭᠡᠵᠢᠯ ᠤᠨ ᠬᠡᠯᠬᠢᠶ᠎ᠡ︾ ᠶᠢ ᠤᠷᠲᠤᠳᠬᠠᠨ᠂ ︽ᠠᠵᠤ ᠦᠢᠯᠡᠰ ᠤᠨ ᠬᠡᠯᠬᠢᠶ᠎ᠡ︾ ᠶᠢ ᠬᠥᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠰᠠᠶᠢᠨ ᠡᠬᠢᠯᠡᠯᠲᠡ ᠲᠠᠢ ᠪᠣᠯᠭᠠᠵᠤ᠂ ᠪᠥᠬᠦ ᠵᠢᠯ ᠳᠤ ᠬᠥᠭᠵᠢᠯᠲᠡ ᠲᠠᠢ ᠪᠣᠯᠭᠠᠬᠤ ᠪᠠᠷ ᠲᠣᠭᠲᠠᠪᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号